ᠮᠠᠨ ᠤ ᠣᠷᠣᠨ ᠤ ︽ᠮᠦᠩᠭᠦᠨ ᠪᠤᠭᠤᠷᠤᠯᠴᠤᠳ ᠤᠨ ᠠᠵᠢᠯᠯᠠᠭ᠎ᠠ︾ ᠶᠢᠨ ᠬᠡᠪᠴᠢᠶ᠎ᠡ ᠶᠢ ᠥᠷᠭᠡᠳᠬᠡᠨ ᠳᠡᠰ | ᠳᠡᠪᠰᠢᠭᠦᠯᠵᠦ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ︽ᠤᠮᠠᠷᠠᠲᠤ | ᠬᠢᠯᠢ ᠶᠢᠨ ᠪᠤᠭᠤᠷᠤᠯᠴᠤᠳ︾ ᠨᠠᠰᠤᠲᠠᠶᠢᠴᠤᠳ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠨᠡᠷᠡᠲᠦ ᠲᠡᠮᠳᠡᠭᠲᠦ ᠶᠢ | ᠢᠳᠡᠪᠬᠢᠲᠡᠢ ᠪᠠᠷ ᠡᠭᠦᠳᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ | ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠨᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠤᠬᠠᠭᠤᠯᠬᠤ ᠬᠡᠯᠲᠡᠰ᠂ ᠨᠡᠶᠢᠭᠡᠮ ᠤᠨ ᠠᠵᠢᠯ ᠤᠨ ᠬᠡᠯᠲᠡᠰ᠂ ᠠᠬᠠᠮᠠᠳ ᠺᠠᠳ᠋ᠷᠴᠤᠳ ᠤᠨ ᠲᠣᠪᠴᠢᠶ᠎ᠠ ᠵᠡᠷᠭᠡ 11 | ᠨᠢᠭᠡᠴᠡ ᠲᠠᠢ ᠬᠠᠮᠳᠤᠷᠠᠵᠤ᠂ ᠥᠪᠡᠷᠲᠡᠭᠡᠨ ᠵᠠᠰᠠᠬᠤ ᠣᠷᠣᠨ ᠤ ᠨᠠᠰᠤᠲᠠᠶᠢᠴᠤᠳ ᠤᠨ ᠠᠵᠢᠯ ᠤᠨ ᠵᠥᠪᠯᠡᠯ ᠤᠨ ᠠᠯᠪᠠᠨ | ᠭᠡᠷ ᠲᠠᠢ ᠬᠠᠮᠵᠢᠯᠴᠠᠨ 5 ᠰᠠᠷ᠎ᠠ ᠶᠢᠨ 24 ᠤ ᠡᠳᠦᠷ ᠤᠨ ᠦᠳᠡ ᠶᠢᠨ ᠡᠮᠦᠨ᠎ᠡ ᠬᠥᠬᠡᠬᠤᠲᠠ ᠳᠤ ︽ᠤᠮᠠᠷᠠᠲᠤ | ᠬᠢᠯᠢ ᠶᠢᠨ ᠪᠤᠭᠤᠷᠤᠯᠴᠤᠳ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦ ᠨᠡᠮᠡᠷᠢᠯᠡᠬᠦ ᠠᠶᠠᠯᠠᠯ︾ | ᠵᠢᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2025 ᠣᠨ ᠤ ᠨᠠᠰᠤᠲᠠᠶᠢᠴᠤᠳ ᠤᠨ ᠰᠠᠶᠢᠨ | ᠳᠤᠷ᠎ᠠ ᠶᠢᠨ ᠦᠢᠯᠡᠴᠢᠯᠡᠭᠡᠨ ᠤ ᠲᠥᠪᠯᠡᠷᠡᠩᠭᠦᠢ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠢ ᠶᠠᠪᠤᠭᠳᠠᠭᠤᠯᠪᠠ᠃ | | | | | | ᠲᠣᠰ ᠤᠳᠠᠭᠠᠨ ᠤ ᠠᠵᠢᠯᠯᠠᠭ᠎ᠠ ᠳᠤ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ | ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠠᠵᠢᠯ ᠠᠴᠠ ᠪᠠᠨ ᠠᠮᠠᠷᠠᠭᠰᠠᠳ ᠤᠨ ᠠᠵᠢᠯ ᠤᠨ ᠭᠠᠵᠠᠷ | ᠠᠴᠠ 14 ᠠᠬᠠᠮᠠᠳ ᠲᠤᠰᠬᠠᠢ ᠮᠡᠷᠭᠡᠵᠢᠯᠲᠡᠨ᠂ ᠠᠬᠠᠮᠠᠳ ᠨᠠᠮ ᠤᠨ ᠭᠡᠰᠢᠭᠦᠨ ᠢ ᠵᠣᠬᠢᠶᠠᠨ ᠪᠠᠶᠢᠭᠤᠯᠤᠨ ᠣᠷᠤᠯᠴᠠᠪᠠ᠃ | ᠡᠬᠢᠯᠡᠯᠲᠡ ᠶᠢᠨ ᠶᠣᠰᠣᠯᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠨᠠᠰᠤᠲᠠᠶᠢᠴᠤᠳ ᠤᠨ ᠠᠵᠢᠯ ᠤᠨ ᠵᠥᠪᠯᠡᠯ ᠤᠨ | ᠠᠯᠪᠠᠨ ᠭᠡᠷ ᠤᠨ ᠡᠷᠬᠢᠯᠡᠭᠴᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠨᠠᠮ ᠤᠨ | ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠺᠠᠩ ᠰᠢᠤᠸᠠᠢ ᠳ᠋ᠦᠩ᠂ ᠥᠪᠡᠷᠲᠡᠭᠡᠨ ᠵᠠᠰᠠᠬᠤ | ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ ᠰᠠᠷᠠᠨᠴᠢᠮᠡᠭ ᠲᠣᠰ ᠲᠣᠰ | ᠪᠠᠶᠠᠷ ᠤᠨ ᠦᠭᠡ ᠬᠡᠯᠡᠵᠦ᠂ ᠶᠡᠷᠦᠩᠬᠡᠢ ᠱᠦᠵᠢ ᠰᠢ ᠶᠢᠨ ᠫᠢᠩ ᠤᠨ ᠨᠠᠰᠤᠲᠠᠶᠢᠴᠤᠳ ᠤᠨ ᠠᠵᠢᠯ ᠤᠨ ᠲᠤᠬᠠᠢ | ᠴᠢᠬᠤᠯᠠ ᠵᠢᠭᠠᠪᠤᠷᠢ ᠶᠢ ᠭᠦᠨᠵᠡᠭᠡᠢ ᠲᠤᠭᠤᠰᠢᠯᠠᠭᠤᠯᠵᠤ᠂ ᠬᠥᠮᠥᠨ ᠠᠮᠠ ᠶᠢᠨ ᠨᠠᠰᠤᠵᠢᠯᠲᠠ ᠶᠢ ᠠᠷᠭᠠᠴᠠᠭᠠᠬᠤ | ᠪᠠᠶᠢᠯᠳᠤᠬᠤ ᠪᠣᠳᠣᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠬᠤ ᠬᠡᠷᠡᠭᠲᠡᠢ᠃ ᠬᠠᠮᠢᠶ᠎ᠠ ᠪᠦᠬᠦᠢ ᠳᠦᠷᠢᠮ ᠲᠤᠭᠳᠠᠭᠠᠯ | ᠶᠣᠰᠣᠭᠠᠷ ᠮᠦᠩᠭᠦᠨ ᠪᠤᠭᠤᠷᠤᠯᠴᠤᠳ ᠤᠨ ᠡᠬᠢ ᠪᠠᠶᠠᠯᠢᠭ ᠢ ᠠᠭᠤᠳᠠᠯᠵᠤ᠂ ︽ᠮᠦᠩᠭᠦᠨ ᠪᠤᠭᠤᠷᠤᠯᠴᠤᠳ ᠤᠨ | ᠠᠵᠢᠯᠯᠠᠭ᠎ᠠ︾ ᠶᠢ ᠥᠷᠨᠢᠭᠦᠯᠵᠦ᠂ ᠰᠤᠷᠭᠠᠨ ᠬᠥᠮᠦᠵᠢᠯ᠂ ᠡᠮᠴᠢᠯᠡᠭᠡ ᠵᠡᠷᠭᠡ ᠬᠦᠷᠢᠶ᠎ᠡ ᠴᠠᠷᠠᠭᠠᠨ ᠤ ᠠᠬᠠᠮᠠᠳ ᠳᠤᠮᠤᠭᠠᠳᠠᠢ | ᠲᠤᠰᠬᠠᠢ ᠮᠡᠷᠭᠡᠵᠢᠯᠲᠡᠳ ᠤᠨ ᠦᠯᠡᠳᠡᠪᠦᠷᠢ ᠢᠯᠴᠢ ᠪᠠᠨ ᠪᠠᠳᠠᠷᠠᠭᠤᠯᠬᠤ ᠶᠢ ᠬᠥᠲᠥᠯᠥᠨ ᠵᠢᠯᠤᠭᠤᠳᠬᠤ ᠬᠡᠷᠡᠭᠲᠡᠢ | ᠭᠡᠵᠦ ᠢᠯᠡᠷᠬᠡᠶᠢᠯᠡᠪᠡ᠃ | | | | | | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ | ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ 14 ᠠᠬᠠᠮᠠᠳ ᠲᠤᠰᠬᠠᠢ ᠮᠡᠷᠭᠡᠵᠢᠯᠲᠡᠨ | ︽ᠤᠮᠠᠷᠠᠲᠤ ᠬᠢᠯᠢ ᠶᠢᠨ ᠪᠤᠭᠤᠷᠤᠯᠴᠤᠳ︾ ᠤᠨ ᠰᠠᠶᠢᠨ ᠳᠤᠷ᠎ᠠ ᠶᠢᠨ ᠠᠵᠢᠯᠯᠠᠭᠴᠢ ᠶᠢᠨ ᠢᠷᠠᠭᠤ ᠠᠯᠳᠠᠷ ᠤᠨ ᠴᠣᠯᠠ | ᠭᠥᠷᠳᠡᠭᠰᠡᠨ ᠪᠥᠭᠡᠳ ︽ᠤᠮᠠᠷᠠᠲᠤ ᠬᠢᠯᠢ ᠶᠢᠨ ᠮᠥᠩᠭᠦᠨ ᠪᠤᠭᠤᠷᠤᠯᠴᠤᠳ︾ ᠨᠠᠰᠤᠲᠠᠶᠢᠴᠤᠳ ᠤᠨ ᠰᠠᠶᠢᠨ ᠳᠤᠷ᠎ᠠ ᠶᠢᠨ | ᠦᠢᠯᠡᠴᠢᠯᠡᠭᠡᠨ ᠤ ᠡᠩᠨᠡᠭᠡ ᠳᠤ ᠲᠤᠭ ᠣᠯᠭᠤᠬᠤ ᠶᠣᠰᠣᠯᠠᠯ ᠳᠤ ᠣᠷᠣᠯᠴᠠᠪᠠ᠃ ᠲᠠᠷᠢᠶᠠᠯᠠᠩ ᠮᠠᠯ ᠠᠵᠤ ᠠᠬᠤᠢ ᠪᠠ | ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠠᠵᠢᠯ ᠠᠴᠠ ᠪᠠᠨ ᠠᠮᠠᠷᠠᠭᠰᠠᠨ ᠨᠡᠷᠡᠲᠦ ᠲᠤᠰᠬᠠᠢ | ᠮᠡᠷᠭᠡᠵᠢᠯᠲᠡᠨ ᠴᠧᠩ ᠢᠦᠢ ᠯᠢᠨ ᠨᠥᠬᠦᠷ ᠨᠠᠰᠤᠲᠠᠶᠢᠴᠤᠳ ᠤᠨ ᠰᠠᠶᠢᠨ ᠳᠤᠷ᠎ᠠ ᠶᠢᠨ ᠦᠢᠯᠡᠴᠢᠯᠡᠭᠴᠢ ᠶᠢᠨ | ᠲᠥᠯᠥᠭᠡᠯᠡᠭᠴᠢ ᠶᠢᠨ ᠬᠤᠪᠢ ᠪᠠᠷ ᠶᠠᠷᠢᠶ᠎ᠠ ᠲᠠᠯᠪᠢᠵᠤ᠂ ᠡᠨᠡ ᠬᠦ ᠨᠡᠷᠡᠶᠢᠳᠦᠯ ᠨᠢ ᠠᠬᠠᠮᠠᠳ ᠨᠥᠬᠦᠳ ᠤᠨ | ᠥᠩᠭᠡᠷᠡᠭᠰᠡᠨ ᠤ ᠥᠩᠭᠡᠷᠡᠯᠲᠡ ᠶᠢ ᠮᠡᠳᠡᠷᠡᠵᠦ ᠪᠠᠶᠢᠬᠤ ᠪᠠᠷ ᠪᠠᠷᠠᠬᠤ ᠦᠭᠡᠢ᠂ ᠨᠠᠩ ᠴᠤ ᠤᠷᠤᠭᠰᠢᠯᠠᠯᠲᠠ ᠶᠢᠨ | ᠬᠥᠳᠡᠯᠭᠡᠬᠦ ᠬᠦᠴᠦᠨ ᠮᠥᠨ᠂ ᠢᠷᠡᠭᠡᠳᠦᠢ ᠳᠤ ᠲᠤᠰᠬᠠᠢ ᠮᠡᠷᠭᠡᠵᠢᠯ ᠤᠨ ᠳᠠᠪᠠᠭᠤᠯᠢᠭ ᠢᠶᠠᠨ ᠦᠷᠭᠦᠯᠵᠢᠯᠡᠨ | ᠪᠠᠳᠠᠷᠠᠭᠤᠯᠵᠤ᠂ ᠰᠠᠶᠢᠨ ᠳᠤᠷ᠎ᠠ ᠶᠢᠨ ᠦᠢᠯᠡᠴᠢᠯᠡᠭᠡ ᠳᠤ ᠢᠳᠡᠪᠬᠢᠲᠡᠢ ᠣᠷᠣᠯᠴᠠᠵᠤ᠂ ᠤᠮᠠᠷᠠᠲᠤ ᠬᠢᠯᠢ ᠶᠢᠨ | ᠬᠥᠭᠵᠢᠯᠲᠡ ᠳᠤ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠵᠦ᠂ ᠵᠣᠬᠢᠶᠠᠨ ᠪᠠᠶᠢᠭᠤᠯᠤᠯᠲᠠ ᠶᠢᠨ ᠢᠲᠡᠭᠡᠯ | ᠪᠠ ᠬᠦᠰᠡᠯ ᠡᠷᠡᠮᠡᠯᠵᠡᠯ ᠢ ᠬᠥᠰᠡᠷᠳᠡᠭᠦᠯᠬᠦ ᠦᠭᠡᠢ ᠭᠡᠵᠦ ᠢᠯᠡᠷᠬᠡᠶᠢᠯᠡᠪᠡ᠃ | | | | | | ᠲᠣᠰ ᠤᠳᠠᠭ᠎ᠠ ᠶᠢᠨ ᠠᠵᠢᠯᠯᠠᠭ᠎ᠠ ᠶᠢᠨ ᠳᠠᠷᠠᠭ᠎ᠠ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ | ᠮᠠᠯᠵᠢᠬᠤ ᠣᠷᠣᠨ ᠤ ᠲᠢᠩᠬᠢᠮ ᠤᠨ ᠨᠠᠰᠤᠲᠠᠶᠢᠴᠤᠳ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢᠨ ᠬᠢᠨ | ᠦᠷᠭᠦᠯᠵᠢᠯᠡᠨ ᠣᠷᠭᠢᠯᠤᠮ᠎ᠠ ᠬᠠᠯᠠᠭᠤᠨ ᠰᠡᠳᠬᠢᠯᠭᠡ ᠲᠠᠢ ᠪᠠᠶᠢᠵᠤ᠂ ᠤᠭ ᠰᠠᠨᠠᠭ᠎ᠠ ᠪᠠᠨ ᠪᠠᠷᠢᠮᠲᠠᠯᠠᠨ᠂ ᠡᠭᠦᠷᠭᠡ | ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠵᠦ᠂ ᠲᠤᠰᠠᠯᠠᠮᠵᠢ ᠭᠥᠷᠳᠡᠬᠦ ᠭᠠᠵᠠᠷ ᠣᠷᠣᠨ ᠳᠤ ᠬᠦᠷᠴᠦ ᠬᠠᠪᠰᠤᠷᠤᠨ | ᠲᠡᠳᠬᠦᠬᠦ ᠠᠵᠢᠯᠯᠠᠭ᠎ᠠ ᠥᠷᠨᠢᠭᠦᠯᠦᠨ᠎ᠡ ᠭᠡᠵᠦ ᠬᠦᠭᠰᠡᠵᠦ ᠪᠠᠶᠢᠯ᠎ᠠ︔ ᠲᠠᠷᠢᠶᠠᠯᠠᠩ ᠮᠠᠯ ᠠᠵᠤ ᠠᠬᠤᠢ ᠪᠠ ᠬᠦᠳᠡᠭᠡ | ᠲᠤᠰᠬᠤᠨ ᠮᠠᠯᠵᠢᠬᠤ ᠣᠷᠣᠨ ᠤ ᠲᠢᠩᠬᠢᠮ ᠤᠨ ᠠᠵᠢᠯ ᠠᠴᠠ ᠪᠠᠨ ᠠᠮᠠᠷᠠᠭᠰᠠᠳ ᠤᠨ ᠠᠵᠢᠯ ᠤᠨ ᠭᠠᠵᠠᠷ ᠴᠤ ᠠᠵᠢᠯ | ᠠᠴᠠ ᠪᠠᠨ ᠠᠮᠠᠷᠠᠭᠰᠠᠨ ᠬᠥᠮᠥᠰ ᠤᠨ ᠳᠠᠪᠠᠭᠤᠯᠢᠭ ᠦᠢᠯᠡᠳᠦᠯ ᠢ ᠰᠠᠶᠢᠲᠤᠷ ᠪᠠᠳᠠᠷᠠᠭᠤᠯᠬᠤ ᠪᠠᠷ ᠡᠭᠦᠷᠭᠡ ᠪᠠᠨ | ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠬᠦᠴᠦᠨ ᠨᠡᠮᠡᠷᠢᠯᠡᠵᠦ᠂ | ᠰᠢᠨ᠎ᠡ ᠵᠠᠮ ᠢ ᠨᠡᠭᠡᠭᠡᠵᠦ ᠳᠤᠮᠳᠠ ᠤᠷᠤᠰᠬᠠᠯ ᠳᠤ ᠣᠷᠣᠵᠤ᠂ ᠬᠥᠭᠵᠢᠯᠲᠡ ᠶᠢᠨ ᠰᠢᠨ᠎ᠡ ᠬᠠᠭᠤᠳᠠᠰᠤ ᠶᠢ | ᠪᠢᠴᠢᠭᠯᠡᠬᠦ ᠳᠤ ᠣᠶᠤᠨ ᠤᠬᠠᠭᠠᠨ ᠢᠶᠠᠨ ᠰᠢᠪᠬᠠᠵᠤ᠂ ᠬᠦᠴᠦᠨ ᠴᠢᠳᠠᠯ ᠢᠶᠠᠨ ᠡᠷᠭᠦᠬᠦ ᠪᠣᠯᠣᠨ᠎ᠠ᠃ |