ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ᠂ ᠬᠥᠬᠡᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠬᠠᠮᠲᠤᠷᠠᠨ ᠢᠷᠭᠡᠨ ᠤ ᠬᠠᠤᠯᠢ ᠶᠢᠨ ᠪᠢᠴᠢᠭ ᠤᠨ ᠤᠬᠠᠭᠤᠯᠭ᠎ᠠ ᠶᠢᠨ ᠰᠠᠷ᠎ᠠ ᠵᠢᠴᠢ ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ ᠤᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2025/5/26
      ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠲᠥᠯᠦᠪᠵᠢᠭᠦᠯᠭᠡ ᠶᠢᠨ ᠬᠡᠷᠡᠭᠵᠢᠭᠦᠯᠦᠯᠲᠡ ᠶᠢ ᠠᠬᠢᠭᠤᠯᠬᠤ ᠶᠢᠨ ᠲᠥᠯᠥᠭᠡ᠂ ᠢᠷᠭᠡᠨ ᠤ ᠬᠠᠤᠯᠢ ᠶᠢᠨ ᠪᠢᠴᠢᠭ ᠤᠨ ᠤᠬᠠᠭᠤᠯᠭ᠎ᠠ ᠶᠢᠨ ᠰᠠᠷ᠎ᠠ ᠪᠣᠯᠣᠨ ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ ᠤᠨ ᠠᠵᠢᠯ ᠤᠨ ᠱᠠᠭᠠᠷᠳᠠᠯᠭ᠎ᠠ ᠶᠢ ᠦᠨᠳᠦᠰᠦᠯᠡᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠪᠠ ᠬᠠᠤᠯᠢᠵᠢᠯ ᠤᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠬᠠᠷᠠᠯᠲᠠ ᠲᠠᠢ ᠤᠶᠠᠯᠳᠤᠭᠤᠯᠤᠨ᠂ 5 ᠰᠠᠷ᠎ᠠ ᠶᠢᠨ 26 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ᠂ ᠬᠥᠬᠡᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ  ᠠᠴᠠ ᠬᠥᠬᠡᠬᠤᠲᠠ ᠶᠢᠨ  ᠲᠠᠢ ᠭᠡ ᠳ᠋ᠸᠦ ᠲᠣᠰᠬᠤᠨ ᠳᠤ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ · ᠰᠠᠶᠢᠨ ᠰᠠᠶᠢᠬᠠᠨ ᠠᠮᠢᠳᠤᠷᠠᠯ ᠢᠷᠭᠡᠨ ᠤ ᠬᠠᠤᠯᠢ ᠶᠢᠨ ᠪᠢᠴᠢᠭ  ᠲᠠᠢ ᠬᠠᠮᠲᠤ ᠳᠤ ᠪᠠᠨ︾ ᠭᠡᠬᠦ ᠰᠡᠳᠦᠪᠲᠦ ᠢᠷᠭᠡᠨ ᠤ ᠬᠠᠤᠯᠢ ᠶᠢᠨ ᠪᠢᠴᠢᠭ ᠤᠨ ᠤᠬᠠᠭᠤᠯᠭ᠎ᠠ ᠶᠢᠨ ᠰᠠᠷ᠎ᠠ ᠵᠢᠴᠢ ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ ᠤᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢ ᠬᠠᠮᠲᠤᠷᠠᠨ ᠥᠷᠨᠢᠭᠦᠯᠪᠡ᠃ 
1.png
       ᠳᠡᠭᠡᠷᠡᠬᠢ ᠵᠢᠷᠤᠭ ᠪᠣᠯ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢᠨ ᠠᠬᠤᠢ ᠲᠠᠯᠠᠪᠠᠢ       ᠲᠣᠰ ᠠᠵᠢᠯᠯᠠᠭ᠎ᠠ ᠳᠤ ︽ᠲᠣᠰᠬᠤᠨ ᠳᠤ ᠣᠴᠢᠵᠤ ᠬᠢᠴᠢᠶᠡᠯᠯᠡᠬᠦ + ᠬᠠᠤᠯᠢ ᠲᠦᠭᠡᠮᠡᠯᠵᠢᠭᠦᠯᠬᠦ ᠮᠠᠲ᠋ᠧᠷᠢᠶᠠᠯ ᠢ ᠭᠡᠷ ᠲᠡᠭᠡᠨ ᠠᠪᠠᠴᠢᠬᠤ︾ ᠠᠷᠭ᠎ᠠ ᠮᠠᠶ᠋ᠢᠭ ᠢ ᠠᠪᠤᠭᠰᠠᠨ ᠪᠠᠶᠢᠨ᠎ᠠ᠃ ᠢᠷᠭᠡᠨ ᠤ ᠬᠠᠤᠯᠢ ᠶᠢᠨ ᠪᠢᠴᠢᠭ ᠤᠨ ᠠᠷᠠᠳ ᠤᠨ ᠬᠤᠭᠤᠷᠣᠨᠳᠣᠬᠢ ᠵᠢᠭᠡᠯᠡᠯᠭᠡ ᠶᠢᠨ ᠲᠤᠰᠬᠠᠢ ᠰᠡᠳᠦᠪᠲᠦ ᠬᠠᠤᠯᠢᠵᠢᠯ ᠤᠨ ᠬᠢᠴᠢᠶᠡᠯ ᠢ ᠲᠣᠬᠢᠷᠠᠭᠤᠯᠵᠤ᠂ ᠬᠠᠤᠯᠢᠴᠢ ᠶᠢ ᠤᠷᠢᠵᠤ ᠲᠠᠷᠢᠶᠠᠴᠢᠨ ᠮᠠᠯᠴᠢᠨ ᠲᠦᠮᠡᠨ ᠳᠤ ᠠᠷᠠᠳ ᠤᠨ ᠬᠤᠭᠤᠷᠣᠨᠳᠣᠬᠢ ᠵᠢᠭᠡᠯᠡᠯᠭᠡ ᠶᠢᠨ ᠭᠡᠷ᠎ᠡ ᠶᠢ ᠬᠡᠷᠬᠢᠨ ᠪᠢᠴᠢᠬᠦ᠂ ᠬᠦᠦ ᠮᠥᠩᠭᠦ ᠶᠢ ᠬᠡᠷᠬᠢᠨ ᠪᠤᠳᠤᠬᠤ᠂ ᠵᠢᠭᠡᠯᠡᠭᠦᠯᠦᠭᠰᠡᠨ ᠵᠣᠭᠤᠰ ᠢᠶᠠᠨ ᠪᠤᠴᠠᠭᠠᠬᠤ ᠠᠪᠴᠢᠷᠠᠵᠤ ᠳᠡᠶᠢᠯᠬᠦ ᠦᠭᠡᠢ ᠦᠶ᠎ᠡ ᠳᠤ ᠬᠠᠮᠢᠭ᠎ᠠ ᠣᠴᠢᠵᠤ ᠵᠠᠭᠠᠯᠳᠤᠬᠤ ᠵᠡᠷᠭᠡ ᠪᠠᠶᠢᠩᠭᠤ ᠲᠣᠬᠢᠶᠠᠯᠳᠤᠬᠤ ᠠᠰᠠᠭᠤᠳᠠᠯ ᠪᠠ ᠬᠠᠤᠯᠢ ᠶᠣᠰᠣᠨ ᠤ ᠠᠷᠭ᠎ᠠ ᠬᠢᠳᠡᠯ ᠢ ᠨᠠᠷᠢᠨ ᠲᠠᠶᠢᠯᠪᠤᠷᠢᠯᠠᠵᠤ ᠥᠭᠪᠡ᠃ ᠬᠠᠤᠯᠢᠵᠢᠯ ᠤᠨ ᠬᠢᠴᠢᠶᠡᠯ ᠤᠨ ᠳᠠᠷᠠᠭ᠎ᠠ᠂ ᠮᠠᠯᠴᠢᠨ ᠲᠠᠷᠢᠶᠠᠴᠢᠨ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠤᠬᠠᠭᠤᠯᠭ᠎ᠠ ᠶᠢᠨ ᠬᠠᠭᠤᠳᠠᠰᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾ ᠤᠨ ᠤᠬᠠᠭᠤᠯᠭ᠎ᠠ ᠶᠢᠨ ᠡᠪᠬᠡᠮᠡᠯ ᠬᠠᠭᠤᠳᠠᠰᠤ ᠪᠠ ᠲᠤᠰᠬᠠᠢ ᠳᠡᠪᠲᠡᠷ᠂ ︽ᠢᠷᠭᠡᠨ ᠤ ᠬᠠᠤᠯᠢ ᠶᠢᠨ ᠪᠢᠴᠢᠭ ᠢ ᠬᠥᠳᠡᠭᠡ ᠲᠣᠰᠬᠤᠨ ᠳᠤ ᠣᠷᠣᠭᠤᠯᠬᠤ︾ ᠪᠠ ︽ᠢᠷᠭᠡᠨ ᠤ ᠬᠠᠤᠯᠢ ᠶᠢᠨ ᠪᠢᠴᠢᠭ ᠢ ᠭᠡᠷ ᠪᠦᠯᠢ ᠳᠤ ᠣᠷᠣᠭᠤᠯᠬᠤ︾ ᠭᠡᠬᠦ ᠺᠣᠳ᠋ ᠰᠢᠷᠪᠢᠵᠦ ᠦᠵᠡᠵᠦ ᠰᠣᠨᠣᠰᠬᠤ ᠤᠬᠠᠭᠤᠯᠭ᠎ᠠ ᠶᠢᠨ ᠬᠠᠭᠤᠳᠠᠰᠤ ᠶᠢ ᠲᠠᠷᠬᠠᠭᠠᠨ ᠥᠭᠴᠦ᠂ ᠬᠠᠨᠳᠤᠯᠭᠠᠲᠤ ᠴᠢᠨᠠᠷ ᠢᠶᠠᠷ ᠴᠢᠩᠭ᠎ᠠ ᠮᠥᠷᠲᠡᠭᠡᠨ ᠮᠠᠯᠴᠢᠨ ᠲᠠᠷᠢᠶᠠᠴᠢᠨ ᠤ ᠠᠮᠢᠳᠤᠷᠠᠯ ᠲᠠᠢ ᠨᠢᠭᠲᠠ ᠬᠠᠷᠢᠴᠠᠭ᠎ᠠ ᠲᠠᠢ ︽ᠬᠡᠷᠡᠭ ᠤᠨ ᠬᠠᠤᠯᠢ ᠴᠠᠭᠠᠵᠠ ᠶᠢᠨ ᠲᠠᠶᠢᠯᠪᠤᠷᠢᠯᠠᠯᠲᠠ ᠶᠢᠨ ᠲᠤᠬᠠᠢ ᠲᠠᠷᠢᠶᠠᠴᠢᠳ ᠤᠨ ᠤᠩᠰᠢᠬᠤ ᠪᠢᠴᠢᠭ︾ ᠪᠠ ︽ᠬᠡᠷᠡᠭ ᠤᠨ ᠬᠠᠤᠯᠢ ᠴᠠᠭᠠᠵᠠ ᠶᠢᠨ ᠲᠠᠶᠢᠯᠪᠤᠷᠢᠯᠠᠯᠲᠠ ᠶᠢᠨ ᠲᠤᠬᠠᠢ ᠬᠥᠳᠡᠭᠡ ᠲᠣᠰᠬᠤᠨ ᠤ ︿ᠬᠤᠶᠠᠷ ᠵᠥᠪᠯᠡᠯ﹀ ᠤᠨ ᠤᠩᠰᠢᠬᠤ ᠪᠢᠴᠢᠭ︾ ︽ᠨᠠᠢᠮᠠᠳᠤᠭᠠᠷ ᠲᠠᠪᠤᠨ ᠵᠢᠯ ᠤᠨ ᠬᠠᠤᠯᠢ ᠲᠦᠭᠡᠮᠡᠯᠵᠢᠭᠦᠯᠬᠦ ᠰᠤᠷᠤᠯᠴᠠᠯᠭ᠎ᠠ ᠶᠢᠨ ᠤᠩᠰᠢᠬᠤ ᠪᠢᠴᠢᠭ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ ᠪᠠᠲᠤᠯᠠᠭ᠎ᠠ ᠶᠢᠨ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠶᠢ ᠠᠬᠢᠭᠤᠯᠬᠤ ᠳᠦᠷᠢᠮ︾ ᠵᠡᠷᠭᠡ ᠡᠯ᠎ᠡ ᠲᠥᠷᠥᠯ ᠤᠨ ᠤᠬᠠᠭᠤᠯᠭ᠎ᠠ ᠶᠢᠨ ᠵᠢᠷᠤᠭᠲᠤ ᠳᠡᠪᠲᠡᠷ ᠨᠡᠶᠢᠲᠡ 200 ᠭᠠᠷᠤᠢ ᠬᠤᠪᠢ ᠪᠠᠶᠢᠵᠤ᠂ ᠵᠣᠷᠢᠯᠭ᠎ᠠ ᠨᠢ ᠮᠠᠯᠴᠢᠨ ᠲᠠᠷᠢᠶᠠᠴᠢᠨ ᠤ ᠬᠠᠤᠯᠢᠵᠢᠯ ᠤᠨ ᠤᠬᠠᠮᠰᠠᠷ ᠢ ᠳᠡᠭᠡᠭᠰᠢᠯᠡᠭᠦᠯᠦᠨ᠂ ᠮᠠᠯᠴᠢᠨ ᠲᠠᠷᠢᠶᠠᠴᠢᠨ ᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠵᠤ᠂ ᠦᠨᠳᠦᠰᠦᠨ ᠱᠠᠲᠤᠨ ᠤ ᠵᠠᠰᠠᠯᠲᠠ ᠶᠢᠨ ᠣᠳᠣᠬᠢᠴᠢᠯᠠᠯᠲᠠ ᠳᠤ ᠬᠦᠴᠦᠨ ᠨᠡᠮᠡᠷᠢᠯᠡᠬᠦ ᠶᠢᠨ ᠲᠥᠯᠥᠭᠡ ᠶᠤᠮ᠃ 
2.png
       ᠳᠡᠭᠡᠷᠡᠬᠢ ᠵᠢᠷᠤᠭ ᠪᠣᠯ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠬᠠᠤᠯᠢ ᠴᠠᠭᠠᠵᠠ ᠶᠢᠨ ᠵᠥᠪᠯᠡᠭᠴᠢ ᠠᠴᠠ ᠲᠤᠬᠠᠢ ᠶᠢᠨ ᠲᠠᠯᠠᠪᠠᠢ ᠳᠤ ᠠᠷᠠᠳ ᠤᠨ ᠬᠤᠭᠤᠷᠣᠨᠳᠣᠬᠢ ᠵᠢᠭᠡᠯᠡᠯᠭᠡ ᠶᠢᠨ ᠲᠤᠬᠠᠢ ᠬᠢᠴᠢᠶᠡᠯᠯᠡᠵᠦ ᠪᠠᠶᠢᠭ᠎ᠠ ᠨᠢ᠃ 
3.png
       ᠳᠡᠭᠡᠷᠡᠬᠢ ᠵᠢᠷᠤᠭ ᠪᠣᠯ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ ᠪᠠᠶᠢᠭ᠎ᠠ ᠨᠢ᠃      ᠲᠣᠰ ᠤᠳᠠᠭᠠᠨ ᠤ ᠠᠵᠢᠯᠯᠠᠭ᠎ᠠ ᠳᠤ ᠣᠷᠣᠯᠴᠠᠭᠰᠠᠨ ᠮᠠᠯᠴᠢᠨ ᠲᠠᠷᠢᠶᠠᠴᠢᠨ ᠣᠯᠠᠨ ᠲᠦᠮᠡᠨ ᠠᠴᠠ ᠥᠩᠭᠡᠷᠡᠭᠰᠡᠨ ᠳᠤ ᠠᠷᠠᠳ ᠤᠨ ᠬᠤᠭᠤᠷᠣᠨᠳᠣᠬᠢ ᠵᠢᠭᠡᠯᠡᠯᠭᠡ  ᠨᠢ ᠨᠠᠶᠢᠷ ᠲᠠᠯ᠎ᠠ ᠶᠢ ᠦᠵᠡᠵᠦ ᠪᠠᠶᠢᠭᠠᠳ ᠵᠢᠭᠡᠯᠡᠵᠦ ᠪᠤᠴᠠᠭᠠᠨ᠎ᠠ ᠭᠡᠵᠦ ᠪᠤᠳᠤᠵᠤ ᠪᠠᠶᠢᠵᠠᠢ᠂ ᠣᠲᠣ ᠬᠠᠤᠯᠢ ᠴᠠᠭᠠᠵᠠ ᠳᠤ ᠲᠣᠭᠲᠠᠭᠠᠯ ᠲᠠᠢ᠂ ᠠᠩᠬᠠᠷᠬᠤ ᠵᠦᠢᠯ ᠶᠠᠭᠤ ᠪᠠᠶᠢᠬᠤ ᠶᠢ ᠮᠡᠳᠡᠭᠡᠳ ᠳᠣᠲᠣᠷ᠎ᠠ ᠪᠠᠨ ᠲᠤᠭ᠎ᠠ ᠲᠠᠢ ᠪᠣᠯᠵᠠᠢ ᠭᠡᠵᠦ ᠪᠠᠶᠢᠯ᠎ᠠ᠃      ᠡᠯ᠎ᠡ ᠠᠶᠢᠮᠠᠭ ᠬᠤᠳᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠵᠡᠷᠭᠡᠪᠡᠷ ᠳᠡᠭᠡᠳᠦ ᠳᠣᠣᠷᠠᠳᠤ ᠱᠠᠲᠤ ᠪᠠᠷ ᠢᠶᠠᠨ ᠬᠤᠯᠪᠤᠭᠠᠯᠠᠨ ᠬᠥᠳᠡᠯᠦᠯᠴᠡᠵᠦ᠂ ᠢᠷᠭᠡᠨ ᠤ ᠬᠠᠤᠯᠢ ᠶᠢᠨ ᠪᠢᠴᠢᠭ ᠢ ᠲᠦᠭᠡᠮᠡᠯᠵᠢᠭᠦᠯᠬᠦ ᠪᠠ ᠦᠨᠳᠦᠰᠦᠲᠡᠨ ᠤ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ ᠶᠢ ᠭᠦᠨᠵᠡᠭᠡᠢ ᠠᠭᠤᠰᠤᠯᠴᠠᠭᠤᠯᠵᠤ᠂ ᠮᠠᠯᠴᠢᠨ ᠲᠠᠷᠢᠶᠠᠴᠢᠨ ᠤᠯᠠᠨ ᠲᠦᠮᠡᠨ ᠤ ᠬᠠᠤᠯᠢᠵᠢᠯ ᠤᠨ ᠦᠵᠡᠯᠲᠡ ᠶᠢ ᠴᠢᠩᠭᠠᠳᠬᠠᠭᠰᠠᠨ ᠪᠥᠭᠡᠳ ᠪᠠᠰᠠ ᠦᠨᠳᠦᠰᠦᠲᠡᠨ ᠤ ᠪᠦᠯᠬᠦᠮᠳᠡᠯ ᠤᠨ ᠰᠠᠭᠤᠷᠢ ᠶᠢ ᠪᠠᠬᠢᠵᠢᠭᠦᠯᠵᠦ᠂ ᠦᠨᠳᠦᠰᠦᠨ ᠱᠠᠲᠤᠨ ᠤ ᠵᠠᠰᠠᠯᠲᠠ ᠶᠢᠨ ᠣᠳᠣᠬᠢᠴᠢᠯᠠᠯᠲᠠ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ︽ᠬᠠᠤᠯᠢᠵᠢᠯ + ᠪᠦᠯᠬᠦᠮᠳᠡᠯ︾ ᠤᠨ ᠳᠠᠪᠬᠤᠷ ᠬᠥᠳᠡᠯᠭᠡᠬᠦ ᠬᠦᠴᠦᠨ ᠢ ᠨᠡᠮᠡᠷᠢᠯᠡᠵᠡᠢ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号