ᠲᠠᠷᠢᠶᠠᠯᠠᠩ ᠮᠠᠯ ᠠᠵᠤ ᠠᠬᠤᠢ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠨᠠᠷᠢᠯᠢᠭ | ᠣᠨᠣᠪᠴᠢ ᠶᠢᠨ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ 2025 ᠣᠨ ᠤ ᠲᠠᠷᠢᠶᠠᠯᠠᠩ | ᠮᠠᠯ ᠠᠵᠤ ᠠᠬᠤᠢ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠤᠨ ᠲᠣᠬᠢᠷᠠᠭᠤᠯᠤᠯᠲᠠ ᠪᠠ | ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠠᠭᠠᠷᠳᠠᠯᠭ᠎ᠠ ᠶᠣᠰᠣᠭᠠᠷ᠂ 5 ᠰᠠᠷ᠎ᠠ ᠶᠢᠨ 29 ᠤ | ᠡᠳᠦᠷ ᠠᠴᠠ 30 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ | ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠱᠠᠩᠬᠠᠢ ᠳᠤ ᠰᠠᠭᠤᠭ᠎ᠠ ᠬᠡᠷᠡᠭ ᠡᠷᠬᠢᠯᠡᠬᠦ ᠭᠠᠵᠠᠷ ᠤᠨ ᠵᠣᠬᠢᠶᠠᠨ ᠪᠠᠶᠢᠭᠤᠯᠤᠭᠰᠠᠨ ᠲᠠᠷᠢᠶᠠᠯᠠᠩ ᠮᠠᠯ ᠠᠵᠤ | ᠠᠬᠤᠢ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠᠭ᠎ᠠ ᠰᠠᠯᠪᠤᠷᠢ ᠠᠩᠭᠢ ᠲᠠᠢ ᠬᠠᠮᠲᠤᠷᠠᠨ ᠾᠧᠹᠧᠢ | ᠬᠤᠲᠠ ᠳᠤ ᠬᠦᠷᠴᠦ ᠬᠤᠳᠠᠯᠳᠤᠭᠠᠴᠢᠨ ᠤᠷᠢᠵᠤ ᠵᠣᠯᠭᠠᠭᠤᠯᠬᠤ ᠠᠵᠢᠯ ᠢ ᠥᠷᠨᠢᠭᠦᠯᠪᠡ᠃ | ᠪᠠᠭ᠎ᠠ ᠰᠠᠯᠪᠤᠷᠢ ᠠᠩᠭᠢ ᠨᠢ ᠲᠦᠩᠯᠢᠶᠣᠣ ᠬᠤᠲᠠ᠂ ᠣᠷᠳᠣᠰ ᠬᠤᠲᠠ᠂ ᠬᠠᠶᠢᠯᠠᠷ ᠲᠣᠭᠤᠷᠢᠭ᠂ ᠪᠠᠷᠠᠭᠤᠨ | ᠦᠵᠦᠮᠦᠴᠢᠨ ᠬᠤᠰᠢᠭᠤ᠂ ᠬᠠᠩᠭᠢᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠨ 16 | ᠠᠷᠠᠯᠵᠢᠶᠠᠴᠢᠨ ᠤᠷᠢᠬᠤ ᠺᠠᠳ᠋ᠷ ᠢᠶᠠᠷ ᠪᠦᠷᠢᠯᠳᠦᠵᠡᠢ᠃ ᠤᠷᠢᠳ ᠬᠤᠵᠢᠳ ᠴᠢᠶᠠ ᠴᠢᠶᠠ ᠢᠳᠡᠭᠡᠨ ᠤ ᠬᠤᠪᠢ | ᠣᠷᠣᠭᠤᠯᠤᠭᠰᠠᠨ ᠬᠢᠵᠠᠭᠠᠷᠲᠤ ᠺᠣᠮᠫᠠᠨᠢ᠂ ᠴᠢᠩ ᠰᠦᠩ ᠢᠳᠡᠭᠡᠨ ᠤ ᠬᠢᠵᠠᠭᠠᠷᠲᠤ ᠺᠣᠮᠫᠠᠨᠢ᠂ ᠠᠨᠾᠦ᠋ᠢ ᠶᠢᠨ ᠪᠠᠢ ᠳ᠋ᠠ | ᠾᠧ ᠵᠢᠶᠠ ᠹᠦ᠋ ᠬᠡᠯᠬᠢᠶ᠎ᠡ ᠬᠡᠳᠦ ᠳᠡᠯᠭᠡᠭᠦᠷ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠠᠨᠾᠦ᠋ᠢ ᠶᠢᠨ | ᠾᠦᠢ ᠾᠦᠢ ᠢᠳᠡᠭᠡᠨ ᠤ ᠬᠢᠵᠠᠭᠠᠷᠲᠤ ᠺᠣᠮᠫᠠᠨᠢ᠂ ᠠᠨᠾᠦ᠋ᠢ ᠶᠢᠨ ᠶᠠᠨ ᡁᠢ ᠹᠠᠩ ᠢᠳᠡᠭᠡᠨ ᠤ ᠬᠢᠵᠠᠭᠠᠷᠲᠤ ᠺᠣᠮᠫᠠᠨᠢ᠂ | ᠪᠠᠢ ᠳ᠋ᠠ ᠵᠧᠦ ᠬᠥ᠋ ᠳ᠋ᠦᠢ ᠶᠢᠨ ᠳ᠋ᠠ ᠰᠢᠩ ᠲᠠᠷᠢᠶᠠᠯᠠᠩ ᠤᠨ ᠪᠦᠲᠦᠭᠡᠭᠳᠡᠬᠦᠨ ᠤ ᠪᠠᠷᠠᠭᠠᠨ ᠤ ᠭᠦᠢᠯᠭᠡᠭᠡᠨ ᠤ | ᠬᠦᠷᠢᠶᠡᠯᠡᠩ ᠵᠡᠷᠭᠡ 6 ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠪᠣᠯᠪᠠᠰᠤᠷᠠᠭᠤᠯᠬᠤ ᠪᠠ | ᠬᠠᠩᠭᠠᠯᠭ᠎ᠠ ᠶᠢᠨ ᠬᠡᠯᠬᠢᠶ᠎ᠡ ᠶᠢᠨ ᠠᠵᠤ ᠠᠬᠤᠶᠢᠯᠠᠯ ᠢ ᠪᠠᠶᠢᠴᠠᠭᠠᠨ ᠦᠵᠡᠵᠦ᠂ ᠲᠦᠭᠦᠬᠡᠢ ᠮᠠᠲ᠋ᠧᠷᠢᠶᠠᠯ ᠬᠤᠳᠠᠯᠳᠤᠨ | ᠠᠪᠬᠤ᠂ ︽ᠲᠠᠯ᠎ᠠ ᠨᠤᠲᠤᠭ ᠤᠨ ᠦᠬᠡᠷ ᠬᠤᠨᠢᠨ ᠮᠢᠬ᠎ᠠ ᠶᠢ ᠠᠨᠾᠦ᠋ᠢ ᠳᠤ ᠣᠷᠣᠭᠤᠯᠬᠤ︾᠂ ᠲᠦᠭᠦᠬᠡᠢ ᠮᠠᠲ᠋ᠧᠷᠢᠶᠠᠯ ᠤᠨ | ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠵᠡᠷᠭᠡ ᠶᠢᠨ ᠲᠣᠭᠤᠷᠢᠨ ᠳᠤ ᠠᠩᠬ᠎ᠠ | ᠠᠯᠬᠤᠮ ᠤᠨ ᠰᠠᠨᠠᠮᠵᠢ ᠲᠠᠢ ᠪᠣᠯᠵᠤ᠂ ᠲᠠᠷᠠᠭᠠᠴᠢ ᠶᠢᠨ ᠠᠯᠬᠤᠮ ᠳᠤ ᠬᠤᠳᠠᠯᠳᠤᠭᠠᠴᠢᠨ ᠤᠷᠢᠵᠤ ᠵᠣᠯᠭᠠᠭᠤᠯᠬᠤ ᠶᠢ | ᠭᠦᠨᠵᠡᠭᠡᠶᠢᠷᠡᠭᠦᠯᠬᠦ ᠳᠤ ᠰᠠᠭᠤᠷᠢ ᠲᠠᠯᠪᠢᠵᠤ᠂ ᠬᠥᠭᠦᠷᠭᠡ ᠲᠠᠯᠪᠢᠵᠤ ᠥᠭᠭᠦᠭᠰᠡᠨ ᠪᠠᠶᠢᠨ᠎ᠠ᠃ ᠠᠨᠾᠦ᠋ᠢ ᠮᠤᠵᠢ ᠳᠠᠬᠢ | ᠥᠪᠥᠷ ᠮᠣᠩᠭᠤᠯ ᠤᠨ ᠬᠤᠳᠠᠯᠳᠤᠭᠠᠴᠢᠳ ᠤᠨ ᠡᠪᠯᠡᠯ ᠢ ᠰᠢᠨᠵᠢᠯᠡᠨ ᠪᠠᠶᠢᠴᠠᠭᠠᠵᠤ ᠵᠣᠯᠭᠠᠭᠤᠯᠵᠤ᠂ ᠥᠪᠥᠷ | ᠮᠣᠩᠭᠤᠯ ᠤᠨ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠵᠡᠩᠨᠡᠨ ᠪᠣᠷᠣᠯᠠᠭᠤᠯᠬᠤ | ᠲᠥᠪ ︵ᠠᠨᠾᠦ᠋ᠢ︶ ᠪᠠᠶᠢᠭᠤᠯᠬᠤ ᠶᠠᠪᠤᠳᠠᠯ ᠤᠨ ᠲᠤᠬᠠᠢ ᠭᠦᠨᠵᠡᠭᠡᠢ ᠰᠣᠯᠢᠯᠴᠠᠪᠠ᠃ | ᠲᠤᠰ ᠤᠳᠠᠭᠠᠨ ᠤ ᠠᠵᠢᠯᠯᠠᠭ᠎ᠠ ᠶᠢ ᠰᠠᠶᠢᠲᠤᠷ ᠵᠣᠬᠢᠶᠠᠨ ᠪᠠᠶᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ | ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠪᠣᠷᠤᠯᠠᠭᠤᠯᠭ᠎ᠠ ᠶᠢᠨ | ᠦᠢᠯᠡᠴᠢᠯᠡᠭᠡᠨ ᠤ ᠲᠥᠪ ᠨᠢ ᠡᠮᠦᠨ᠎ᠡ ᠬᠤᠭᠤᠴᠠᠭᠠᠨ ᠳᠤ ᠡᠯ᠎ᠡ ᠠᠶᠢᠮᠠᠭ ᠬᠤᠲᠠ᠂ ᠬᠤᠰᠢᠭᠤ ᠰᠢᠶᠠᠨ ᠵᠢᠴᠢ ᠠᠵᠤ | ᠦᠢᠯᠡᠰ ᠤᠨ ᠬᠡᠯᠬᠢᠶ᠎ᠡ ᠶᠢᠨ ᠬᠠᠷᠢᠭᠤᠴᠠᠯᠭ᠎ᠠ ᠶᠢᠨ ᠭᠠᠵᠠᠷ ᠲᠠᠰᠤᠭ ᠠᠴᠠ ᠠᠷᠠᠯᠵᠢᠶᠠᠴᠢᠨ ᠤᠷᠢᠬᠤ ᠰᠠᠨᠠᠮᠵᠢ ᠶᠢ | ᠥᠷᠭᠡᠨ ᠢᠶᠠᠷ ᠴᠤᠭᠯᠠᠭᠤᠯᠵᠤ᠂ ᠠᠨᠾᠦ᠋ᠢ ᠮᠤᠵᠢ ᠶᠢᠨ ᠲᠠᠷᠢᠶᠠᠯᠠᠩ ᠬᠥᠳᠡᠭᠡ ᠲᠣᠰᠬᠤᠨ ᠤ ᠲᠢᠩᠬᠢᠮ᠂ ᠠᠨᠾᠦ᠋ᠢ | ᠮᠤᠵᠢ ᠶᠢᠨ ᠠᠵᠤ ᠦᠢᠯᠡᠳᠪᠦᠷᠢ ᠬᠤᠳᠠᠯᠳᠤᠭᠠᠨ ᠤ ᠬᠤᠯᠪᠣᠭᠠᠲᠤ ᠬᠤᠷᠠᠯ᠂ ᠾᠧᠹᠧᠢ ᠬᠤᠲᠠ ᠶᠢᠨ ᠲᠠᠷᠢᠶᠠᠯᠠᠩ | ᠬᠥᠳᠡᠭᠡ ᠲᠣᠰᠬᠤᠨ ᠤ ᠲᠣᠪᠴᠢᠶ᠎ᠠ ᠵᠡᠷᠭᠡ ᠰᠠᠯᠠᠭ᠎ᠠ ᠮᠥᠴᠢᠷ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠠᠵᠤ | ᠠᠬᠤᠶᠢᠯᠠᠯ ᠢ ᠰᠢᠭᠰᠢᠨ ᠪᠠᠶᠢᠴᠠᠭᠠᠵᠤ᠂ ᠬᠤᠳᠠᠯᠳᠤᠭᠠᠴᠢᠨ ᠤᠷᠢᠬᠤ ᠶᠢ ᠵᠣᠯᠭᠠᠭᠤᠯᠬᠤ ᠶᠢᠨ ᠣᠨᠣᠪᠴᠢ ᠶᠢᠨ | ᠬᠡᠮᠵᠢᠶ᠎ᠡ ᠶᠢ ᠳᠡᠭᠡᠭᠰᠢᠯᠡᠭᠦᠯᠦᠨ᠂ ᠪᠥᠬᠦ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠬᠤᠳᠠᠯᠳᠤᠭᠠᠴᠢᠨ ᠤᠷᠢᠵᠤ | ᠪᠡᠯᠡ ᠣᠷᠣᠭᠤᠯᠬᠤ ᠬᠥᠭᠦᠷᠭᠡ ᠬᠤᠯᠪᠣᠭᠠᠰᠤ ᠶᠢᠨ ᠦᠢᠯᠡᠳᠦᠯ ᠢ ᠭᠦᠢᠴᠡᠳ ᠪᠠᠳᠠᠷᠠᠭᠤᠯᠪᠠ᠃ | ᠲᠠᠷᠠᠭᠠᠴᠢ ᠶᠢᠨ ᠠᠯᠬᠤᠮ ᠳᠤ᠂ ᠮᠠᠨ ᠤ ᠲᠢᠩᠬᠢᠮ ᠪᠡᠭᠡᠵᠢᠩ ᠳᠤ ᠰᠠᠭᠤᠭ᠎ᠠ ᠬᠡᠷᠡᠭ ᠶᠠᠪᠤᠳᠠᠯ ᠤᠨ ᠠᠯᠪᠠᠨ ᠭᠡᠷ᠂ | ᠱᠠᠩᠬᠠᠢ ᠳᠤ ᠰᠠᠭᠤᠭ᠎ᠠ ᠬᠡᠷᠡᠭ ᠶᠠᠪᠤᠳᠠᠯ ᠤᠨ ᠠᠯᠪᠠᠨ ᠭᠡᠷ᠂ ᠹᠦ᠋ ᠸᠠᠢ ᠠᠵᠤ ᠠᠬᠤᠶᠢᠯᠠᠯ ᠤᠨ ᠬᠤᠳᠠᠯᠳᠤᠭᠠᠨ ᠤ ᠡᠪᠯᠡᠯ | ᠵᠡᠷᠭᠡ ᠰᠠᠯᠠᠭ᠎ᠠ ᠮᠥᠴᠢᠷ ᠤᠨ ᠪᠠᠶᠢᠭᠤᠯᠤᠮᠵᠢ ᠯᠤᠭ᠎ᠠ ᠶᠢᠨ ᠬᠠᠷᠢᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ | ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠪᠣᠯᠪᠠᠰᠤᠷᠠᠭᠤᠯᠬᠤ᠂ ᠨᠠᠷᠠᠲᠤ ᠲᠥᠷᠥᠯ | ᠲᠡᠮᠳᠡᠭᠲᠦ ᠶᠢ ᠡᠵᠡᠩᠨᠡᠨ ᠪᠣᠷᠣᠯᠠᠭᠤᠯᠬᠤ᠂ ᠪᠦᠲᠦᠭᠡᠭᠳᠡᠬᠦᠨ ᠢ ᠪᠣᠭᠤᠳᠠᠯᠯᠠᠬᠤ ᠵᠡᠷᠭᠡ ᠪᠠᠭᠤᠷᠠᠢ ᠭᠤᠭᠴᠤᠭ᠎ᠠ ᠶᠢᠨ | ᠲᠣᠭᠤᠷᠢᠨ ᠳᠤ ᠠᠶᠢᠮᠠᠭ ᠬᠤᠲᠠ᠂ ᠬᠤᠰᠢᠭᠤ ᠰᠢᠶᠠᠨ ᠢ ᠵᠣᠬᠢᠶᠠᠨ ᠪᠠᠶᠢᠭᠤᠯᠤᠨ ᠭᠦᠢᠵᠧᠦ᠂ ᠱᠠᠨᠳᠦ᠋ᠩ ᠵᠡᠷᠭᠡ | ᠭᠤᠣᠯᠳᠠᠯᠭ᠎ᠠ ᠲᠠᠢ ᠭᠠᠵᠠᠷ ᠣᠷᠣᠨ ᠳᠤ ᠣᠴᠢᠭᠤᠯᠵᠤ ᠪᠠᠭ᠎ᠠ ᠰᠠᠯᠪᠤᠷᠢ ᠠᠩᠭᠢ ᠶᠢᠨ ᠬᠤᠳᠠᠯᠳᠤᠭᠠᠴᠢᠨ ᠤᠷᠢᠵᠤ | ᠵᠣᠯᠭᠠᠭᠤᠯᠬᠤ ᠠᠵᠢᠯ ᠢ ᠥᠷᠨᠢᠭᠦᠯᠵᠦ᠂ ᠵᠠᠰᠠᠭ ᠠᠵᠤ ᠠᠬᠤᠶᠢᠯᠠᠯ ᠢ ᠵᠣᠯᠭᠠᠭᠤᠯᠬᠤ ᠲᠠᠪᠴᠠᠩ ᠢ ᠦᠷᠭᠦᠯᠵᠢᠯᠡᠨ | ᠰᠠᠶᠢᠲᠤᠷ ᠪᠠᠶᠢᠭᠤᠯᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢᠨ ︽ᠵᠠᠭᠤᠴᠢ︾ ᠪᠣᠯᠣᠨ᠎ᠠ᠃ |