5 ᠰᠠᠷ᠎ᠠ ᠶᠢᠨ 28 ᠤ ᠡᠳᠦᠷ ᠠᠴᠠ 29 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠲᠠᠷᠢᠶᠠᠨ | ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠦᠢᠯᠡᠴᠢᠯᠡᠭᠡᠨ ᠤ ᠲᠥᠪ ᠠᠴᠠ ᠬᠥᠬᠡᠬᠤᠲᠠ ᠳᠤ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ | ᠪᠣᠯᠪᠠᠰᠤᠷᠠᠯ ᠤᠨ ᠠᠩᠭᠢ ᠡᠷᠭᠢᠯᠡᠵᠦ᠂ ᠪᠣᠯᠪᠠᠰᠤᠷᠠᠯ ᠶᠢ ︽ᠲᠤᠰᠬᠠᠢ ᠮᠡᠷᠭᠡᠵᠢᠯᠲᠡᠨ ᠬᠢᠴᠢᠶᠡᠯᠯᠡᠬᠦ + ᠪᠥᠬᠦ ᠤᠯᠤᠰ ᠤᠨ | ᠸᠢᠳᠢᠤ᠋ ᠬᠤᠷᠠᠯ ᠳᠤ ᠣᠷᠣᠯᠴᠠᠬᠤ + ᠲᠠᠩᠬᠢᠮ ᠢ ᠳᠠᠭᠠᠵᠤ ᠰᠢᠯᠭᠠᠬᠤ + ᠶᠠᠷᠢᠯᠴᠠᠨ ᠰᠣᠯᠢᠯᠴᠠᠬᠤ︾ ᠬᠡᠯᠪᠡᠷᠢ ᠪᠠᠷ | ᠥᠷᠨᠢᠭᠦᠯᠪᠡ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ | ᠣᠷᠣᠨ ᠤ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠢᠩᠬᠢᠮ ᠤᠨ ᠳᠡᠳ᠋ ᠳᠠᠷᠤᠭ᠎ᠠ | ᠵᠠᠩ ᠢᠦᠢ ᠠᠩᠭᠢ ᠡᠬᠢᠯᠡᠬᠦ ᠶᠣᠰᠣᠯᠠᠯ ᠳᠤ ᠣᠷᠣᠯᠴᠠᠵᠤ ᠶᠠᠷᠢᠶ᠎ᠠ ᠲᠠᠯᠪᠢᠪᠠ︔ ᠥᠪᠡᠷᠲᠡᠭᠡᠨ ᠵᠠᠰᠠᠬᠤ ᠣᠷᠣᠨ ᠤ | ᠲᠤᠰᠬᠠᠢ ᠴᠡᠭᠴᠡᠯᠡᠨ ᠵᠠᠰᠠᠬᠤ ᠠᠵᠢᠯ ᠤᠨ ᠲᠤᠰᠬᠠᠢ ᠠᠩᠭᠢ ᠶᠢᠨ ᠪᠥᠬᠦ ᠺᠠᠳ᠋ᠷᠴᠤᠳ ᠪᠣᠯᠪᠠᠰᠤᠷᠠᠯ ᠳᠤ ᠣᠷᠣᠯᠴᠠᠪᠠ︔ | ᠪᠦᠬᠦ ᠣᠷᠣᠨ ᠤ 12 ᠠᠶᠢᠮᠠᠭ ᠬᠤᠳᠠ ᠶᠢᠨ 69 ᠬᠤᠰᠢᠭᠤ ᠰᠢᠶᠠᠨ ᠤ ᠵᠠᠭᠤ ᠰᠢᠬᠠᠮ ᠲᠤᠬᠠᠶᠢᠯᠠᠭᠰᠠᠨ ᠠᠵᠢᠯ ᠤᠨ | ᠭᠤᠣᠯᠯᠠᠭᠴᠢ ᠬᠦᠴᠦᠨ ᠪᠣᠯᠪᠠᠰᠤᠷᠠᠯ ᠳᠤ ᠣᠷᠣᠯᠴᠠᠪᠠ᠃ | ᠲᠢᠩᠬᠢᠮ ᠤᠨ ᠳᠡᠳ᠋ ᠳᠠᠷᠤᠭ᠎ᠠ ᠵᠠᠩ ᠢᠦᠢ ᠠᠩᠭᠢ ᠡᠬᠢᠯᠡᠬᠦ ᠶᠠᠷᠢᠶᠠᠨ ᠳᠠᠭᠠᠨ ᠴᠢᠬᠤᠯᠠᠴᠢᠯᠠᠭᠰᠠᠨ ᠨᠢ᠂ ᠤᠷᠤᠨ | ᠬᠤᠲᠠ ᠰᠢᠶᠠᠨ ᠭᠤᠷᠪᠠᠨ ᠱᠠᠲᠤᠨ ᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠰᠢᠰᠲ᠋ᠧᠮ ᠤᠨ | ᠲᠤᠰᠬᠠᠢ ᠮᠡᠷᠭᠡᠵᠢᠯ ᠤᠨ ᠬᠦᠴᠦᠨ ᠤ ︽ᠭᠤᠣᠯ ᠬᠦᠴᠦᠨ︾ ᠤ ᠦᠢᠯᠡᠳᠦᠯ ᠢ ᠭᠦᠢᠴᠡᠳ ᠪᠠᠳᠠᠷᠠᠭᠤᠯᠵᠤ᠂ ᠶᠡᠷᠦᠩᠬᠡᠢ | ᠱᠦᠵᠢ ᠰᠢ ᠶᠢᠨ ᠫᠢᠩ ᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠤᠬᠠᠢ | ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠤᠯᠤᠰ ᠪᠠ ᠥᠪᠡᠷᠲᠡᠭᠡᠨ | ᠵᠠᠰᠠᠬᠤ ᠣᠷᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠢ ᠲᠤᠭᠤᠰᠢᠯᠠᠭᠤᠯᠤᠨ᠂ ᠳᠡᠭᠡᠭᠰᠢ | ᠳᠣᠷᠣᠭᠰᠢ ᠨᠢᠭᠡ ᠬᠥᠯᠭᠡ ᠰᠢᠲᠠᠷ᠎ᠠ ᠲᠠᠯᠪᠢᠵᠤ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃ | ᠠᠷᠪᠠᠨ ᠲᠦᠷᠦᠯ ᠤᠨ ᠠᠰᠠᠭᠤᠳᠠᠯ ᠢ ᠴᠢᠩᠭ᠎ᠠ ᠠᠩᠬᠠᠷᠴᠤ᠂ ᠦᠵᠡᠯ ᠰᠠᠨᠠᠭ᠎ᠠ ᠪᠠᠨ ᠦᠨᠡᠨ ᠬᠦ ᠴᠢᠯᠦᠭᠡᠯᠡᠵᠦ᠂ | ︽ᠳᠠᠷᠠᠭᠠᠯᠠᠨ ᠪᠠᠶᠢᠴᠠᠭᠠᠬᠤ ᠳᠤ ᠲᠠᠪᠤᠨ ᠪᠣᠭᠤᠮᠲᠠ ᠶᠢ ᠳᠠᠪᠠᠭ᠋ᠤ᠂ ᠴᠡᠭᠴᠡᠯᠡᠨ ᠰᠠᠶᠢᠵᠢᠷᠠᠭᠤᠯᠬᠤ ᠳᠤ ᠲᠠᠪᠤᠨ | ᠨᠤᠷᠮ᠎ᠠ ᠶᠢ ᠳᠡᠭᠡᠭᠰᠢᠯᠡᠭᠦᠯᠬᠦ︾ ᠰᠡᠳᠬᠢᠴᠡ ᠪᠠᠷ ᠴᠡᠭᠴᠡᠯᠡᠨ ᠰᠠᠶᠢᠵᠢᠷᠠᠭᠤᠯᠬᠤ ᠶᠢ ᠠᠳᠬᠤᠵᠤ᠂ ᠡᠷᠬᠡᠪᠰᠢ ᠰᠢᠯᠢᠳᠡᠭ | ᠬᠢᠷᠢ ᠪᠦᠲᠦᠮᠵᠢ ᠣᠯᠬᠤ ᠬᠡᠷᠡᠭᠲᠡᠢ᠃ ᠡᠭᠦᠨ ᠤ ᠵᠡᠷᠭᠡ ᠳᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ | ︽ᠪᠠᠶᠢᠴᠠᠭᠠᠬᠤ ᠪᠠ ᠥᠭᠡᠷᠡᠴᠢᠯᠡᠨ ᠪᠠᠶᠢᠭᠤᠯᠬᠤ︾ ᠶᠢ ᠨᠢᠭᠡ ᠴᠣᠭᠴᠠᠵᠢᠭᠤᠯᠤᠨ ᠠᠬᠢᠭᠤᠯᠬᠤ ᠶᠢ ᠪᠠᠷᠢᠮᠲᠠᠯᠠᠵᠤ᠂ ᠣᠨ ᠤ | ᠪᠦᠲᠦᠭᠡᠨ ᠪᠠᠶᠢᠭᠤᠯᠤᠯᠲᠠ ᠶᠢᠨ ᠡᠭᠦᠷᠭᠡ ᠪᠠᠨ ᠲᠡᠷᠡ ᠬᠡᠪ ᠢᠶᠠᠷ ᠨᠢ ᠴᠢᠨᠠᠷ ᠰᠠᠶᠢᠲᠠᠢ ᠪᠡᠶᠡᠯᠡᠭᠦᠯᠬᠦ ᠬᠡᠷᠡᠭᠲᠡᠢ ᠭᠡᠵᠡᠢ᠃ | ᠪᠣᠯᠪᠠᠰᠤᠷᠠᠯ ᠤᠨ ᠠᠩᠭᠢ ᠨᠢ ᠲᠤᠰᠬᠠᠢ ᠴᠡᠭᠴᠡᠯᠡᠨ ᠵᠠᠰᠠᠬᠤ ︽4153︾ ᠠᠵᠢᠯᠯᠠᠭ᠎ᠠ ᠳᠤ ᠭᠦᠨᠵᠡᠭᠡᠢ | ᠲᠠᠶᠢᠯᠤᠮᠵᠢ ᠬᠢᠪᠡ︔ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ | ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠶᠠᠰᠤ ᠴᠢᠨᠠᠷ ᠢ ︽ᠡᠷᠭᠢᠵᠦ ᠦᠵᠡᠬᠦ︾ ᠪᠠ ᠲᠤᠰᠬᠠᠢ ᠴᠡᠭᠴᠡᠯᠡᠨ | ᠵᠠᠰᠠᠬᠤ ᠠᠵᠢᠯ ᠤᠨ ᠲᠤᠰᠬᠠᠢ ᠠᠩᠭᠢ ᠶᠢᠨ ᠭᠡᠰᠢᠭᠦᠨ᠂ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ | ᠰᠤᠷᠭᠠᠭᠤᠯᠢ ᠶᠢᠨ ᠫᠷᠤᠹᠧᠰᠰᠤᠷ ᠵᠢᠴᠢ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠤᠰᠤᠨ ᠠᠰᠢᠭᠯᠠᠯᠲᠠ ᠶᠢᠨ | ᠣᠯᠠᠨ ᠲᠤᠰᠬᠠᠢ ᠮᠡᠷᠭᠡᠵᠢᠯᠲᠡᠨ ᠢ ᠤᠷᠢᠵᠤ᠂ ᠠᠰᠠᠭᠤᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ | ᠮᠡᠷᠭᠡᠵᠢᠯ ᠤᠨ ᠭᠤᠣᠯᠳᠠᠯᠭ᠎ᠠ᠂ ᠲᠥᠷᠥᠯ ᠵᠦᠢᠯ ᠤᠨ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ᠂ ᠵᠢᠷᠤᠭ ᠢ | ᠬᠥᠮᠥᠷᠭᠡ ᠳᠤ ᠣᠷᠣᠭᠤᠯᠬᠤ᠂ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠦᠨᠡᠯᠡᠬᠦ᠂ ᠥᠨᠳᠥᠷ ᠪᠦᠲᠦᠮᠵᠢᠲᠡᠶ | ᠤᠰᠤ ᠠᠷᠪᠢᠯᠠᠬᠤ ᠲᠥᠷᠥᠯ ᠵᠦᠢᠯ᠂ ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠠᠵᠤ ᠠᠬᠤᠶᠢᠯᠠᠯ ᠢ ᠦᠨᠡᠯᠡᠬᠦ | ᠵᠡᠷᠭᠡ ᠭᠤᠣᠯᠳᠠᠯᠭ᠎ᠠ ᠲᠠᠢ ᠠᠭᠤᠯᠭ᠎ᠠ ᠶᠢᠨ ᠲᠣᠭᠤᠷᠢᠨ ᠳᠤ ᠲᠠᠶᠢᠯᠤᠮᠵᠢ ᠬᠢᠪᠡ᠃ |