【ᠨᠠᠶᠢᠷᠠᠭᠤᠯᠤᠭᠴᠢ ᠶᠢᠨ ᠦᠭᠡ】ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ | ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠦᠷᠭᠡᠳᠭᠡᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠬᠢᠵᠢᠭᠦᠯᠬᠦ ᠠᠵᠢᠯ ᠤᠨ ᠭᠤᠣᠯ ᠰᠢᠵᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ᠲᠠᠷᠢᠶᠠᠯᠠᠩ ᠮᠠᠯ ᠠᠵᠤ ᠠᠬᠤᠢ ᠶᠢᠨ ᠠᠵᠤ ᠠᠬᠤᠶᠢᠯᠠᠯ᠂ ᠺᠠᠳ᠋ᠷ᠂ ᠡᠵᠡᠩᠨᠡᠯᠲᠡ ᠶᠢᠨ ᠭᠤᠣᠯ ᠴᠣᠭᠴᠠ ᠪᠠ ᠮᠠᠯᠴᠢᠨ | ᠲᠠᠷᠢᠶᠠᠴᠢᠨ ᠳᠥᠷᠪᠡᠨ ᠲᠥᠷᠥᠯ ᠤᠨ ᠭᠤᠣᠯ ᠴᠣᠭᠴᠠ ᠶᠢᠨ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ | ᠬᠥᠭᠵᠢᠯᠲᠡ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠰᠦᠷ ᠳᠠᠯᠠᠶᠢᠴᠠᠲᠠᠢ | ᠬᠦᠴᠦᠨ ᠢ ᠨᠢᠭᠲᠠᠷᠠᠭᠤᠯᠵᠤ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ | ᠰᠠᠶᠢᠲᠤᠷ ᠨᠠᠶᠢᠳᠠᠪᠤᠷᠢᠵᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ | ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠨᠢ ᠪᠥᠬᠦ ᠣᠷᠣᠨ ᠳᠤ ᠨᠠᠮ ᠤᠨ ᠠᠴᠢ ᠳᠤ ᠲᠠᠯᠠᠷᠬᠠᠵᠤ | ᠨᠠᠮ ᠤᠨ ᠦᠭᠡ ᠶᠢ ᠰᠣᠨᠣᠰᠴᠤ ᠨᠠᠮ ᠢᠶᠠᠨ ᠳᠠᠭᠠᠬᠤ ᠣᠯᠠᠨ ᠲᠦᠮᠡᠨ ᠤ ᠬᠥᠮᠦᠵᠢᠯ ᠤᠨ ︽1257︾ | ᠪᠠᠶᠢᠩᠭᠤᠵᠢᠭᠰᠠᠨ ᠠᠵᠢᠯᠯᠠᠭ᠎ᠠ ᠶᠢ ᠥᠷᠨᠢᠭᠦᠯᠵᠦ᠂ ᠲᠠᠷᠢᠶᠠᠯᠠᠩ ᠳᠤ ᠬᠤᠯᠪᠣᠭᠳᠠᠭᠰᠠᠨ 1 ᠲᠦᠮᠡ ᠭᠠᠷᠤᠢ ᠠᠵᠤ | ᠠᠬᠤᠶᠢᠯᠠᠯ ᠳᠤ ︽ᠡᠭᠦᠳᠡ ᠪᠠᠨ ᠨᠡᠭᠡᠭᠡᠵᠦ ᠢᠳᠬᠠᠯ ᠰᠣᠨᠤᠰᠬᠤ︾ ᠠᠵᠢᠯᠯᠠᠭ᠎ᠠ ᠥᠷᠨᠢᠭᠦᠯᠵᠦ᠂ 2 ᠲᠦᠮᠡ ᠭᠠᠷᠤᠢ | ᠲᠠᠷᠢᠶᠠᠯᠠᠩ ᠮᠠᠯ ᠠᠵᠤ ᠠᠬᠤᠢ ᠶᠢᠨ ᠺᠠᠳ᠋ᠷᠴᠤᠳ ᠲᠤ ︽ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ︾ ᠤᠨ | ᠬᠥᠮᠦᠵᠢᠯ ᠥᠷᠨᠢᠭᠦᠯᠵᠦ᠂ 5 ᠲᠦᠮᠡ ᠭᠠᠷᠤᠢ ᠡᠵᠡᠩᠨᠡᠯᠲᠡ ᠶᠢᠨ ᠭᠤᠣᠯ ᠴᠣᠭᠴᠠ ᠳᠤ ᠲᠦᠷᠦᠭᠦᠴᠢ ᠬᠤᠨ᠂ ᠰᠢᠨ᠎ᠡ | ᠲᠠᠷᠢᠶᠠᠴᠢᠨ ᠢ ᠬᠥᠮᠥᠵᠢᠭᠦᠯᠬᠦ ᠠᠵᠢᠯᠯᠠᠭ᠎ᠠ ᠥᠷᠨᠢᠭᠦᠯᠵᠦ᠂ 700 ᠭᠠᠷᠤᠢ ᠲᠦᠮᠡᠨ ᠮᠠᠯᠴᠢᠨ ᠲᠠᠷᠢᠶᠠᠴᠢᠨ ᠳᠤ | ᠨᠠᠮ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠲᠠᠶᠢᠯᠪᠤᠷᠢᠯᠠᠯᠲᠠ ᠥᠷᠨᠢᠭᠦᠯᠪᠡ᠃ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ | ᠣᠷᠣᠨ ᠤ ᠲᠢᠩᠬᠢᠮ ᠤᠨ ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠤᠰᠴᠤ᠂ ᠨᠠᠮ ᠢᠶᠠᠨ ᠳᠠᠭᠠᠬᠤ | ᠣᠯᠠᠨ ᠲᠦᠮᠡᠨ ᠤ ᠰᠤᠷᠭᠠᠨ ᠬᠥᠮᠦᠵᠢᠯ ᠤᠨ ︽1257︾ ᠠᠵᠢᠯᠯᠠᠭ᠎ᠠ ᠶᠢᠨ ᠱᠠᠭᠠᠷᠳᠠᠯᠭ᠎ᠠ ᠶᠢ ᠭᠦᠨᠵᠡᠭᠡᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ 5 ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ | ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠨᠢ ᠥᠪᠡᠷᠲᠡᠭᠡᠨ | ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠠᠢ ᠬᠠᠮᠲᠤᠷᠠᠨ ᠣᠷᠳᠣᠰ | ᠬᠤᠲᠠ ᠶᠢᠨ ᠳᠠᠯᠠᠳ ᠬᠤᠰᠢᠭᠤᠨ ᠳᠤ ᠥᠪᠥᠷ ᠮᠣᠩᠭᠤᠯ ᠤᠨ ︽ᠡᠵᠡᠩᠨᠡᠯᠲᠡ ᠶᠢᠨ ᠭᠤᠣᠯ ᠴᠣᠭᠴᠠ ᠶᠢᠨ ᠣᠨ ᠤ | ᠮᠡᠳᠡᠭᠦᠯᠦᠯᠲᠡ ᠶᠢᠨ ᠦᠢᠯᠡᠴᠢᠯᠡᠭᠡᠨ ᠤ ᠰᠠᠷ᠎ᠠ︾ ᠶᠢᠨ ᠠᠵᠢᠯᠯᠠᠭ᠎ᠠ ᠵᠢᠴᠢ ᠲᠠᠷᠢᠶᠠᠴᠢᠳ ᠤᠨ ᠲᠤᠰᠬᠠᠢ ᠠᠵᠢᠯ ᠤᠨ | ᠬᠤᠷᠰᠢᠶ᠎ᠠ ᠶᠢᠨ ᠣᠨ ᠤ ᠮᠡᠳᠡᠭᠦᠯᠦᠯᠲᠡ ᠶᠢᠨ ᠲᠤᠰᠬᠠᠢ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠶᠢ ᠵᠣᠬᠢᠶᠠᠨ | ᠪᠠᠶᠢᠭᠤᠯᠤᠨ ᠬᠤᠷᠠᠯᠳᠤᠭᠤᠯᠵᠤ᠂ ᠲᠠᠷᠢᠶᠠᠴᠢᠨ ᠤ ᠲᠤᠰᠬᠠᠢ ᠠᠵᠢᠯ ᠤᠨ ᠬᠤᠷᠰᠢᠶ᠎ᠠ ᠵᠡᠷᠭᠡ ᠲᠠᠷᠢᠶᠠᠯᠠᠩ ᠳᠤ | ᠬᠤᠯᠪᠣᠭᠳᠠᠬᠤ ᠳᠤᠮᠳᠠ ᠪᠠᠭ᠎ᠠ ᠠᠵᠤ ᠠᠬᠤᠶᠢᠯᠠᠯ ᠤᠨ ᠬᠠᠷᠢᠭᠤᠴᠠᠯᠭᠠᠲᠠᠨ ᠵᠢᠴᠢ ᠦᠢᠯᠡᠳᠪᠦᠷᠢ ᠬᠤᠳᠠᠯᠳᠤᠭᠠᠨ ᠤ | ᠳᠠᠩᠰᠠᠯᠠᠯᠲᠠ ᠶᠢᠨ ᠲᠤᠬᠠᠶᠢᠯᠠᠭᠰᠠᠨ ᠠᠵᠢᠯ ᠢ ᠪᠣᠳᠠᠲᠠᠢ ᠭᠦᠢᠴᠡᠳᠬᠡᠵᠦ ᠪᠠᠶᠢᠭ᠎ᠠ 60 ᠭᠠᠷᠤᠢ ᠬᠥᠮᠥᠨ ᠤᠬᠠᠭᠤᠯᠤᠨ | ᠲᠠᠶᠢᠯᠪᠤᠷᠢᠯᠠᠬᠤ ᠳᠤ ᠣᠷᠣᠯᠴᠠᠪᠠ᠃ | ᠤᠬᠠᠭᠤᠯᠤᠨ ᠲᠠᠶᠢᠯᠪᠤᠷᠢᠯᠠᠬᠤ ᠬᠤᠷᠠᠯ ᠤᠨ ᠠᠬᠤᠢ ᠲᠠᠯᠠᠪᠠᠶ ᠳᠤ᠂ ᠥᠪᠡᠷᠲᠡᠭᠡᠨ ᠵᠠᠰᠠᠬᠤ ᠣᠷᠣᠨ ᠤ | ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠥᠭᠡᠷᠡᠴᠢᠯᠡᠯᠲᠡ | ᠬᠢᠭᠡᠳ ᠬᠤᠷᠰᠢᠭᠰᠠᠨ ᠠᠵᠤ ᠠᠬᠤᠢ ᠶᠢᠨ ᠵᠢᠯᠤᠭᠤᠳᠬᠤ ᠭᠠᠵᠠᠷ ᠪᠣᠯᠣᠨ ᠥᠪᠡᠷᠲᠡᠭᠡᠨ ᠵᠠᠰᠠᠬᠤ ᠣᠷᠣᠨ ᠤ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠠᠴᠠ ᠲᠠᠷᠢᠶᠠᠴᠢᠨ ᠤ ᠲᠤᠰᠬᠠᠢ ᠠᠵᠢᠯ ᠤᠨ ᠬᠤᠷᠰᠢᠶ᠎ᠠ ᠶᠢᠨ | ᠣᠨ ᠤ ᠮᠡᠳᠡᠭᠦᠯᠦᠯᠲᠡ ᠶᠢᠨ ᠠᠭᠤᠯᠭ᠎ᠠ ᠳᠤ ᠤᠬᠠᠭᠤᠯᠭ᠎ᠠ ᠲᠠᠶᠢᠯᠪᠤᠷᠢᠯᠠᠯᠲᠠ ᠬᠢᠵᠤ᠂ ᠡᠭᠦᠨ ᠤ ᠬᠠᠮᠲᠤ | ᠲᠠᠷᠢᠶᠠᠴᠢᠳ ᠤᠨ ᠬᠤᠷᠰᠢᠶ᠎ᠠ ᠵᠡᠷᠭᠡ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠳᠤᠷᠠᠳᠤᠭᠰᠠᠨ ᠠᠰᠠᠭᠤᠳᠠᠯ ᠳᠤ | ᠬᠠᠷᠢᠭᠤᠯᠲᠠ ᠥᠭᠴᠦ᠂ ︽ᠡᠵᠡᠩᠨᠡᠯᠲᠡ ᠶᠢᠨ ᠪᠡᠶᠡᠴᠢ ᠴᠣᠭᠴᠠ ᠶᠢᠨ ᠣᠨ ᠤ ᠮᠡᠳᠡᠭᠦᠯᠦᠯᠲᠡ ᠶᠢ ᠲᠠᠭᠯᠠᠨ ᠮᠡᠳᠡᠭᠦᠯᠬᠦ | ᠵᠦᠭᠯᠡᠭᠦᠷ︾᠂ ︽ᠪᠠᠶᠢᠩᠭᠤ ᠲᠣᠬᠢᠶᠠᠯᠳᠤᠳᠠᠭ ᠡᠵᠡᠩᠨᠡᠯᠲᠡ ᠶᠢᠨ ᠪᠡᠶᠡᠴᠢ ᠴᠣᠭᠴᠠ ᠶᠢᠨ ᠣᠨ ᠤ ᠮᠡᠳᠡᠭᠦᠯᠦᠯᠲᠡ ᠶᠢᠨ | 33 ᠠᠰᠠᠭᠤᠳᠠᠯ ᠤᠨ ᠬᠠᠷᠢᠭᠤᠯᠲᠠ︾᠂ ︽ᠵᠠᠰᠠᠨ ᠰᠡᠷᠭᠦᠭᠡᠬᠦ ᠪᠡᠶᠡᠴᠢ ᠴᠣᠭᠴᠠ ᠶᠢᠨ ᠰᠦᠯᠵᠢᠶᠡᠨ ᠳᠡᠭᠡᠷᠡᠬᠢ | ᠢᠲᠡᠭᠡᠮᠵᠢ ᠶᠢ ᠵᠠᠰᠠᠨ ᠰᠡᠷᠭᠦᠭᠡᠬᠦ ᠵᠦᠭᠯᠡᠭᠦᠷ︾᠂ ︽ᠲᠠᠷᠢᠶᠠᠴᠢᠳ ᠤᠨ ᠬᠤᠷᠰᠢᠶ᠎ᠠ ᠬᠠᠤᠯᠢ ᠪᠤᠰᠤ ᠪᠠᠷ ᠪᠡᠯᠡ | ᠴᠤᠭᠯᠠᠭᠤᠯᠬᠤ ᠶᠢ ᠰᠡᠷᠭᠡᠶᠢᠯᠡᠬᠦ︾ ᠵᠡᠷᠭᠡ ᠤᠬᠠᠭᠤᠯᠭ᠎ᠠ ᠶᠢᠨ ᠬᠠᠭᠤᠳᠠᠰᠤ ᠶᠢ ᠲᠠᠷᠬᠠᠭᠠᠪᠠ᠃ | ᠲᠤᠰ ᠤᠳᠠᠭᠠᠨ ᠤ ᠲᠤᠰᠬᠠᠢ ᠰᠡᠳᠦᠪᠲᠦ ᠲᠠᠶᠢᠯᠤᠮᠵᠢ ᠨᠢ ᠪᠦᠬᠦ ᠣᠷᠣᠨ ᠤ ︽ᠡᠵᠡᠩᠨᠡᠯᠲᠡ ᠶᠢᠨ ᠭᠤᠣᠯ | ᠴᠣᠭᠴᠠ ᠶᠢᠨ ᠣᠨ ᠤ ᠮᠡᠳᠡᠭᠦᠯᠦᠯᠲᠡ ᠶᠢᠨ ᠦᠢᠯᠡᠴᠢᠯᠡᠭᠡᠨ ᠤ ᠰᠠᠷ᠎ᠠ︾ ᠶᠢᠨ ᠠᠵᠢᠯᠯᠠᠭ᠎ᠠ ᠶᠢᠨ ᠶᠡᠷᠦᠩᠬᠡᠢ | ᠲᠣᠬᠢᠷᠠᠭᠤᠯᠤᠯᠲᠠ ᠶᠣᠰᠣᠭᠠᠷ᠂ ᠲᠠᠷᠢᠶᠠᠯᠠᠩ ᠤᠨ ᠡᠵᠡᠩᠨᠡᠯᠲᠡ ᠶᠢᠨ ᠭᠤᠣᠯ ᠴᠣᠭᠴᠠ ᠶᠢᠨ ᠠᠵᠤ ᠠᠬᠤᠶᠢᠯᠠᠯ ᠤᠨ | ᠣᠨ ᠤ ᠮᠡᠳᠡᠭᠦᠯᠦᠯᠲᠡ ᠶᠢᠨ ᠪᠣᠳᠠᠲᠠᠢ ᠱᠠᠭᠠᠷᠳᠠᠯᠭ᠎ᠠ ᠪᠠ ᠶᠠᠪᠤᠴᠠ ᠶᠢ ᠣᠶᠢᠯᠠᠭᠠᠬᠤ ᠳᠤ ᠳᠥᠭᠦᠮ ᠦᠵᠡᠭᠦᠯᠵᠦ᠂ | ᠵᠢᠴᠢ ᠡᠵᠡᠩᠨᠡᠯᠲᠡ ᠶᠢᠨ ᠬᠡᠪ ᠤᠨ ᠪᠤᠰᠤ ᠨᠡᠷᠡᠰ ᠤᠨ ᠵᠢᠭᠰᠠᠭᠠᠯᠲᠠ ᠳᠤ ᠣᠷᠣᠭᠤᠯᠤᠭᠰᠠᠨ ᠤ ᠳᠠᠷᠠᠭᠠᠬᠢ ᠢᠲᠡᠭᠡᠮᠵᠢ ᠶᠢ | ᠰᠡᠷᠭᠦᠭᠡᠬᠦ ᠳᠡᠰ ᠳᠠᠷᠠᠭ᠎ᠠ ᠶᠢᠨ ᠲᠥᠯᠥᠭᠡ ᠡᠷᠬᠢᠯᠡᠵᠦ᠂ ᠥᠪᠡᠷᠲᠡᠭᠡᠨ ᠵᠠᠰᠠᠬᠤ ᠣᠷᠣᠨ ᠤ ᠪᠠᠶᠢᠭᠤᠯᠤᠯᠭ᠎ᠠ ᠶᠢᠨ ᠠᠵᠤ | ᠠᠬᠤᠶᠢᠯᠠᠯ ᠢ ᠬᠠᠪᠰᠤᠷᠤᠨ ᠢᠲᠡᠭᠡᠮᠵᠢ ᠶᠢ ᠨᠡᠮᠡᠭᠳᠡᠭᠦᠯᠬᠦ᠂ ᠦᠨᠳᠦᠰᠦᠨ ᠱᠠᠲᠤᠨ ᠳᠤ ᠦᠢᠯᠡᠴᠢᠯᠡᠬᠦ᠂ ᠬᠤᠳᠠᠯᠳᠤᠭ᠎ᠠ | ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠰᠢᠷᠢᠰ ᠠᠵᠢᠯᠯᠠᠭ᠎ᠠ ᠶᠢᠨ ᠨᠢᠭᠡ ᠪᠣᠯᠣᠨ᠎ᠠ᠂ ᠮᠥᠨᠴᠦ | ᠥᠭᠡᠷᠡᠴᠢᠯᠡᠯᠲᠡ ᠪᠣᠯᠣᠨ ᠬᠤᠷᠰᠢᠭᠰᠠᠨ ᠠᠵᠤ ᠠᠬᠤᠢ ᠶᠢᠨ ᠵᠢᠯᠤᠭᠤᠳᠬᠤ ᠭᠠᠵᠠᠷ ᠤᠨ ᠲᠠᠷᠢᠶᠠᠯᠠᠩ ᠮᠠᠯ ᠠᠵᠤ | ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠨᠠᠮ ᠤᠨ ᠠᠴᠢ ᠳᠤ ᠲᠠᠯᠠᠷᠬᠠᠵᠤ ᠨᠠᠮ ᠤᠨ | ᠦᠭᠡ ᠶᠢ ᠰᠣᠨᠣᠰᠴᠤ ᠨᠠᠮ ᠢᠶᠠᠨ ᠳᠠᠭᠠᠬᠤ ᠣᠯᠠᠨ ᠲᠦᠮᠡᠨ ᠤ ᠰᠤᠷᠭᠠᠨ ᠬᠥᠮᠦᠵᠢᠯ ᠤᠨ ︽1257︾ | ᠪᠠᠶᠢᠩᠭᠤᠵᠢᠭᠰᠠᠨ ᠠᠵᠢᠯᠯᠠᠭ᠎ᠠ ᠶᠢ ᠨᠠᠶᠢᠳᠠᠪᠤᠷᠢᠵᠢᠭᠤᠯᠵᠤ᠂ ᠨᠠᠮ ᠤᠨ ᠭᠡᠰᠢᠭᠦᠨ ᠺᠠᠳ᠋ᠷᠴᠤᠳ ᠢ ᠲᠠᠶᠢᠴᠢᠯᠠᠨ | ᠲᠠᠷᠢᠶᠠᠯᠠᠩ ᠤᠨ ᠡᠵᠡᠩᠨᠡᠯᠲᠡ ᠶᠢᠨ ᠭᠤᠣᠯ ᠴᠣᠭᠴᠠ ᠶᠢᠨ ᠬᠡᠷᠡᠭᠴᠡᠭᠡ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠵᠤ᠂ | ᠲᠦᠷᠦ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠵᠤ᠂ ᠮᠠᠳᠠᠭ ᠲᠠᠢ ᠠᠰᠠᠭᠤᠳᠠᠯ ᠢ ᠲᠠᠶᠢᠯᠪᠤᠷᠢᠯᠠᠵᠤ᠂ | ᠲᠠᠷᠢᠶᠠᠯᠠᠩ ᠤᠨ ᠡᠵᠡᠩᠨᠡᠯᠲᠡ ᠶᠢᠨ ᠭᠤᠣᠯ ᠴᠣᠭᠴᠠ ᠶᠢᠨ ᠡᠷᠡᠭᠦᠯ ᠢᠶᠠᠷ ᠬᠥᠭᠵᠢᠬᠦ ᠳᠤ ᠬᠦᠴᠦᠨ ᠨᠡᠮᠡᠷᠢᠯᠡᠬᠦ | ᠦᠢᠯᠡᠳᠦᠯᠭᠡ ᠶᠢᠨ ᠠᠵᠢᠯᠯᠠᠭ᠎ᠠ ᠪᠣᠯᠣᠨ᠎ᠠ᠃ | ᠲᠠᠷᠠᠭᠠᠴᠢ ᠶᠢᠨ ᠠᠯᠬᠤᠮ ᠳᠤ᠂ ᠬᠤᠶᠠᠷ ᠰᠠᠯᠠᠭ᠎ᠠ ᠮᠥᠴᠢᠷ ᠤᠨ ᠬᠢᠨ ᠬᠠᠷᠢᠯᠴᠠᠭ᠎ᠠ ᠪᠠᠨ ᠴᠢᠨᠠᠭᠰᠢᠳᠠ | ᠴᠢᠩᠭᠠᠳᠬᠠᠵᠤ᠂ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠭᠦᠨᠵᠡᠭᠡᠶᠢᠷᠡᠭᠦᠯᠬᠦ ᠪᠠᠷ ᠳᠠᠮᠵᠢᠭᠤᠯᠵᠤ᠂ ᠲᠤᠭ᠎ᠠ | ᠪᠠᠷᠢᠮᠲᠠ ᠶᠢ ᠲᠦᠷᠦᠯ ᠬᠤᠪᠢᠶᠠᠨ ᠡᠵᠡᠮᠳᠡᠬᠦ ᠶᠢ ᠴᠢᠩᠭᠠᠳᠬᠠᠵᠤ᠂ ᠲᠦᠷᠦ ᠶᠢᠨ ᠪᠣᠳᠣᠯᠭ᠎ᠠ ᠶᠢᠨ ᠲᠠᠶᠢᠯᠤᠮᠵᠢ ᠶᠢ | ᠰᠠᠶᠢᠲᠤᠷ ᠬᠢᠵᠦ᠂ ︽ᠦᠢᠯᠡᠴᠢᠯᠡᠭᠡ + ᠬᠢᠨᠠᠯᠲᠠ ᠬᠠᠮᠢᠶᠠᠷᠤᠯᠲᠠ︾ ᠶᠢᠨ ᠵᠠᠭᠪᠤᠷ ᠤᠨ ᠰᠢᠨ᠎ᠡ ᠶᠢ ᠡᠭᠦᠳᠴᠦ᠂ | ᠲᠠᠷᠢᠶᠠᠴᠢᠨ ᠤ ᠲᠤᠰᠬᠠᠢ ᠠᠵᠢᠯ ᠤᠨ ᠬᠤᠷᠰᠢᠶ᠎ᠠ ᠶᠢᠨ ᠣᠨ ᠤ ᠮᠡᠳᠡᠭᠦᠯᠦᠯᠲᠡ ᠶᠢ ᠤᠬᠠᠭᠤᠯᠤᠨ ᠵᠢᠯᠤᠭᠤᠳᠬᠤ | ᠡᠷᠴᠢᠮ ᠢᠶᠠᠨ ᠴᠢᠩᠭᠠᠷᠠᠭᠤᠯᠵᠤ᠂ ᠣᠨ ᠤ ᠮᠡᠳᠡᠭᠦᠯᠦᠯᠲᠡ ᠶᠢᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠬᠦᠴᠦᠯᠡᠨ | ᠳᠡᠭᠡᠭᠰᠢᠯᠡᠭᠦᠯᠵᠦ᠂ ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠣᠯ ᠴᠣᠭᠴᠠ ᠶᠢᠨ ᠡᠷᠡᠭᠦᠯ ᠢᠶᠠᠷ | ᠬᠥᠭᠵᠢᠬᠦ ᠳᠤ ᠬᠦᠴᠦ ᠪᠠᠨ ᠬᠠᠮᠲᠤᠳᠬᠠᠨ ᠠᠬᠢᠭᠤᠯᠤᠨ᠎ᠠ᠃ |