ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠷᠢᠳᠴᠢᠯᠠᠨ ᠲᠥᠯᠥᠪᠯᠡᠵᠦ ᠰᠠᠨᠠᠭᠠᠴᠢᠯᠠᠭ᠎ᠠ ᠠᠴᠠ ᠪᠠᠨ ᠪᠠᠶᠢᠷᠢᠯᠠᠭᠤᠯᠵᠤ ︽ᠠᠷᠪᠠᠨ ᠲᠠᠪᠤᠳᠤᠭᠠᠷ ᠲᠠᠪᠤᠨ ᠵᠢᠯ︾ ᠤᠨ ᠰᠦ ᠶᠢᠨ ᠦᠢᠯᠡᠰ ᠤᠨ ᠲᠥᠷᠥ ᠶᠢᠨ ᠪᠣᠳᠣᠯᠭ᠎ᠠ ᠶᠢᠨ ᠰᠤᠳᠤᠯᠭᠠᠨ ᠤ ᠶᠠᠷᠢᠯᠴᠠᠬᠤ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/5/29
      ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠦ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠦᠷᠭᠦᠯᠵᠢᠯᠡᠨ ᠠᠬᠢᠭᠤᠯᠬᠤ ᠶᠢᠨ ᠲᠤᠰᠠᠳᠠ᠂ 5 ᠰᠠᠷ᠎ᠠ ᠶᠢᠨ 27 ᠤ ᠡᠳᠦᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠠᠴᠠ ᠤᠯᠤᠰ ᠤᠨ ᠰᠠᠭᠠᠯᠢ ᠶᠢᠨ ᠦᠨᠢᠶᠡᠨ ᠤ ᠠᠵᠤ ᠦᠢᠯᠡᠰ ᠤᠨ ᠮᠡᠷᠭᠡᠵᠢᠯ ᠤᠨ ᠰᠢᠰᠲ᠋ᠧᠮ ᠤᠨ ᠲᠡᠷᠢᠭᠦᠨ ᠰᠠᠭᠤᠳᠠᠯ ᠤᠨ ᠰᠢᠨᠵᠢᠯᠡᠬᠦ ᠤᠬᠠᠭᠠᠨᠲᠠᠨ᠂ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠫᠷᠤᠹᠧᠰᠰᠤᠷ ᠯᠢ ᠱᠧᠩ ᠯᠢ ᠵᠢᠴᠢ ᠪᠦᠯᠬᠦᠮ ᠤᠨ ᠬᠢᠨ ᠢ ᠤᠷᠢᠵᠤ ᠰᠦ ᠶᠢᠨ ᠦᠢᠯᠡᠰ ᠤᠨ ᠲᠥᠷᠥ ᠶᠢᠨ ᠪᠣᠳᠣᠯᠭ᠎ᠠ ᠶᠢᠨ ᠰᠤᠳᠤᠯᠭᠠᠨ ᠤ ᠶᠠᠷᠢᠯᠴᠠᠬᠤ ᠬᠤᠷᠠᠯ ᠬᠤᠷᠠᠯᠳᠤᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠠᠬᠢ ᠰᠦ ᠶᠢᠨ ᠦᠢᠯᠡᠰ ᠤᠨ ᠲᠥᠷᠥ ᠶᠢᠨ ᠪᠣᠳᠣᠯᠭ᠎ᠠ ᠶᠢᠨ ᠦᠷ᠎ᠡ ᠪᠦᠲᠦᠮᠵᠢ ᠶᠢ ᠡᠮᠬᠢᠯᠡᠨ ᠳ᠋ᠦᠩᠨᠡᠵᠦ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠰᠦ ᠶᠢᠨ ᠦᠢᠯᠡᠰ ᠤᠨ ᠲᠥᠷᠥ ᠶᠢᠨ ᠪᠣᠳᠣᠯᠭ᠎ᠠ ᠵᠢᠴᠢ ᠬᠥᠭᠵᠢᠯᠲᠡ ᠶᠢᠨ ᠴᠢᠭᠯᠡᠯ ᠢ ᠤᠷᠢᠳᠴᠢᠯᠠᠨ ᠲᠥᠯᠥᠪᠯᠡᠨ ᠪᠠᠶᠢᠷᠢᠯᠠᠭᠤᠯᠪᠠ᠃
图片1.png
      ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ  ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠰᠦ ᠶᠢᠨ ᠦᠢᠯᠡᠰ ᠤᠨ ᠭᠠᠵᠠᠷ ᠤᠨ ᠳᠠᠷᠤᠭ᠎ᠠ ᠸᠠᠩ ᠬᠤᠩ ᠯᠢᠦ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠪᠥᠬᠦ ᠣᠷᠣᠨ ᠤ ᠰᠦ ᠶᠢᠨ ᠦᠢᠯᠡᠰ ᠤᠨ ᠲᠥᠷᠥ ᠶᠢᠨ ᠪᠣᠳᠣᠯᠭ᠎ᠠ ᠵᠢᠴᠢ ᠠᠵᠤ ᠦᠢᠯᠡᠰ ᠤᠨ ᠬᠥᠭᠵᠢᠯᠲᠡ ᠶᠢᠨ ᠦᠷ᠎ᠡ ᠪᠦᠲᠦᠮᠵᠢ ᠶᠢ ᠲᠠᠨᠢᠯᠴᠠᠭᠤᠯᠪᠠ᠃ ᠰᠦ ᠶᠢᠨ ᠦᠢᠯᠡᠰ ᠤᠨ ᠬᠥᠭᠵᠢᠯᠲᠡ ᠶᠢ ᠳᠡᠮᠵᠢᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤᠷᠢᠳ ᠬᠤᠵᠢᠳ ︽ᠰᠦ ᠶᠢᠨ ᠳᠣᠯᠣᠭᠠᠨ ᠵᠤᠷᠪᠤᠰ︾ ︽ᠰᠦ ᠶᠢᠨ ᠶᠢᠰᠦᠨ ᠵᠤᠷᠪᠤᠰ︾ ︽ᠰᠦ ᠶᠢᠨ 33 ᠵᠤᠷᠪᠤᠰ︾ ︽ᠰᠢᠨ᠎ᠡ ︿ᠰᠦ ᠶᠢᠨ ᠶᠢᠰᠦᠨ ᠵᠤᠷᠪᠤᠰ﹀︾ ᠵᠡᠷᠭᠡ ᠠᠯᠢ ᠣᠯᠠᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ  ᠶᠢ ᠨᠡᠶᠢᠲᠡᠯᠡᠨ ᠬᠡᠷᠡᠭᠵᠢᠭᠦᠯᠵᠦ᠂ ᠴᠢᠨᠠᠷ ᠰᠠᠶᠢᠲᠠᠢ ᠡᠪᠡᠰᠦᠨ ᠤ ᠢᠷᠡᠯᠲᠡ᠂ ᠰᠦ ᠶᠢᠨ ᠢᠷᠡᠯᠲᠡ᠂ ᠡᠭᠦᠯᠳᠡᠷ ᠤᠨ ᠢᠷᠡᠯᠲᠡ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠳᠤ ᠨᠠᠷᠢᠯᠢᠭ ᠪᠣᠯᠪᠠᠰᠤᠷᠠᠭᠤᠯᠬᠤ᠂ ᠨᠠᠷᠠᠲᠤ ᠲᠥᠷᠥᠯ ᠲᠡᠮᠳᠡᠭᠲᠦ ᠶᠢ ᠪᠣᠶᠢᠵᠢᠭᠤᠯᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠠᠵᠤ ᠦᠢᠯᠡᠰ ᠤᠨ ᠬᠦᠴᠢᠷᠳᠡᠯ ᠢ ᠰᠢᠢᠳᠪᠦᠷᠢᠯᠡᠬᠦ ᠵᠡᠷᠭᠡ ᠲᠠᠯ᠎ᠠ ᠪᠠᠷ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠪᠥᠬᠦ ᠣᠷᠣᠨ ᠤ ᠰᠠᠭᠠᠯᠢ ᠶᠢᠨ ᠦᠨᠢᠶ᠎ᠡ ᠪᠠ ᠰᠦ ᠶᠢᠨ ᠭᠠᠷᠤᠯᠲᠠ ᠶᠢ ᠠᠬᠢᠭᠤᠯᠵᠤ᠂ 7 ᠵᠢᠯ ᠳᠠᠷᠠᠭᠠᠯᠠᠨ ᠪᠥᠬᠦ ᠤᠯᠤᠰ ᠤᠨ ᠲᠡᠷᠢᠭᠦᠨ ᠳᠤ ᠣᠷᠣᠵᠤ᠂ ᠴᠠᠭᠠᠨ ᠢᠳᠡᠭᠡᠨ ᠤ ᠭᠠᠷᠤᠯᠲᠠ 3 ᠵᠢᠯ ᠳᠠᠷᠠᠭᠠᠯᠠᠨ ᠪᠥᠬᠦ ᠤᠯᠤᠰ ᠤᠨ ᠲᠡᠷᠢᠭᠦᠨ ᠳᠤ ᠣᠷᠣᠬᠤ ᠶᠢ ᠪᠠᠲᠤᠯᠠᠵᠤ᠂ ᠰᠦ ᠶᠢᠨ ᠦᠢᠯᠡᠰ ᠤᠨ ᠪᠥᠬᠦ ᠠᠵᠤ ᠦᠢᠯᠡᠰ ᠤᠨ ᠬᠡᠯᠬᠢᠶᠡᠨ ᠤ ᠦᠢᠯᠡᠳᠬᠦᠨ ᠤ ᠥᠷᠲᠡᠭ 2500 ᠳ᠋ᠦᠩᠰᠢᠭᠤᠷ ᠲᠥᠭᠦᠷᠢᠭ ᠲᠤ ᠬᠦᠷᠴᠦ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠦᠢᠯᠡᠳᠦᠯᠭᠡᠵᠢᠭᠦᠯᠬᠦ ᠳᠤ ᠥᠪᠥᠷ ᠮᠣᠩᠭᠤᠯ ᠤᠨ ᠬᠦᠴᠦᠨ ᠴᠢᠳᠠᠯ ᠢᠶᠠᠨ ᠡᠷᠭᠦᠪᠡ᠃      ᠤᠯᠤᠰ ᠤᠨ ᠰᠠᠭᠠᠯᠢ ᠶᠢᠨ ᠦᠨᠢᠶᠡᠨ ᠤ ᠠᠵᠤ ᠦᠢᠯᠡᠰ ᠤᠨ ᠮᠡᠷᠭᠡᠵᠢᠯ ᠤᠨ ᠰᠢᠰᠲ᠋ᠧᠮ ᠤᠨ ᠲᠡᠷᠢᠭᠦᠨ ᠰᠠᠭᠤᠳᠠᠯ ᠤᠨ ᠰᠢᠨᠵᠢᠯᠡᠬᠦ ᠤᠬᠠᠭᠠᠨᠲᠠᠨ᠂ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠫᠷᠤᠹᠧᠰᠰᠤᠷ ᠯᠢ ᠱᠧᠩ ᠯᠢ ᠥᠪᠥᠷ ᠮᠣᠩᠭᠤᠯ ᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠤ ᠰᠦ ᠶᠢᠨ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠬᠦ᠂ ᠠᠵᠤ ᠦᠢᠯᠡᠰ ᠤᠨ ᠬᠡᠯᠬᠢᠶ᠎ᠡ ᠶᠢ ᠪᠦᠲᠦᠭᠡᠨ ᠪᠠᠶᠢᠭᠤᠯᠬᠤ᠂ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠬᠦ᠂ ᠠᠵᠤ ᠦᠢᠯᠡᠰ ᠤᠨ ᠬᠦᠴᠢᠷᠳᠡᠯ ᠢ ᠰᠢᠢᠳᠪᠦᠷᠢᠯᠡᠬᠦ ᠵᠡᠷᠭᠡ ᠲᠠᠯ᠎ᠠ ᠪᠠᠷ ᠣᠯᠣᠭᠰᠠᠨ ᠲᠣᠪᠣᠶᠢᠮ᠎ᠠ ᠦᠷ᠎ᠡ ᠪᠦᠲᠦᠮᠵᠢ ᠶᠢ ᠭᠦᠢᠴᠡᠳ ᠨᠤᠲᠠᠯᠠᠪᠠ᠃ ᠡᠭᠦᠨ ᠤ ᠬᠠᠮᠲᠤ ᠳᠡᠯᠡᠬᠡᠢ ᠶᠢᠨ ᠪᠠ ᠤᠯᠤᠰ ᠤᠨ ᠳᠣᠲᠣᠭᠠᠳᠤ ᠶᠢᠨ ᠰᠦ ᠶᠢᠨ ᠦᠢᠯᠡᠰ ᠤᠨ ᠦᠢᠯᠡᠳᠪᠦᠷᠢᠯᠡᠯ ᠤᠨ ᠪᠠᠶᠢᠳᠠᠯ ᠪᠣᠯᠣᠨ ᠬᠥᠭᠵᠢᠯᠲᠡ ᠶᠢᠨ ᠬᠠᠨᠳᠤᠰᠢ ᠵᠡᠷᠭᠡ ᠲᠠᠯ᠎ᠠ ᠪᠠᠷ ᠭᠦᠨᠵᠡᠭᠡᠢ ᠲᠠᠶᠢᠯᠤᠮᠵᠢ ᠬᠢᠭᠰᠡᠨ ᠤ ᠬᠠᠮᠲᠤ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠰᠦ ᠶᠢᠨ ᠦᠢᠯᠡᠰ ᠤᠨ ᠬᠥᠭᠵᠢᠯᠲᠡ ᠶᠢᠨ ᠲᠤᠬᠠᠢ ᠰᠠᠨᠠᠭᠤᠯᠭ᠎ᠠ ᠶᠢ ᠳᠤᠷᠠᠳᠤᠨ ᠭᠠᠷᠭᠠᠵᠤ᠂ ᠰᠦ ᠶᠢᠨ ᠢᠷᠡᠯᠲᠡ ᠶᠢᠨ ᠪᠦᠲᠦᠴᠡ ᠶᠢ ᠲᠣᠬᠢᠷᠠᠭᠤᠯᠬᠤ᠂ ᠲᠡᠷᠢᠵᠦ ᠲᠡᠵᠢᠭᠡᠬᠦ ᠶᠢ ᠤᠶᠠᠯᠳᠤᠭᠤᠯᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠰᠢᠨ᠎ᠡ ᠶᠢ ᠡᠭᠦᠳᠬᠦ ᠶᠢ ᠴᠢᠩᠭᠠᠳᠬᠠᠬᠤ᠂ ᠬᠡᠷᠡᠭᠯᠡᠭᠡ ᠶᠢ ᠬᠥᠲᠥᠯᠥᠨ ᠵᠢᠯᠤᠭᠤᠳᠬᠤ ᠠᠵᠢᠯ ᠢ ᠴᠢᠩᠭᠠᠳᠬᠠᠬᠤ ᠵᠡᠷᠭᠡ ᠲᠠᠯ᠎ᠠ ᠶᠢᠨ ᠴᠢᠬᠤᠯᠠ ᠴᠢᠨᠠᠷ ᠢ ᠣᠨᠴᠠᠭᠠᠶᠢᠯᠠᠨ ᠴᠢᠬᠤᠯᠠᠴᠢᠯᠠᠭᠰᠠᠨ ᠪᠠᠶᠢᠨ᠎ᠠ᠃ ᠪᠦᠯᠬᠦᠮ ᠤᠨ ᠪᠤᠰᠤᠳ ᠲᠤᠰᠬᠠᠢ ᠮᠡᠷᠭᠡᠵᠢᠯᠲᠡᠨ ᠥᠪᠡᠷ ᠥᠪᠡᠷ ᠤᠨ ᠬᠦᠷᠢᠶ᠎ᠡ ᠬᠡᠪᠴᠢᠶ᠎ᠡ ᠠᠴᠠ ᠪᠠᠨ ᠪᠣᠳᠠᠲᠠᠢ ᠰᠠᠨᠠᠭᠤᠯᠭ᠎ᠠ ᠳᠤᠷᠠᠳᠴᠠᠢ᠃      ᠲᠠᠷᠠᠭᠠᠴᠢ ᠶᠢᠨ ᠠᠯᠬᠤᠮ ᠳᠤ᠂ ᠬᠤᠶᠠᠷ ᠲᠠᠯ᠎ᠠ ᠪᠠᠷ ᠢᠶᠠᠨ ︽ᠠᠷᠪᠠᠨ ᠳᠥᠷᠪᠡᠳᠦᠭᠡᠷ ᠲᠠᠪᠤᠨ ᠵᠢᠯ︾ ᠤᠨᠰᠦ ᠶᠢᠨ ᠦᠢᠯᠡᠰ ᠤᠨ ᠲᠥᠷᠥ ᠶᠢᠨ ᠪᠣᠳᠣᠯᠭ᠎ᠠ ᠶᠢᠨ ᠦᠷ᠎ᠡ ᠪᠦᠲᠦᠮᠵᠢ ᠶᠢ ᠪᠥᠬᠦ ᠲᠠᠯ᠎ᠠ ᠪᠠᠷ ᠡᠮᠬᠢᠯᠡᠵᠦ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢ ᠰᠤᠳᠤᠯᠤᠨ ᠳᠤᠷᠠᠳᠴᠤ᠂ ᠰᠦ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢ ᠦᠨᠡᠯᠡᠨ ᠵᠢᠱᠢᠭᠰᠡᠨ ᠮᠡᠳᠡᠭᠦᠯᠦᠯᠲᠡ ᠶᠢ ᠪᠣᠶ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ︽ᠠᠷᠪᠠᠨ ᠲᠠᠪᠤᠳᠤᠭᠠᠷ ᠲᠠᠪᠤᠨ ᠵᠢᠯ︾ ᠤᠨ ᠬᠤᠭᠤᠴᠠᠭᠠᠨ ᠳᠠᠬᠢ ᠰᠦ ᠶᠢᠨ ᠦᠢᠯᠡᠰ ᠢ ᠳᠡᠮᠵᠢᠬᠦ ᠲᠥᠷᠥ ᠶᠢᠨ ᠪᠣᠳᠣᠯᠭ᠎ᠠ ᠶᠢ ᠰᠢᠨᠵᠢᠯᠡᠬᠦ ᠤᠬᠠᠭᠠᠨᠴᠢ ᠪᠠᠷ ᠰᠦᠪᠡᠭᠴᠢᠯᠡᠬᠦ ᠳᠤ ᠰᠢᠢᠳᠪᠦᠷᠢᠲᠦ ᠪᠣᠳᠣᠯᠭ᠎ᠠ ᠶᠢᠨ ᠦᠨᠳᠦᠰᠦᠯᠡᠯ ᠬᠠᠩᠭᠠᠨ᠎ᠠ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号