ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠲᠠᠪᠴᠠᠩ ᠤᠨ ᠠᠵᠤ ᠠᠬᠤᠶᠢᠯᠠᠯ ᠤᠨ ᠬᠥᠳᠡᠭᠡ ᠲᠣᠰᠬᠤᠨ ᠤ ᠲᠠᠷᠢᠶᠠᠯᠠᠩ ᠰᠣᠶᠣᠯ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠳᠡᠮᠵᠢᠬᠦ ᠶᠠᠷᠢᠯᠴᠠᠬᠤ ᠬᠤᠷᠠᠯ ᠪᠡᠭᠡᠵᠢᠩ ᠳᠤ ᠬᠤᠷᠠᠯᠳᠤᠪᠠ
ᠨᠡᠶᠢᠲᠡᠯᠡᠭᠰᠡᠨ ᠴᠠᠭ᠄
2025/5/6
      4 ᠰᠠᠷ᠎ᠠ ᠶᠢᠨ 29 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠪᠡᠭᠡᠵᠢᠩ ᠬᠤᠲᠠ ᠶᠢᠨ ᠲᠠᠷᠢᠶᠠᠯᠠᠩ ᠬᠥᠳᠡᠭᠡ ᠲᠣᠰᠬᠤᠨ ᠤ ᠲᠣᠪᠴᠢᠶ᠎ᠠ  ᠨᠢ ᠪᠡᠭᠡᠵᠢᠩ ᠬᠤᠲᠠ ᠶᠢᠨ ᠨᠠᠮ ᠤᠨ ᠬᠤᠷᠢᠶ᠎ᠠ ᠶᠢᠨ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ᠂ ᠪᠡᠭᠡᠵᠢᠩ ᠬᠤᠲᠠ ᠶᠢᠨ ᠰᠣᠶᠣᠯ ᠵᠢᠭᠤᠯᠴᠢᠯᠠᠯ ᠤᠨ ᠲᠣᠪᠴᠢᠶ᠎ᠠ ᠲᠠᠢ ᠬᠠᠮᠲᠤᠷᠠᠨ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠲᠠᠪᠴᠠᠩ ᠤᠨ ᠠᠵᠤ ᠠᠬᠤᠶᠢᠯᠠᠯ ᠤᠨ ᠬᠥᠳᠡᠭᠡ ᠲᠣᠰᠬᠤᠨ ᠤ ᠲᠠᠷᠢᠶᠠᠯᠠᠩ ᠰᠣᠶᠣᠯ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠳᠡᠮᠵᠢᠬᠦ ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃ ᠪᠡᠭᠡᠵᠢᠩ ᠬᠤᠳᠠ ᠶᠢᠨ ᠨᠠᠮ ᠤᠨ ᠬᠤᠷᠢᠶ᠎ᠠ ᠶᠢᠨ ᠲᠠᠷᠢᠶᠠᠯᠠᠩ ᠠᠵᠤ ᠦᠢᠯᠡᠳᠪᠦᠷᠢ ᠶᠢᠨ ᠵᠥᠪᠯᠡᠯ ᠤᠨ ᠳᠡᠳ᠋ ᠱᠦᠵᠢ᠂ ᠪᠡᠭᠡᠵᠢᠩ ᠬᠤᠳᠠ ᠶᠢᠨ ᠲᠠᠷᠢᠶᠠᠯᠠᠩ ᠬᠥᠳᠡᠭᠡ ᠲᠣᠰᠬᠤᠨ ᠤ ᠲᠣᠪᠴᠢᠶ᠎ᠠ ᠶᠢᠨ ᠳᠡᠳ᠋ ᠳᠠᠷᠤᠭ᠎ᠠ ᠶᠣᠣ ᠵᠦᠩ ᠶᠠᠩ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠲᠣᠪᠴᠢᠶᠠᠨ ᠳᠠᠷᠤᠭ᠎ᠠ ᠬᠠᠢ ᠱᠠᠨ ᠬᠤᠷᠠᠯ ᠳᠤ ᠣᠷᠣᠯᠴᠠᠪᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 12 ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ᠂ ᠰᠣᠶᠣᠯ ᠵᠢᠭᠤᠯᠴᠢᠯᠠᠯ ᠤᠨ ᠰᠠᠯᠠᠭ᠎ᠠ ᠮᠥᠴᠢᠷ ᠲᠤᠬᠠᠢ ᠶᠢᠨ ᠲᠠᠯᠠᠪᠤᠷ ᠲᠤ ᠡᠯ᠎ᠡ ᠭᠠᠵᠠᠷ ᠤᠨ ᠬᠥᠳᠡᠭᠡ ᠲᠣᠰᠬᠤᠨ ᠤ ᠲᠠᠷᠢᠶᠠᠯᠠᠩ ᠰᠣᠶᠣᠯ ᠵᠢᠭᠤᠯᠴᠢᠯᠠᠯ ᠤᠨ ᠵᠠᠮ ᠱᠤᠭᠤᠮ ᠪᠠ ᠣᠨᠴᠠᠯᠢᠭᠲᠤ ᠬᠥᠳᠡᠭᠡ ᠲᠣᠰᠬᠤᠨ ᠢ ᠲᠠᠨᠢᠯᠴᠠᠭᠤᠯᠵᠤ᠂ ᠴᠣᠣᠷᠢᠶ᠎ᠠ᠂ ᠪᠣᠰᠢᠭᠤᠭᠠᠷ᠂ ᠮᠸᠢ ᠲᠤᠸᠠᠨ᠂ ᠰᠢᠶᠧ ᠴᠧᠩ ᠵᠡᠷᠭᠡ 9 ᠰᠣᠶᠣᠯ ᠵᠢᠭᠤᠯᠴᠢᠯᠠᠯ ᠤᠨ ᠲᠠᠪᠴᠠᠩ ᠤᠨ ᠠᠵᠤ ᠠᠬᠤᠶᠢᠯᠠᠯ ᠤᠨ ᠰᠦᠯᠵᠢᠶ᠎ᠡ ᠶᠢ ᠳᠡᠯᠭᠡᠷᠡᠭᠦᠯᠦᠭᠰᠡᠨ ᠳᠠᠪᠠᠭᠤᠯᠢᠭ ᠪᠠ ᠠᠮᠵᠢᠯᠲᠠᠲᠠᠢ ᠬᠡᠷᠡᠭ ᠤᠨ ᠵᠢᠱᠢᠶ᠎ᠡ ᠶᠢ ᠲᠠᠨᠢᠯᠴᠠᠭᠤᠯᠪᠠ᠃ ᠬᠤᠷᠠᠯ ᠳᠡᠭᠡᠷ᠎ᠡ᠂ ᠡᠯ᠎ᠡ ᠠᠶᠢᠮᠠᠭ ᠬᠤᠲᠠ ᠪᠣᠯᠣᠨ ᠰᠣᠶᠣᠯ ᠵᠢᠭᠤᠯᠴᠢᠯᠠᠯ ᠤᠨ ᠲᠠᠪᠴᠠᠩ ᠤᠨ ᠠᠵᠤ ᠠᠬᠤᠶᠢᠯᠠᠯ ᠲᠤᠬᠠᠢ ᠶᠢᠨ ᠲᠠᠯᠠᠪᠤᠷ ᠲᠤ ᠵᠣᠯᠭᠠᠭᠤᠯᠤᠨ ᠶᠠᠷᠢᠯᠴᠠᠵᠤ᠂ ᠲᠠᠪᠴᠠᠩ ᠤᠨ ᠠᠵᠤ ᠠᠬᠤᠶᠢᠯᠠᠯ ᠬᠢᠭᠡᠳ ᠡᠯ᠎ᠡ ᠠᠶᠢᠮᠠᠭ ᠬᠤᠲᠠ ᠶᠢᠨ ︽ᠨᠢᠭᠡ  ᠨᠢ ᠣᠯᠠᠨ ᠳᠤ︾᠂ ︽ᠣᠯᠠᠨ  ᠨᠢ ᠨᠢᠭᠡ ᠳᠤ︾ ᠲᠠᠷᠢᠶᠠᠯᠠᠩ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠬᠠᠮᠲᠤᠷᠠᠯᠴᠠᠭᠠᠨ ᠤ ᠲᠣᠭᠲᠠᠴᠠ ᠶᠢ ᠪᠠᠶᠢᠭᠤᠯᠬᠤ ᠶᠢ ᠠᠬᠢᠭᠤᠯᠵᠤ᠂ ᠬᠥᠳᠡᠭᠡ ᠲᠣᠰᠬᠤᠨ ᠤ ᠲᠠᠷᠢᠶᠠᠯᠠᠩ ᠰᠣᠶᠣᠯ ᠵᠢᠭᠤᠯᠴᠢᠯᠠᠯ ᠤᠨ ᠵᠠᠮ ᠱᠤᠭᠤᠮ ᠤᠨ ᠴᠣᠭᠴᠠᠯᠠᠯᠲᠠ᠂ ᠣᠨᠴᠠᠯᠢᠭᠲᠤ ᠬᠥᠳᠡᠭᠡ ᠲᠣᠰᠬᠤᠨ ᠤ ᠤᠷᠤᠰᠬᠠᠯ ᠢ ᠲᠠᠲᠠᠬᠤ᠂ ᠲᠠᠷᠢᠶᠠᠯᠠᠩ ᠰᠣᠶᠣᠯ ᠵᠢᠭᠤᠯᠴᠢᠯᠠᠯ ᠤᠨ ᠴᠢᠳᠠᠪᠤᠷᠢᠲᠠᠨ ᠤ ᠪᠣᠯᠪᠠᠰᠤᠷᠠᠯ᠂ ᠵᠢᠭᠤᠯᠴᠢᠯᠠᠯ ᠤᠨ ᠦᠵᠡᠮᠵᠢ ᠶᠢᠨ ᠣᠷᠣᠨ ᠳᠤ ᠣᠷᠣᠵᠤ ᠰᠠᠭᠤᠬᠤ᠂ ᠠᠷᠢᠬᠢ ᠵᠢᠭᠤᠯᠴᠢᠯᠠᠯ ᠤᠨ ᠬᠠᠮᠲᠤᠷᠠᠯᠴᠠᠭ᠎ᠠ ᠶᠢ ᠵᠣᠯᠭᠠᠭᠤᠯᠬᠤ᠂ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠤ ᠵᠢᠷᠤᠭ ᠲᠥᠯᠥᠪᠯᠡᠭᠡ᠂ ᠰᠣᠶᠣᠯ ᠵᠢᠭᠤᠯᠴᠢᠯᠠᠯ ᠤᠨ ᠣᠬᠤᠷ ᠵᠦᠴᠦᠭᠡ ᠦᠢᠯᠡᠳᠬᠦ᠂ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠤ ᠪᠣᠷᠤᠯᠠᠭᠤᠯᠭ᠎ᠠ᠂ ᠰᠤᠳᠤᠯᠤᠨ ᠰᠤᠷᠤᠯᠴᠠᠬᠤ ᠪᠠ ᠬᠤᠪᠢᠰᠬᠠᠯ ᠤᠨ ᠳᠤᠷᠠᠰᠬᠠᠯᠲᠤ ᠵᠢᠭᠤᠯᠴᠢᠯᠠᠯ ᠵᠡᠷᠭᠡ 9 ᠲᠠᠯ᠎ᠠ ᠶᠢᠨ 80 ᠭᠠᠷᠤᠢ ᠵᠦᠢᠯ ᠤᠨ ᠬᠠᠮᠲᠤᠷᠠᠯᠴᠠᠭᠠᠨ ᠤ ᠰᠠᠨᠠᠮᠵᠢ ᠶᠢ ᠠᠩᠬ᠎ᠠ ᠠᠯᠬᠤᠮ ᠲᠣᠬᠢᠷᠠᠯᠴᠠᠭᠤᠯᠪᠠ᠃
1.webp.png
      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠵᠢᠴᠢ ᠪᠡᠭᠡᠵᠢᠩ ᠬᠤᠲᠠ ᠶᠢᠨ ᠡᠯ᠎ᠡ ᠲᠠᠪᠴᠠᠩ ᠤᠨ ᠠᠵᠤ ᠠᠬᠤᠶᠢᠯᠠᠯ ᠬᠠᠷᠢᠴᠠᠭᠤᠯᠤᠭᠰᠠᠨ ᠳᠠᠪᠠᠭᠤᠯᠢᠭ ᠢᠶᠠᠨ ᠪᠠᠳᠠᠷᠠᠭᠤᠯᠵᠤ᠂ ᠵᠣᠯᠭᠠᠭᠤᠯᠤᠨ ᠬᠠᠮᠲᠤᠷᠠᠯᠴᠠᠬᠤ ᠶᠢ ᠴᠢᠩᠭᠠᠷᠠᠭᠤᠯᠤᠨ᠂ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠭᠦᠢᠴᠡᠳ ᠠᠭᠤᠳᠠᠯᠵᠤ᠂ ᠲᠠᠷᠢᠶᠠᠯᠠᠩ ᠰᠣᠶᠣᠯ ᠵᠢᠭᠤᠯᠴᠢᠯᠠᠯ ᠤᠨ ᠠᠭᠤᠰᠤᠯᠴᠠᠭᠰᠠᠨ ᠣᠨᠴᠠᠯᠢᠭᠲᠤ ᠨᠠᠷᠠᠲᠤ ᠲᠡᠮᠳᠡᠭᠲᠦ ᠶᠢ ᠬᠦᠴᠦᠯᠡᠨ ᠪᠣᠶ ᠪᠣᠯᠭᠠᠵᠤ᠂ ᠤᠬᠠᠭᠤᠯᠭ᠎ᠠ ᠶᠢᠨ ᠠᠵᠢᠯ ᠢ ᠢᠳᠡᠪᠬᠢᠲᠡᠢ ᠰᠠᠶᠢᠲᠤᠷ ᠬᠢᠵᠦ᠂ ᠨᠡᠶᠢᠰᠯᠡᠯ ᠤᠨ ᠵᠢᠭᠤᠯᠴᠢᠯᠠᠯ ᠤᠨ ᠵᠠᠬ᠎ᠠ ᠳᠡᠯᠭᠡᠭᠦᠷ ᠢ ᠲᠠᠰᠤᠷᠠᠯᠲᠠ ᠦᠭᠡᠢ ᠪᠠᠶᠠᠯᠢᠭᠵᠢᠭᠤᠯᠤᠨ᠂ ᠪᠡᠭᠡᠵᠢᠩ ᠬᠤᠲᠠ ᠶᠢᠨ ᠨᠠᠩ ᠣᠯᠠᠨ ᠴᠢᠨᠠᠷ ᠰᠠᠶᠢᠲᠠᠢ ᠡᠬᠢ ᠪᠠᠶᠠᠯᠢᠭ ᠪᠠ ᠬᠡᠷᠡᠭᠯᠡᠭᠡᠨ ᠤ ᠬᠥᠮᠥᠰ ᠢ ᠮᠠᠯᠵᠢᠬᠤ ᠲᠠᠷᠢᠶᠠᠯᠠᠬᠤ ᠣᠷᠣᠨ ᠳᠤ ᠲᠡᠳᠡᠨ ᠠᠪᠴᠢᠷᠠᠵᠤ᠂ ᠬᠥᠳᠡᠭᠡ ᠲᠣᠰᠬᠤᠨ ᠤ ᠬᠡᠷᠡᠭᠯᠡᠭᠡ ᠶᠢ ᠥᠷᠭᠡᠳᠬᠡᠬᠦ ᠳᠤ ᠬᠦᠴᠦ ᠨᠡᠮᠡᠷᠢᠯᠡᠨ᠂ ᠥᠪᠥᠷ ᠮᠣᠩᠭᠤᠯ ᠤᠨ ᠬᠥᠳᠡᠭᠡ ᠲᠣᠰᠬᠤᠨ ᠤ ᠲᠠᠷᠢᠶᠠᠯᠠᠩ ᠰᠣᠶᠣᠯ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠮᠠᠯᠴᠢᠨ ᠲᠠᠷᠢᠶᠠᠴᠢᠨ ᠤ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢ ᠳᠠᠶᠢᠴᠢᠯᠠᠬᠤ ᠬᠡᠷᠡᠭᠲᠡᠢ ᠭᠡᠪᠡ᠃
2.webp.png
      ᠲᠠᠷᠠᠭᠠᠴᠢ ᠶᠢᠨ ᠠᠯᠬᠤᠮ ᠳᠤ᠂ ᠪᠡᠭᠡᠵᠢᠩ ᠥᠪᠥᠷ ᠮᠣᠩᠭᠤᠯ ᠬᠤᠶᠠᠷ ᠭᠠᠵᠠᠷ ᠤᠨ ᠬᠢᠨ ᠲᠠᠪᠴᠠᠩ ᠤᠨ ᠠᠵᠤ ᠠᠬᠤᠶᠢᠯᠠᠯ ᠢᠶᠠᠷ ᠬᠥᠳᠡᠭᠡ ᠲᠣᠰᠬᠤᠨ ᠤ ᠲᠠᠷᠢᠶᠠᠯᠠᠩ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠳᠤ ᠬᠦᠴᠦᠨ ᠨᠡᠮᠡᠷᠢᠯᠡᠬᠦ ᠲᠤᠰᠬᠠᠢ ᠠᠵᠢᠯ ᠤᠨ ᠲᠤᠬᠠᠢ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠎ᠠ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠬᠤ ᠲᠣᠭᠲᠠᠴᠠ ᠪᠠ ᠪᠡᠭᠡᠵᠢᠩ ᠬᠤᠲᠠ ᠶᠢᠨ ᠲᠠᠪᠴᠠᠩ ᠤᠨ ᠠᠵᠤ ᠠᠬᠤᠶᠢᠯᠠᠯ ᠤᠨ ᠳᠠᠪᠠᠭᠤᠯᠢᠭ ᠲᠤ ᠲᠦᠰᠢᠭᠯᠡᠨ᠂ ᠲᠠᠪᠴᠠᠩ ᠤᠨ ᠠᠵᠤ ᠠᠬᠤᠶᠢᠯᠠᠯ ᠬᠢᠭᠡᠳ ᠡᠯ᠎ᠡ ᠠᠶᠢᠮᠠᠭ ᠬᠤᠲᠠ ᠶᠢᠨ ᠪᠠᠶᠢᠩᠭᠤᠵᠢᠭᠰᠠᠨ ᠵᠣᠯᠭᠠᠭᠤᠯᠬᠤ ᠲᠣᠭᠲᠠᠴᠠ ᠪᠠ ᠬᠠᠮᠲᠤᠷᠠᠯᠴᠠᠬᠤ ᠬᠠᠷᠢᠴᠠᠭ᠎ᠠ ᠶᠢ ᠪᠠᠶᠢᠭᠤᠯᠵᠤ᠂ ᠮᠡᠳᠡᠭᠡ ᠵᠠᠩᠭᠢ ᠶᠢ ᠬᠠᠮᠲᠤᠪᠠᠷ ᠭᠥᠷᠳᠡᠬᠦ ᠶᠢ ᠪᠡᠶᠡᠯᠡᠭᠦᠯᠦᠨ᠂ ᠨᠢᠭᠡᠳᠦᠭᠡᠷ ᠪᠦᠯᠦᠭ ᠤᠨ ᠪᠣᠳᠠᠲᠠᠢ ᠬᠠᠮᠲᠤᠷᠠᠯᠴᠠᠬᠤ ᠲᠥᠷᠥᠯ ᠵᠦᠢᠯ ᠤᠨ ᠨᠠᠷᠢᠨ ᠬᠠᠭᠤᠳᠠᠰᠤ ᠶᠢ ᠪᠣᠶ ᠪᠣᠯᠭᠠᠬᠤ ᠶᠢ ᠠᠬᠢᠭᠤᠯᠵᠤ᠂ ᠲᠥᠷᠥ ᠶᠢᠨ ᠪᠣᠳᠣᠯᠭ᠎ᠠ ᠶᠢᠨ ᠲᠥᠷᠥᠯ ᠵᠦᠢᠯ ᠤᠨ ᠳᠡᠮᠵᠢᠯᠭᠡ ᠪᠠᠲᠤᠯᠠᠭ᠎ᠠ ᠶᠢ ᠴᠢᠩᠭᠠᠷᠠᠭᠤᠯᠤᠨ᠂ ᠴᠡᠭ ᠢᠶᠠᠷ ᠨᠡᠶᠢᠳᠡᠮ ᠢ ᠳᠠᠶᠢᠴᠢᠯᠠᠨ ᠥᠪᠥᠷ ᠮᠣᠩᠭᠤᠯ ᠤᠨ ᠬᠥᠳᠡᠭᠡ ᠲᠣᠰᠬᠤᠨ ᠤ ᠲᠠᠷᠢᠶᠠᠯᠠᠩ ᠰᠣᠶᠣᠯ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠳᠤ ᠬᠦᠴᠦᠨ ᠨᠡᠮᠡᠷᠢᠯᠡᠬᠦ ᠶᠢ ᠠᠬᠢᠭᠤᠯᠤᠨ᠎ᠠ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号