ᠤᠷᠠᠳ ᠤᠨ ᠬᠤᠶᠢᠲᠤ ᠬᠤᠰᠢᠭᠤᠨ ᠤ ᠴᠤᠬᠠᠦ᠋ᠨᠳᠦᠷ ᠪᠠᠯᠭᠠᠰᠤᠨ ᠤ ᠰᠢᠷᠠᠨᠠᠭᠤᠷ ᠭᠠᠴᠠᠭᠠᠨ ᠤ ᠮᠠᠯᠴᠢᠨ ᠴᠣᠭᠵᠢᠯᠲᠤ ᠶᠢᠨ ᠬᠢ ᠲᠡᠮᠡᠭᠡ ᠪᠠᠨ ᠨᠣᠣᠰᠣᠯᠠᠵᠤ ᠶᠠᠭᠠᠷᠠᠨ᠎ᠠ
ᠨᠡᠶᠢᠲᠡᠯᠡᠭᠰᠡᠨ ᠴᠠᠭ᠄
2025/5/30
82.png
      5 ᠰᠠᠷ᠎ᠠ ᠪᠣᠯ ᠭᠤᠪᠢ ᠶᠢᠨ ᠥᠷᠥᠴᠡᠨ ᠳᠤ ᠬᠠᠶᠢᠴᠢ ᠶᠢᠨ ᠲᠠᠭᠤ ᠬᠠᠩᠭᠢᠨᠠᠵᠤ᠂ ᠮᠠᠯᠴᠢᠳ ᠤᠨ ᠲᠡᠮᠡᠭᠡ ᠪᠠᠨ ᠵᠣᠭᠳᠣᠷᠯᠠᠨ ᠨᠣᠣᠰᠣᠯᠠᠬᠤ ᠴᠠᠭ ᠪᠣᠯᠣᠨ᠎ᠠ᠃ ᠣᠶᠢᠷ᠎ᠠ ᠶᠢᠨ ᠡᠳᠦᠷ ᠤᠳ ᠲᠤ ᠤᠷᠠᠳ ᠤᠨ ᠬᠤᠶᠢᠲᠤ ᠬᠤᠰᠢᠭᠤᠨ ᠤ ᠴᠤᠬᠠᠦ᠋ᠨᠳᠦᠷ ᠪᠠᠯᠭᠠᠰᠤᠨ ᠤ ᠰᠢᠷᠠᠨᠠᠭᠤᠷ ᠭᠠᠴᠠᠭᠠᠨ ᠤ ᠮᠠᠯᠴᠢᠨ ᠴᠣᠭᠵᠢᠯᠲᠤ ᠶᠢᠨ ᠬᠢ ᠲᠡᠮᠡᠭᠡ ᠪᠠᠨ ᠨᠣᠣᠰᠣᠯᠠᠵᠤ ᠶᠠᠭᠠᠷᠠᠨ᠎ᠠ᠃ ᠡᠳᠡᠨᠠᠶᠢᠭᠢᠨ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠲᠦᠷᠦ ᠶᠢᠨ ᠪᠣᠳᠣᠯᠭ᠎ᠠ ᠶᠢ ᠴᠤᠤᠷᠢᠶᠠᠲᠤᠨ᠂ ᠲᠡᠮᠡᠭᠡ ᠪᠠᠨ ᠴᠥᠭᠡᠳᠬᠡᠭᠡᠳ 20 ᠭᠠᠷᠤᠢ ᠮᠠᠯᠵᠢᠵᠤ ᠪᠤᠢ᠃ ᠲᠠᠨᠢᠯᠴᠠᠭᠤᠯᠤᠭᠰᠠᠨ ᠢᠶᠠᠷ᠂ ᠨᠢᠭᠡ ᠲᠡᠮᠡᠭᠡᠨ ᠠᠴᠠ 5 -8 ᠵᠢᠩ ᠣᠷᠴᠢᠮ ᠤᠨ ᠨᠣᠣᠰᠣ ᠭᠠᠷᠴᠤ᠂ ᠤᠷᠤᠯᠭ᠎ᠠ ᠨᠢ ᠪᠠᠷᠤᠭ 3000 ᠲᠥᠭᠦᠷᠢᠭ ᠲᠤ ᠭᠦᠷᠦᠨ᠎ᠡ᠃ ᠵᠢᠷᠤᠭ ᠪᠣᠯ ᠮᠠᠯᠴᠢᠨ ᠴᠣᠭᠵᠢᠯᠲᠤ ᠶᠢᠨ ᠬᠢᠨ ᠲᠡᠮᠡᠭᠡ ᠪᠠᠨ ᠨᠣᠣᠰᠣᠯᠠᠵᠤ ᠪᠠᠶᠢᠭ᠎ᠠ ᠨᠢ᠃      ᠬᠤᠸᠠᠩ ᠷᠦᠩ ᠲᠤᠩᠭᠠᠯᠠᠭ ᠰᠡᠭᠦᠳᠡᠷᠯᠡᠪᠡ 
 
ᠢᠷᠡᠯᠲᠡ᠄ ᠳᠤᠮᠳᠠᠲᠦ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号