ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠤᠰᠤᠨ ᠲᠤᠲᠤᠷᠭ᠎ᠠ ᠶᠢᠨ ᠥᠨᠳᠥᠷ ᠤᠨᠠᠯᠲᠠ ᠶᠢᠨ ᠤᠷᠤᠯᠳᠤᠭᠠᠨ ᠰᠢᠯᠢᠳᠡᠭ ᠠᠮᠵᠢᠯᠲᠠ ᠶᠢ ᠡᠭᠦᠳᠪᠡ​︱ᠲᠣᠪᠤᠬᠠᠢ ᠭᠠᠴᠠᠭ᠎ᠠ ᠶᠢᠨ ᠲᠠᠷᠢᠮᠠᠯ ᠤᠨ ᠲᠣᠮᠣ ᠡᠷᠦᠬᠡ ᠵᠠᠩ ᠾᠧᠩ
ᠨᠡᠶᠢᠲᠡᠯᠡᠭᠰᠡᠨ ᠴᠠᠭ᠄
2025/5/26
      ᠬᠤᠷᠴᠢᠨ ᠵᠡᠭᠦᠨ ᠭᠠᠷᠤᠨ ᠬᠤᠶᠢᠲᠤ ᠬᠤᠰᠢᠭᠤ ᠤᠤᠯ ᠠᠴᠠ ᠪᠠᠨ ︽ᠡᠯᠡᠰᠦᠨ ᠲᠤᠲᠤᠷᠭ᠎ᠠ ᠶᠢᠨ ᠨᠤᠲᠤᠭ︾ ᠭᠡᠰᠡᠨ ᠰᠠᠶᠢᠬᠠᠨ ᠠᠯᠳᠠᠷᠲᠠᠢ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠤᠰᠤᠨ ᠲᠤᠲᠤᠷᠭ᠎ᠠ ᠨᠢ ᠡᠯᠪᠡᠭ ᠳᠡᠯᠪᠡᠭ ᠲᠠᠷᠢᠶᠠᠴᠢᠨ ᠠᠶᠢᠯ ᠤᠨ ᠪᠣᠷᠳᠣᠭᠤᠷ᠂ ᠭᠠᠵᠠᠷ ᠤᠨ ᠭᠠᠳᠠᠷᠭᠤ ᠶᠢᠨ ᠤᠰᠤ ᠪᠠᠷ ᠤᠰᠤᠯᠠᠬᠤ᠂ ᠬᠤᠷᠠᠮᠳᠤᠭᠰᠠᠨ ᠳᠤᠯᠠᠭᠠᠨ ᠤ ᠬᠡᠮᠵᠢᠶ᠎ᠡ ᠪᠠ ᠨᠡᠷᠡᠨ ᠤ ᠲᠤᠰᠤᠯᠲᠠ ᠭᠦᠢᠴᠡᠳ ᠵᠡᠷᠭᠡ ᠳᠠᠪᠠᠭᠤᠯᠢᠭ ᠲᠠᠯ᠎ᠠ ᠲᠠᠢ ᠪᠠᠶᠢᠳᠠᠭ᠃ ᠪᠣᠬᠢᠷᠲᠤᠯ ᠦᠭᠡᠢ ᠬᠥᠭᠵᠢᠯᠲᠡ ᠶᠢᠨ ᠣᠨᠣᠯᠵᠢᠬᠤᠨ ᠢ ᠪᠠᠷᠢᠮᠲᠠᠯᠠᠵᠤ᠂ ᠣᠯᠠᠨ ᠵᠢᠯ ᠳᠠᠷᠠᠭᠠᠯᠠᠨ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠳᠤᠮᠳᠠᠳᠤ ᠤᠯᠤᠰ ᠤᠨ ᠪᠣᠬᠢᠷᠲᠤᠯ ᠦᠭᠡᠢ ᠢᠳᠡᠭᠡᠨ ᠤ ᠬᠥᠭᠵᠢᠯᠲᠡ ᠶᠢᠨ ᠲᠥᠪ ᠤᠨ ︽A ᠲᠠᠰ ᠤᠨ ᠪᠣᠬᠢᠷᠲᠤᠯ ᠦᠭᠡᠢ ᠢᠳᠡᠭᠡᠨ ᠤ ᠲᠦᠭᠦᠬᠡᠢ ᠮᠠᠲ᠋ᠧᠷᠢᠶᠠᠯ ︵ᠤᠰᠤᠨ ᠲᠤᠲᠤᠷᠭ᠎ᠠ︶ ᠤᠨ ᠪᠠᠷᠢᠮᠵᠢᠶᠠᠵᠢᠭᠰᠠᠨ ᠦᠢᠯᠡᠳᠪᠦᠷᠢᠯᠡᠯ ᠤᠨ ᠰᠠᠭᠤᠷᠢᠨ ᠭᠠᠵᠠᠷ︾ ᠤᠨ ᠭᠡᠷᠡᠴᠢᠯᠡᠯᠲᠡ ᠳᠤ ᠬᠢᠷᠢ ᠲᠡᠩᠴᠡᠵᠤ᠂ 2017 ᠣᠨ ᠳᠤ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠲᠤᠲᠤᠷᠭ᠎ᠠ  ᠨᠢ ᠤᠯᠤᠰ ᠠᠴᠠ ᠭᠠᠵᠠᠷ ᠵᠦᠢ ᠶᠢᠨ ᠢᠯᠡᠷᠬᠡᠶᠢᠯᠡᠯᠲᠦ ᠲᠡᠮᠳᠡᠭ ᠤᠨ ᠬᠠᠮᠠᠭᠠᠯᠠᠯᠲᠠ ᠶᠢᠨ ᠪᠦᠲᠦᠭᠡᠭᠳᠡᠬᠦᠨ ᠭᠡᠬᠦ ᠴᠤᠯᠠ ᠣᠯᠭᠤᠵᠤ᠂ 2024 ᠣᠨ ᠳᠤ 25 ᠲᠦᠮᠡᠨ ᠮᠦ ᠤᠰᠤᠨ ᠲᠤᠲᠤᠷᠭ᠎ᠠ ᠶᠢᠨ ᠪᠣᠬᠢᠷᠲᠤᠯ ᠦᠭᠡᠢ ᠭᠡᠷᠡᠴᠢᠯᠡᠯᠲᠡ ᠶᠢᠨ ᠲᠠᠯᠠᠪᠠᠶ ᠲᠠᠢ ᠪᠠᠶᠢᠵᠤ᠂ ᠣᠲᠣ ᠨᠢᠭᠡᠨᠲᠡ ︽ᠪᠣᠬᠢᠷᠲᠤᠯ ᠦᠭᠡᠢ ᠤᠰᠤᠨ ᠲᠤᠲᠤᠷᠭ᠎ᠠ ᠶᠢᠨ ᠨᠤᠲᠤᠭ︾ ᠪᠣᠯᠤᠭᠰᠠᠨ ᠪᠠᠶᠢᠨ᠎ᠠ᠃ 
图片1.png
       ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠶᠢᠨ ᠪᠦᠦ ᠲᠦᠨ ᠪᠠᠯᠭᠠᠰᠤᠨ ᠤ ᠲᠣᠪᠤᠬᠠᠢ ᠭᠠᠴᠠᠭ᠎ᠠ ᠶᠢᠨ ᠲᠠᠷᠢᠮᠠᠯ ᠤᠨ ᠲᠣᠮᠣ ᠡᠷᠦᠬᠡ ᠵᠠᠩ ᠾᠧᠩ 105 ᠮᠦ ᠤᠰᠤᠨ ᠲᠤᠲᠤᠷᠭ᠎ᠠ ᠶᠢᠨ ᠲᠠᠷᠢᠶ᠎ᠠ ᠶᠢ ᠲᠠᠷᠢᠵᠤ᠂ ᠬᠡᠳᠦᠶᠢᠪᠡᠷ ᠭᠠᠵᠠᠷ ᠤᠨ ᠬᠦᠴᠦᠨ ᠤ ᠨᠥᠬᠦᠴᠡᠯ ᠢᠶᠠᠷ ᠨᠡᠯᠢᠶᠡᠳ ᠰᠠᠶᠢᠨ ᠪᠣᠯᠪᠠᠴᠤ ᠤᠰᠤᠨ ᠲᠤᠲᠤᠷᠭ᠎ᠠ ᠶᠢᠨ ᠲᠠᠷᠢᠮᠠᠯ ᠤᠨ ᠰᠠᠭᠤᠷᠢᠨ ᠭᠠᠵᠠᠷ ᠤᠨ ᠲᠤᠨᠤᠭ ᠲᠥᠬᠦᠭᠡᠷᠦᠮᠵᠢ ᠶᠢᠨ ᠣᠷᠣᠭᠤᠯᠤᠯᠲᠠ ᠶᠢᠨ ᠴᠢᠳᠠᠪᠤᠷᠢ ᠶᠢᠨ ᠬᠢᠵᠠᠭᠠᠷᠯᠠᠯ ᠠᠴᠠ ᠪᠣᠯᠵᠤ᠂ ᠡᠩ ᠤᠨ ᠤᠰᠤᠨ ᠲᠤᠲᠤᠷᠭ᠎ᠠ ᠶᠢᠨ ᠲᠠᠷᠢᠮᠠᠯ ᠤᠨ ᠵᠠᠭᠪᠤᠷ ᠢ ᠬᠡᠷᠡᠭᠯᠡᠭᠰᠡᠨ ᠠᠴᠠ ᠤᠰᠤᠨ ᠲᠤᠲᠤᠷᠭ᠎ᠠ ᠶᠢᠨ ᠤᠨᠠᠯᠲᠠ ᠢᠮᠠᠭᠲᠠ 550 ᠺᠢᠯᠣᠭ᠍ᠷᠠᠮ/ ᠮᠦ ᠣᠷᠴᠢᠮ ᠪᠠᠶᠢᠵᠤ᠂ ᠳᠠᠪᠠᠭᠤᠯᠬᠤ ᠳᠤ ᠬᠦᠴᠢᠷ ᠪᠣᠯᠵᠠᠢ᠃ 2024 ᠣᠨ ᠳᠤ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠲᠠᠷᠢᠶᠠᠯᠠᠩ ᠤᠨ ᠮᠡᠷᠭᠡᠵᠢᠯ ᠳᠡᠯᠭᠡᠷᠡᠭᠦᠯᠬᠦ ᠲᠥᠪ ᠠᠴᠠ ᠳᠤᠪᠤᠬᠠᠶ ᠭᠠᠴᠠᠭ᠎ᠠ ᠳᠤ ᠤᠰᠤᠨ ᠲᠤᠲᠤᠷᠭ᠎ᠠ ᠶᠢᠨ ᠴᠢᠨᠠᠷ ᠰᠠᠶᠢᠲᠠᠢ ᠥᠨᠳᠥᠷ ᠦᠷ᠎ᠡ ᠠᠰᠢᠭ ᠲᠠᠢ ᠠᠮᠤ ᠪᠤᠳᠠᠭ᠎ᠠ ᠶᠢ ᠨᠡᠮᠡᠭᠳᠡᠭᠦᠯᠬᠦ ᠵᠢᠱᠢᠶ᠎ᠡ ᠦᠵᠡᠭᠦᠯᠬᠦ ᠠᠵᠢᠯᠯᠠᠭ᠎ᠠ᠂ ᠤᠰᠤᠨ ᠲᠤᠲᠤᠷᠭ᠎ᠠ ᠶᠢᠨ ᠴᠢᠬᠤᠯᠠ ᠶᠡᠭᠡ ᠮᠡᠷᠭᠡᠵᠢᠯ ᠢ ᠬᠠᠮᠵᠢᠯᠴᠠᠭᠤᠯᠤᠨ ᠳᠡᠯᠭᠡᠷᠡᠭᠦᠯᠬᠦ᠂ ᠤᠰᠤᠨ ᠲᠤᠲᠤᠷᠭ᠎ᠠ ᠶᠢᠨ ︽ᠴᠢᠬᠢ ᠦᠵᠡᠵᠦ ᠦᠷ᠎ᠡ ᠰᠣᠩᠭᠤᠬᠤ︾ ᠲᠠᠪᠴᠠᠩ ᠤᠨ ᠪᠠᠶᠢᠭᠤᠯᠤᠯᠲᠠ᠂ ᠰᠢᠨᠵᠢᠯᠡᠬᠦ ᠤᠬᠠᠭᠠᠨᠴᠢ ᠪᠠᠷ ᠪᠣᠷᠳᠣᠭᠤᠷ ᠣᠷᠣᠭᠤᠯᠵᠤ ᠦᠷ᠎ᠡ ᠠᠰᠢᠭ ᠢ ᠨᠡᠮᠡᠭᠳᠡᠭᠦᠯᠬᠦ ᠵᠡᠷᠭᠡ ᠲᠤᠷᠰᠢᠯᠲᠠ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠢ ᠬᠡᠷᠡᠭᠵᠢᠭᠦᠯᠵᠦ᠂ ᠵᠠᠩ ᠾᠧᠩ ᠤᠨ ᠲᠤᠲᠤᠷᠭ᠎ᠠ ᠶᠢᠨ ᠲᠠᠷᠢᠶ᠎ᠠ ᠶᠢ ᠵᠠᠭᠤᠨ ᠮᠦ ᠲᠤᠲᠤᠷᠭ᠎ᠠ ᠶᠢᠨ ᠵᠢᠱᠢᠶ᠎ᠡ ᠦᠵᠡᠭᠦᠯᠬᠦ ᠴᠡᠭ ᠪᠣᠯᠭᠠᠵᠤ᠂ ᠤᠰᠤᠨ ᠲᠤᠲᠤᠷᠭ᠎ᠠ ᠶᠢᠨ ᠤᠨᠠᠯᠲᠠ ︵ᠨᠡᠶᠢᠳᠡᠮ ᠳᠡᠭᠡᠨ 500 ᠺᠢᠯᠣᠭ᠍ᠷᠠᠮ\ ᠮᠦ︶ ᠶᠢᠨ ᠲᠦᠪᠰᠢᠨ ᠳᠣᠣᠷ᠎ᠠ ᠪᠠᠶᠢᠬᠤ ᠪᠠᠶᠢᠳᠠᠯ᠂ ᠡᠬᠢ ᠪᠠᠶᠠᠯᠢᠭ ᠤᠨ ᠳᠠᠪᠠᠭᠤᠯᠢᠭ ᠢᠶᠠᠨ ᠢᠯᠡᠳᠲᠡ ᠪᠠᠳᠠᠷᠠᠭᠤᠯᠤᠭᠰᠠᠨ ᠦᠭᠡᠢ᠂ ᠲᠤᠲᠤᠷᠭ᠎ᠠ ᠶᠢᠨ ᠴᠢᠨᠠᠷ ᠰᠠᠶᠢᠲᠠᠢ ᠴᠤ ᠬᠢᠮᠳᠠᠷᠠᠭᠤᠯᠬᠤ ᠦᠭᠡᠢ ᠪᠠᠶᠢᠬᠤ ᠵᠡᠷᠭᠡ ᠠᠰᠠᠭᠤᠳᠠᠯ ᠳᠤ ᠴᠢᠭᠯᠡᠭᠦᠯᠦᠨ᠂ ᠴᠢᠨᠠᠷ ᠰᠠᠶᠢᠲᠠᠢ ᠤᠰᠤᠨ ᠲᠤᠲᠤᠷᠭ᠎ᠠ ᠶᠢᠨ ᠪᠣᠬᠢᠷᠲᠤᠯ ᠦᠭᠡᠢ ᠤᠰᠤ ᠠᠷᠪᠢᠯᠠᠬᠤ ᠥᠨᠳᠥᠷ ᠦᠷ᠎ᠡ ᠠᠰᠢᠭ ᠲᠠᠢ ᠳᠠᠷᠢᠵᠤ ᠪᠣᠶᠢᠵᠢᠭᠤᠯᠬᠤ ᠮᠡᠷᠭᠡᠵᠢᠯ ᠢ ᠭᠤᠣᠯᠳᠠᠯᠭ᠎ᠠ ᠲᠠᠢ ᠳᠡᠯᠭᠡᠷᠡᠭᠦᠯᠵᠦ᠂ ᠲᠥᠷᠥᠯ ᠵᠦᠢᠯ ᠤᠨ ᠲᠤᠷᠰᠢᠯᠲᠠ ᠪᠠᠷ ᠵᠢᠱᠢᠶ᠎ᠡ ᠦᠵᠡᠭᠦᠯᠦᠨ ᠳᠠᠶᠢᠴᠢᠯᠠᠬᠤ ᠪᠠᠷ ᠳᠡᠮᠵᠢᠨ᠂ ︽ᠪᠣᠬᠢᠷᠲᠤᠯ ᠦᠭᠡᠢ︾ ᠶᠢ ᠲᠣᠪᠣᠶᠢᠮ᠎ᠠ ᠠᠳᠬᠤᠵᠤ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠲᠠᠷᠢᠶᠠᠴᠢᠨ ᠠᠶᠢᠯ ᠤᠨ ᠪᠣᠷᠳᠣᠭᠤᠷ ᠤᠨ ᠡᠬᠢ ᠪᠠᠶᠠᠯᠢᠭ ᠡᠯᠪᠡᠭ᠂ ᠭᠠᠵᠠᠷ ᠤᠨ ᠭᠠᠳᠠᠷᠭᠤ ᠶᠢᠨ ᠤᠰᠤ ᠪᠠᠷ ᠤᠰᠤᠯᠠᠬᠤ᠂ ᠨᠡᠷᠡᠨ ᠤ ᠲᠤᠰᠤᠯᠲᠠ ᠶᠢᠨ ᠬᠤᠷᠠᠮᠳᠤᠯ ᠳᠤᠯᠠᠭᠠᠨ ᠭᠦᠢᠴᠡᠳ ᠵᠡᠷᠭᠡ ᠳᠠᠪᠠᠭᠤᠯᠢᠭ ᠢ ᠭᠦᠢᠴᠡᠳ ᠪᠠᠳᠠᠷᠠᠭᠤᠯᠤᠨ᠂ ᠤᠰᠤᠨ ᠲᠤᠲᠤᠷᠭ᠎ᠠ ᠶᠢᠨ ᠦᠢᠯᠡᠳᠪᠦᠷᠢᠯᠡᠯ ᠤᠨ ᠪᠣᠬᠢᠷᠲᠤᠯ ᠦᠭᠡᠢ ᠣᠷᠭᠠᠨᠢᠭ ᠴᠢᠭᠯᠡᠯ ᠲᠡᠶᠢᠰᠢ ᠬᠥᠭᠵᠢᠬᠦ ᠶᠢ ᠠᠬᠢᠭᠤᠯᠵᠤ᠂ ᠤᠰᠤᠨ ᠲᠤᠲᠤᠷᠭ᠎ᠠ ᠶᠢᠨ ᠪᠣᠬᠢᠷᠲᠤᠯ ᠦᠭᠡᠢ ᠥᠨᠳᠥᠷ ᠤᠨᠠᠯᠲᠠ ᠲᠠᠢ ︵ᠤᠨᠠᠯᠲᠠ ᠨᠢ 600 ᠺᠢᠯᠣᠭ᠍ᠷᠠᠮ/ᠮᠦ︶ ᠥᠨᠳᠥᠷ ᠦᠷ᠎ᠡ ᠠᠰᠢᠭ ᠲᠠᠢ ᠬᠠᠷᠠᠯᠲᠠ ᠶᠢ ᠪᠡᠶᠡᠯᠡᠭᠦᠯᠪᠡ᠃ ᠣᠷᠣᠨ᠂ ᠬᠤᠳᠠ᠂ ᠬᠤᠰᠢᠭᠤ ᠭᠤᠷᠪᠠᠨ ᠱᠠᠲᠤᠨ ᠤ ᠲᠠᠷᠢᠶᠠᠯᠠᠩ ᠤᠨ ᠮᠡᠷᠭᠡᠵᠢᠯ ᠤᠨ ᠰᠠᠯᠠᠭ᠎ᠠ ᠮᠥᠴᠢᠷ ᠤᠨ ᠲᠤᠰᠬᠠᠢ ᠮᠡᠷᠭᠡᠵᠢᠯᠲᠡᠳ ᠤᠰᠤᠨ ᠲᠤᠲᠤᠷᠭ᠎ᠠ ᠶᠢᠨ ᠠᠵᠤ ᠦᠢᠯᠡᠰ ᠤᠨ ᠬᠥᠭᠵᠢᠯᠲᠡ ᠶᠢᠨ ᠮᠡᠷᠭᠡᠵᠢᠯ ᠤᠨ ᠦᠢᠯᠡᠴᠢᠯᠡᠭᠡᠨ ᠤ ᠲᠤᠰᠬᠠᠢ ᠠᠩᠭᠢ ᠪᠠᠶᠢᠭᠤᠯᠵᠤ᠂ ᠤᠰᠤᠨ ᠲᠤᠲᠤᠷᠭ᠎ᠠ ᠶᠢᠨ ᠴᠢᠬᠢ ᠪᠣᠶᠢᠵᠢᠭᠤᠯᠬᠤ᠂ ᠴᠢᠬᠢ ᠰᠠᠭᠤᠯᠭᠠᠬᠤ᠂ ᠴᠢᠬᠢᠯᠡᠬᠦ ᠬᠤᠭᠤᠴᠠᠭ᠎ᠠ᠂ ᠦᠶᠡᠯᠡᠬᠦ ᠬᠤᠭᠤᠴᠠᠭ᠎ᠠ᠂ ᠲᠦᠷᠦᠭᠦᠲᠦᠬᠦ ᠬᠤᠭᠤᠴᠠᠭ᠎ᠠ᠂ ᠪᠣᠯᠪᠠᠰᠤᠷᠠᠬᠤ ᠬᠤᠭᠤᠴᠠᠭ᠎ᠠ ᠵᠡᠷᠭᠡ ᠵᠠᠩᠭᠢᠯᠠᠭ᠎ᠠ ᠶᠢᠨ ᠱᠠᠲᠤ ᠦᠶ᠎ᠡ ᠳᠤ ᠮᠡᠷᠭᠡᠵᠢᠯ ᠤᠨ ᠵᠢᠯᠣᠭᠤᠳᠤᠯᠭ᠎ᠠ ᠶᠢᠨ ᠦᠢᠯᠡᠴᠢᠯᠡᠭᠡᠨ ᠬᠢᠳᠡᠭ᠃
图片2.png
      ᠡᠯᠪᠡᠭ ᠬᠤᠷᠢᠶᠠᠯᠲᠠ ᠶᠢᠨ ᠨᠠᠮᠤᠷ ᠤᠨ ᠤᠯᠠᠷᠢᠯ ᠳᠤ᠂ ᠲᠦᠩᠯᠢᠶᠣᠣ ᠬᠤᠳᠠ ᠶᠢᠨ ᠭᠤᠣᠯ ᠪᠣᠯᠬᠤ ᠠᠮᠤ ᠳᠤᠰᠤᠨ ᠤ ᠲᠠᠷᠢᠮᠠᠯ ᠤᠨ ᠥᠨᠳᠥᠷ ᠤᠨᠠᠯᠲᠠ ᠶᠢᠨ ᠤᠷᠤᠯᠳᠤᠭᠠᠨ ᠤ ᠤᠨᠠᠯᠲᠠ ᠶᠢ ᠬᠡᠮᠵᠢᠬᠦ ᠲᠤᠰᠬᠠᠢ ᠮᠡᠷᠭᠡᠵᠢᠯᠲᠡᠨ ᠠᠴᠠ ᠲᠠᠷᠢᠮᠠᠯ ᠤᠨ ᠲᠣᠮᠣ ᠡᠷᠦᠭᠡ ᠵᠠᠩ ᠾᠧᠩ ᠤᠨ ᠤᠰᠤᠨ ᠲᠤᠲᠤᠷᠭ᠎ᠠ ᠶᠢᠨ ᠵᠠᠭᠤᠨ ᠮᠦ ᠲᠠᠷᠢᠶᠠᠨ ᠤ ᠤᠨᠠᠯᠲᠠ ᠶᠢ ᠪᠣᠳᠠᠲᠠᠢ ᠬᠡᠮᠵᠢᠵᠦ᠂ ᠤᠨᠠᠯᠲᠠ ᠨᠢ 651.21 ᠺᠢᠯᠣᠭ᠍ᠷᠠᠮ/ ᠮᠦ ᠳᠤ ᠬᠦᠷᠴᠡᠢ᠃ ᠵᠠᠩ ᠾᠧᠩ ᠪᠠᠶᠠᠷᠲᠠᠢ ᠪᠠᠷ ᠪᠢᠳᠡᠨ ᠳᠤ᠄ ︽ᠬᠠᠰᠢᠯᠠ ᠲᠡᠷᠢᠭᠦᠨ ᠤ ᠰᠢᠯᠢᠳᠡᠭ ᠤᠰᠤᠨ ᠲᠤᠲᠤᠷᠭ᠎ᠠ ᠶᠢᠨ ᠪᠣᠬᠢᠷᠲᠤᠯ ᠦᠭᠡᠢ ᠤᠰᠤ ᠠᠷᠪᠢᠯᠠᠬᠤ ᠥᠨᠳᠥᠷ ᠪᠦᠲᠦᠮᠵᠢᠲᠡᠶ ᠳᠠᠷᠢᠵᠤ ᠪᠣᠶᠢᠵᠢᠭᠤᠯᠬᠤ ᠮᠡᠷᠭᠡᠵᠢᠯ ᠨᠢ ᠡᠨᠡ ᠥᠨᠳᠥᠷ ᠤᠨᠠᠯᠲᠠ ᠶᠢ ᠡᠭᠦᠳᠴᠦ᠂ ᠤᠰᠤᠨ ᠲᠤᠲᠤᠷᠭ᠎ᠠ ᠶᠢᠨ ᠶᠠᠰᠤ ᠴᠢᠨᠠᠷ ᠢ ᠴᠤ ᠲᠡᠭᠡᠭᠰᠢᠯᠡᠭᠦᠯᠦᠨ᠂ ᠪᠠᠰᠠ ᠰᠠᠶᠢᠨ ᠦᠨ᠎ᠡ ᠪᠠᠷ ᠬᠤᠳᠠᠯᠳᠤᠵᠤ ᠳᠡᠶᠢᠯᠦᠨ᠎ᠡ︕ ᠡᠯ᠎ᠡ ᠱᠠᠲᠤᠨ ᠤ ᠲᠤᠰᠬᠠᠢ ᠮᠡᠷᠭᠡᠵᠢᠯᠲᠡᠨ ᠪᠠᠭᠰᠢ ᠨᠠᠷ ᠲᠤ ᠦᠨᠡᠬᠡᠷ ᠲᠠᠯᠠᠷᠬᠠᠵᠤ ᠪᠠᠶᠢᠨ᠎ᠠ︕︾ ᠭᠡᠵᠦ ᠬᠡᠯᠡᠪᠡ᠃      ᠮᠡᠳᠡᠭᠡ ᠵᠠᠩᠭᠢ ᠶᠢᠨ ᠢᠷᠡᠯᠲᠡ᠄ ᠲᠦᠩᠯᠢᠶᠣᠣ ᠬᠤᠲᠠ ᠶᠢᠨ ᠲᠠᠷᠢᠶᠠᠯᠠᠩ ᠮᠠᠯ ᠠᠵᠤ ᠠᠬᠤᠢ ᠲᠣᠪᠴᠢᠶ᠎ᠠ
 
ᠢᠷᠡᠯᠲᠡ᠄ ᠲᠦᠩᠯᠢᠶᠣᠣ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号