︽︿ᠲᠠᠪᠤᠨ 100﹀ ᠪᠠᠷ ᠤᠶᠤᠨ ᠤᠬᠠᠭᠠᠨ ᠢ ᠬᠤᠷᠠᠮᠳᠤᠭᠤᠯᠤᠨ ᠴᠢᠳᠠᠪᠤᠷᠢ ᠤᠯᠭᠤᠮᠤᠢ︾︱ᠨᠠᠮ ᠤᠨ ᠠᠴᠢ ᠳᠤ ᠲᠠᠯᠠᠷᠬᠠᠵᠤ ᠨᠠᠮ ᠤᠨ ᠦᠭᠡ ᠶᠢ ᠰᠣᠨᠣᠰᠴᠤ ᠨᠠᠮ ᠢᠶᠠᠨ ᠳᠠᠭᠠᠬᠤ ᠤᠯᠠᠨ ᠲᠦᠮᠡᠨ ᠤ ᠰᠤᠷᠭᠠᠨ ᠬᠥᠮᠦᠵᠢᠯ ᠤᠨ ︽1257︾ ᠪᠠᠶᠢᠩᠭᠤᠵᠢᠭᠰᠠᠨ ᠠᠵᠢᠯᠯᠠᠭ᠎ᠠ ᠶᠢᠨ ᠰᠢᠷᠢᠰ ᠮᠡᠳᠡᠭᠡᠯᠡᠯ ︵ᠠᠷᠪᠠᠨ ᠬᠤᠶᠠᠷ︶
ᠨᠡᠶᠢᠲᠡᠯᠡᠭᠰᠡᠨ ᠴᠠᠭ᠄
2025/5/23
      【ᠨᠠᠶᠢᠷᠠᠭᠤᠯᠤᠭᠴᠢ ᠶᠢᠨ ᠦᠭᠡ】ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠦᠷᠭᠡᠳᠭᠡᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠠᠵᠢᠯ ᠤᠨ ᠭᠤᠣᠯ ᠰᠢᠵᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠠᠵᠤ ᠠᠬᠤᠶᠢᠯᠠᠯ᠂ ᠺᠠᠳ᠋ᠷ᠂ ᠡᠵᠡᠩᠨᠡᠯᠲᠡ ᠶᠢᠨ ᠭᠤᠣᠯ ᠴᠣᠭᠴᠠ ᠪᠠ ᠮᠠᠯᠴᠢᠨ ᠲᠠᠷᠢᠶᠠᠴᠢᠨ ᠳᠥᠷᠪᠡᠨ ᠲᠥᠷᠥᠯ ᠤᠨ ᠭᠤᠣᠯ ᠴᠣᠭᠴᠠ ᠶᠢᠨ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠰᠦᠷ ᠳᠠᠯᠠᠶᠢᠴᠠᠲᠠᠢ ᠬᠦᠴᠦᠨ ᠢ ᠨᠢᠭᠲᠠᠷᠠᠭᠤᠯᠵᠤ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠨᠢ ᠪᠥᠬᠦ ᠣᠷᠣᠨ ᠳᠤ ᠨᠠᠮ ᠤᠨ ᠠᠴᠢ ᠳᠤ ᠲᠠᠯᠠᠷᠬᠠᠵᠤ ᠨᠠᠮ ᠤᠨ ᠦᠭᠡ ᠶᠢ ᠰᠣᠨᠣᠰᠴᠤ ᠨᠠᠮ ᠢᠶᠠᠨ ᠳᠠᠭᠠᠬᠤ ᠣᠯᠠᠨ ᠲᠦᠮᠡᠨ ᠤ ᠰᠤᠷᠭᠠᠨ ᠬᠥᠮᠦᠵᠢᠯ ᠤᠨ ︽1257︾ ᠪᠠᠶᠢᠩᠭᠤᠵᠢᠭᠰᠠᠨ ᠠᠵᠢᠯᠯᠠᠭ᠎ᠠ ᠶᠢ ᠥᠷᠨᠢᠭᠦᠯᠵᠦ᠂ ᠲᠠᠷᠢᠶᠠᠯᠠᠩ ᠳᠤ ᠬᠤᠯᠪᠣᠭᠳᠠᠭᠰᠠᠨ 1 ᠲᠦᠮᠡ ᠭᠠᠷᠤᠢ ᠠᠵᠤ ᠠᠬᠤᠶᠢᠯᠠᠯ ᠳᠤ ︽ᠡᠭᠦᠳᠡ ᠪᠠᠨ ᠨᠡᠭᠡᠭᠡᠵᠦ ᠢᠳᠬᠠᠯ ᠰᠣᠨᠤᠰᠬᠤ︾ ᠠᠵᠢᠯᠯᠠᠭ᠎ᠠ ᠥᠷᠨᠢᠭᠦᠯᠵᠦ᠂ 2 ᠲᠦᠮᠡ ᠭᠠᠷᠤᠢ ᠲᠠᠷᠢᠶᠠᠯᠠᠩ ᠮᠠᠯ ᠠᠵᠤ ᠠᠬᠤᠢ ᠶᠢᠨ ᠺᠠᠳ᠋ᠷᠴᠤᠳ ᠲᠤ ︽ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ︾ ᠤᠨ ᠬᠥᠮᠦᠵᠢᠯ ᠥᠷᠨᠢᠭᠦᠯᠵᠦ᠂ 5 ᠲᠦᠮᠡ ᠭᠠᠷᠤᠢ ᠡᠵᠡᠩᠨᠡᠯᠲᠡ ᠶᠢᠨ ᠭᠤᠣᠯ ᠴᠣᠭᠴᠠ ᠳᠤ ᠲᠦᠷᠦᠭᠦᠴᠢ ᠬᠤᠨ᠂ ᠰᠢᠨ᠎ᠡ ᠲᠠᠷᠢᠶᠠᠴᠢᠨ ᠢ ᠬᠥᠮᠥᠵᠢᠭᠦᠯᠬᠦ ᠠᠵᠢᠯᠯᠠᠭ᠎ᠠ ᠥᠷᠨᠢᠭᠦᠯᠵᠦ᠂ 700 ᠭᠠᠷᠤᠢ ᠲᠦᠮᠡᠨ ᠮᠠᠯᠴᠢᠨ ᠲᠠᠷᠢᠶᠠᠴᠢᠨ ᠳᠤ ᠨᠠᠮ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠲᠠᠶᠢᠯᠪᠤᠷᠢᠯᠠᠯᠲᠠ ᠥᠷᠨᠢᠭᠦᠯᠪᠡ᠃      ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠤᠰᠴᠤ᠂ ᠨᠠᠮ ᠢᠶᠠᠨ ᠳᠠᠭᠠᠬᠤ ᠣᠯᠠᠨ ᠲᠦᠮᠡᠨ ᠤ ᠰᠤᠷᠭᠠᠨ ᠬᠥᠮᠦᠵᠢᠯ ᠤᠨ ︽1257︾ ᠠᠵᠢᠯᠯᠠᠭ᠎ᠠ ᠶᠢᠨ ᠱᠠᠭᠠᠷᠳᠠᠯᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠨᠢ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠲᠠᠪᠤᠨ 100 ᠶᠢᠨ ᠲᠥᠯᠥᠪᠯᠡᠭᠡ︾ ᠶᠢ ᠰᠢᠨ᠎ᠡ ᠪᠠᠷ ᠡᠭᠦᠳᠦᠨ ᠬᠡᠷᠡᠭᠵᠢᠭᠦᠯᠬᠦ︱100 ᠮᠡᠷᠭᠡᠵᠢᠯ ᠤᠨ ᠬᠤᠷᠠᠮᠠᠯ ᠵᠢᠱᠢᠶ᠎ᠡ ᠦᠵᠡᠭᠦᠯᠬᠦ ᠲᠣᠭᠤᠷᠢᠭ ᠢ ᠪᠦᠲᠦᠭᠡᠨ ᠪᠠᠶᠢᠭᠤᠯᠪᠠ᠃ ᠳᠠᠷᠤᠢ 100 ᠮᠡᠷᠭᠡᠵᠢᠯ ᠤᠨ ᠬᠤᠷᠠᠮᠠᠯ ᠤᠨ ᠵᠢᠱᠢᠶ᠎ᠡ ᠦᠵᠡᠭᠦᠯᠬᠦ ᠲᠤᠭᠤᠷᠢᠭ ᠢ ᠪᠠᠶᠢᠭᠤᠯᠤᠨ᠂ 100 ᠨᠡᠷᠡᠰ ᠠᠴᠠ ᠳᠡᠭᠡᠭᠰᠢ ᠳᠡᠭᠡᠳᠦ ᠲᠠᠰ ᠳᠠᠪᠬᠤᠷᠭ᠎ᠠ ᠶᠢᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠲᠤᠰᠬᠠᠢ ᠮᠡᠷᠭᠡᠵᠢᠯᠲᠡᠨ ᠤ ᠬᠥᠮᠥᠷᠭᠡ ᠶᠢ ᠵᠣᠬᠢᠶᠠᠨ ᠪᠠᠶᠢᠭᠤᠯᠵᠤ᠂ 100 ᠨᠡᠷᠡᠰ ᠲᠤᠰᠬᠠᠢ ᠮᠡᠷᠭᠡᠵᠢᠯᠲᠡᠨ ᠢ ᠰᠣᠩᠭᠤᠨ ᠲᠣᠮᠢᠯᠠᠵᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠴᠢᠯᠡᠭᠡ ᠥᠷᠨᠢᠭᠦᠯᠦᠨ᠂ 100 ᠬᠡᠪᠴᠢᠶᠡᠵᠢᠭᠰᠡᠨ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠳᠤ ᠦᠢᠯᠡᠴᠢᠯᠡᠵᠦ᠂ 100 ᠵᠤᠷᠪᠤᠰ ᠮᠡᠷᠭᠡᠵᠢᠯ ᠤᠨ ᠪᠣᠯᠪᠠᠰᠤᠷᠠᠯ ᠤᠨ ᠣᠬᠤᠷ ᠸᠢᠳᠢᠤ᠋ ᠶᠢ ᠰᠢᠩᠭᠡᠬᠡᠨ ᠦᠢᠯᠡᠳᠦᠨ᠎ᠡ᠃ ᠮᠡᠷᠭᠡᠵᠢᠯ ᠢ ᠲᠥᠪᠯᠡᠷᠡᠭᠦᠯᠦᠨ ᠳᠡᠯᠭᠡᠷᠡᠭᠦᠯᠬᠦ᠂ ᠴᠢᠳᠠᠪᠤᠷᠢᠲᠠᠨ ᠤ ᠤᠶᠤᠨ ᠤ ᠬᠥᠮᠥᠷᠭᠡ ᠶᠢ ᠪᠠᠶᠢᠭᠤᠯᠬᠤ᠂ ᠤᠨᠢᠨ ᠳᠡᠭᠡᠷ᠎ᠡ ᠨᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠴᠢᠯᠡᠭᠡ ᠬᠠᠩᠭᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠠᠵᠤ ᠠᠬᠤᠶᠢᠯᠠᠯ ᠤᠨ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠪᠡ᠃      ᠴᠢᠳᠠᠪᠤᠷᠢᠲᠠᠨ ᠢ ᠬᠦᠮᠦᠵᠢᠭᠦᠯᠦᠨ ᠣᠷᠤᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠴᠢᠯᠡᠭᠡᠨ ᠤ ᠲᠠᠯ᠎ᠠ ᠪᠠᠷ ᠣᠯᠠᠨ ᠰᠢᠪᠲᠤᠯᠤᠯᠲᠠ ᠳᠤ ᠬᠦᠴᠦ ᠨᠡᠮᠡᠷᠢᠯᠡᠪᠡ᠃ ᠣᠳᠣᠬᠠᠨ ᠪᠣᠯᠲᠠᠯ᠎ᠠ᠂ ᠪᠥᠬᠦ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠪᠠᠶᠢᠷᠢᠰᠢᠭᠤᠯᠤᠯᠲᠠ ᠳᠤ ᠰᠠᠭᠤᠷᠢᠯᠠᠨ᠂ ︽ᠲᠠᠪᠤᠨ 100︾ ᠶᠢᠨ ᠡᠯ᠎ᠡ ᠵᠦᠢᠯ ᠤᠨ ᠲᠥᠯᠥᠪᠯᠡᠭᠡ ᠶᠢᠨ ᠲᠣᠭᠲᠠᠭᠰᠠᠨ ᠬᠠᠷᠠᠯᠲᠠ ᠲᠡᠭᠡᠷ᠎ᠡ ᠣᠯᠠᠨ ᠰᠢᠪᠳᠤᠯᠤᠯᠳᠠ ᠲᠠᠢ ᠪᠠᠶᠢᠵᠤ᠂ ᠭᠦᠨᠵᠡᠭᠡᠢ ᠠᠬᠢᠭᠤᠯᠪᠠ᠃ ᠮᠡᠷᠭᠡᠵᠢᠯ ᠤᠨ ᠬᠤᠷᠠᠮᠠᠯ ᠤᠨ ᠵᠢᠱᠢᠶ᠎ᠡ ᠦᠵᠡᠭᠦᠯᠬᠦ ᠲᠤᠭᠤᠷᠢᠭ  ᠢ 103 ᠪᠠᠶᠢᠭᠤᠯᠵᠤ᠂ ᠠᠮᠤ ᠲᠣᠰᠣᠨ ᠤ ᠲᠠᠷᠢᠮᠠᠯ᠂ ᠠᠵᠤ ᠠᠬᠤᠢ ᠶᠢᠨ ᠲᠠᠷᠢᠮᠠᠯ᠂ ᠮᠠᠯ ᠠᠵᠤ ᠠᠬᠤᠢ ᠶᠢᠨ ᠲᠡᠵᠢᠭᠡᠨ ᠦᠷᠡᠵᠢᠭᠦᠯᠬᠦ ᠵᠡᠷᠭᠡ 13 ᠬᠦᠷᠢᠶ᠎ᠡ ᠴᠠᠷᠠᠭ᠎ᠠ ᠶᠢ ᠬᠠᠮᠤᠷᠪᠠ᠃ 122 ᠬᠥᠮᠥᠨ ᠤ ᠳᠡᠭᠡᠳᠦ ᠲᠠᠰ ᠤᠨ ᠲᠤᠰᠬᠠᠢ ᠮᠡᠷᠭᠡᠵᠢᠯᠲᠡᠨ ᠤ ᠣᠶᠤᠨ ᠤ ᠬᠥᠮᠥᠷᠭᠡ ᠶᠢ ᠪᠠᠶᠢᠭᠤᠯᠪᠠ᠂ ᠡᠭᠦᠨ ᠳᠤ ᠰᠤᠳᠤᠯᠤᠭᠴᠢ ᠯᠢ ᠱᠣᠸ ᠺᠦᠨ ᠵᠡᠷᠭᠡ 16 ᠣᠷᠣᠨ ᠤ ᠭᠠᠳᠠᠨᠠᠬᠢ ᠲᠤᠰᠬᠠᠢ ᠮᠡᠷᠭᠡᠵᠢᠯᠲᠡᠨ ᠪᠠᠭᠲᠠᠨ᠎ᠠ᠃ ᠦᠢᠯᠡᠴᠢᠯᠡᠭᠡᠨ ᠤ ᠬᠡᠪᠴᠢᠶᠡᠵᠢᠭᠰᠡᠨ ᠰᠢᠨ᠎ᠡ ᠬᠡᠯᠪᠡᠷᠢ ᠶᠢᠨ ᠡᠵᠡᠩᠨᠡᠯᠲᠡ ᠶᠢᠨ 135 ᠭᠤᠣᠯ ᠴᠣᠭᠴᠠ ᠶᠢ ᠲᠣᠭᠲᠠᠭᠠᠪᠠ᠃ ᠲᠤᠰᠬᠠᠢ ᠮᠡᠷᠭᠡᠵᠢᠯᠲᠡᠳ ᠢ ᠵᠣᠬᠢᠶᠠᠨ ᠪᠠᠶᠢᠭᠤᠯᠤᠨ ᠮᠡᠷᠭᠡᠵᠢᠯ ᠤᠨ ᠵᠢᠯᠣᠭᠤᠳᠤᠯᠭ᠎ᠠ ᠥᠷᠨᠢᠭᠦᠯᠵᠦ᠂ ︽ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ︾ ᠬᠤᠣᠰ ᠵᠠᠮᠲᠤ ᠪᠣᠯᠪᠠᠰᠤᠷᠠᠯ ᠢᠶᠠᠷ ᠳᠡᠮᠵᠢᠨ᠂ 5 ᠬᠤᠭᠤᠴᠠᠭᠠᠨ ᠤ ᠲᠤᠰᠬᠠᠢ ᠰᠡᠳᠦᠪᠲᠦ ᠪᠣᠯᠪᠠᠰᠤᠷᠠᠯ ᠢ ᠡᠷᠭᠢᠯᠡᠵᠦ᠂ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ ᠢ 600 ᠭᠠᠷᠤᠢ ᠬᠥᠮᠥᠨ ᠤᠳᠠᠭ᠎ᠠ ᠬᠥᠮᠥᠵᠢᠭᠦᠯᠪᠡ᠃ ᠲᠠᠷᠢᠶᠠᠯᠠᠩ ᠤᠨ ᠮᠡᠷᠭᠡᠵᠢᠯ ᠤᠨ ᠣᠬᠤᠷ ᠸᠢᠳᠢᠤ᠋ ᠶᠢᠨ ᠰᠢᠩᠭᠡᠭᠡᠯᠲᠡ ᠶᠢ ᠰᠢᠨ᠎ᠡ ᠪᠠᠷ ᠡᠭᠦᠳᠴᠦ᠂ ᠮᠡᠷᠭᠡᠵᠢᠯ ᠤᠨ ᠪᠣᠯᠪᠠᠰᠤᠷᠠᠯ ᠤᠨ ᠸᠢᠳᠢᠤ᠋ ᠶᠢ ᠨᠡᠶᠢᠲᠡ 20 ᠭᠠᠷᠤᠢ ᠨᠡᠶᠢᠲᠡᠯᠡᠵᠡᠢ᠃      ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠬᠦᠴᠦᠨ ᠨᠡᠮᠡᠷᠢᠯᠡᠵᠦ᠂ ᠮᠡᠷᠭᠡᠵᠢᠯ ᠢ ᠲᠥᠪᠯᠡᠷᠡᠭᠦᠯᠦᠨ ᠳᠡᠯᠭᠡᠷᠡᠭᠦᠯᠬᠦ ᠶᠢ ᠠᠬᠢᠭᠤᠯᠪᠠ᠃ ︽ᠡᠮᠦᠨᠡᠲᠦ ᠤᠮᠠᠷᠠᠲᠤ ᠶᠢᠨ ᠤᠰᠤᠨ ᠤ ᠭᠠᠷᠤᠯᠲᠠ ᠶᠢᠨ ᠬᠠᠮᠲᠤᠷᠠᠯᠴᠠᠭ᠎ᠠ︾ ᠶᠢᠨ ᠰᠢᠨ᠎ᠡ ᠶᠢ ᠡᠭᠦᠳᠦᠨ ᠦᠷᠨᠢᠭᠦᠯᠪᠡ᠃ 3 ᠰᠠᠷ᠎ᠠ ᠳᠤ ᠶᠠᠪᠤᠭᠳᠠᠭᠰᠠᠨ ᠬᠠᠶᠢᠨᠠᠨᠳᠤᠤ ᠦᠪᠦᠷ ᠮᠤᠩᠭᠤᠯ ᠤᠨ ᠤᠰᠤᠨ ᠤ ᠭᠠᠷᠤᠯᠲᠠ ᠶᠢᠨ ᠬᠠᠮᠲᠤᠷᠠᠯᠴᠠᠭᠠᠨ ᠤ ᠵᠥᠪᠳᠡᠨ ᠶᠠᠷᠢᠯᠴᠠᠬᠤ ᠬᠤᠷᠠᠯ ᠨᠢ ᠰᠠᠶᠢᠨ ᠡᠭᠦᠯᠳᠡᠷ ᠢ ᠰᠣᠩᠭᠤᠨ ᠪᠣᠶᠢᠵᠢᠭᠤᠯᠬᠤ ᠪᠠ ᠬᠤᠵᠢᠷᠯᠢᠭ ᠤᠰᠤᠨ ᠳᠤ ᠲᠡᠵᠢᠭᠡᠨ ᠦᠷᠡᠵᠢᠭᠦᠯᠬᠦ ᠮᠡᠷᠭᠡᠵᠢᠯ ᠢ ᠬᠤᠪᠢᠷᠠᠭᠤᠯᠬᠤ ᠲᠠᠯ᠎ᠠ ᠪᠠᠷ ᠭᠤᠣᠯᠳᠠᠯᠭ᠎ᠠ ᠲᠠᠢ ᠰᠢᠪᠲᠤᠯᠤᠯᠲᠠ ᠭᠠᠷᠭᠠᠵᠤ᠂ ᠰᠠᠮ ᠬᠤᠷᠣᠬᠠᠢ ᠶᠢᠨ ᠴᠢᠬᠢ ᠶᠢ ᠲᠤᠬᠠᠢ ᠶᠢᠨ ᠭᠠᠵᠠᠷ ᠲᠤᠨᠢ ᠴᠡᠩᠭᠡᠭᠵᠢᠭᠦᠯᠬᠦ ᠬᠦᠴᠢᠷ ᠠᠰᠠᠭᠤᠳᠠᠯ ᠢ ᠠᠮᠵᠢᠯᠲᠠ ᠲᠠᠢ ᠰᠢᠢᠳᠪᠦᠷᠢᠯᠡᠭᠰᠡᠨ ᠪᠥᠭᠡᠳ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠶᠢ ᠪᠠᠶᠢᠭᠤᠯᠵᠤ᠂ 16 ᠠᠵᠤ ᠠᠬᠤᠶᠢᠯᠠᠯ 1.5 ᠳ᠋ᠦᠩᠰᠢᠭᠤᠷ ᠰᠢᠯᠢᠳᠡᠭ ᠰᠠᠮ ᠬᠤᠷᠣᠬᠠᠢ ᠶᠢᠨ ᠴᠢᠬᠢ ᠶᠢᠨ ᠭᠡᠷ᠎ᠡ ᠲᠤᠭᠳᠠᠵᠤ᠂ ᠣᠳᠣᠬᠠᠨ ᠳᠤ ᠨᠢᠭᠡᠨᠲᠡ 4000 ᠲᠦᠮᠡᠨ ᠰᠠᠮ ᠬᠤᠷᠣᠬᠠᠢ ᠶᠢ ᠠᠮᠵᠢᠯᠲᠠ ᠲᠠᠢ ᠣᠷᠣᠭᠤᠯᠵᠠᠢ᠃ ︽2025 ᠣᠨ ᠤ ᠰᠢᠷ᠎ᠠ ᠪᠤᠷᠴᠠᠭ ᠤᠨ ᠦᠨᠳᠦᠰᠦ ᠶᠢᠨ ᠪᠡᠲᠡᠭᠢ ᠶᠢᠨ ᠪᠠᠺᠲ᠋ᠧᠷᠢ ᠶᠢᠨ ᠲᠠᠷᠢᠯᠭ᠎ᠠ ᠶᠢᠨ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ᠵᠡᠷᠭᠡ ᠮᠡᠷᠭᠡᠵᠢᠯ ᠤᠨ ᠪᠢᠴᠢᠭ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠪᠠ᠃ ᠰᠢᠨ᠎ᠡ ᠡᠭᠦᠯᠳᠡᠷ᠂ ᠰᠢᠨ᠎ᠡ ᠮᠡᠷᠭᠡᠵᠢᠯ᠂ ᠰᠢᠨ᠎ᠡ ᠲᠣᠨᠤᠭ ᠲᠥᠬᠦᠭᠡᠷᠦᠮᠵᠢ᠂ ᠰᠢᠨ᠎ᠡ ᠵᠠᠭᠪᠤᠷ ᠵᠡᠷᠭᠡ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠤᠬᠠᠭᠤᠯᠤᠨ ᠳᠡᠯᠭᠡᠷᠡᠭᠦᠯᠬᠦ ᠡᠷᠴᠢᠮ ᠢ ᠴᠢᠩᠭᠠᠷᠠᠭᠤᠯᠵᠤ᠂ ᠦᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠨᠡᠶᠢᠲᠡ ᠶᠢᠨ ᠳ᠋ᠤᠭᠠᠷ ᠲᠤ ︽2025 ᠣᠨ ᠤ 4 ᠰᠠᠷ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠳᠤᠮᠳᠠᠬᠢ ᠡᠪᠡᠳᠴᠢᠨ ᠤ ᠬᠥᠨᠥᠭᠡᠯ ᠢ ᠤᠷᠢᠳᠴᠢᠯᠠᠨ ᠲᠥᠰᠥᠭᠡᠯᠡᠵᠦ ᠤᠷᠢᠳᠴᠢᠯᠠᠨ ᠮᠡᠳᠡᠭᠡᠯᠡᠬᠦ︾᠂ ︽ᠬᠠᠪᠤᠷ ᠤᠨ ᠲᠠᠷᠢᠶᠠᠯᠠᠭ᠎ᠠ ᠶᠢᠨ ᠬᠤᠭᠤᠴᠠᠭᠠᠨ ᠳᠠᠬᠢ ᠲᠠᠷᠢᠶᠠᠯᠠᠩ ᠤᠨ ᠮᠠᠰᠢᠨ ᠤ ᠠᠮᠤᠷ ᠲᠦᠪᠰᠢᠨ ᠤ ᠰᠠᠨᠠᠭᠤᠯᠤᠮᠵᠢ︾ ᠵᠡᠷᠭᠡ 17 ᠮᠡᠷᠭᠡᠵᠢᠯ ᠤᠨ ᠮᠡᠳᠡᠭᠡ ᠵᠠᠩᠭᠢ ᠶᠢ ᠬᠠᠨᠳᠤᠯᠭᠠᠲᠤ ᠴᠢᠨᠠᠷᠲᠠᠢ ᠪᠠᠷ ᠨᠡᠶᠢᠲᠡᠯᠡᠪᠡ᠃ 
1.png
 
2.png
       ᠤᠨᠢᠨ ᠳᠡᠭᠡᠷ᠎ᠡ ᠨᠢ ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ᠂ ᠠᠵᠤ ᠦᠢᠯᠡᠰ ᠤᠨ ᠬᠥᠭᠵᠢᠯᠲᠡ ᠶᠢᠨ ᠪᠣᠭᠤᠮᠢ ᠶᠢ ᠡᠪᠳᠡᠪᠡ᠃ ᠨᠠᠮ ᠤᠨ ᠪᠠᠶᠢᠭᠤᠯᠤᠯᠲᠠ ᠶᠢᠨ ᠲᠤᠬᠠᠶᠢᠯᠠᠭᠰᠠᠨ ᠠᠵᠢᠯ ᠢ ᠭᠦᠨᠵᠡᠭᠡᠢ ᠠᠭᠤᠰᠤᠯᠴᠠᠭᠤᠯᠤᠨ᠂ ︽ᠳᠥᠷᠪᠡᠨ ᠱᠠᠲᠤ ᠪᠠᠷ ᠬᠤᠯᠪᠤᠭᠠᠯᠠᠨ ᠰᠢᠨ᠎ᠡ ᠶᠢ ᠡᠭᠦᠳᠬᠦ +︾ ᠵᠠᠭᠪᠤᠷ ᠢ ᠡᠭᠦᠳᠦᠨ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ᠭᠤᠷᠪᠠᠨ ᠱᠠᠲᠤᠨ ᠤ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠰᠢᠰᠲ᠋ᠧᠮᠵᠢ ᠶᠢ ᠨᠢᠭᠡᠳᠦᠯᠲᠡᠢ ᠲᠥᠯᠥᠪᠯᠡᠨ ᠵᠢᠱᠢᠶ᠎ᠡ ᠦᠵᠡᠭᠦᠯᠬᠦ ᠲᠣᠭᠤᠷᠢᠭ ᠪᠣᠯᠭᠠᠨ ᠪᠠᠶᠢᠭᠤᠯᠵᠤ᠂ ᠳᠡᠭᠡᠳᠦ ᠳᠣᠣᠷᠠᠳᠤ ᠱᠠᠲᠤ ᠬᠤᠯᠪᠤᠭᠠᠯᠠᠨ ᠬᠥᠳᠡᠯᠦᠯᠴᠡᠵᠦ᠂ ᠳᠣᠲᠣᠨ᠎ᠠ ᠭᠠᠳᠠᠨ᠎ᠠ ᠬᠠᠮᠵᠢᠯᠴᠠᠨ ᠳᠠᠷᠢᠵᠤ ᠲᠡᠵᠢᠭᠡᠨ ᠦᠷᠡᠵᠢᠭᠦᠯᠬᠦ ᠡᠷᠦᠬᠡ ᠶᠢ ᠳᠠᠶᠢᠴᠢᠯᠠᠪᠠ᠃ ︽ᠲᠠᠪᠤᠨ 100︾ ᠶᠢᠨ ᠭᠤᠣᠯᠳᠠᠯᠭ᠎ᠠ ᠲᠠᠢ ᠠᠵᠢᠯ ᠤᠨ ᠪᠠᠶᠢᠷᠢᠯᠠᠭᠤᠯᠤᠯᠲᠠ ᠶᠢᠨ ᠲᠣᠭᠤᠷᠢᠨ ᠳᠤ ᠰᠢᠯᠢ ᠶᠢᠨ ᠭᠤᠣᠯ ᠠᠶᠢᠮᠠᠭ ᠲᠤ ᠡᠩ ᠲᠡᠷᠢᠭᠦᠨ ᠳᠤ ︽ᠪᠡᠯᠴᠢᠭᠡᠷᠯᠡᠭᠦᠯᠬᠦ ᠶᠢ ᠵᠣᠭᠰᠤᠭᠠᠬᠤ ᠬᠤᠭᠤᠴᠠᠭᠠᠨ ᠳᠠᠬᠢ ᠮᠠᠯ ᠲᠡᠵᠢᠭᠡᠪᠦᠷᠢ ᠶᠢᠨ ᠠᠷᠠᠴᠢᠯᠠᠯᠲᠠ ᠬᠠᠮᠢᠶᠠᠷᠤᠯᠲᠠ ᠶᠢᠨ ᠮᠡᠷᠭᠡᠵᠢᠯ ᠢ ᠬᠥᠳᠡᠭᠡ ᠪᠠᠭᠤᠯᠭᠠᠬᠤ︾ ᠠᠵᠢᠯᠯᠠᠭ᠎ᠠ ᠶᠢ ᠥᠷᠨᠢᠭᠦᠯᠵᠦ᠂ ᠲᠡᠵᠢᠭᠡᠯ ᠡᠪᠡᠰᠦ ᠪᠣᠷᠳᠤᠭ᠎ᠠ ᠶᠢᠨ ᠨᠠᠶᠢᠷᠠᠯᠭ᠎ᠠ᠂ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠪᠠ ᠦᠷᠡᠵᠢᠯᠲᠡ ᠶᠢᠨ ᠦᠷ᠎ᠡ ᠪᠦᠲᠦᠮᠵᠢ ᠵᠡᠷᠭᠡ ᠭᠤᠷᠪᠠᠨ ᠶᠡᠭᠡ ᠭᠤᠣᠯᠯᠠᠬᠤ ᠮᠡᠷᠭᠡᠵᠢᠯ ᠢ ᠰᠢᠯᠢᠳᠡᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ᠣᠨᠣᠯ ᠤᠨ ᠪᠣᠳᠠᠲᠤ ᠪᠣᠯᠪᠠᠰᠤᠷᠠᠯ + ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠸᠢᠳᠢᠣ᠋︾ ᠶᠢᠨ ᠪᠣᠯᠪᠠᠰᠤᠷᠠᠯ ᠤᠨ ᠵᠠᠭᠪᠤᠷ ᠢ ᠰᠢᠨ᠎ᠡ ᠪᠠᠷ ᠬᠡᠷᠡᠭᠯᠡᠨ ᠮᠡᠷᠭᠡᠵᠢᠯ ᠤᠨ ᠲᠦᠭᠡᠮᠡᠯᠵᠢᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ᠡᠭᠦᠨ ᠤ ᠬᠠᠮᠲᠤ ᠲᠤᠰᠬᠠᠢ ᠮᠡᠷᠭᠡᠵᠢᠯᠲᠡᠨ ᠤ ᠪᠦᠯᠬᠦᠮ ᠢ ᠵᠣᠬᠢᠶᠠᠨ ᠪᠠᠶᠢᠭᠤᠯᠤᠨ ᠪᠤᠭᠤᠲᠤ᠂ ᠪᠠᠶᠠᠨᠨᠠᠭᠤᠷ ᠵᠡᠷᠭᠡ ᠭᠠᠵᠠᠷ ᠲᠤ ᠬᠦᠷᠴᠦ ᠣᠰᠣᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠮᠡᠷᠭᠡᠵᠢᠯ ᠤᠨ ᠵᠢᠯᠣᠭᠤᠳᠤᠯᠭ᠎ᠠ ᠥᠷᠨᠢᠭᠦᠯᠵᠦ᠂ ᠬᠤᠵᠢᠷᠯᠢᠭ ᠭᠠᠵᠠᠷ ᠤᠨ ᠣᠰᠣᠨ ᠤ ᠡᠬᠢ ᠪᠠᠶᠠᠯᠢᠭ ᠢ ᠠᠰᠢᠭᠯᠠᠬᠤ᠂ ᠬᠥᠮᠥᠨ ᠤ ᠬᠦᠴᠦ ᠪᠠᠷ ᠦᠷᠡᠵᠢᠭᠦᠯᠦᠨ ᠪᠣᠶᠢᠵᠢᠭᠤᠯᠬᠤ ᠵᠡᠷᠭᠡ ᠵᠠᠩᠭᠢᠯᠠᠭ᠎ᠠ ᠶᠢᠨ ᠮᠡᠷᠭᠡᠵᠢᠯ ᠤᠨ ᠪᠡᠷᠬᠡ ᠰᠡᠳᠦᠪ ᠢ ᠭᠤᠣᠯᠳᠠᠯᠭ᠎ᠠ ᠲᠠᠢ ᠰᠢᠢᠳᠪᠦᠷᠢᠯᠡᠪᠡ᠃ ᠶᠡᠭᠡ ᠳᠡᠭᠡᠳᠦ ᠰᠤᠷᠭᠠᠭᠤᠯᠢ ᠪᠣᠯᠣᠨ ᠭᠤᠷᠪᠠᠨ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠪᠦᠯᠬᠦᠮ ᠲᠠᠢ ᠬᠤᠯᠪᠤᠭᠠᠯᠠᠨ᠂ ᠳ᠋ᠧᠩᠺᠸᠦ ᠶᠢᠨ ᠵᠢᠩ ᠬᠤᠸᠠᠩ ᠬᠤᠶᠠᠷ ᠤᠰᠤᠯᠠᠯᠲᠠ ᠶᠢᠨ ᠲᠤᠭᠤᠷᠢᠭ ᠵᠡᠷᠭᠡ ᠣᠷᠣᠨ ᠪᠦᠰᠡ ᠳᠤ ︽ᠬᠤᠵᠢᠷ ᠲᠤ ᠲᠡᠰᠪᠦᠷᠢᠲᠡᠢ ᠰᠠᠯᠬᠢ ᠡᠯᠡᠰᠦᠨ ᠳᠤ ᠲᠡᠰᠪᠦᠷᠢᠲᠡᠢ ᠲᠡᠵᠢᠭᠡᠯ ᠡᠪᠡᠰᠦ ᠶᠢ ᠳᠡᠯᠭᠡᠷᠡᠭᠦᠯᠬᠦ ᠪᠠ ᠤᠰᠤ ᠠᠷᠪᠢᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ︾  ᠶᠢ ᠬᠡᠷᠡᠭᠵᠢᠭᠦᠯᠵᠦ᠂ ᠳᠠᠭᠠᠭᠠᠴᠠ ᠲᠡᠰᠪᠦᠷᠢᠲᠡᠢ ᠡᠭᠦᠯᠳᠡᠷ ᠪᠣᠯᠣᠨ ᠤᠰᠤ ᠠᠷᠪᠢᠯᠠᠬᠤ ᠵᠢᠱᠢᠶ᠎ᠡ ᠦᠵᠡᠭᠦᠯᠬᠦ ᠠᠵᠢᠯ ᠢ ᠬᠢᠵᠦ᠂ ᠡᠪᠦᠯ ᠤᠨ ᠬᠠᠷ᠎ᠠ ᠪᠤᠭᠤᠳᠠᠢ ᠶᠢ ᠳᠠᠬᠢᠨ ᠲᠠᠷᠢᠬᠤ ᠠᠵᠢᠯᠯᠠᠭ᠎ᠠ ᠶᠢ ᠬᠥᠳᠡᠯᠦᠩᠭᠦᠢ ᠪᠠᠷ ᠬᠢᠨᠠᠨ ᠬᠡᠮᠵᠢᠵᠦ᠂ 8 ᠬᠤᠷᠰᠢᠶ᠎ᠠ ᠪᠣᠯᠣᠨ ᠲᠠᠷᠢᠶᠠᠯᠠᠩ ᠤᠨ ᠲᠠᠯᠠᠪᠠᠢ ᠳᠤ ᠬᠦᠷᠴᠦ ᠤᠰᠤ ᠪᠣᠷᠳᠣᠭᠤᠷ ᠤᠨ ᠬᠤᠯᠢᠮᠠᠭ ᠲᠡᠭᠰᠢ ᠦᠭᠡᠢ ᠦᠢᠯᠡᠳᠪᠦᠷᠢᠯᠡᠯ ᠤᠨ ᠠᠰᠠᠭᠤᠳᠠᠯ ᠢ ᠰᠢᠢᠳᠪᠦᠷᠢᠯᠡᠪᠡ᠃ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠡᠵᠢᠭᠡᠯ ᠪᠣᠷᠳᠤᠭ᠎ᠠ ᠶᠢᠨ ᠥᠪᠡᠷ ᠤᠨ ᠥᠷᠲᠡᠭ ᠥᠨᠳᠥᠷ᠂ ᠰᠦ ᠶᠢᠨ ᠦᠨ᠎ᠡ ᠪᠠᠷ ᠪᠠᠷᠤᠭᠲᠠᠢ ᠪᠠᠶᠢᠬᠤ ᠵᠡᠷᠭᠡ ᠠᠰᠠᠭᠤᠳᠠᠯ ᠳᠤ ᠴᠢᠭᠯᠡᠭᠦᠯᠦᠨ᠂ ᠥᠪᠥᠷ ᠮᠣᠩᠭᠤᠯ ᠤᠨ ᠰᠠᠭᠠᠯᠢ ᠶᠢᠨ ᠦᠢᠯᠡᠰ ᠤᠨ ᠨᠡᠶᠢᠭᠡᠮᠯᠢᠭ ᠪᠣᠯᠣᠨ ᠳᠡᠭᠡᠳᠦ ᠰᠤᠷᠭᠠᠭᠤᠯᠢ ᠶᠢᠨ ᠲᠤᠰᠬᠠᠢ ᠮᠡᠷᠭᠡᠵᠢᠯᠲᠡᠳ ᠲᠠᠢ ᠬᠠᠮᠲᠤᠷᠠᠨ ᠲᠣᠭᠲᠠᠬᠤ ᠰᠢᠶᠠᠨ ᠳᠤ ᠬᠦᠷᠴᠦ ᠮᠡᠷᠭᠡᠵᠢᠯ ᠤᠨ ᠦᠢᠯᠡᠴᠢᠯᠡᠭᠡ ᠥᠷᠨᠢᠭᠦᠯᠵᠦ᠂ ᠲᠡᠵᠢᠭᠡᠯ ᠪᠣᠷᠳᠤᠭ᠎ᠠ ᠶᠢᠨ ᠨᠠᠶᠢᠷᠠᠯᠭ᠎ᠠ ᠶᠢ ᠰᠢᠯᠢᠳᠡᠭᠵᠢᠭᠦᠯᠦᠨ᠂ ᠣᠶᠤᠨᠴᠢ ᠬᠠᠮᠢᠶᠠᠷᠤᠯᠲᠠ ᠶᠢᠨ ᠮᠡᠷᠭᠡᠵᠢᠯ ᠢ ᠲᠡᠯᠭᠡᠷᠡᠭᠦᠯᠪᠡ᠃ ᠲᠡᠳᠡᠨ ᠤ ᠠᠮᠢᠳᠤ ᠪᠣᠳᠠᠰ ᠤᠨ ᠳ᠋ᠧᠩ ᠤᠨ ᠭᠡᠷᠡᠯ ᠤᠨ ᠲᠤᠷᠰᠢᠯᠲᠠ ᠶᠢᠨ ᠠᠩᠬ᠎ᠠ ᠠᠯᠬᠤᠮ ᠤᠨ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ ᠰᠦ ᠭᠠᠷᠬᠤ ᠬᠡᠮᠵᠢᠶ᠎ᠡ ᠶᠢ ᠳᠡᠭᠡᠭᠰᠢᠯᠡᠭᠦᠯᠵᠦ᠂ ᠥᠪᠡᠷ ᠤᠨ ᠥᠷᠲᠡᠭ ᠢ ᠠᠷᠪᠢᠯᠠᠨ ᠦᠷ᠎ᠡ ᠠᠰᠢᠭ ᠢ ᠨᠡᠮᠡᠭᠳᠡᠭᠦᠯᠬᠦ ᠬᠠᠷᠠᠯᠲᠠ ᠶᠢ ᠪᠡᠶᠡᠯᠡᠭᠦᠯᠪᠡ᠃ ᠣᠷᠳᠣᠰ ᠵᠡᠷᠭᠡ ᠭᠠᠵᠠᠷ ᠲᠤ ᠨᠤᠤᠯᠤᠭᠤᠷ ᠤᠨ ᠢᠮᠠᠭᠠᠨ ᠤ ᠨᠤᠤᠯᠤᠭᠤᠷ ᠤᠨ ᠠᠵᠤ ᠦᠢᠯᠡᠰ ᠤᠨ ᠮᠡᠷᠭᠡᠵᠢᠯ ᠤᠨ ᠪᠣᠯᠪᠠᠰᠤᠷᠠᠯ ᠢ 10 ᠭᠠᠷᠤᠢ ᠤᠳᠠᠭ᠎ᠠ ᠥᠷᠨᠢᠭᠦᠯᠵᠦ᠂ ᠨᠤᠤᠯᠤᠭᠤᠷ ᠤᠨ ᠢᠮᠠᠭᠠᠨ ᠤ ᠭᠤᠣᠯ ᠡᠭᠦᠯᠳᠡᠷ ᠪᠣᠶᠢᠵᠢᠭᠤᠯᠬᠤ ᠲᠠᠯᠠᠪᠠᠢ ᠳᠤ ᠮᠡᠷᠭᠡᠵᠢᠯ ᠤᠨ ᠵᠢᠯᠣᠭᠤᠳᠤᠯᠭ᠎ᠠ ᠦᠷᠨᠢᠭᠦᠯᠪᠡ᠃ ︽ᠨᠠᠮ ᠤᠨ ᠪᠠᠶᠢᠭᠤᠯᠤᠯᠲᠠ + ᠲᠤᠬᠠᠶᠢᠯᠠᠭᠰᠠᠨ ᠠᠵᠢᠯ︾ ᠤᠨ ᠬᠤᠣᠰ ᠴᠥᠮ᠎ᠡ ᠪᠠᠷ ᠬᠥᠳᠡᠯᠭᠡᠭᠦᠷ ᠪᠣᠯᠭᠠᠬᠤ ᠵᠠᠭᠪᠤᠷ ᠢ ᠪᠠᠶᠢᠭᠤᠯᠬᠤ ᠪᠠᠷ ᠳᠠᠮᠵᠢᠭᠤᠯᠤᠨ᠂ ᠨᠠᠮ ᠤᠨ ᠪᠠᠶᠢᠭᠤᠯᠤᠯᠲᠠ᠂ ᠲᠤᠬᠠᠶᠢᠯᠠᠭᠰᠠᠨ ᠠᠵᠢᠯ ᠤᠨ ᠬᠠᠷᠢᠯᠴᠠᠨ ᠠᠭᠤᠰᠤᠯᠴᠠᠵᠤ ᠬᠠᠮᠲᠤ ᠪᠠᠷ ᠤᠷᠤᠭᠰᠢᠯᠠᠬᠤ ᠶᠢ ᠪᠦᠲᠦᠮᠵᠢᠲᠡᠶ ᠠᠬᠢᠭᠤᠯᠵᠤ᠂ ᠮᠡᠷᠭᠡᠵᠢᠯ ᠤᠨ ᠳᠡᠯᠭᠡᠷᠡᠭᠦᠯᠦᠯᠲᠡ ᠬᠢᠭᠡᠳ ᠠᠵᠤ ᠦᠢᠯᠡᠰ ᠤᠨ ᠬᠥᠭᠵᠢᠯᠲᠡ ᠶᠢᠨ ᠰᠠᠶᠢᠨ ᠣᠷᠴᠢᠯ ᠢ ᠪᠣᠶ ᠪᠣᠯᠭᠠᠭᠰᠠᠨ ᠪᠠᠶᠢᠨ᠎ᠠ᠃ 
3.png
       ︽ᠪᠡᠯᠴᠢᠭᠡᠷᠯᠡᠭᠦᠯᠬᠦ ᠶᠢ ᠵᠣᠭᠰᠤᠭᠠᠬᠤ ᠬᠤᠭᠤᠴᠠᠭᠠᠨ ᠳᠠᠬᠢ ᠮᠠᠯ ᠲᠡᠵᠢᠭᠡᠪᠦᠷᠢ ᠶᠢᠨ ᠠᠷᠠᠴᠢᠯᠠᠯᠲᠠ ᠬᠠᠮᠢᠶᠠᠷᠤᠯᠲᠠ ᠶᠢᠨ ᠮᠡᠷᠭᠡᠵᠢᠯ ᠢ ᠬᠥᠳᠡᠭᠡ ᠪᠠᠭᠤᠯᠭᠠᠬᠤ︾ ᠠᠵᠢᠯᠯᠠᠭ᠎ᠠ 
4.png
       ︽ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠮᠡᠷᠭᠡᠵᠢᠯ ᠤᠨ ᠦᠢᠯᠡᠴᠢᠯᠡᠭᠡ︾ ᠶᠢᠨ ᠠᠵᠢᠯᠯᠠᠭ᠎ᠠ 
5.png
 
6.png
        ︽ᠬᠤᠵᠢᠷ ᠲᠤ ᠲᠡᠰᠪᠦᠷᠢᠲᠡᠢ᠂ ᠰᠠᠯᠬᠢ ᠡᠯᠡᠰᠦᠨ ᠳᠤ ᠲᠡᠰᠪᠦᠷᠢᠲᠡᠢ ᠲᠡᠵᠢᠭᠡᠯ ᠡᠪᠡᠰᠦ ᠶᠢ ᠳᠡᠯᠭᠡᠷᠡᠭᠦᠯᠬᠦ ᠪᠠ ᠤᠰᠤ ᠠᠷᠪᠢᠯᠠᠬᠤ ᠮᠡᠷᠭᠡᠵᠢᠯ ᠤᠨ ᠪᠡᠷᠬᠡ ᠰᠡᠳᠦᠪ ᠢ ᠰᠢᠢᠳᠪᠦᠷᠢᠯᠡᠬᠦ︾ ᠠᠵᠢᠯᠯᠠᠭ᠎ᠠ      ᠲᠠᠷᠠᠭᠠᠴᠢ ᠶᠢᠨ ᠠᠯᠬᠤᠮ ᠳᠤ᠂ ︽ᠲᠠᠪᠤᠨ 100 ᠶᠢᠨ ᠲᠥᠯᠥᠪᠯᠡᠭᠡ︾ ᠶᠢᠨ ᠨᠠᠶᠢᠳᠠᠪᠤᠷᠢᠵᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠠᠮᠤ ᠪᠤᠳᠠᠭᠠᠨ ᠤ ᠦᠢᠯᠡᠳᠪᠦᠷᠢᠯᠡᠯ᠂ ᠲᠠᠷᠢᠮᠠᠯ ᠤᠨ ᠦᠢᠯᠡᠰ ᠢ ᠬᠥᠭᠵᠢᠭᠦᠯᠦᠨ ᠮᠠᠨᠳᠤᠭᠤᠯᠬᠤ᠂ ᠥᠨᠳᠥᠷ ᠪᠦᠲᠦᠮᠵᠢᠲᠡᠶ ᠤᠰᠤ ᠠᠷᠪᠢᠯᠠᠬᠤ᠂ ᠲᠦᠭᠦᠭᠡᠷᠦᠮᠵᠢᠲᠦ ᠲᠠᠷᠢᠶᠠᠯᠠᠩ᠂ ᠢᠮᠠᠭᠠᠨ ᠨᠤᠤᠯᠤᠭᠤᠷ ᠤᠨ ᠠᠵᠤ ᠦᠢᠯᠡᠰ ᠤᠨ ᠬᠡᠯᠬᠢᠶ᠎ᠡ ᠵᠡᠷᠭᠡ ᠭᠤᠣᠯᠳᠠᠯᠭ᠎ᠠ ᠲᠠᠢ ᠡᠭᠦᠷᠭᠡ ᠶᠢᠨ ᠲᠣᠭᠤᠷᠢᠨ ᠳᠤ᠂ ᠮᠠᠨ ᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠭᠤᠣᠯᠳᠠᠯᠭ᠎ᠠ ᠲᠠᠢ ᠲᠥᠷᠥᠯ ᠵᠦᠢᠯ᠂ ᠳᠠᠪᠠᠭᠤᠯᠢᠭ ᠡᠬᠢ ᠪᠠᠶᠠᠯᠢᠭ ᠪᠠ ᠡᠯ᠎ᠡ ᠲᠠᠯ᠎ᠠ ᠶᠢᠨ ᠬᠦᠴᠦᠨ ᠵᠦᠢᠯ ᠢ ᠨᠢᠭᠡᠳᠦᠯᠲᠡᠢ ᠲᠥᠯᠥᠪᠯᠡᠨ᠎ᠡ᠃ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠤᠨ ᠪᠦᠯᠦᠭ ᠤᠳᠠᠭ᠎ᠠ ᠬᠤᠪᠢᠶᠠᠨ ᠲᠣᠬᠢᠷᠠᠭᠤᠯᠬᠤ ᠵᠠᠭᠪᠤᠷ ᠢ ᠪᠠᠶᠢᠭᠤᠯᠤᠨ ᠮᠥᠷᠳᠡᠵᠦ ᠰᠢᠮᠳᠠᠭᠤᠯᠤᠨ ᠭᠦᠢᠴᠡᠳᠬᠡᠵᠦ᠂ ᠠᠰᠠᠭᠤᠳᠠᠯ ᠢ ᠣᠨᠣᠪᠴᠢᠲᠠᠶ ᠰᠢᠢᠳᠪᠦᠷᠢᠯᠡᠬᠦ᠂ ᠦᠢᠯᠡᠴᠢᠯᠡᠭᠡᠨ ᠤ ᠶᠠᠰᠤ ᠴᠢᠨᠠᠷ ᠰᠢᠯᠢᠳᠡᠭ ᠰᠠᠶᠢᠨ᠂ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠪᠠᠷᠢᠮᠵᠢᠶ᠎ᠠ ᠳᠤ ᠬᠦᠷᠦᠭᠦᠯᠬᠦ ᠶᠢ ᠦᠨᠡᠨᠬᠦ ᠪᠠᠲᠤᠯᠠᠵᠤ᠂ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢᠨ ᠬᠠᠷᠠᠯᠲᠠ ᠶᠢᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号