2025 ᠣᠨ ᠤ ᠲᠡᠵᠢᠭᠡᠬᠦ ᠪᠠ ᠪᠣᠯᠪᠠᠰᠤᠷᠠᠭᠤᠯᠬᠤ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2025/5/26
      ᠨᠢᠭᠡ᠂ ᠬᠡᠷᠡᠭᠵᠢᠭᠦᠯᠬᠦ ᠬᠡᠪᠴᠢᠶ᠎ᠡ ᠪᠠ ᠴᠠᠭ ᠤᠨ ᠬᠢᠵᠠᠭᠠᠷ      1. ᠬᠡᠷᠡᠭᠵᠢᠭᠦᠯᠬᠦ ᠬᠡᠪᠴᠢᠶ᠎ᠡ᠄ ᠪᠥᠬᠦ ᠣᠷᠣᠨ ᠤ 12 ᠠᠶᠢᠮᠠᠭ ᠬᠤᠳᠠ᠂ 2 ᠲᠤᠰᠠᠭᠠᠷ ᠲᠥᠯᠥᠪᠯᠡᠭᠡᠲᠦ ᠬᠤᠲᠠ᠃      2. ᠬᠡᠷᠡᠭᠵᠢᠭᠦᠯᠬᠦ ᠴᠠᠭ ᠤᠨ ᠬᠢᠵᠠᠭᠠᠷ ᠨᠢ᠄ 2025 ᠣᠨ ᠤ 1 ᠰᠠᠷ᠎ᠠ ᠶᠢᠨ 1 ᠤ ᠡᠳᠦᠷ ᠠᠴᠠ 2025 ᠣᠨ ᠤ 12 ᠰᠠᠷ᠎ᠠ ᠶᠢᠨ 31 ᠤ ᠡᠳᠦᠷ ᠪᠣᠯᠲᠠᠯ᠎ᠠ᠃      ᠬᠤᠶᠠᠷ᠂ ᠨᠥᠬᠦᠪᠦᠷᠢ ᠥᠭᠬᠦ ᠡᠲᠡᠭᠡᠳ      ᠥᠪᠡᠷᠲᠡᠭᠡᠨ ᠵᠠᠰᠠᠬᠤ ᠣᠷᠣᠨ ᠤ ᠬᠡᠪᠴᠢᠶᠡᠨ ᠳᠠᠬᠢ ᠳᠣᠣᠷᠠᠬᠢ ᠨᠥᠬᠦᠴᠡᠯ ᠳᠤ ᠨᠡᠶᠢᠴᠡᠬᠦ ᠲᠡᠵᠢᠭᠡᠨ ᠦᠷᠡᠵᠢᠭᠦᠯᠬᠦ ᠭᠤᠣᠯ ᠴᠣᠭᠴᠠ ᠳᠤ᠄      1. ᠲᠡᠵᠢᠭᠡᠨ ᠦᠷᠡᠵᠢᠭᠦᠯᠬᠦ ᠬᠡᠪᠴᠢᠶ᠎ᠡ ᠶᠢᠨ ᠱᠠᠭᠠᠷᠳᠠᠯᠭ᠎ᠠ᠄ ᠬᠤᠯᠠᠨᠳ᠋ ᠤᠨ ᠰᠠᠭᠠᠯᠢ ᠶᠢᠨ ᠦᠨᠢᠶ᠎ᠡ᠂ ᠵᠢᠤᠸᠠᠨ ᠱᠠᠨ ᠦᠬᠡᠷ᠂ ᠰᠠᠭᠠᠯᠢ ᠶᠢᠨ ᠰᠢᠮᠧᠨ᠋ᠲ᠋ᠠᠷ ᠦᠨᠢᠶ᠎ᠡ᠂ ᠰᠠᠨ ᠾᠧ ᠦᠬᠡᠷ ᠵᠡᠷᠭᠡ ᠶᠢᠨ ᠲᠤᠭ᠎ᠠ ᠲᠣᠯᠣᠭᠠᠢ  ᠨᠢ 100︱3000 ᠪᠠᠶᠢᠬᠤ︔ ᠰᠠᠭᠠᠯᠢ ᠶᠢᠨ ᠢᠮᠠᠭ᠎ᠠ ︵ᠰᠠ ᠨᠧᠩ᠂ ᠳ᠋ᠦᠩ ᠹᠦᠸᠧ ᠯᠢ ᠱᠧᠩ ᠵᠡᠷᠭᠡ ᠲᠤᠰᠬᠠᠢ ᠬᠡᠷᠡᠭᠯᠡᠭᠡᠨ ᠤ ᠡᠭᠦᠯᠳᠡᠷ︶ ᠶᠢᠨ ᠲᠤᠭ᠎ᠠ ᠲᠣᠯᠣᠭᠠᠢ 500 ᠠᠴᠠ ᠳᠡᠭᠡᠭᠰᠢ︔ ᠮᠣᠷᠢ᠂ ᠲᠡᠮᠡᠭᠡ ᠨᠢ 100 ᠲᠣᠯᠣᠭᠠᠢ ᠠᠴᠠ ᠳᠡᠭᠡᠭᠰᠢ ᠪᠠᠶᠢᠬᠤ᠃      2. ᠪᠤᠰᠤᠳ ᠨᠥᠬᠦᠴᠡᠯ᠄ ᠬᠠᠤᠯᠢ ᠶᠣᠰᠣᠭᠠᠷ ᠪᠠᠶᠢᠭᠤᠯᠤᠭᠰᠠᠨ ᠮᠥᠷᠲᠡᠭᠡᠨ ᠡᠵᠡᠩᠨᠡᠯᠲᠡ ᠨᠢ ᠬᠡᠪ ᠤᠨ᠂ ᠡᠳ᠋ ᠤᠨ ᠶᠠᠪᠤᠳᠠᠯ ᠵᠡᠷᠭᠡ ᠶᠢᠨ ᠬᠠᠮᠢᠶᠠᠷᠤᠯᠲᠠ ᠶᠢᠨ ᠳᠦᠷᠢᠮ ᠨᠢ ᠪᠦᠷᠢᠨ ᠲᠡᠭᠦᠯᠳᠡᠷ ᠵᠢᠷᠤᠮᠵᠢᠯ ᠲᠠᠢ ᠪᠠᠶᠢᠵᠤ᠂ ᠲᠤᠬᠠᠢ ᠶᠢᠨ ᠭᠠᠵᠠᠷ ᠤᠨ ᠰᠦ ᠶᠢᠨ ᠠᠵᠤ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ᠳᠤ ᠨᠡᠶᠢᠴᠡᠭᠰᠡᠨ ᠪᠠᠶᠢᠬᠤ ᠬᠡᠷᠡᠭᠲᠡᠢ︔ ᠲᠡᠵᠢᠭᠡᠨ ᠦᠷᠡᠵᠢᠭᠦᠯᠬᠦ ᠶᠢ ᠳᠠᠩᠰᠠᠯᠠᠬᠤ ᠺᠣᠳ᠋ ᠪᠠ ᠬᠦᠴᠦᠨ ᠲᠠᠢ ︽ᠠᠮᠢᠲᠠᠨ ᠤ ᠬᠢᠵᠢᠭ ᠢ ᠰᠡᠷᠭᠡᠶᠢᠯᠡᠬᠦ ᠨᠥᠬᠦᠴᠡᠯ ᠤᠨ ᠬᠢᠷᠢ ᠲᠡᠩᠴᠡᠭᠰᠡᠨ ᠦᠨᠡᠮᠯᠡᠯ︾ ᠢ ᠪᠦᠷᠢᠳᠦᠭᠦᠯᠵᠦ᠂ ᠬᠢᠨᠠᠨ ᠬᠠᠮᠢᠶᠠᠷᠴᠤ ᠬᠢᠨᠠᠨ ᠬᠡᠮᠵᠢᠬᠦ ᠳᠤ ᠬᠠᠮᠵᠢᠯᠴᠠᠨ᠎ᠠ︔ ᠲᠡᠵᠢᠭᠡᠨ ᠦᠷᠡᠵᠢᠭᠦᠯᠬᠦ ᠲᠠᠯᠠᠪᠠᠢ ᠪᠤᠶᠤ ᠲᠡᠭᠦᠨ ᠤ ᠭᠤᠣᠯ ᠪᠣᠯᠬᠤ ᠬᠤᠪᠢ ᠣᠷᠣᠭᠤᠯᠤᠭᠴᠢ ᠠᠴᠠ ᠴᠠᠭᠠᠨ ᠢᠳᠡᠭᠡᠨ ᠪᠣᠯᠪᠠᠰᠤᠷᠠᠭᠤᠯᠬᠤ ᠠᠵᠤ ᠠᠬᠤᠶᠢᠯᠠᠯ ᠳᠤ ᠭᠠᠷᠭᠠᠭᠰᠠᠨ ᠪᠡᠯᠡ ᠮᠥᠩᠭᠦ ᠶᠢᠨ ᠡᠵᠡᠯᠡᠬᠦ ᠬᠠᠷᠢᠴᠠᠯ ᠨᠢ ᠵᠠᠭᠤᠨ ᠤ ᠲᠠᠪᠢ ᠶᠢ ᠡᠵᠡᠯᠡᠬᠦ ᠬᠡᠷᠡᠭᠲᠡᠢ᠃      ᠭᠤᠷᠪᠠ᠂ ᠨᠥᠬᠦᠪᠦᠷᠢ ᠥᠭᠬᠦ ᠪᠠᠷᠢᠮᠵᠢᠶ᠎ᠠ     1. ᠰᠢᠨ᠎ᠡ ᠪᠠᠷ ᠪᠠᠶᠢᠭᠤᠯᠬᠤ ᠪᠣᠯᠪᠠᠰᠤᠷᠠᠭᠤᠯᠬᠤ ᠲᠥᠷᠥᠯ ᠵᠦᠢᠯ᠄ 2025 ᠣᠨ ᠤ ᠳᠣᠲᠣᠷ᠎ᠠ ᠢᠳᠡᠭᠡᠨ ᠦᠢᠯᠡᠳᠪᠦᠷᠢᠯᠡᠬᠦ ᠵᠥᠪᠰᠢᠶᠡᠷᠡᠯ ᠤᠨ ᠦᠨᠡᠮᠯᠡᠯ ᠣᠯᠣᠭᠰᠠᠨ ᠪᠠᠶᠢᠪᠠᠯ᠂ ᠪᠣᠯᠪᠠᠰᠤᠷᠠᠭᠤᠯᠬᠤ ᠵᠠᠩᠭᠢᠯᠠᠭ᠎ᠠ ᠶᠢᠨ 2025 ᠣᠨ ᠤ ᠲᠣᠨᠤᠭ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠶᠢᠨ ᠶᠡᠷᠦᠩᠬᠡᠢ ᠲᠤᠭ᠎ᠠ ᠶᠢᠨ 30% ᠪᠠᠷ ᠨᠥᠬᠦᠪᠦᠷᠢ ᠥᠭᠴᠦ᠂ ᠳᠠᠩ ᠭᠠᠭᠴᠠ ᠭᠤᠣᠯ ᠴᠣᠭᠴᠠ ᠳᠤ ᠬᠠᠮᠤᠭ ᠤᠨ ᠥᠨᠳᠥᠷ ᠲᠡᠭᠡᠨ 100 ᠲᠦᠮᠡᠨ ᠲᠥᠭᠦᠷᠢᠭ ᠤᠨ ᠨᠥᠬᠦᠪᠦᠷᠢ ᠥᠭᠭᠦᠨ᠎ᠡ᠃      2. ᠥᠭᠡᠷᠡᠴᠢᠯᠡᠵᠦ ᠥᠷᠭᠡᠳᠬᠡᠨ ᠪᠠᠶᠢᠭᠤᠯᠬᠤ ᠲᠥᠷᠥᠯ ᠵᠦᠢᠯ᠄ 2025 ᠣᠨ ᠠᠴᠠ ᠡᠮᠦᠨ᠎ᠡ ᠨᠢᠭᠡᠨᠲᠡ ᠢᠳᠡᠭᠡᠨ ᠦᠢᠯᠡᠳᠪᠦᠷᠢᠯᠡᠬᠦ ᠵᠥᠪᠰᠢᠶᠡᠷᠡᠯ ᠤᠨ ᠦᠨᠡᠮᠯᠡᠯ ᠣᠯᠵᠤ᠂ 2025 ᠣᠨ ᠤ ᠳᠣᠲᠣᠷ᠎ᠠ ᠥᠭᠡᠷᠡᠴᠢᠯᠡᠵᠦ ᠥᠷᠭᠡᠳᠬᠡᠨ ᠪᠠᠶᠢᠭᠤᠯᠬᠤ ᠲᠥᠷᠥᠯ ᠵᠦᠢᠯ ᠢ ᠬᠡᠷᠡᠭᠵᠢᠭᠦᠯᠬᠦ ᠶᠢᠨ ᠬᠠᠮᠲᠤ ᠠᠰᠢᠭᠯᠠᠯᠲᠠ ᠳᠤ ᠣᠷᠣᠭᠤᠯᠵᠤ ᠰᠢᠯᠭᠠᠨ ᠠᠪᠬᠤ ᠳᠤ ᠬᠢᠷᠢ ᠲᠡᠩᠴᠡᠭᠰᠡᠨ ᠪᠠᠶᠢᠪᠠᠯ᠂ ᠥᠭᠡᠷᠡᠴᠢᠯᠡᠵᠦ ᠥᠷᠭᠡᠳᠬᠡᠨ ᠪᠠᠶᠢᠭᠤᠯᠬᠤ ᠵᠠᠩᠭᠢᠯᠠᠭ᠎ᠠ ᠶᠢᠨ 2025 ᠣᠨ ᠤ ᠲᠣᠨᠤᠭ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠶᠢᠨ ᠲᠤᠭ᠎ᠠ ᠶᠢᠨ 30% ᠪᠠᠷ ᠨᠥᠬᠦᠪᠦᠷᠢ ᠥᠭᠴᠦ᠂ ᠲᠠᠩ ᠭᠠᠭᠴᠠ ᠭᠤᠣᠯ ᠴᠣᠭᠴᠠ ᠳᠤ ᠬᠠᠮᠤᠭ ᠥᠨᠳᠥᠷ ᠲᠡᠭᠡᠨ 100 ᠲᠦᠮᠡᠨ ᠲᠥᠭᠦᠷᠢᠭ ᠤᠨ ᠨᠥᠬᠦᠪᠦᠷᠢ ᠥᠭᠭᠦᠨ᠎ᠡ᠃     ᠳᠥᠷᠪᠡ᠂ ᠨᠥᠬᠦᠪᠦᠷᠢ ᠥᠭᠬᠦ ᠠᠷᠭ᠎ᠠ ᠮᠠᠶ᠋ᠢᠭ      ︽ᠤᠷᠢᠳᠠᠪᠠᠷ ᠪᠠᠶᠢᠭᠤᠯᠵᠤ ᠲᠠᠷᠠᠭ᠎ᠠ ᠨᠢ ᠨᠥᠬᠦᠪᠦᠷᠢᠯᠡᠬᠦ᠂ ᠱᠠᠩᠨᠠᠬᠤ ᠪᠠᠷ ᠨᠥᠬᠦᠪᠦᠷᠢᠯᠡᠬᠦ ᠶᠢ ᠣᠷᠣᠯᠠᠭᠤᠯᠬᠤ︾ ᠠᠷᠭ᠎ᠠ ᠮᠠᠲ᠋ᠧᠷᠢᠶᠠᠯ ᠢ ᠠᠪᠴᠤ᠂ ᠲᠡᠵᠢᠭᠡᠨ ᠦᠷᠡᠵᠢᠭᠦᠯᠬᠦ ᠲᠠᠯᠠᠪᠠᠢ ᠨᠤᠭᠤᠳ ᠤᠷᠢᠳᠠᠪᠠᠷ ᠪᠡᠯᠡ ᠣᠷᠣᠭᠤᠯᠤᠨ ᠪᠦᠲᠦᠭᠡᠨ ᠪᠠᠶᠢᠭᠤᠯᠵᠤ᠂ ᠰᠢᠯᠭᠠᠨ ᠠᠪᠬᠤ ᠳᠤ ᠬᠢᠷᠢ ᠲᠡᠩᠴᠡᠭᠰᠡᠨ ᠤ ᠲᠠᠷᠠᠭ᠎ᠠ ᠨᠥᠬᠦᠪᠦᠷᠢ ᠣᠯᠭᠤᠨ᠎ᠠ᠃      ᠲᠠᠪᠤ᠂ ᠮᠡᠳᠡᠭᠦᠯᠬᠦ ᠴᠤᠪᠤᠷᠠᠯ      1. ᠲᠥᠷᠥᠯ ᠵᠦᠢᠯ ᠮᠡᠳᠡᠭᠦᠯᠬᠦ᠄ ᠲᠥᠷᠥᠯ ᠵᠦᠢᠯ ᠤᠨ ᠨᠢᠭᠡᠴᠡ ᠰᠢᠯᠭᠠᠨ ᠠᠪᠬᠤ ᠪᠠᠷᠢᠮᠵᠢᠶ᠎ᠠ ᠳᠤ ᠭᠦᠷᠦᠭᠰᠡᠨ ᠤ ᠳᠠᠷᠠᠭ᠎ᠠ᠂ ᠲᠣᠰ ᠲᠣᠰ 8 ᠰᠠᠷ᠎ᠠ ᠶᠢᠨ 15 ᠤ ᠡᠳᠦᠷ ︵ᠨᠢᠭᠡᠳᠦᠭᠡᠷ ᠪᠦᠯᠦᠭ︶᠂ 12 ᠰᠠᠷ᠎ᠠ ᠶᠢᠨ 31 ᠤ ᠡᠳᠦᠷ ︵ᠬᠤᠶᠠᠳᠤᠭᠠᠷ ᠪᠦᠯᠦᠭ︶ ᠠᠴᠠ ᠡᠮᠦᠨ᠎ᠡ ᠪᠠᠶᠢᠭ᠎ᠠ ᠭᠠᠵᠠᠷ ᠤᠨ ᠬᠤᠰᠢᠭᠤ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠲᠤ ᠰᠢᠯᠭᠠᠨ ᠠᠪᠬᠤ ᠭᠤᠶᠤᠴᠢᠯᠠᠯ ᠢᠶᠠᠨ ᠳᠤᠷᠠᠳᠬᠤ ᠶᠢᠨ ᠬᠠᠮᠲᠤ᠂ ᠵᠣᠬᠢᠬᠤ ᠭᠡᠷᠡᠴᠢᠯᠡᠬᠦ ᠮᠠᠲ᠋ᠧᠷᠢᠶᠠᠯ ︵ᠲᠠᠮᠠᠭ᠎ᠠ ᠳᠠᠷᠤᠭᠰᠠᠨ︶ ᠬᠠᠩᠭᠠᠨ᠎ᠠ᠃      ᠲᠡᠵᠢᠭᠡᠨ ᠦᠷᠡᠵᠢᠭᠦᠯᠬᠦ ᠲᠠᠯᠠᠪᠠᠢ ᠶᠢᠨ ︽ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠣᠷᠣᠯᠠᠬᠤ ᠨᠣᠮᠧᠷ ᠤᠨ ᠦᠨᠡᠮᠯᠡᠯ︾ ᠪᠠ ︽ᠠᠮᠢᠲᠠᠨ ᠤ ᠬᠢᠵᠢᠭ ᠢ ᠰᠡᠷᠭᠡᠶᠢᠯᠡᠬᠦ ᠨᠥᠬᠦᠴᠡᠯ ᠤᠨ ᠬᠢᠷᠢ ᠲᠡᠩᠴᠡᠭᠰᠡᠨ ᠦᠨᠡᠮᠯᠡᠯ︾︔      ᠴᠠᠭᠠᠨ ᠢᠳᠡᠭᠡᠨ ᠢ ᠪᠣᠯᠪᠠᠰᠤᠷᠠᠭᠤᠯᠬᠤ ᠠᠵᠤ ᠠᠬᠤᠶᠢᠯᠠᠯ ᠤᠨ ︽ᠨᠢᠭᠡᠳᠦᠯᠲᠡᠢ ᠨᠡᠶᠢᠭᠡᠮ ᠤᠨ ᠢᠲᠡᠭᠡᠮᠵᠢ ᠶᠢᠨ ᠣᠷᠣᠯᠠᠬᠤ ᠨᠣᠮᠧᠷ ᠤᠨ ᠦᠨᠡᠮᠯᠡᠯ︾ ᠪᠠ ︽ᠢᠳᠡᠭᠡᠨ ᠦᠢᠯᠡᠳᠪᠦᠷᠢᠯᠡᠬᠦ ᠵᠥᠪᠰᠢᠶᠡᠷᠡᠯ ᠤᠨ ᠦᠨᠡᠮᠯᠡᠯ︾︔      ᠰᠢᠨ᠎ᠡ ᠪᠠᠷ ᠪᠠᠶᠢᠭᠤᠯᠬᠤ ᠲᠥᠷᠥᠯ ᠵᠦᠢᠯ ᠤᠨ ᠳᠠᠩᠰᠠᠯᠠᠯᠲᠠ ᠶᠢᠨ ᠪᠢᠴᠢᠭ ᠪᠤᠶᠤ ᠥᠭᠡᠷᠡᠴᠢᠯᠡᠨ ᠪᠠᠶᠢᠭᠤᠯᠬᠤ ᠥᠷᠭᠡᠳᠬᠡᠨ ᠪᠠᠶᠢᠭᠤᠯᠬᠤ ᠲᠥᠷᠥᠯ ᠵᠦᠢᠯ ᠤᠨ ᠲᠥᠷᠥᠯ ᠵᠦᠢᠯ ᠤᠨ ᠪᠢᠴᠢᠭ︔      ᠴᠠᠭᠠᠨ ᠢᠳᠡᠭᠡᠨ ᠢ ᠪᠣᠯᠪᠠᠰᠤᠷᠠᠭᠤᠯᠬᠤ ᠠᠵᠤ ᠠᠬᠤᠶᠢᠯᠠᠯ ᠤᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢᠨ ᠬᠠᠮᠢᠶ᠎ᠠ ᠪᠦᠬᠦᠢ ᠭᠡᠷ᠎ᠡ᠂ ᠪᠠᠷᠢᠮᠲᠠ︔      ᠳᠦᠷᠰᠦ ᠰᠢᠩᠭᠡᠭᠡᠯᠲᠡ ᠶᠢᠨ ᠮᠠᠲ᠋ᠧᠷᠢᠶᠠᠯ᠄ ᠲᠣᠨᠤᠭ ᠲᠥᠬᠦᠭᠡᠷᠦᠮᠵᠢ᠂ ᠲᠣᠨᠤᠭ ᠲᠥᠬᠦᠭᠡᠷᠦᠮᠵᠢ ᠶᠢᠨ ᠵᠢᠷᠤᠭ ᠵᠡᠷᠭᠡ︔      ᠲᠡᠵᠢᠭᠡᠨ ᠦᠷᠡᠵᠢᠭᠦᠯᠬᠦ ᠲᠠᠯᠠᠪᠠᠢ ᠶᠢᠨ ᠥᠪᠡᠰᠦᠪᠡᠨ ᠬᠢᠵᠦ ᠪᠣᠯᠪᠠᠰᠤᠷᠠᠭᠤᠯᠬᠤ ᠶᠢ ᠭᠡᠷᠡᠴᠢᠯᠡᠬᠦ ᠪᠤᠰᠤᠳ ᠭᠡᠷᠡᠴᠢ ᠮᠠᠲ᠋ᠧᠷᠢᠶᠠᠯ ︵ᠬᠠᠤᠯᠢ ᠶᠢᠨ ᠬᠥᠮᠥᠨ ᠤ ᠪᠠᠶᠢᠳᠠᠯ᠂ ᠪᠡᠯᠡ ᠭᠠᠷᠭᠠᠭᠰᠠᠨ ᠪᠠᠶᠢᠳᠠᠯ᠂ ᠰᠲ᠋ᠣᠺ ᠤᠨ ᠡᠷᠬᠡ ᠶᠢᠨ ᠪᠠᠶᠢᠳᠠᠯ᠂ ᠪᠡᠯᠡ ᠮᠥᠩᠭᠦᠨ ᠤ ᠢᠷᠡᠯᠲᠡ ᠵᠡᠷᠭᠡ ᠶᠢ ᠪᠠᠭᠲᠠᠭᠠᠨ᠎ᠠ︶᠃      2. ᠰᠢᠯᠭᠠᠨ ᠬᠤᠷᠢᠶᠠᠵᠤ ᠬᠢᠨᠠᠨ ᠬᠠᠷᠭᠤᠭᠤᠯᠬᠤ᠄ ᠬᠤᠰᠢᠭᠤ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠳ ᠲᠥᠷᠥᠯ ᠵᠦᠢᠯ ᠤᠨ ᠨᠢᠭᠡᠴᠡ ᠶᠢᠨ ᠰᠢᠯᠭᠠᠨ ᠠᠪᠬᠤ ᠭᠤᠶᠤᠴᠢᠯᠠᠯ ᠢ ᠣᠯᠣᠭᠰᠠᠨ ᠤ ᠳᠠᠷᠠᠭ᠎ᠠ᠂ ᠮᠡᠳᠡᠭᠦᠯᠦᠭᠰᠡᠨ ᠲᠥᠷᠥᠯ ᠵᠦᠢᠯ ᠢ ᠰᠢᠯᠭᠠᠨ ᠠᠪᠬᠤ ᠶᠢᠨ ᠬᠠᠮᠲᠤ ᠰᠢᠯᠭᠠᠨ ᠠᠪᠤᠭᠰᠠᠨ ᠦᠷ᠎ᠡ ᠳ᠋ᠦᠩ ᠢᠶᠠᠨ ᠢᠯᠡ ᠨᠡᠶᠢᠲᠡᠯᠡᠨ᠎ᠡ᠃ ᠵᠠᠷᠯᠠᠨ ᠨᠡᠶᠢᠲᠡᠯᠡᠭᠰᠡᠨ ᠤ ᠳᠠᠷᠠᠭ᠎ᠠ᠂ ᠰᠢᠯᠭᠠᠨ ᠠᠪᠤᠭᠰᠠᠨ ᠦᠷ᠎ᠡ ᠳ᠋ᠦᠩ ᠢᠶᠠᠨ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠢ᠃ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠳ ᠬᠤᠰᠢᠭᠤ ᠰᠢᠶᠠᠨ ᠤ ᠮᠡᠳᠡᠭᠦᠯᠦᠨ ᠬᠦᠷᠭᠡᠭᠰᠡᠨ ᠰᠢᠯᠭᠠᠨ ᠬᠤᠷᠢᠶᠠᠭᠰᠠᠨ ᠦᠷ᠎ᠡ ᠳ᠋ᠦᠩ ᠢ ᠬᠢᠨᠠᠨ ᠰᠢᠯᠭᠠᠵᠤ ᠬᠤᠷᠢᠶᠠᠩᠭᠤᠶᠢᠯᠠᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠳᠤ ᠮᠡᠳᠡᠭᠦᠯᠵᠦ ᠳᠠᠩᠰᠠᠯᠠᠭᠤᠯᠬᠤ ᠬᠡᠷᠡᠭᠲᠡᠢ᠃ ᠳᠠᠩᠰᠠᠯᠠᠭᠤᠯᠵᠤ ᠳᠠᠭᠤᠰᠤᠭᠰᠠᠨ ᠤ ᠳᠠᠷᠠᠭ᠎ᠠ᠂ ᠪᠡᠯᠡ ᠮᠥᠩᠭᠦ ᠰᠢᠯᠵᠢᠭᠦᠯᠦᠨ ᠥᠭᠬᠦ ᠲᠠᠰ ᠳᠠᠷᠠᠭᠠᠯᠠᠯ ᠢ ᠡᠬᠢᠯᠡᠭᠦᠯᠦᠨ᠎ᠡ᠃      3. ᠪᠡᠯᠡ ᠮᠥᠩᠭᠦ ᠶᠢ ᠰᠢᠯᠵᠢᠭᠦᠯᠦᠨ ᠥᠭᠬᠦ᠄ ︽ᠲᠡᠭ ᠰᠠᠭᠤᠷᠢ ᠶᠢᠨ ᠲᠥᠰᠥᠪ︾ ᠤᠨ ᠠᠵᠢᠯ ᠤᠨ ᠱᠠᠭᠠᠷᠳᠠᠯᠭ᠎ᠠ ᠶᠣᠰᠣᠭᠠᠷ᠂ 9 ᠰᠠᠷ᠎ᠠ ᠶᠢᠨ ᠰᠡᠭᠦᠯᠴᠢ ᠠᠴᠠ ᠡᠮᠦᠨ᠎ᠡ ᠰᠢᠯᠭᠠᠨ ᠠᠪᠤᠭᠰᠠᠨ ᠲᠥᠷᠥᠯ ᠵᠦᠢᠯ ᠢ 2026 ᠣᠨ ᠤ ᠲᠥᠰᠥᠪ ᠤᠨ ᠰᠢᠯᠵᠢᠭᠦᠯᠦᠨ ᠥᠭᠬᠦ ᠳᠤ ᠣᠷᠣᠭᠤᠯᠵᠤ᠂ ᠲᠥᠰᠥᠪ ᠤᠨ ᠪᠡᠯᠡ ᠮᠥᠩᠭᠦ ᠶᠢ ᠪᠠᠭᠤᠯᠭᠠᠭᠰᠠᠨ ᠤ ᠳᠠᠷᠠᠭ᠎ᠠ ᠲᠠᠰ ᠳᠠᠷᠠᠭᠠᠯᠠᠯ ᠢᠶᠠᠷ ᠪᠡᠯᠡ ᠮᠥᠩᠭᠦ ᠶᠢ ᠰᠢᠯᠵᠢᠭᠦᠯᠦᠨ ᠥᠭᠭᠦᠨ᠎ᠡ︔ 12 ᠰᠠᠷ᠎ᠠ ᠶᠢᠨ ᠰᠡᠭᠦᠯᠴᠢ ᠠᠴᠠ ᠡᠮᠦᠨ᠎ᠡ ᠰᠢᠯᠭᠠᠨ ᠬᠤᠷᠢᠶᠠᠬᠤ ᠲᠥᠷᠥᠯ ᠵᠦᠢᠯ ᠢ 2027 ᠣᠨ ᠤ ᠲᠥᠰᠥᠪ ᠤᠨ ᠰᠢᠯᠵᠢᠭᠦᠯᠦᠨ ᠥᠭᠬᠦ ᠳᠤ ᠣᠷᠣᠭᠤᠯᠵᠤ᠂ ᠲᠥᠰᠥᠪ ᠤᠨ ᠪᠡᠯᠡ ᠮᠥᠩᠭᠦ ᠶᠢ ᠪᠠᠭᠤᠯᠭᠠᠭᠰᠠᠨ ᠤ ᠳᠠᠷᠠᠭ᠎ᠠ ᠲᠠᠰ ᠳᠠᠷᠠᠭᠠᠯᠠᠯ ᠢᠶᠠᠷ ᠰᠢᠯᠵᠢᠭᠦᠯᠦᠨ ᠥᠭᠭᠦᠨ᠎ᠡ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号