ᠵᠣᠨ ᠤ ᠤᠯᠠᠷᠢᠯ ᠳᠤ᠂ ᠦᠷᠭᠦᠯᠵᠢᠯᠡᠭᠰᠡᠨ ᠥᠨᠳᠥᠷ ᠳᠤᠯᠠᠭᠠᠨ ᠠᠭᠤᠷ ᠠᠮᠢᠰᠬᠤᠯ ᠨᠢ ᠬᠡᠪᠴᠢᠶᠡᠵᠢᠭᠦᠯᠦᠭᠰᠡᠨ | ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠳᠤ ᠲᠤᠶᠢᠯ ᠤᠨ ᠠᠰᠢᠭ ᠦᠭᠡᠢ ᠪᠠᠶᠢᠳᠠᠭ᠃ ᠥᠨᠳᠥᠷ ᠳᠤᠯᠠᠭᠠᠨ ᠨᠢ ᠮᠠᠯ | ᠵᠢᠭᠦᠷᠲᠡᠨ ᠤ ᠬᠠᠯᠠᠭᠤᠨ ᠤ ᠰᠡᠷᠡᠯᠵᠢᠯ ᠢ ᠡᠭᠦᠰᠬᠡᠵᠦ᠂ ᠥᠰᠦᠯᠲᠡ ᠨᠢ ᠮᠡᠳᠡᠭᠳᠡᠮ᠎ᠡ ᠤᠳᠠᠭᠠᠰᠢᠷᠠᠵᠤ᠂ ᠢᠳᠡᠰᠢᠯᠡᠬᠦ | ᠬᠡᠮᠵᠢᠶ᠎ᠡ ᠨᠢ ᠪᠠᠭᠠᠰᠴᠤ᠂ ᠦᠢᠯᠡᠳᠪᠦᠷᠢᠯᠡᠬᠦ ᠴᠢᠳᠠᠪᠤᠷᠢ ᠨᠢ ᠪᠠᠭᠤᠷᠠᠬᠤ ᠵᠡᠷᠭᠡ ᠦᠵᠡᠭᠳᠡᠯ ᠭᠠᠷᠴᠤ᠂ ᠪᠠᠰᠠ ᠠᠮᠢᠲᠠᠨ ᠤ | ᠡᠭᠡᠯᠢᠯᠡᠬᠦ ᠴᠢᠳᠠᠪᠤᠷᠢ ᠶᠢ ᠪᠠᠭᠤᠷᠠᠭᠤᠯᠤᠨ᠂ ᠡᠯ᠎ᠡ ᠵᠦᠢᠯ ᠤᠨ ᠬᠠᠯᠳᠠᠪᠤᠷᠢᠲᠤ ᠴᠢᠨᠠᠷᠲᠠᠢ᠂ ᠦᠷᠡᠵᠢᠯ ᠤᠨ ᠰᠠᠭᠠᠲᠠᠯ ᠤᠨ | ᠴᠢᠨᠠᠷᠲᠠᠢ ᠡᠪᠡᠳᠴᠢᠨ ᠳᠤ ᠲᠤᠶᠢᠯ ᠤᠨ ᠠᠮᠠᠷᠬᠠᠨ ᠨᠡᠷᠪᠡᠭᠳᠡᠵᠦ᠂ ᠴᠢᠨᠠᠭᠰᠢᠯᠠᠭᠠᠳ ᠬᠠᠯᠠᠭᠤᠨ ᠰᠠᠴᠤᠷᠠᠯᠲᠠ ᠶᠢᠨ | ᠡᠪᠡᠳᠴᠢᠨ ᠢᠶᠠᠷ ᠦᠬᠦᠳᠡᠭ᠃ | ᠬᠠᠯᠠᠭᠤᠨ ᠠᠴᠠ ᠰᠡᠷᠭᠡᠶᠢᠯᠡᠵᠦ ᠬᠠᠯᠠᠭᠤᠨ ᠢ ᠪᠠᠭᠤᠷᠠᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠬᠠᠰᠢᠶ᠎ᠠ | ᠰᠠᠷᠠᠪᠴᠢᠨ ᠳᠣᠲᠣᠷᠠᠬᠢ ᠤᠰᠤᠨ ᠬᠥᠰᠢᠭᠡ᠂ ᠰᠠᠯᠬᠢᠨ ᠰᠡᠩᠰᠡ ᠵᠡᠷᠭᠡ ᠲᠥᠬᠦᠭᠡᠷᠦᠮᠵᠢ ᠶᠢ ᠰᠡᠯᠪᠢᠨ ᠵᠠᠰᠠᠵᠤ | ᠬᠠᠮᠠᠭᠠᠯᠠᠬᠤ ᠠᠵᠢᠯ ᠢ ᠰᠠᠶᠢᠲᠤᠷ ᠬᠢᠵᠦ᠂ ᠲᠡᠭᠦᠨ ᠤ ᠬᠡᠪ ᠤᠨ ᠶᠣᠰᠣᠭᠠᠷ ᠠᠵᠢᠯᠯᠠᠬᠤ ᠶᠢ ᠪᠠᠲᠤᠯᠠᠬᠤ ᠬᠡᠷᠡᠭᠲᠡᠢ︔ | ᠦᠳᠡ ᠳᠤ ᠬᠠᠰᠢᠶ᠎ᠠ ᠰᠠᠷᠠᠪᠴᠢᠨ ᠳᠣᠲᠣᠷᠠᠬᠢ ᠠᠭᠠᠷ ᠬᠠᠭᠤᠷᠠᠢ ᠦᠶ᠎ᠡ ᠳᠤ᠂ ᠭᠠᠵᠠᠷ ᠤᠨ ᠭᠠᠳᠠᠷᠭᠤ ᠪᠠ ᠮᠠᠯ ᠤᠨ | ᠪᠡᠶ᠎ᠡ ᠳᠤ ᠪᠠᠭ᠎ᠠ ᠬᠡᠮᠵᠢᠶᠡᠨ ᠤ ᠤᠰᠤ ᠶᠢ ᠮᠠᠨᠠᠨᠵᠢᠭᠤᠯᠣᠨ ᠰᠦᠷᠴᠢᠵᠦ ᠪᠣᠯᠣᠨ᠎ᠠ᠂ ᠭᠡᠬᠦ ᠳᠡᠭᠡᠨ ᠶᠠᠭᠠᠬᠢᠭᠰᠠᠨ ᠴᠦ | ᠰᠢᠭᠤᠳ ᠪᠤᠶᠤ ᠣᠷᠳᠣ ᠬᠤᠭᠤᠴᠠᠭ᠎ᠠ ᠪᠠᠷ ᠮᠠᠯ ᠵᠢᠭᠦᠷᠲᠡᠨ ᠳᠤ ᠤᠰᠤ ᠰᠦᠷᠴᠢᠵᠦ ᠬᠠᠯᠠᠭᠤᠨ ᠢ ᠨᠢ ᠪᠠᠭᠤᠷᠠᠭᠤᠯᠵᠤ | ᠪᠣᠯᠬᠤ ᠦᠭᠡᠢ᠃ | ᠨᠡᠷᠡᠨ ᠤ ᠭᠡᠷᠡᠯ ᠤᠨ ᠰᠠᠴᠤᠷᠠᠭ ᠠᠴᠠ ᠵᠠᠶᠢᠯᠠᠭᠤᠯᠬᠤ ᠬᠡᠷᠡᠭᠲᠡᠢ᠃ ᠮᠠᠯ ᠵᠢᠭᠦᠷᠲᠡᠨ ᠤ ᠬᠠᠰᠢᠶ᠎ᠠ ᠰᠠᠷᠠᠪᠴᠢ ᠶᠢᠨ | ᠡᠷᠬᠢᠨ ᠲᠣᠭᠤᠷᠢᠨ ᠳᠤ ᠡᠪᠡᠰᠦ ᠪᠣᠷᠳᠤᠭ᠎ᠠ᠂ ᠲᠠᠷᠢᠮᠠᠯ᠂ ᠣᠶ ᠮᠣᠳᠣ ᠳᠠᠷᠢᠵᠤ᠂ ᠣᠷᠣᠢ ᠶᠢᠨ ᠬᠡᠰᠡᠭ ᠲᠤᠨᠢ ᠨᠠᠷᠠ | ᠬᠠᠯᠬᠠᠯᠠᠬᠤ ᠲᠣᠣᠷ ᠲᠠᠯᠪᠢᠬᠤ᠂ ᠢᠯᠴᠢ ᠬᠥᠨᠳᠡᠶᠢᠷᠡᠭᠦᠯᠬᠦ ᠮᠠᠲ᠋ᠧᠷᠢᠶᠠᠯ ᠢ ᠪᠦᠷᠬᠦᠬᠦ ᠵᠡᠷᠭᠡ ᠠᠷᠭ᠎ᠠ ᠪᠠᠷᠢᠯ ᠢ ᠬᠡᠷᠡᠭᠯᠡᠨ᠂ | ᠮᠠᠯ ᠤᠨ ᠬᠠᠰᠢᠶ᠎ᠠ ᠰᠠᠷᠠᠪᠴᠢ ᠶᠢᠨ ᠨᠡᠷᠡᠨ ᠤ ᠢᠯᠴᠢ ᠶᠢᠨ ᠰᠠᠴᠤᠷᠠᠭ ᠢ ᠰᠢᠩᠭᠡᠬᠡᠨ ᠠᠪᠬᠤ ᠶᠢ ᠪᠠᠭᠠᠰᠬᠠᠵᠤ᠂ | ᠪᠦᠬᠦ᠋ᠢᠯᠡ ᠣᠷᠴᠢᠨ ᠲᠣᠭᠤᠷᠢᠨ ᠤ ᠳᠤᠯᠠᠭᠠᠨ ᠤ ᠬᠡᠮᠵᠢᠶ᠎ᠡ ᠶᠢ ᠪᠠᠭᠤᠷᠠᠭᠤᠯᠤᠨ᠎ᠠ᠃ | ᠲᠡᠵᠢᠭᠡᠪᠦᠷᠢ ᠶᠢᠨ ᠨᠢᠭᠲᠠᠴᠠ ᠶᠢ ᠵᠣᠬᠢᠰᠲᠠᠢ ᠪᠠᠷ ᠪᠠᠭᠤᠷᠠᠭᠤᠯᠬᠤ ᠬᠡᠷᠡᠭᠲᠡᠢ᠃ ᠬᠡᠪᠴᠢᠶᠡᠵᠢᠭᠦᠯᠦᠨ ᠲᠡᠵᠢᠭᠡᠨ | ᠦᠷᠡᠵᠢᠭᠦᠯᠬᠦ ᠳᠤ᠂ ᠨᠢᠭᠡᠴᠢ ᠲᠠᠯᠠᠪᠠᠶ ᠶᠢᠨ ᠳᠣᠲᠣᠷᠠᠬᠢ ᠮᠠᠯ ᠵᠢᠭᠦᠷᠲᠡᠨ ᠤ ᠰᠦᠷᠦᠭᠵᠢᠯ ᠤᠨ ᠲᠤᠭ᠎ᠠ ᠬᠡᠮᠵᠢᠶ᠎ᠡ ᠨᠢ | ᠶᠡᠭᠡ᠂ ᠨᠢᠭᠲᠠᠴᠠ ᠨᠢ ᠥᠨᠳᠥᠷ ᠪᠣᠯᠬᠤᠷ ᠲᠣᠰ ᠪᠡᠶ᠎ᠡ ᠨᠢ ᠶᠡᠭᠡ ᠬᠡᠮᠵᠢᠶᠡᠨ ᠤ ᠰᠠᠴᠤᠷᠠᠯᠲᠠ ᠶᠢᠨ ᠢᠯᠴᠢ ᠡᠭᠦᠰᠬᠡᠵᠦ᠂ | ᠭᠠᠳᠠᠭᠠᠳᠤ ᠣᠷᠴᠢᠨ ᠲᠣᠭᠤᠷᠢᠨ ᠤ ᠳᠤᠯᠠᠭᠠᠨ ᠤ ᠬᠡᠮᠵᠢᠶ᠎ᠡ ᠲᠠᠢ ᠳᠠᠪᠬᠤᠴᠠᠬᠤ ᠦᠢᠯᠡᠳᠦᠯ ᠭᠠᠷᠭᠠᠵᠤ᠂ ᠢᠯᠴᠢ ᠶᠢᠨ | ᠰᠡᠷᠡᠯᠵᠢᠯ ᠤᠨ ᠪᠣᠯᠣᠮᠵᠢ ᠶᠢ ᠨᠡᠮᠡᠭᠳᠡᠭᠦᠯᠬᠦ ᠪᠣᠯᠣᠨ᠎ᠠ᠃ ᠡᠶᠢᠮᠦ ᠠᠴᠠ ᠲᠡᠵᠢᠭᠡᠪᠦᠷᠢ ᠶᠢᠨ ᠨᠢᠭᠲᠠᠴᠠ ᠶᠢ ᠵᠣᠬᠢᠬᠤ | ᠬᠡᠮᠵᠢᠶ᠎ᠡ ᠪᠠᠷ ᠪᠠᠭᠤᠷᠠᠭᠤᠯᠵᠤ᠂ ᠮᠠᠯ ᠵᠢᠭᠦᠷᠲᠡᠨ ᠳᠤ ᠨᠡᠯᠢᠶᠡᠳ ᠲᠠᠭᠠᠯᠠᠮᠵᠢᠲᠠᠢ ᠣᠷᠣᠰᠢᠨ ᠠᠮᠢᠳᠤᠷᠠᠬᠤ ᠣᠷᠴᠢᠨ | ᠲᠣᠭᠤᠷᠢᠨ ᠢ ᠪᠣᠶ ᠪᠣᠯᠭᠠᠵᠤ ᠥᠭᠬᠦ ᠬᠡᠷᠡᠭᠲᠡᠢ᠃ | ᠭᠦᠢᠴᠡᠳ ᠴᠡᠪᠡᠷ ᠤᠰᠤ ᠬᠠᠩᠭᠠᠵᠤ ᠥᠭᠬᠦ ᠬᠡᠷᠡᠭᠲᠡᠢ᠃ ᠥᠨᠳᠥᠷ ᠳᠤᠯᠠᠭᠠᠨ ᠤ ᠤᠯᠠᠷᠢᠯ ᠳᠤ ᠮᠠᠯ | ᠵᠢᠭᠦᠷᠲᠡᠨ ᠤ ᠤᠤᠭᠤᠬᠤ ᠤᠰᠤᠨ ᠤ ᠬᠡᠮᠵᠢᠶ᠎ᠡ ᠯᠠᠪᠲᠠᠢ ᠶᠡᠭᠡ ᠪᠠᠷ ᠨᠡᠮᠡᠭᠳᠡᠵᠦ᠂ ᠤᠤᠭᠤᠬᠤ ᠤᠰᠤᠨ ᠤ ᠬᠡᠮᠵᠢᠶ᠎ᠡ | ᠬᠦᠷᠦᠯᠴᠡᠬᠦ ᠦᠭᠡᠢ ᠪᠣᠯ ᠮᠠᠯ ᠵᠢᠭᠦᠷᠲᠡᠨ ᠤ ᠦᠢᠯᠡᠳᠪᠦᠷᠢᠯᠡᠯ ᠪᠠ ᠡᠷᠡᠭᠦᠯ ᠮᠡᠨᠳᠦ ᠶᠢ ᠰᠢᠭᠤᠳ ᠨᠥᠯᠥᠭᠡᠯᠡᠬᠦ | ᠪᠣᠯᠣᠨ᠎ᠠ᠃ ᠢᠯᠠᠩᠭᠤᠶ᠎ᠠ ᠰᠠᠭᠠᠯᠢ ᠶᠢᠨ ᠦᠨᠢᠶ᠎ᠡ ᠪᠠ ᠬᠥᠬᠦᠭᠦᠯ ᠡᠬᠡ ᠮᠠᠯ ᠤᠨ ᠠᠷᠢᠭᠤᠨ ᠴᠡᠪᠡᠷ ᠤᠰᠤ ᠤᠮᠳᠠ ᠶᠢᠨ | ᠬᠠᠩᠭᠠᠯᠭ᠎ᠠ ᠶᠢ ᠪᠠᠲᠤᠯᠠᠬᠤ ᠬᠡᠷᠡᠭᠲᠡᠢ᠃ ᠤᠤᠭᠤᠬᠤ ᠤᠰᠤᠨ ᠳᠤᠨᠢ ᠳᠠᠪᠤᠰᠤ᠂ ᠾᠯᠣᠷᠲᠤ ᠺᠠᠯᠢ᠂ ᠨᠡᠭᠦᠷᠡᠰᠦᠬᠦ᠋ᠴᠢᠯ ᠤᠨ | ᠤᠰᠤᠲᠥ᠋ᠷᠥᠭᠴᠢᠲᠤ ᠨᠠᠲᠷᠢ ᠵᠡᠷᠭᠡ ᠴᠠᠬᠢᠯᠭᠠᠨ ᠵᠠᠳᠠᠯᠤᠭᠳᠠᠬᠤᠨ ᠢ ᠵᠣᠬᠢᠬᠤ ᠬᠡᠮᠵᠢᠶ᠎ᠡ ᠪᠠᠷ ᠨᠥᠬᠦᠪᠦᠷᠢᠯᠡᠵᠦ ᠪᠣᠯᠣᠨ᠎ᠠ᠃ | ᠲᠡᠵᠢᠭᠡᠯ ᠪᠣᠷᠳᠤᠭ᠎ᠠ ᠶᠢᠨ ᠨᠠᠶᠢᠷᠠᠯᠭ᠎ᠠ ᠶᠢ ᠵᠣᠬᠢᠰᠲᠠᠢ ᠲᠣᠬᠢᠷᠠᠭᠤᠯᠬᠤ ᠬᠡᠷᠡᠭᠲᠡᠢ᠃ ᠥᠨᠳᠥᠷ ᠡᠨᠧᠷᠭᠢᠲᠦ | ᠥᠭᠡᠬᠦᠨ ᠤ ᠲᠦᠷᠦᠯ ᠤᠨ ᠲᠡᠵᠢᠭᠡᠯ ᠪᠣᠷᠳᠣᠭᠠᠨ ᠤ ᠬᠠᠷᠢᠴᠠᠯ ᠢ ᠵᠣᠬᠢᠰᠲᠠᠢ ᠪᠠᠷ ᠪᠠᠭᠠᠰᠬᠠᠵᠤ᠂ ᠰᠢᠩᠭᠡᠭᠡᠬᠦ ᠳᠤ | ᠠᠮᠠᠷᠬᠠᠨ᠂ ᠢᠳᠡᠬᠦ ᠳᠤ ᠲᠣᠬᠢᠷᠠᠮᠵᠢᠲᠠᠢ ᠲᠡᠵᠢᠭᠡᠯ ᠪᠣᠷᠳᠣᠭᠠᠨ ᠤ ᠬᠠᠷᠢᠴᠠᠯ ᠢ ᠨᠡᠮᠡᠭᠳᠡᠭᠦᠯᠦᠨ᠎ᠡ︔ ᠴᠠᠭ ᠲᠤᠬᠠᠢ ᠳᠤᠨᠢ | ᠠᠵᠢᠯᠯᠠᠵᠤ ᠠᠮᠠᠷᠠᠬᠤ ᠴᠠᠭ ᠢᠶᠠᠨ ᠲᠣᠬᠢᠷᠠᠭᠤᠯᠵᠤ᠂ ᠪᠠᠭ᠎ᠠ ᠬᠡᠮᠵᠢᠶ᠎ᠡ ᠪᠠᠷ ᠣᠯᠠᠨ ᠤᠳᠠᠭ᠎ᠠ ᠲᠡᠵᠢᠭᠡᠬᠦ᠂ ᠣᠷᠣᠢ ᠳᠤ ᠪᠠᠨ | ᠨᠡᠮᠡᠵᠦ ᠲᠡᠵᠢᠭᠡᠬᠦ ᠵᠠᠷᠴᠢᠮ ᠶᠣᠰᠣᠭᠠᠷ᠂ ᠥᠷᠯᠥᠭᠡ ᠦᠳᠡᠰᠢ ᠶᠢᠨ ᠦᠶ᠎ᠡ ᠪᠠᠷ ᠲᠡᠵᠢᠭᠡᠵᠦ᠂ ᠦᠳᠡ ᠶᠢᠨ ᠬᠠᠯᠠᠭᠤᠨ ᠳᠤ | ᠲᠡᠵᠢᠭᠡᠬᠦ ᠬᠡᠮᠵᠢᠶ᠎ᠡ ᠪᠠᠨ ᠪᠠᠭᠠᠰᠬᠠᠨ᠎ᠠ᠃ | ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠠᠵᠢᠯ ᠢ ᠴᠢᠩᠭᠠᠳᠬᠠᠬᠤ ᠬᠡᠷᠡᠭᠲᠡᠢ᠃ ᠵᠣᠨ ᠤ ᠤᠯᠠᠷᠢᠯ ᠤᠨ | ᠥᠨᠳᠥᠷ ᠳᠤᠯᠠᠭᠠᠨ ᠠᠭᠤᠷ ᠠᠮᠢᠰᠬᠤᠯ ᠳᠤ᠂ ᠮᠠᠯ ᠵᠢᠭᠦᠷᠲᠡᠨ ᠤ ᠪᠠᠭᠠᠰᠤ ᠰᠢᠭᠡᠰᠦᠨ ᠤ ᠬᠤᠣᠷᠲᠤ ᠬᠡᠢ ᠪᠡᠶᠡᠲᠦ ᠶᠢᠨ | ᠲᠠᠷᠬᠠᠯᠲᠠ ᠨᠢ ᠨᠠᠩ ᠲᠦᠷᠭᠡᠨ ᠪᠠᠶᠢᠵᠤ᠂ ᠢᠯᠠᠭ᠎ᠠ ᠪᠠᠲᠠᠭᠠᠨ᠎ᠠ ᠦᠷᠡᠵᠢᠳᠡᠭ ᠪᠣᠯᠬᠤᠷ ᠡᠷᠬᠡᠪᠰᠢ ᠴᠠᠭ ᠲᠤᠬᠠᠢ ᠳᠤᠨᠢ | ᠪᠠᠭᠠᠰᠤ ᠰᠢᠭᠡᠰᠦ ᠶᠢ ᠨᠢ ᠴᠡᠪᠡᠷᠯᠡᠵᠦ᠂ ᠢᠯᠠᠭ᠎ᠠ ᠬᠤᠯᠤᠭᠠᠨ᠎ᠠ ᠶᠢ ᠤᠰᠠᠳᠬᠠᠬᠤ ᠬᠡᠷᠡᠭᠲᠡᠢ᠃ ᠡᠭᠦᠨ ᠤ ᠬᠠᠮᠲᠤ | ᠲᠣᠭᠲᠠᠮᠠᠯ ᠬᠤᠭᠤᠴᠠᠭ᠎ᠠ ᠲᠠᠢ ᠪᠠᠷ ᠬᠠᠰᠢᠶ᠎ᠠ ᠰᠠᠷᠠᠪᠴᠢ᠂ ᠲᠠᠯᠠᠪᠠᠢ ᠶᠢᠨ ᠳᠣᠲᠣᠷᠠᠬᠢ ᠣᠷᠴᠢᠨ ᠲᠣᠭᠤᠷᠢᠨ ᠢ ᠴᠡᠪᠡᠷᠯᠡᠨ | ᠠᠷᠢᠭᠤᠳᠬᠠᠬᠤ ᠠᠵᠢᠯ ᠢ ᠰᠠᠶᠢᠲᠤᠷ ᠬᠢᠵᠦ᠂ ᠬᠢᠵᠢᠭ ᠦᠭᠡᠢ ᠲᠡᠵᠢᠭᠡᠨ ᠠᠷᠠᠴᠢᠯᠠᠬᠤ ᠠᠷᠢᠭᠤᠨ ᠴᠡᠪᠡᠷ ᠣᠷᠴᠢᠨ | ᠲᠣᠭᠤᠷᠢᠨ ᠢ ᠪᠠᠲᠤᠯᠠᠬᠤ ᠬᠡᠷᠡᠭᠲᠡᠢ᠃ |