ᠠᠰᠠᠭᠤᠯᠲᠠ᠄ ︽ᠠᠷᠭ᠎ᠠ︾ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ ᠲᠠᠷᠠᠭᠠᠴᠢ ᠶᠢᠨ ᠠᠯᠬᠤᠮ ᠳᠤ | ᠶᠠᠮᠠᠷ ᠶᠠᠮᠠᠷ ᠭᠤᠣᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠬᠢᠬᠦ ᠪᠣᠶ︖ | ᠬᠠᠷᠢᠭᠤᠯᠲᠠ᠄ ︽ᠠᠷᠭ᠎ᠠ︾ ᠶᠢ ᠪᠣᠳᠠᠲᠠᠢ ᠪᠠᠷ ᠬᠡᠷᠡᠭᠵᠢᠭᠦᠯᠦᠨ ᠦᠷ᠎ᠡ ᠪᠦᠲᠦᠮᠵᠢ ᠣᠯᠬᠤ ᠶᠢ ᠦᠨᠡᠨ ᠬᠦ | ᠪᠠᠲᠤᠯᠠᠬᠤ ᠶᠢᠨ ᠲᠥᠯᠥᠭᠡ᠂ ᠪᠢᠳᠡ ᠭᠤᠷᠪᠠᠨ ᠲᠠᠯ᠎ᠠ ᠪᠠᠷ ᠭᠤᠣᠯᠳᠠᠯᠭ᠎ᠠ ᠲᠠᠢ ᠠᠵᠢᠯ ᠤᠨ ᠡᠷᠴᠢᠮ ᠢᠶᠠᠨ | ᠴᠢᠩᠭᠠᠷᠠᠭᠤᠯᠤᠨ᠎ᠠ᠃ ᠨᠢᠭᠡ ᠳᠤ ᠤᠬᠠᠭᠤᠯᠤᠨ ᠲᠤᠭᠤᠰᠢᠯᠠᠭᠤᠯᠬᠤ ᠪᠣᠯᠪᠠᠰᠤᠷᠠᠯ ᠢ ᠴᠢᠩᠭᠠᠳᠬᠠᠨ᠎ᠠ᠃ ᠮᠠᠨ ᠤ | ᠤᠯᠤᠰ ᠤᠨ ᠮᠠᠯ ᠵᠢᠭᠦᠷᠲᠡᠨ ᠤ ᠲᠥᠷᠥᠯ ᠵᠦᠢᠯ ᠣᠯᠠᠨ᠂ ᠡᠭᠦᠯᠳᠡᠷ ᠤᠨ ᠵᠥᠷᠢᠶ᠎ᠡ ᠶᠡᠭᠡ᠂ ᠬᠥᠭᠵᠢᠯᠲᠡ ᠶᠢᠨ ᠬᠢᠷᠢ | ᠬᠡᠮᠵᠢᠶ᠎ᠡ ᠠᠳᠠᠯᠢ ᠪᠤᠰᠤ ᠵᠡᠷᠭᠡ ᠠᠰᠠᠭᠤᠳᠠᠯ ᠳᠤ ᠴᠢᠭᠯᠡᠭᠦᠯᠦᠨ᠂ ᠪᠢᠳᠡ ᠣᠯᠠᠨ ᠲᠠᠰ ᠳᠠᠪᠬᠤᠷᠭ᠎ᠠ᠂ ᠣᠯᠠᠨ | ᠬᠡᠯᠪᠡᠷᠢ ᠶᠢᠨ ᠤᠬᠠᠭᠤᠯᠭ᠎ᠠ ᠪᠣᠯᠪᠠᠰᠤᠷᠠᠯ ᠢ ᠥᠷᠨᠢᠭᠦᠯᠵᠦ᠂ ᠡᠯ᠎ᠡ ᠱᠠᠲᠤᠨ ᠤ ᠲᠠᠷᠢᠶᠠᠯᠠᠩ ᠬᠥᠳᠡᠭᠡ ᠲᠣᠰᠬᠤᠨ ᠤ | ᠰᠠᠯᠠᠭ᠎ᠠ ᠮᠥᠴᠢᠷ ᠪᠠ ᠦᠢᠯᠡᠳᠪᠦᠷᠢᠯᠡᠯ ᠡᠵᠡᠩᠨᠡᠯᠲᠡ ᠶᠢᠨ ᠪᠡᠶᠡᠴᠢ ᠴᠣᠭᠴᠠ ᠶᠢᠨ ︽ᠠᠷᠭ᠎ᠠ︾ ᠶᠢᠨ ᠡᠯ᠎ᠡ ᠵᠦᠢᠯ ᠤᠨ | ᠱᠠᠭᠠᠷᠳᠠᠯᠭ᠎ᠠ ᠶᠢ ᠰᠠᠶᠢᠲᠤᠷ ᠣᠶᠢᠯᠠᠭᠠᠵᠤ᠂ ᠰᠠᠶᠢᠲᠤᠷ ᠡᠵᠡᠮᠰᠢᠬᠦ ᠶᠢ ᠦᠨᠡᠨ ᠬᠦ ᠪᠠᠲᠤᠯᠠᠨ᠎ᠠ᠃ ᠬᠤᠶᠠᠷ ᠲᠤ ᠠᠵᠢᠯ ᠤᠨ | ᠲᠣᠭᠲᠠᠴᠠ ᠶᠢ ᠲᠡᠭᠦᠯᠳᠡᠷᠵᠢᠭᠦᠯᠦᠨ᠎ᠡ᠃ ᠡᠯ᠎ᠡ ᠱᠠᠲᠤᠨ ᠤ ᠲᠠᠷᠢᠶᠠᠯᠠᠩ ᠬᠥᠳᠡᠭᠡ ᠲᠣᠰᠬᠤᠨ ᠤ ᠰᠠᠯᠠᠭ᠎ᠠ ᠮᠥᠴᠢᠷ ᠤᠨ | ᠬᠤᠭᠤᠷᠣᠨᠳᠣᠬᠢ ᠵᠢᠴᠢ ᠲᠠᠷᠢᠶᠠᠯᠠᠩ ᠬᠥᠳᠡᠭᠡ ᠲᠣᠰᠬᠤᠨ ᠤ ᠰᠠᠯᠠᠭ᠎ᠠ ᠮᠥᠴᠢᠷ ᠬᠢᠭᠡᠳ ᠬᠠᠮᠢᠶ᠎ᠠ ᠪᠦᠬᠦᠢ ᠡᠭᠦᠷᠭᠡ | ᠴᠢᠳᠠᠪᠤᠷᠢᠲᠤ ᠰᠠᠯᠠᠭ᠎ᠠ ᠮᠥᠴᠢᠷ ᠤᠨ ᠬᠤᠭᠤᠷᠣᠨᠳᠣᠬᠢ ᠨᠡᠪᠲᠡᠷᠡᠯᠴᠡᠨ ᠬᠠᠮᠵᠢᠯᠴᠠᠬᠤ ᠲᠣᠭᠲᠠᠴᠠ ᠶᠢ ᠪᠠᠶᠢᠭᠤᠯᠵᠤ᠂ | ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃ ᠡᠭᠦᠨ ᠤ ᠬᠠᠮᠲᠤ᠂ ︽ᠠᠷᠭ᠎ᠠ︾ ᠶᠢᠨ ᠢᠵᠢ ᠪᠦᠷᠢᠳᠦᠭᠦᠯᠦᠨ | ᠬᠢᠨᠠᠨ ᠪᠠᠶᠢᠴᠠᠭᠠᠬᠤ ᠵᠢᠷᠤᠮᠵᠢᠯ ᠢ ᠲᠦᠷᠭᠡᠬᠡᠨ ᠨᠡᠶᠢᠲᠡᠯᠡᠵᠦ᠂ ᠮᠡᠳᠡᠭᠡ ᠵᠠᠩᠭᠢ ᠶᠢᠨ ᠰᠢᠰᠲ᠋ᠧᠮ ᠢ ᠰᠦᠯᠵᠢᠶᠡᠨ ᠳᠤ | ᠣᠷᠣᠭᠤᠯᠤᠨ ᠰᠢᠢᠳᠪᠦᠷᠢᠯᠡᠵᠦ᠂ ︽ᠠᠷᠭ᠎ᠠ︾ ᠶᠢᠨ ᠤᠷᠤᠭᠰᠢᠲᠠᠢ ᠬᠡᠷᠡᠭᠵᠢᠭᠦᠯᠦᠭᠳᠡᠬᠦ ᠶᠢ ᠦᠨᠡᠨ ᠬᠦ ᠪᠠᠲᠤᠯᠠᠨ᠎ᠠ᠃ | ᠭᠤᠷᠪᠠ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠳᠬᠠᠨ᠎ᠠ᠃ ᠬᠢᠨᠠᠨ ᠬᠠᠮᠢᠶᠠᠷᠬᠤ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠤᠨ᠂ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠶᠢ ᠵᠢᠷᠤᠮᠵᠢᠭᠤᠯᠤᠨ ᠥᠷᠨᠢᠭᠦᠯᠵᠦ᠂ ᠬᠠᠤᠯᠢ | ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠬᠠᠤᠯᠢ ᠶᠣᠰᠣᠭᠠᠷ ᠰᠢᠢᠳᠪᠦᠷᠢᠯᠡᠨ᠂ ᠡᠭᠦᠯᠳᠡᠷ ᠤᠨ ᠮᠠᠯ ᠵᠢᠭᠦᠷᠲᠡᠨ ᠤ | ᠦᠢᠯᠡᠳᠪᠦᠷᠢᠯᠡᠯ ᠡᠵᠡᠩᠨᠡᠯᠲᠡ ᠶᠢᠨ ᠡᠮᠬᠢ ᠳᠢᠭᠯᠢᠮ ᠢ ᠤᠯᠠᠮ ᠨᠢᠭᠡ ᠠᠯᠬᠤᠮ ᠵᠢᠷᠤᠮᠵᠢᠭᠤᠯᠤᠨ᠎ᠠ᠃ |