ᠬᠥᠬᠡᠬᠤᠲᠠ ᠶᠢᠨ 2025 ᠣᠨ ᠤ ᠬᠠᠪᠤᠷ ᠤᠨ ᠤᠯᠠᠷᠢᠯ ᠤᠨ ᠬᠦᠨᠳᠦ ᠶᠡᠭᠡ ᠠᠮᠢᠲᠠᠨ ᠤ ᠬᠢᠵᠢᠭ ᠡᠪᠡᠳᠴᠢᠨ ᠤ ᠲᠦᠪᠯᠡᠷᠡᠩᠭᠦᠢ ᠡᠭᠡᠯᠢᠯᠡᠭᠡ ᠶᠢᠨ ᠠᠵᠢᠯ ᠲᠡᠭᠦᠰ ᠠᠮᠵᠢᠯᠲᠠ ᠲᠠᠢ ᠥᠨᠳᠥᠷᠯᠡᠪᠡ
ᠨᠡᠶᠢᠲᠡᠯᠡᠭᠰᠡᠨ ᠴᠠᠭ᠄
2025/5/30
      ︽2025 ᠣᠨ ᠤ ᠬᠥᠬᠡᠬᠤᠲᠠ ᠶᠢᠨ ᠮᠠᠯ ᠡᠮᠨᠡᠯᠭᠡ ᠶᠢᠨ ᠠᠵᠢᠯ ᠤᠨ ᠭᠤᠣᠯᠳᠠᠯᠭ᠎ᠠ︾ ᠵᠡᠷᠭᠡ ᠠᠵᠢᠯ ᠤᠨ ᠲᠥᠯᠥᠪᠯᠡᠭᠡ ᠶᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ ︵ᠬᠥᠬᠡᠬᠤᠲᠠ ᠲᠠᠷᠢᠶᠠᠯᠠᠩ ᠮᠠᠯ ᠡᠮᠨᠡᠯᠭᠡ ᠥᠰᠥᠭ ﹇2025﹈ 17 ᠳ᠋ᠤᠭᠠᠷ ᠲᠣᠭᠠᠲᠤ︶ ᠪᠣᠯᠣᠨ ᠪᠥᠬᠦ ᠬᠤᠲᠠ ᠶᠢᠨ ᠬᠠᠪᠤᠷ ᠤᠨ ᠰᠡᠷᠭᠡᠶᠢᠯᠡᠯᠲᠡ ᠶᠢᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠤᠨ ᠱᠠᠭᠠᠷᠳᠠᠯᠭ᠎ᠠ ᠶᠣᠰᠣᠭᠠᠷ᠂ ᠬᠥᠬᠡᠬᠤᠲᠠ ᠶᠢᠨ ᠬᠠᠷᠢᠶ᠎ᠠ ᠶᠢᠰᠦᠨ ᠬᠤᠰᠢᠭᠤ ᠰᠢᠶᠠᠨ ᠲᠣᠭᠤᠷᠢᠭ ᠤᠨ ᠬᠠᠪᠤᠷ ᠤᠨ ᠤᠯᠠᠷᠢᠯ ᠤᠨ ᠬᠦᠨᠳᠦ ᠶᠡᠭᠡ ᠠᠮᠢᠲᠠᠨ ᠤ ᠬᠢᠵᠢᠭ ᠡᠪᠡᠳᠴᠢᠨ ᠤ ᠲᠦᠪᠯᠡᠷᠡᠩᠭᠦᠢ ᠡᠭᠡᠯᠢᠯᠡᠭᠡ ᠶᠢᠨ ᠠᠵᠢᠯ ᠢ 2025 ᠣᠨ ᠤ 3 ᠰᠠᠷ᠎ᠠ ᠶᠢᠨ ᠳᠤᠮᠳᠠᠴᠢ ᠪᠠᠷ ᠵᠠᠯᠭᠠᠭ᠎ᠠ ᠪᠠᠷ ᠥᠷᠨᠢᠭᠦᠯᠵᠦ᠂ 5 ᠰᠠᠷ᠎ᠠ ᠶᠢᠨ ᠳᠤᠮᠳᠠᠴᠢ ᠪᠣᠯᠲᠠᠯ᠎ᠠ ᠪᠦᠬᠦᠨ ᠢ ᠳᠠᠭᠤᠰᠬᠠᠪᠠ᠃ ᠡᠭᠡᠯᠢᠯᠡᠭᠡ ᠶᠢᠨ ᠮᠠᠯ ᠵᠢᠭᠦᠷᠲᠡᠨ  ᠨᠢ ᠨᠡᠶᠢᠲᠡ1586.33 ᠲᠦᠮᠡ ︵ᠲᠣᠯᠤᠭᠠᠢ︶ ᠤᠳᠠᠭ᠎ᠠ ᠪᠠᠶᠢᠵᠤ᠂ ᠡᠭᠦᠨ ᠳᠤ ᠰᠢᠯᠦᠬᠡᠢ ᠡᠪᠡᠳᠴᠢᠨ᠂ ᠵᠢᠭᠦᠷᠲᠡᠨ ᠤ ᠬᠠᠯᠳᠠᠪᠤᠷᠢᠲᠤ ᠲᠠᠭᠰᠢᠭᠤᠷ᠂ ᠬᠡᠪᠢᠭᠴᠢ ᠮᠠᠯ ᠤᠨ ᠵᠢᠵᠢᠭ ᠬᠢᠵᠢᠭ᠂ ᠪᠷᠦ᠋ᠼᠧᠯ ᠡᠪᠡᠳᠴᠢᠨ ᠵᠡᠷᠭᠡ ᠠᠯᠪᠠᠳᠠᠯᠭ᠎ᠠ ᠪᠠᠷ ᠡᠭᠡᠯᠢᠯᠡᠭᠡ ᠶᠢᠨ ᠸᠠᠺᠼᠢᠨ ᠤ ᠲᠠᠷᠢᠯᠭ᠎ᠠ 919.82 ᠲᠦᠮᠡ ︵ᠲᠣᠯᠤᠭᠠᠢ︶᠂ ᠭᠠᠭ᠋ᠠᠢ ᠶᠢᠨ ᠬᠢᠵᠢᠭ᠂ ᠲᠠᠬᠢᠶᠠᠨ ᠤ ᠰᠢᠨ ᠴᠧᠩ ᠬᠢᠵᠢᠭ ᠵᠡᠷᠭᠡ ᠲᠥᠯᠥᠪᠯᠡᠭᠡᠲᠦ ᠡᠭᠡᠯᠢᠯᠡᠭᠡ ᠶᠢᠨ ᠸᠠᠺᠼᠢᠨ ᠤ ᠲᠠᠷᠢᠯᠭ᠎ᠠ 666.51 ᠲᠦᠮᠡ ᠤᠳᠠᠭ᠎ᠠ ᠬᠢᠵᠡᠢ᠃ ᠡᠭᠦᠨ ᠤ ᠬᠠᠮᠲᠤ ᠬᠠᠪᠤᠷ ᠤᠨ ᠤᠯᠠᠷᠢᠯ ᠤᠨ ᠠᠷᠢᠭᠤᠳᠬᠠᠬᠤ ᠪᠠᠺᠲ᠋ᠧᠷᠢ ᠶᠢ ᠡᠬᠢ ᠡᠭᠦᠰᠦᠯ ᠠᠴᠠ ᠨᠢ ᠤᠰᠠᠳᠬᠠᠬᠤ ᠠᠵᠢᠯ ᠢ ᠥᠷᠨᠢᠭᠦᠯᠵᠦ᠂ ᠨᠡᠶᠢᠲᠡ 16.36 ᠲᠣᠨ ᠠᠷᠢᠭᠤᠳᠬᠠᠬᠤ ᠡᠮ᠂ 9403 ᠲᠡᠵᠢᠭᠡᠨ ᠦᠷᠡᠵᠢᠭᠦᠯᠬᠦ ᠲᠠᠯᠠᠪᠠᠶ ︵ᠡᠷᠦᠬᠡ︶ ᠶᠢ ᠠᠷᠢᠭᠤᠳᠬᠠᠵᠤ᠂ ᠠᠷᠢᠭᠤᠳᠬᠠᠭᠰᠠᠨ ᠲᠠᠯᠠᠪᠠᠶ‌ᠨᠢ 325.49 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠡᠢ᠃ 
W020250529525296655453.jpg
       ᠬᠠᠪᠤᠷ ᠤᠨ ᠤᠯᠠᠷᠢᠯ ᠤᠨ ᠬᠦᠨᠳᠦ ᠶᠡᠭᠡ ᠠᠮᠢᠲᠠᠨ ᠤ ᠬᠢᠵᠢᠭ ᠡᠪᠡᠳᠴᠢᠨ ᠳᠤ ᠲᠦᠪᠯᠡᠷᠡᠩᠭᠦᠢ ᠡᠭᠡᠯᠢᠯᠡᠬᠦ ᠪᠠ ᠠᠷᠢᠭᠤᠳᠬᠠᠬᠤ ᠠᠵᠢᠯ ᠵᠡᠷᠭᠡ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠪᠠᠷ ᠳᠠᠮᠵᠢᠭᠤᠯᠤᠨ᠂ ᠪᠥᠬᠦ ᠬᠤᠲᠠ ᠶᠢᠨ ᠠᠮᠢᠲᠠᠨ ᠤ ᠬᠢᠵᠢᠭ ᠢ ᠰᠡᠷᠭᠡᠶᠢᠯᠡᠬᠦ ᠠᠮᠤᠷ ᠲᠦᠪᠰᠢᠨ ᠤ ᠬᠠᠯᠬᠠᠪᠴᠢ ᠶᠢ ᠤᠯᠠᠮ ᠨᠢᠭᠡ ᠠᠯᠬᠤᠮ ᠪᠠᠬᠢᠵᠢᠭᠦᠯᠵᠦ᠂ ᠮᠠᠯ ᠠᠵᠤ ᠠᠬᠤᠢ ᠶᠢᠨ ᠡᠷᠡᠭᠦᠯ ᠪᠥᠭᠡᠳ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠵᠤ᠂ ᠪᠥᠬᠦ ᠬᠤᠲᠠ ᠳᠤ ᠣᠷᠣᠨ ᠪᠦᠰᠡ ᠶᠢᠨ ᠴᠢᠨᠠᠷᠲᠠᠢ ᠬᠦᠨᠳᠦ ᠶᠡᠭᠡ ᠠᠮᠢᠲᠠᠨ ᠤ ᠬᠢᠵᠢᠭ ᠤᠨ ᠪᠠᠶᠢᠳᠠᠯ ᠡᠭᠦᠰᠬᠦ ᠦᠭᠡᠢ ᠪᠠ ᠮᠠᠯ ᠤᠨ ᠠᠰᠢᠭ ᠰᠢᠮ᠎ᠡ ᠶᠢᠨ ᠠᠮᠤᠷ ᠲᠦᠪᠰᠢᠨ ᠤ ᠬᠡᠷᠡᠭ ᠡᠭᠦᠰᠬᠦ ᠦᠭᠡᠢ ᠪᠠᠶᠢᠬᠤ ᠶᠢ ᠦᠨᠡᠨ ᠬᠦ ᠪᠠᠲᠤᠯᠠᠬᠤ ᠳᠤ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃
 
ᠢᠷᠡᠯᠲᠡ᠄ ᠬᠥᠬᠡᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号