ᠴᠢᠭᠢᠭᠴᠡ ᠶᠢ ᠬᠡᠮᠵᠢᠵᠦ ᠤᠰᠤᠯᠠᠬᠤ ᠮᠡᠷᠭᠡᠵᠢᠯ
ᠨᠡᠶᠢᠲᠡᠯᠡᠭᠰᠡᠨ ᠴᠠᠭ᠄
2025/5/27
      ᠡᠨᠡ  ᠨᠢ ᠲᠠᠷᠢᠮᠠᠯ ᠤᠨ ᠭᠤᠣᠯ ᠪᠣᠯᠬᠤ ᠦᠷᠡᠵᠢᠯ ᠤᠨ ᠬᠤᠭᠤᠴᠠᠭᠠᠨ ᠳᠠᠬᠢ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠰᠢᠷᠣᠢ ᠶᠢᠨ ᠤᠰᠤᠨ ᠤ ᠠᠭᠤᠯᠤᠭᠳᠠᠴᠠ ᠪᠠᠷ ᠬᠠᠷᠠᠯᠲᠠ ᠤᠰᠤᠨ ᠤ ᠠᠭᠤᠯᠤᠭᠳᠠᠴᠠ ᠪᠣᠯᠭᠠᠵᠤ᠂ ᠡᠯ᠎ᠡ ᠦᠷᠡᠵᠢᠯ ᠤᠨ ᠬᠤᠭᠤᠴᠠᠭᠠᠨ ᠳᠤ ᠬᠥᠷᠥᠰᠥ ᠰᠢᠷᠣᠢ ᠶᠢᠨ ᠴᠢᠭᠢᠭ ᠤᠨ ᠪᠠᠶᠢᠳᠠᠯ ᠢ ᠬᠡᠮᠵᠢᠨ ᠲᠣᠭᠲᠠᠭᠠᠵᠤ᠂ ᠲᠠᠷᠢᠮᠠᠯ ᠤᠨ ᠤᠰᠤ ᠬᠡᠷᠡᠭᠰᠡᠬᠦ ᠣᠨᠴᠠᠯᠢᠭ ᠢ ᠦᠨᠳᠦᠰᠦᠯᠡᠨ ᠨᠥᠬᠦᠪᠦᠷᠢᠯᠡᠬᠦ ᠤᠰᠤᠨ ᠤ ᠬᠡᠮᠵᠢᠶ᠎ᠡ ᠶᠢ ᠪᠤᠳᠤᠵᠤ᠂ ᠲᠣᠭᠲᠠᠭᠰᠠᠨ ᠬᠡᠮᠵᠢᠶ᠎ᠡ ᠲᠠᠢ ᠤᠰᠤᠯᠠᠬᠤ ᠨᠢᠭᠡ ᠵᠦᠢᠯ ᠤᠨ ᠠᠷᠭ᠎ᠠ ᠪᠣᠯᠣᠨ᠎ᠠ᠃ ᠲᠠᠷᠢᠮᠠᠯ ᠢ ᠤᠰᠤᠯᠠᠵᠤ ᠤᠰᠤ ᠨᠥᠬᠦᠬᠦ ᠴᠢᠬᠤᠯᠠ ᠲᠠᠢ ᠡᠰᠡᠬᠦ ᠶᠢ ᠳᠣᠣᠷᠠᠬᠢ ᠬᠡᠳᠦᠨ ᠵᠦᠢᠯ ᠤᠨ ᠳᠥᠭᠦᠮ ᠠᠷᠭ᠎ᠠ ᠪᠠᠷ ᠯᠠᠪᠯᠠᠯᠲᠠ ᠪᠣᠯᠭᠠᠵᠤ ᠪᠣᠯᠣᠨ᠎ᠠ᠃      ᠨᠢᠭᠡ᠂ ᠬᠥᠷᠥᠰᠥ ᠰᠢᠷᠣᠢ ᠶᠢᠨ ᠤᠰᠤᠨ ᠤ ᠰᠡᠷᠡᠯ ᠤᠨ ᠡᠷᠬᠡᠲᠡᠨ ᠤ ᠪᠠᠶᠢᠳᠠᠯ ᠢ ᠦᠨᠳᠦᠰᠦᠯᠡᠨ ᠮᠠᠭᠠᠳᠯᠠᠬᠤ      ︵ᠨᠢᠭᠡ︶ ᠲᠠᠷᠢᠶᠠᠨ ᠭᠠᠵᠠᠷ ᠤᠨ ᠬᠥᠷᠥᠰᠥ ᠰᠢᠷᠣᠢ ᠶᠢᠨ ᠥᠩᠭᠡ᠂ ᠰᠢᠨᠵᠢ ᠪᠠᠶᠢᠳᠠᠯ ᠢ ᠠᠵᠢᠭᠯᠠᠨ᠎ᠠ᠃ ᠬᠡᠷᠪᠡ ᠦᠡᠭᠭᠡᠨ ᠲᠠᠯ᠎ᠠ ᠶᠢᠨ ᠬᠥᠷᠥᠰᠥ ᠰᠢᠷᠣᠢ ᠶᠢᠨ ᠥᠩᠭᠡ ᠨᠢ ᠭᠦᠢᠬᠡᠨ ᠪᠣᠯᠬᠤ ᠪᠤᠶᠤ ᠴᠠᠶᠢᠪᠤᠷ ᠪᠣᠯᠬᠤ᠂ ᠨᠠᠷᠢᠨ ᠴᠠᠪᠠ ᠭᠠᠷᠬᠤ ᠳᠤ ᠬᠦᠷᠪᠡᠯ᠂ ᠬᠥᠷᠥᠰᠥ ᠰᠢᠷᠣᠢ ᠤᠰᠤ ᠳᠤᠲᠠᠭᠳᠠᠭᠰᠠᠨ ᠢ ᠬᠠᠷᠠᠭᠤᠯᠵᠤ ᠪᠠᠶᠢᠨ᠎ᠠ︔ ᠬᠡᠷᠪᠡ ᠬᠥᠷᠥᠰᠥ ᠰᠢᠷᠣᠢ ᠶᠢᠨ ᠥᠩᠭᠡ ᠨᠢ ᠬᠡᠪ ᠤᠨ ᠥᠩᠭᠡ ᠠᠴᠠ ᠭᠦᠨ ᠪᠤᠶᠤ ᠬᠦᠷᠡᠩ ᠥᠩᠭᠡ ᠲᠠᠢ ᠪᠣᠯ ᠤᠰᠤ ᠳᠤᠲᠠᠬᠤ ᠦᠭᠡᠢ ᠶᠢ ᠬᠠᠷᠠᠭᠤᠯᠵᠤ ᠪᠠᠶᠢᠨ᠎ᠠ᠃      ︵ᠬᠤᠶᠠᠷ︶ ᠨᠠᠷᠢᠨ ᠮᠣᠳᠣ ᠶᠢ ᠭᠠᠳᠠᠷ ᠬᠥᠷᠥᠰᠥᠨ ᠳᠤ 10cm ᠠᠴᠠ ᠳᠣᠷᠣᠭᠰᠢ ᠬᠠᠳᠬᠤᠵᠤ᠂ ᠳᠠᠷᠠᠭ᠎ᠠ ᠨᠢ ᠮᠣᠳᠣ ᠶᠢ ᠰᠤᠭᠤᠯᠵᠤ ᠭᠠᠷᠭᠠᠭᠠᠳ ᠳᠠᠭᠠᠵᠤ ᠭᠠᠷᠴᠤ ᠢᠷᠡᠭᠰᠡᠨ ᠬᠥᠷᠥᠰᠥ ᠰᠢᠷᠤᠢ ᠶᠢ ᠠᠵᠢᠭᠯᠠᠨ᠎ᠠ᠃ ᠬᠡᠷᠪᠡ ᠬᠥᠷᠥᠰᠥ ᠰᠢᠷᠤᠢ  ᠨᠢ ᠨᠡᠯᠢᠶᠡᠳ ᠨᠣᠶᠢᠲᠠᠨ ᠪᠠᠶᠢᠪᠠᠯ ᠤᠰᠤ ᠲᠤᠳᠠᠵᠤ ᠦᠭᠡᠢ᠂ ᠲᠦᠷ ᠴᠠᠭ ᠤᠰᠤᠯᠠᠬᠤ ᠴᠢᠬᠤᠯᠠ ᠦᠭᠡᠢ ᠭᠡᠰᠡᠨ ᠢ ᠬᠠᠷᠠᠭᠤᠯᠵᠤ ᠪᠠᠶᠢᠨ᠎ᠠ᠃ ᠬᠡᠷᠪᠡ ᠬᠥᠷᠥᠰᠥ ᠰᠢᠷᠤᠢ  ᠨᠢ ᠨᠡᠯᠢᠶᠡᠳ ᠬᠠᠭᠤᠷᠠᠢ ᠪᠤᠶᠤ ᠮᠣᠳᠣᠨ ᠲᠡᠭᠡᠷ᠎ᠡ ᠬᠦᠷᠦᠰᠦ ᠰᠢᠷᠤᠢ ᠳᠠᠭᠠᠵᠤ ᠭᠠᠷᠴᠤ ᠢᠷᠡᠭᠰᠡᠨ ᠦᠭᠡᠢ ᠪᠣᠯ ᠬᠥᠷᠥᠰᠥ ᠰᠢᠷᠣᠢ ᠤᠰᠤ ᠳᠤᠲᠠᠭᠳᠠᠭᠰᠠᠨ ᠢ ᠬᠠᠷᠠᠭᠤᠯᠵᠤ᠂ ᠴᠠᠭ ᠲᠤᠬᠠᠢ ᠳᠤᠨᠢ ᠲᠠᠷᠢᠮᠠᠯ ᠢᠶᠠᠨ ᠤᠰᠤᠯᠠᠬᠤ ᠴᠢᠬᠤᠯᠠ ᠲᠠᠢ ᠪᠠᠶᠢᠳᠠᠭ᠃      ︵ᠭᠤᠷᠪᠠ︶ ᠭᠠᠳᠠᠷ ᠬᠥᠷᠥᠰᠥᠨ ᠤ ᠳᠣᠣᠷᠠᠬᠢ 10cm ᠣᠷᠴᠢᠮ ᠤᠨ ᠬᠥᠷᠥᠰᠥ ᠶᠢ ᠭᠠᠷ ᠢᠶᠠᠷ ᠢᠶᠠᠨ ᠠᠳᠬᠤᠭᠠᠳ ᠠᠯᠠᠭᠠᠨ ᠳᠡᠭᠡᠷ᠎ᠡ ᠪᠠᠨ ᠲᠠᠯᠪᠢᠵᠤ᠂ ᠴᠢᠩᠭ᠎ᠠ ᠠᠳᠬᠤᠭᠰᠠᠨ ᠤ ᠳᠠᠷᠠᠭ᠎ᠠ ᠲᠠᠯᠪᠢᠨ᠎ᠠ᠃ ᠬᠡᠷᠪᠡ ᠭᠠᠷ ᠤᠨ ᠠᠯᠠᠭ᠎ᠠ ᠨᠣᠶᠢᠲᠠᠨ ᠰᠢᠭ᠋ ᠰᠠᠨᠠᠭᠳᠠᠬᠤ ᠦᠭᠡᠢ ᠮᠥᠷᠲᠡᠭᠡᠨ ᠬᠦᠴᠦᠲᠡᠢ ᠠᠳᠬᠤᠭᠰᠠᠨ ᠴᠤ ᠬᠥᠷᠥᠰᠥ ᠶᠢ ᠪᠥᠭᠡᠮᠨᠡᠷᠡᠭᠦᠯᠵᠦ ᠳᠡᠶᠢᠯᠬᠦ ᠦᠭᠡᠢ᠂ ᠭᠠᠷ ᠤᠨ ᠠᠯᠠᠭ᠎ᠠ ᠪᠠᠨ ᠲᠠᠯᠪᠢᠭᠰᠠᠨ ᠤ ᠳᠠᠷᠠᠭ᠎ᠠ ᠳᠠᠷᠤᠶᠢᠬᠠᠨ ᠪᠣᠲᠠᠷᠠᠵᠤ ᠪᠠᠶᠢᠪᠠᠯ ᠬᠦᠷᠦᠰᠦ ᠰᠢᠷᠦᠢ ᠶᠢᠨ ᠲᠠᠷᠢᠶᠠᠨ ᠤ ᠤᠰᠤ ᠬᠠᠳᠠᠭᠠᠯᠠᠬᠤ ᠬᠡᠮᠵᠢᠶ᠎ᠡ ᠨᠢ 30% ᠠᠴᠠ ᠳᠣᠷᠣᠭᠰᠢ ᠪᠠᠶᠢᠵᠤ᠂ ᠬᠦᠨᠳᠦ ᠨᠣᠴᠢᠲᠠᠢ ᠤᠰᠤ ᠳᠤᠲᠠᠭᠳᠠᠵᠤ ᠴᠠᠭ ᠲᠤᠬᠠᠢ ᠳᠤᠨᠢ ᠤᠰᠤᠯᠠᠬᠤ ᠴᠢᠬᠤᠯᠠᠲᠠᠢ ᠭᠡᠰᠡᠨ ᠢ ᠬᠠᠷᠠᠭᠤᠯᠵᠤ ᠪᠠᠶᠢᠨ᠎ᠠ᠃ ᠬᠡᠷᠪᠡ ᠭᠠᠷ ᠤᠨ ᠠᠯᠠᠭ᠎ᠠ ᠵᠢᠭᠠᠬᠠᠨ ᠴᠢᠬᠢᠭᠳᠦᠵᠦ ᠬᠥᠷᠥᠰᠥ ᠶᠢ ᠪᠥᠭᠡᠮᠨᠡᠷᠡᠭᠦᠯᠵᠦ᠂ ᠲᠠᠯᠪᠢᠭᠰᠠᠨ ᠤ ᠳᠠᠷᠠᠭ᠎ᠠ ᠠᠶᠠᠨᠳᠠᠭᠠᠨ ᠲᠠᠷᠬᠠᠵᠤ ᠪᠠᠶᠢᠪᠠᠯ ᠬᠦᠷᠦᠰᠦ ᠰᠢᠷᠦᠢ ᠶᠢᠨ ᠤᠰᠤ ᠬᠠᠳᠠᠭᠠᠯᠠᠬᠤ ᠬᠡᠮᠵᠢᠶ᠎ᠡ ᠨᠢ 50% ᠣᠷᠴᠢᠮ ᠪᠠᠶᠢᠵᠤ᠂ ᠴᠢᠭᠢᠭ ᠤᠨ ᠬᠡᠮᠵᠢᠶ᠎ᠡ ᠨᠢ ᠬᠦᠷᠦᠯᠴᠡᠵᠦ ᠪᠠᠶᠢᠬᠤ ᠶᠢ ᠬᠠᠷᠠᠭᠤᠯᠵᠤ᠂ ᠶᠡᠷᠦ ᠳᠡᠭᠡᠨ ᠤᠰᠤᠯᠠᠬᠤ ᠴᠢᠬᠤᠯᠠ ᠦᠭᠡᠢ ᠪᠠᠶᠢᠳᠠᠭ᠃ ᠬᠡᠷᠪᠡ ᠭᠠᠷ ᠤᠨ ᠠᠯᠠᠭ᠎ᠠ ᠶᠢ ᠨᠡᠯᠢᠶᠡᠳ ᠴᠢᠭᠢᠭᠳᠡᠭᠦᠯᠵᠦ᠂ ᠬᠥᠷᠥᠰᠥ ᠰᠢᠷᠤᠢ ᠶᠢ ᠴᠢᠩᠭ᠎ᠠ ᠠᠳᠬᠤᠪᠠᠯ ᠤᠰᠤ ᠨᠢ ᠰᠢᠬᠠᠭᠳᠠᠨ ᠭᠠᠷᠴᠤ᠂ ᠠᠯᠠᠭ᠎ᠠ ᠪᠠᠨ ᠲᠠᠯᠪᠢᠭᠰᠠᠨ ᠤ ᠳᠠᠷᠠᠭ᠎ᠠ ᠬᠥᠷᠥᠰᠥ ᠰᠢᠷᠤᠢ ᠰᠤᠯᠠᠷᠠᠬᠤ ᠦᠭᠡᠢ ᠮᠥᠷᠲᠡᠭᠡᠨ ᠭᠠᠷ ᠤᠨ ᠠᠯᠠᠭ᠎ᠠ ᠳᠤ ᠨᠠᠭᠠᠯᠳᠤᠵᠤ ᠪᠠᠶᠢᠪᠠᠯ᠂ ᠬᠦᠷᠦᠰᠦ ᠰᠢᠷᠦᠢ ᠶᠢᠨ ᠤᠰᠤ ᠬᠠᠳᠠᠭᠠᠯᠠᠬᠤ ᠬᠡᠮᠵᠢᠶ᠎ᠡ ᠨᠢ 85% ᠠᠴᠠ ᠳᠡᠭᠡᠭᠰᠢ ᠪᠠᠶᠢᠵᠤ᠂ ᠤᠰᠤᠨ ᠤ ᠠᠭᠤᠯᠤᠭᠳᠠᠴᠠ ᠨᠢ ᠨᠡᠯᠢᠶᠡᠳ ᠥᠨᠳᠥᠷ ᠭᠡᠳᠡᠭ ᠢ ᠬᠠᠷᠠᠭᠤᠯᠵᠤ ᠪᠠᠶᠢᠨ᠎ᠠ᠃ ᠴᠠᠭ ᠲᠤᠬᠠᠢ ᠳᠤᠨᠢ ᠰᠤᠪᠠᠭ ᠮᠠᠯᠲᠠᠵᠤ ᠤᠰᠤ ᠵᠠᠯᠠᠬᠤ᠂ ᠤᠰᠤ ᠬᠢᠵᠠᠭᠠᠷᠯᠠᠬᠤ ᠠᠵᠢᠯ ᠢ ᠰᠠᠶᠢᠲᠤᠷ ᠬᠢᠬᠦ ᠴᠢᠬᠤᠯᠠᠲᠠᠢ ᠪᠠᠶᠢᠳᠠᠭ᠃      ᠬᠤᠶᠠᠷ᠂ ᠲᠠᠷᠢᠮᠠᠯ ᠤᠨ ᠤᠷᠭᠤᠴᠠ ᠶᠢᠨ ᠪᠠᠶᠢᠳᠠᠯ ᠢ ᠦᠨᠳᠦᠰᠦᠯᠡᠨ ᠮᠠᠭᠠᠳᠯᠠᠬᠤ      ᠬᠦᠷᠦᠰᠦ ᠰᠢᠷᠦᠢ ᠶᠢᠨ ᠤᠰᠤ ᠬᠦᠷᠦᠯᠴᠡᠬᠦ ᠦᠭᠡᠢ ᠪᠤᠶᠤ ᠬᠡᠲᠦᠷᠬᠡᠢ ᠠᠷᠪᠢᠳᠪᠠᠯ ᠲᠠᠷᠢᠮᠠᠯ ᠤᠨ ᠬᠡᠪ ᠤᠨ ᠥᠰᠦᠯᠲᠡ ᠶᠢ ᠨᠥᠯᠥᠭᠡᠯᠡᠨ᠎ᠡ᠃ ᠲᠠᠷᠢᠮᠠᠯ ᠳᠤ ᠤᠰᠤ ᠳᠤᠲᠠᠭᠳᠠᠬᠤ ᠦᠶ᠎ᠡ ᠳᠤ᠂ ᠨᠠᠪᠴᠢ ᠪᠠ ᠰᠢᠨ᠎ᠡ ᠮᠥᠴᠢᠷ ᠨᠢ ᠦᠬᠦᠰᠢᠷᠡᠨ ᠤᠨᠵᠢᠢᠵᠤ᠂ ᠭᠡᠷᠡᠯ ᠭᠢᠯᠪᠠᠭ᠎ᠠ ᠪᠠᠨ ᠠᠯᠳᠠᠵᠤ᠂ ᠤᠰᠤ ᠬᠦᠨᠳᠦ ᠨᠣᠴᠢᠲᠠᠢ ᠳᠤᠲᠠᠭᠳᠠᠬᠤ ᠦᠶ᠎ᠡ ᠳᠤ ᠨᠠᠪᠴᠢ ᠨᠢ ᠰᠢᠷᠠᠯᠠᠵᠤ᠂ ᠴᠢᠨᠠᠭᠰᠢᠯᠠᠪᠠᠯ ᠦᠬᠦᠰᠢᠷᠡᠳᠡᠭ᠃ ᠡᠨᠡ ᠦᠶ᠎ᠡ ᠳᠤ ᠴᠠᠭ ᠲᠤᠬᠠᠢ ᠳᠤᠨᠢ ᠤᠰᠤᠯᠠᠵᠤ ᠤᠰᠤ ᠨᠥᠬᠦᠬᠦ ᠴᠢᠬᠤᠯᠠᠲᠠᠢ ᠭᠡᠰᠡᠨ ᠢ ᠬᠠᠷᠠᠭᠤᠯᠵᠤ ᠪᠠᠶᠢᠨ᠎ᠠ᠃      ᠭᠤᠷᠪᠠ᠂ ᠤᠰᠤᠨ ᠤ ᠪᠠᠶᠢᠳᠠᠯ ᠢ ᠬᠢᠨᠠᠨ ᠬᠡᠮᠵᠢᠭᠰᠡᠨ ᠲᠤᠭ᠎ᠠ ᠪᠠᠷᠢᠮᠲᠠ ᠶᠢ ᠦᠨᠳᠦᠰᠦᠯᠡᠨ ᠮᠠᠭᠠᠳᠯᠠᠬᠤ      ᠬᠥᠷᠥᠰᠥᠨ ᠤ ᠴᠢᠭᠢᠭ ᠤᠨ ᠪᠠᠶᠢᠳᠠᠯ ᠢ ᠲᠦᠷᠭᠡᠨ ᠬᠡᠮᠵᠢᠬᠦ ᠬᠡᠮᠵᠢᠭᠦᠷᠯᠢᠭ ᠪᠣᠯ ᠳᠠᠷᠤᠢ ᠨᠢᠭᠡ ᠵᠦᠢᠯ ᠤᠨ ᠬᠥᠷᠥᠰᠥᠨ ᠤ ᠤᠰᠤ ᠶᠢ ᠰᠢᠯᠭᠠᠨ ᠬᠡᠮᠵᠢᠬᠦ ᠬᠡᠮᠵᠢᠭᠦᠷᠯᠢᠭ ᠪᠣᠯᠣᠨ᠎ᠠ᠂ ᠲᠡᠭᠦᠨ ᠤ ᠠᠵᠢᠯᠯᠠᠬᠤ ᠵᠢᠷᠤᠮ ᠨᠢ ᠳᠠᠷᠤᠢ ᠲᠠᠷᠢᠮᠠᠯ ᠤᠨ ᠡᠭᠦᠯᠳᠡᠷ᠂ ᠦᠷᠡᠵᠢᠯ ᠤᠨ ᠬᠤᠭᠤᠴᠠᠭ᠎ᠠ᠂ ᠬᠢᠨᠠᠨ ᠬᠡᠮᠵᠢᠬᠦ ᠴᠠᠭ᠂ ᠬᠥᠷᠥᠰᠥᠨ ᠤ ᠭᠦᠨ ᠤ ᠬᠡᠮᠵᠢᠶ᠎ᠡ ᠵᠡᠷᠭᠡ ᠰᠤᠷᠠᠭ ᠵᠠᠩᠭᠢ ᠶᠢ ᠤᠷᠢᠳᠴᠢᠯᠠᠨ ᠲᠣᠬᠢᠷᠠᠭᠤᠯᠵᠤ᠂ ᠳᠠᠷᠠᠭ᠎ᠠ ᠨᠢ ᠲᠡᠮᠦᠷᠯᠢᠭ ᠬᠠᠶᠢᠭᠤᠷ ᠢ ᠪᠦᠬᠦᠨ ᠢ ᠬᠥᠷᠥᠰᠥᠨ ᠳᠤ ᠬᠠᠳᠬᠤᠵᠤ᠂ ᠬᠥᠷᠥᠰᠥᠨ ᠤ ᠴᠢᠭᠢᠭᠲᠦᠴᠡ ᠶᠢᠨ ᠰᠡᠷᠡᠯ ᠳᠠᠮᠵᠢᠭᠤᠯᠤᠭᠴᠢ ᠪᠠᠷ ᠳᠠᠮᠵᠢᠨ ᠬᠥᠷᠥᠰᠥᠨ ᠳᠣᠲᠣᠷᠠᠬᠢ ᠤᠰᠤ ᠶᠢ ᠬᠢᠨᠠᠨ ᠬᠡᠮᠵᠢᠵᠦ᠂ ᠲᠤᠭ᠎ᠠ ᠪᠠᠷᠢᠮᠲᠠ ᠶᠢ ᠴᠤᠭᠯᠠᠭᠤᠯᠵᠤ᠂ ᠲᠤᠭ᠎ᠠ ᠪᠠᠷᠢᠮᠲᠠ ᠶᠢ ᠬᠠᠳᠠᠭᠠᠯᠠᠬᠤ ᠨᠢᠭᠡᠨ ᠵᠦᠢᠯ ᠤᠨ ᠬᠡᠮᠵᠢᠭᠦᠷᠯᠢᠭ ᠪᠣᠯᠣᠨ᠎ᠠ᠃ ᠲᠡᠷᠡ ᠨᠢ ᠲᠠᠷᠢᠶᠠᠨ ᠭᠠᠵᠠᠷ ᠤᠨ ᠤᠰᠤᠨ ᠤ ᠪᠣᠳᠠᠲᠤ ᠪᠠᠶᠢᠳᠠᠯ ᠢ ᠦᠨᠳᠦᠰᠦᠯᠡᠨ ᠰᠢᠨᠵᠢᠯᠡᠬᠦ ᠤᠬᠠᠭᠠᠨᠴᠢ ᠪᠠᠷ ᠤᠰᠤᠯᠠᠵᠤ᠂ ᠬᠥᠷᠥᠰᠥᠨ ᠤ ᠤᠰᠤᠨ ᠤ ᠠᠭᠤᠯᠤᠭᠳᠠᠴᠠ ᠶᠢ ᠨᠡᠯᠢᠶᠡᠳ ᠲᠣᠬᠢᠷᠠᠮᠵᠢᠲᠠᠢ ᠬᠡᠪᠴᠢᠶᠡᠨ ᠳᠤ ᠪᠠᠶᠢᠯᠭᠠᠬᠤ ᠶᠢ ᠪᠠᠲᠤᠯᠠᠳᠠᠭ᠃ ᠲᠠᠷᠢᠶᠠᠴᠢᠨ ᠡᠷᠦᠬᠡ ᠪᠠᠰᠠ ᠡᠯ᠎ᠡ ᠭᠠᠵᠠᠷ ᠤᠨ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠨ ᠨᠡᠶᠢᠲᠡᠯᠡᠭᠰᠡᠨ ᠴᠢᠭᠢᠭ ᠤᠨ ᠪᠠᠶᠢᠳᠠᠯ ᠢ ᠬᠢᠨᠠᠨ ᠬᠡᠮᠵᠢᠭᠰᠡᠨ ᠲᠤᠭ᠎ᠠ ᠪᠠᠷᠢᠮᠲᠠ ᠪᠠᠷ ᠯᠠᠪᠯᠠᠯᠲᠠ ᠪᠣᠯᠭᠠᠵᠤ᠂ ᠰᠢᠨᠵᠢᠯᠡᠬᠦ ᠤᠬᠠᠭᠠᠨᠴᠢ ᠪᠠᠷ ᠤᠰᠤᠯᠠᠯᠲᠠ ᠬᠢᠵᠦ ᠪᠣᠯᠣᠨ᠎ᠠ᠃ ᠡᠩ ᠤᠨ ᠪᠠᠶᠢᠳᠠᠯ ᠳᠤ ᠬᠥᠷᠥᠰᠥᠨ ᠤ ᠤᠰᠤᠨ ᠤ ᠠᠭᠤᠯᠤᠭᠳᠠᠴᠠ ᠨᠢ 80% ᠠᠴᠠ ᠳᠡᠭᠡᠭᠰᠢ ᠪᠠᠶᠢᠪᠠᠯ ᠬᠡᠳᠦ ᠠᠷᠪᠢᠨ᠂ ᠬᠥᠷᠥᠰᠥᠨ ᠤ ᠤᠰᠤᠨ ᠤ ᠠᠭᠤᠯᠤᠭᠳᠠᠴᠠ  ᠨᠢ 60%~80% ᠳᠤ ᠪᠠᠶᠢᠪᠠᠯ ᠲᠣᠬᠢᠷᠠᠮᠵᠢᠲᠠᠢ᠂ ᠬᠥᠷᠥᠰᠥᠨ ᠤ ᠤᠰᠤᠨ ᠤ ᠠᠭᠤᠯᠤᠭᠳᠠᠴᠠ ᠨᠢ 60% ᠠᠴᠠ ᠳᠣᠷᠣᠭᠰᠢ ᠪᠠᠶᠢᠪᠠᠯ ᠭᠦᠢᠴᠡᠳ ᠦᠭᠡᠢ ᠪᠠᠶᠢᠳᠠᠭ᠃ ᠡᠩ ᠤᠨ ᠪᠠᠶᠢᠳᠠᠯ ᠳᠤ ᠬᠥᠷᠥᠰᠥᠨ ᠤ ᠤᠰᠤᠨ ᠤ ᠠᠭᠤᠯᠤᠭᠳᠠᠴᠠ ᠨᠢ 45%~60% ᠪᠠᠶᠢᠪᠠᠯ ᠬᠥᠩᠭᠡᠨ ᠭᠠᠩ ᠬᠠᠭᠤᠷᠠᠢ᠂ ᠬᠥᠷᠥᠰᠥᠨ ᠤ ᠤᠰᠤᠨ ᠤ ᠠᠭᠤᠯᠤᠭᠳᠠᠴᠠ ᠨᠢ 30%~45% ᠪᠠᠶᠢᠪᠠᠯ ᠳᠤᠮᠳᠠ ᠭᠠᠩ ᠬᠠᠭᠤᠷᠠᠢ᠂ ᠬᠥᠷᠥᠰᠥᠨ ᠤ ᠤᠰᠤᠨ ᠤ ᠠᠭᠤᠯᠤᠭᠳᠠᠴᠠ ᠨᠢ 30% ᠠᠴᠠ ᠳᠣᠷᠣᠭᠰᠢ ᠪᠠᠶᠢᠪᠠᠯ ᠬᠦᠨᠳᠦ ᠭᠠᠩ ᠬᠠᠭᠤᠷᠠᠢ ᠪᠣᠯᠣᠨ᠎ᠠ᠃      ᠮᠡᠳᠡᠭᠡ ᠵᠠᠩᠭᠢ ᠶᠢᠨ ᠢᠷᠡᠯᠲᠡ᠄ ᠤᠯᠠᠭᠠᠨᠴᠠᠪ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ
 
ᠢᠷᠡᠯᠲᠡ᠄ ᠤᠯᠠᠭᠠᠨᠴᠠᠪ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号