ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠠᠴᠠ | ᠣᠶᠢᠯᠠᠭᠠᠭᠰᠠᠨ ᠢᠶᠠᠷ᠂ ᠣᠶᠢᠷ᠎ᠠ ᠳᠤ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ᠂ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ | ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠬᠠᠮᠲᠤᠷᠠᠨ ︽2025 ᠣᠨ ᠤ ᠪᠦᠭᠦ ᠣᠷᠣᠨ ᠤ ᠲᠠᠷᠢᠶᠠᠯᠠᠩ ᠤᠨ | ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠵᠢᠯ ᠤᠨ ᠲᠥᠰᠥᠯ︾ ᠢ | ᠳᠠᠷᠤᠮᠠᠯᠯᠠᠨ ᠲᠠᠷᠬᠠᠭᠠᠵᠤ᠂ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ | ᠬᠠᠷᠠᠯᠲᠠ ᠡᠭᠦᠷᠭᠡ ᠶᠢ ᠤᠯᠠᠮ ᠨᠢᠭᠡ ᠠᠯᠬᠤᠮ ᠲᠣᠳᠣᠷᠬᠠᠶᠢᠯᠠᠨ᠂ ᠪᠦᠭᠦ ᠣᠷᠣᠨ ᠤ ᠲᠠᠷᠢᠶᠠᠯᠠᠩ ᠤᠨ ᠤᠰᠤ ᠠᠷᠪᠢᠯᠠᠬᠤ | ᠠᠵᠢᠯᠯᠠᠭ᠎ᠠ ᠶᠢ ᠶᠡᠭᠡ ᠪᠠᠷ ᠠᠬᠢᠭᠤᠯᠵᠤ᠂ ᠲᠠᠷᠢᠶᠠᠯᠠᠩ ᠤᠨ ᠤᠰᠤ ᠬᠡᠷᠡᠭᠯᠡᠬᠦ ᠠᠷᠭ᠎ᠠ ᠭᠡᠯᠪᠡᠷᠢ ᠶᠢ ᠠᠷᠪᠢᠴᠢ ᠭᠠᠮᠲᠠᠢ | ᠡᠷᠴᠢᠮᠵᠢᠭᠦᠯᠦᠨ ᠠᠰᠢᠭᠯᠠᠬᠤ ᠲᠡᠶᠢᠰᠢ ᠬᠤᠪᠢᠷᠠᠭᠤᠯᠬᠤ ᠶᠢ ᠲᠦᠷᠭᠡᠳᠬᠡᠨ ᠠᠬᠢᠭᠤᠯᠪᠠ᠃ | ︽ᠲᠥᠰᠥᠯ︾ ᠳᠤ᠂ ᠥᠭᠡᠷᠡᠴᠢᠯᠡᠯᠲᠡ ᠶᠢᠨ ᠬᠡᠷᠡᠭᠵᠢᠭᠦᠯᠬᠦ ᠬᠡᠪᠴᠢᠶ᠎ᠡ ᠶᠢ ᠵᠦᠢ ᠵᠣᠬᠢᠰᠲᠠᠢ ᠬᠢᠨᠠᠨ ᠬᠠᠷᠭᠤᠭᠤᠯᠬᠤ᠂ | ︽ᠳᠥᠷᠪᠡᠨ ᠵᠦᠢᠯ ᠤᠨ ᠲᠣᠭᠲᠠᠴᠠ︾ ᠶᠢ ᠰᠢᠰᠲ᠋ᠧᠮ ᠲᠠᠢ ᠥᠷᠨᠢᠭᠦᠯᠬᠦ᠂ ᠲᠠᠷᠢᠶᠠᠯᠠᠩ ᠤᠨ ᠤᠰᠤ ᠠᠷᠪᠢᠯᠠᠵᠤ ᠦᠷ᠎ᠡ | ᠠᠰᠢᠭ ᠢ ᠨᠡᠮᠡᠭᠳᠡᠭᠦᠯᠬᠦ ︽ᠲᠠᠪᠤᠨ ᠵᠦᠢᠯ ᠤᠨ ᠳᠦᠷᠢᠮ ᠤᠨ ᠰᠢᠰᠲ᠋ᠧᠮ︾ ᠢ ᠪᠠᠶᠢᠭᠤᠯᠤᠨ ᠪᠦᠷᠢᠨᠰᠢᠭᠦᠯᠬᠦ᠂ | ᠥᠭᠡᠷᠡᠴᠢᠯᠡᠯᠲᠡ ᠶᠢ ᠰᠢᠯᠭᠠᠨ ᠠᠪᠬᠤ ᠪᠠ ᠲᠤᠷᠰᠢᠯᠭ᠎ᠠ ᠪᠠᠨ ᠳ᠋ᠦᠩᠨᠡᠬᠦ ᠠᠵᠢᠯ ᠢ ᠰᠠᠶᠢᠲᠤᠷ ᠬᠢᠬᠦ ᠵᠡᠷᠭᠡ | ᠥᠭᠡᠷᠡᠴᠢᠯᠡᠯᠲᠡ ᠶᠢᠨ ᠡᠭᠦᠷᠭᠡ ᠶᠢ ᠪᠠᠶᠢᠷᠢᠯᠠᠭᠤᠯᠤᠭᠰᠠᠨ ᠪᠥᠭᠡᠳ ᠡᠭᠦᠷᠭᠡ ᠬᠠᠷᠠᠯᠲᠠ ᠶᠢ ᠠᠶᠢᠮᠠᠭ ᠬᠤᠲᠠ ᠳᠤ | ᠨᠠᠷᠢᠯᠢᠭᠵᠢᠭᠤᠯᠤᠨ ᠬᠤᠪᠢᠶᠠᠷᠢᠯᠠᠵᠤ᠂ ᠡᠭᠦᠷᠭᠡ ᠶᠢᠨ ᠨᠠᠷᠢᠨ ᠲᠠᠩᠰᠠ᠂ ᠠᠵᠢᠯ ᠤᠨ ᠬᠤᠪᠢᠶᠠᠷᠢᠯᠠᠯ ᠬᠢᠭᠡᠳ ᠴᠠᠭ ᠤᠨ | ᠵᠠᠩᠭᠢᠯᠠᠭ᠎ᠠ ᠶᠢ ᠲᠣᠳᠣᠷᠬᠠᠶᠢᠯᠠᠵᠤ᠂ ᠥᠭᠡᠷᠡᠴᠢᠯᠡᠯᠲᠡ ᠶᠢᠨ ᠡᠭᠦᠷᠭᠡ ᠶᠢ ᠴᠠᠭ ᠲᠤᠬᠠᠢ ᠳᠤᠨᠢ ᠴᠢᠨᠠᠷ ᠰᠠᠶᠢᠲᠠᠢ ᠪᠡᠶᠡᠯᠡᠭᠦᠯᠬᠦ ᠶᠢ | ᠪᠠᠲᠤᠯᠠᠬᠤ ᠬᠡᠷᠡᠭᠲᠡᠢ ᠭᠡᠵᠦ ᠱᠠᠭᠠᠷᠳᠠᠵᠠᠢ᠃ | ︽ᠲᠥᠰᠥᠯ︾ ᠳᠤ᠂ 2025 ᠣᠨ ᠤ ᠰᠡᠭᠦᠯᠴᠢ ᠪᠤᠯᠲᠠᠯ᠎ᠠ ᠡᠯ᠎ᠡ ᠠᠶᠢᠮᠠᠭ ᠬᠤᠲᠠ ᠶᠢᠨ ᠬᠢᠨ ᠪᠦᠲᠦᠮᠵᠢᠲᠡᠶ | ᠤᠰᠤᠯᠠᠯᠲᠠ ᠶᠢᠨ ᠲᠠᠯᠠᠪᠠᠶ ᠶᠢᠨ ︽ᠥᠭᠡᠷᠡᠴᠢᠯᠡᠬᠦ ᠵᠣᠬᠢᠰᠲᠠᠢ ᠶᠢ ᠨᠢ ᠪᠦᠭᠦᠨ ᠢ ᠥᠭᠡᠷᠡᠴᠢᠯᠡᠬᠦ︾ ᠵᠠᠷᠴᠢᠮ ᠶᠣᠰᠣᠭᠠᠷ᠂ | ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠬᠡᠷᠡᠭᠵᠢᠭᠦᠯᠬᠦ ᠲᠠᠯᠠᠪᠠᠶ ᠶᠢ | ᠤᠯᠠᠮ ᠨᠢᠭᠡ ᠠᠯᠬᠤᠮ ᠬᠢᠨᠠᠨ ᠲᠣᠭᠲᠠᠭᠠᠵᠤ᠂ ᠰᠢᠨ᠎ᠡ ᠪᠠᠷ ᠨᠡᠮᠡᠭᠳᠡᠭᠰᠡᠨ ᠥᠭᠡᠷᠡᠴᠢᠯᠡᠯᠲᠡ ᠶᠢᠨ ᠲᠠᠯᠠᠪᠠᠶ ᠶᠢ ᠪᠣᠳᠠᠲᠠᠢ ᠳᠤ | ᠨᠠᠶᠢᠳᠠᠪᠤᠷᠢᠵᠢᠭᠤᠯᠵᠤ᠂ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ | ᠡᠭᠦᠷᠭᠡ ᠶᠢ ᠪᠦᠭᠦ ᠲᠠᠯ᠎ᠠ ᠪᠠᠷ ᠪᠡᠶᠡᠯᠡᠭᠦᠯᠬᠦ ᠶᠢᠨ ᠬᠠᠮᠲᠤ ᠰᠢᠯᠭᠠᠨ ᠠᠪᠤᠨ᠎ᠠ᠃ ᠨᠢᠭᠡᠨᠲᠡ ᠪᠡᠶᠡᠯᠡᠭᠦᠯᠦᠭᠰᠡᠨ 4969 ᠲᠦᠮᠡᠨ | ᠮᠦ ᠶᠢᠨ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠡᠭᠦᠷᠭᠡ ᠶᠢ ︽ᠡᠷᠭᠢᠨ | ᠬᠠᠷᠠᠬᠤ︾ ᠠᠵᠢᠯ ᠥᠷᠨᠢᠭᠦᠯᠵᠦ᠂ ᠣᠶᠢᠷ᠎ᠠ ᠶᠢᠨ 10 ᠵᠢᠯ ᠳᠠᠬᠢ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ | ᠪᠦᠷᠢᠯᠳᠦᠬᠦ ᠲᠣᠭᠲᠠᠴᠠ᠂ ᠤᠰᠤ ᠬᠡᠷᠡᠭᠯᠡᠬᠦ ᠬᠠᠮᠢᠶᠠᠷᠤᠯᠲᠠ ᠶᠢᠨ ᠲᠣᠭᠲᠠᠴᠠ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠪᠠ | ᠬᠠᠮᠢᠶᠠᠷᠴᠤ ᠬᠠᠮᠠᠭᠠᠯᠠᠬᠤ ᠲᠣᠭᠲᠠᠴᠠ᠂ ᠨᠠᠷᠢᠯᠢᠭ ᠣᠨᠣᠴᠠᠲᠠᠢ ᠨᠥᠬᠦᠪᠦᠷᠢ ᠥᠭᠬᠦ ᠪᠠ ᠤᠰᠤ ᠠᠷᠪᠢᠯᠠᠬᠤ ᠱᠠᠩᠨᠠᠯ ᠤᠨ | ᠲᠣᠭᠲᠠᠴᠠ ᠶᠢ ᠪᠠᠶᠢᠭᠤᠯᠤᠭᠰᠠᠨ ᠪᠠᠶᠢᠳᠠᠯ ᠪᠠ ᠠᠵᠢᠯᠯᠠᠭᠤᠯᠤᠭᠰᠠᠨ ᠪᠠᠶᠢᠳᠠᠯ ᠢ ᠰᠢᠰᠲ᠋ᠧᠮ ᠲᠠᠢ ᠡᠮᠬᠢᠯᠡᠨ᠎ᠡ᠃ ᠲᠠᠷᠢᠶᠠᠯᠠᠩ ᠤᠨ | ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ ᠳᠦᠷᠢᠮ ᠤᠨ ᠲᠥᠷᠥ ᠶᠢᠨ ᠪᠣᠳᠣᠯᠭ᠎ᠠ ᠶᠢ ᠲᠦᠷᠭᠡᠳᠬᠡᠨ | ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨᠴᠢ ᠪᠠᠷ ᠤᠰᠤᠯᠠᠬᠤ ᠳᠦᠷᠢᠮ ᠤᠨ ᠰᠢᠰᠲ᠋ᠧᠮ᠂ ᠤᠰᠤ ᠬᠡᠷᠡᠭᠯᠡᠬᠦ ᠬᠢᠨᠠᠨ | ᠬᠡᠮᠵᠢᠯᠲᠡ ᠶᠢᠨ ᠰᠢᠰᠲ᠋ᠧᠮ᠂ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠲᠥᠷᠥ ᠶᠢᠨ ᠪᠣᠳᠣᠯᠭ᠎ᠠ ᠶᠢᠨ ᠰᠢᠰᠲ᠋ᠧᠮ᠂ | ᠤᠰᠤ ᠠᠷᠪᠢᠯᠠᠬᠤ ᠵᠠᠬ᠎ᠠ ᠳᠡᠯᠭᠡᠭᠦᠷ ᠤᠨ ᠳᠦᠷᠢᠮ ᠤᠨ ᠰᠢᠰᠲ᠋ᠧᠮ ᠪᠣᠯᠣᠨ ᠤᠰᠤ ᠠᠷᠪᠢᠯᠠᠬᠤ ᠮᠡᠷᠭᠡᠵᠢᠯ ᠬᠢᠭᠡᠳ | ᠦᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠲᠠᠷᠢᠶᠠᠯᠠᠩ ᠤᠨ ᠤᠰᠤ ᠬᠡᠷᠡᠭᠯᠡᠬᠦ ᠦᠷ᠎ᠡ | ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠲᠠᠷᠢᠶ᠎ᠠ ᠲᠥᠮᠥᠰᠥ ᠶᠢᠨ ᠤᠨᠠᠯᠲᠠ ᠶᠢ ᠨᠡᠮᠡᠭᠳᠡᠭᠦᠯᠵᠦ ᠮᠠᠯᠴᠢᠨ | ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠤᠨ᠎ᠠ ᠭᠡᠵᠦ ᠳᠤᠷᠠᠳᠴᠠᠢ᠃ |