︽ᠤᠮᠠᠷᠠᠲᠤ ᠬᠢᠯᠢ ᠶᠢᠨ ᠰᠢᠨ᠎ᠡ ᠲᠠᠷᠢᠶᠠᠴᠢᠨ︾᠄ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠳᠠᠭᠠᠭᠤᠯᠤᠭᠴᠢ︾︱ᠯᠢ ᠴᠢᠩ ᠭᠦᠸᠧ
ᠨᠡᠶᠢᠲᠡᠯᠡᠭᠰᠡᠨ ᠴᠠᠭ᠄
2025/5/6
      ᠠᠷᠠᠳ ᠠᠴᠠ ᠡᠵᠡᠩᠨᠡᠭᠰᠡᠨ ᠠᠵᠤ ᠠᠬᠤᠶᠢᠯᠠᠯᠲᠠᠨ ᠪᠣᠯᠤᠭᠰᠠᠨ ᠤ ᠬᠤᠪᠢ ᠳᠤ᠂ ᠮᠣᠷᠢᠨᠳᠠᠪᠠᠭ᠎ᠠ ᠬᠤᠰᠢᠭᠤᠨ ᠤ ᠵᠦᠩ ᠨᠦᠩ ᠦᠷ᠎ᠡ ᠶᠢᠨ ᠦᠢᠯᠡᠰ ᠤᠨ ᠬᠡᠷᠡᠭ ᠮᠡᠳᠡᠭᠴᠢᠳ ᠤᠨ ᠳᠠᠷᠤᠭ᠎ᠠ ᠯᠢ ᠴᠢᠩ ᠭᠦᠸᠧ ᠦᠨᠡᠨᠴᠢ ᠢᠲᠡᠭᠡᠮᠵᠢᠲᠡᠢ᠂ ᠶᠠᠰᠤ ᠴᠢᠨᠠᠷ ᠢ ᠢᠮᠠᠭᠲᠠ ᠠᠵᠤ ᠠᠬᠤᠶᠢᠯᠠᠯ ᠤᠨ ᠰᠠᠭᠤᠷᠢᠯᠠᠬᠤ ᠦᠨᠳᠦᠰᠦ᠂ ᠦᠢᠯᠡᠰ ᠪᠣᠰᠬᠠᠬᠤ ᠶᠢᠨ ᠰᠠᠭᠤᠷᠢ ᠪᠠᠷ ᠦᠵᠡᠵᠦ᠂ ᠨᠡᠶᠢᠭᠡᠮ ᠤᠨ ᠬᠠᠷᠢᠭᠤᠴᠠᠯᠭ᠎ᠠ ᠶᠢ ᠢᠳᠡᠪᠬᠢᠲᠡᠢ ᠡᠭᠦᠷᠭᠡᠯᠡᠵᠦ᠂ ᠰᠠᠶᠢᠨ ᠰᠠᠶᠢᠬᠠᠨ ᠠᠵᠤ ᠠᠬᠤᠶᠢᠯᠠᠯ ᠤᠨ ᠢᠲᠡᠭᠡᠯ ᠬᠦᠨᠳᠦ ᠪᠠᠷ ᠢᠶᠠᠨ ᠨᠡᠶᠢᠭᠡᠮ ᠤᠨ ᠡᠯ᠎ᠡ ᠡᠲᠡᠭᠡᠳ ᠤᠨ ᠳᠡᠭᠡᠳᠦ ᠬᠡᠮᠵᠢᠶᠡᠨ ᠤ ᠬᠦᠷᠢᠶᠡᠯᠡᠯ ᠢ ᠣᠯᠣᠭᠰᠠᠨ ᠪᠠᠶᠢᠨ᠎ᠠ᠃ ᠲᠡᠷᠡ᠄ ︽ᠪᠢᠳᠡ ᠦᠨᠡᠨᠴᠢ ᠢᠲᠡᠭᠡᠮᠵᠢᠲᠡᠢ ᠣᠪᠣᠷ ᠢᠶᠠᠷ ᠪᠦᠲᠦᠭᠡᠭᠳᠡᠬᠦᠨ ᠤ ᠶᠠᠰᠤ ᠴᠢᠨᠠᠷ ᠢ ᠨᠡᠩ ᠰᠠᠶᠢᠨ ᠬᠢᠵᠦ᠂ ᠨᠡᠩ ᠰᠠᠶᠢᠨ ᠨᠡᠩ ᠠᠮᠤᠷ ᠲᠦᠪᠰᠢᠨ ᠰᠢᠯᠢᠳᠡᠭ ᠰᠠᠶᠢᠨ ᠦᠷ᠎ᠡ ᠶᠢ ᠨᠡᠩ ᠤᠯᠠᠨ ᠲᠠᠷᠢᠶᠠᠴᠢᠳ ᠲᠤ ᠠᠪᠴᠢᠷᠠᠵᠤ ᠥᠭᠬᠦ ᠬᠡᠷᠡᠭᠲᠡᠢ︾ ᠭᠡᠵᠦ ᠦᠷᠭᠦᠯᠵᠢ ᠬᠡᠯᠡᠳᠡᠭ᠃      ᠬᠥᠳᠡᠭᠡ ᠲᠣᠰᠬᠤᠨ  ᠠᠴᠠ ᠭᠠᠷᠴᠤ ᠢᠷᠡᠭᠰᠡᠨ ᠲᠡᠷᠡ ᠠᠪᠤ ᠡᠵᠢ ᠲᠦᠷᠦᠯ ᠰᠠᠳᠤᠨ ᠨᠠᠶᠢᠵᠠ ᠨᠥᠬᠦᠳ ᠤᠨ ᠢᠶᠠᠨ ᠬᠦᠰᠡᠯ ᠡᠷᠡᠮᠡᠯᠵᠡᠯ ᠢ ᠬᠥᠰᠡᠷᠳᠡᠭᠦᠯᠬᠦ ᠦᠭᠡᠢ ᠶᠢᠨ ᠲᠥᠯᠥᠭᠡ᠂ ᠶᠡᠭᠡ ᠰᠤᠷᠭᠠᠭᠤᠯᠢ ᠳᠤ ᠪᠠᠶᠢᠬᠤ ᠬᠤᠭᠤᠴᠠᠭᠠᠨ ᠳᠠᠭᠠᠨ ᠨᠡᠩ ᠤᠯᠠᠨ ᠤᠨᠤᠯ ᠤᠨ ᠮᠡᠳᠡᠯᠭᠡ ᠪᠠᠷ ᠥᠪᠡᠷ ᠤᠨ ᠦᠵᠡᠵᠦ ᠰᠣᠨᠣᠰᠤᠭᠰᠠᠨ ᠢᠶᠠᠨ ᠪᠠᠶᠠᠯᠢᠭᠵᠢᠭᠤᠯᠵᠤ᠂ ᠥᠪᠡᠷ ᠤᠨ ᠲᠠᠷᠢᠬᠢ ᠲᠣᠯᠣᠭᠠᠢ ᠪᠠᠨ ᠵᠡᠪᠰᠡᠭᠯᠡᠬᠦ ᠪᠠᠷ ᠬᠦᠴᠦᠯᠡᠨ ᠴᠢᠷᠮᠠᠶᠢᠪᠠ᠃ ᠶᠡᠭᠡ ᠰᠤᠷᠭᠠᠭᠤᠯᠢ ᠪᠠᠨ ᠲᠡᠭᠦᠰᠦᠭᠰᠡᠨ ᠤ ᠳᠠᠷᠠᠭ᠎ᠠ ᠲᠡᠷᠡ ᠾᠧᠢ ᠪᠦᠦ ᠱᠠᠨ ᠨᠡᠭᠦᠷᠡᠰᠦᠨ ᠠᠭᠤᠷᠬᠠᠢ ᠶᠢᠨ ᠬᠠᠷᠢᠶᠠᠨ ᠳᠠᠬᠢ ᠮᠠᠰᠢᠨ ᠰᠡᠯᠪᠢᠨ ᠵᠠᠰᠠᠬᠤ ᠦᠢᠯᠡᠳᠪᠦᠷᠢ ᠳᠤ ᠬᠤᠪᠢᠶᠠᠭᠳᠠᠨ ᠠᠵᠢᠯᠯᠠᠵᠤ᠂ ᠨᠢᠭᠡ ᠤᠳᠠᠭᠠᠨ ᠤ ᠨᠡᠭᠦᠷᠡᠰᠦᠨ ᠠᠭᠤᠷᠬᠠᠢ ᠶᠢᠨ ᠵᠣᠬᠢᠶᠠᠨ ᠪᠠᠶᠢᠭᠤᠯᠤᠭᠰᠠᠨ ᠠᠶᠤᠯᠭᠦᠢ ᠶᠢᠨ ᠮᠡᠳᠡᠯᠭᠡ ᠶᠢᠨ ᠤᠷᠤᠯᠳᠤᠭᠠᠨ ᠳᠤ ᠨᠢᠭᠡᠳᠦᠭᠡᠷ ᠲᠤ ᠣᠷᠣᠭᠰᠠᠨ ᠰᠠᠶᠢᠨ ᠬᠢᠷᠢ ᠪᠦᠲᠦᠮᠵᠢ ᠣᠯᠵᠠᠢ᠃ ᠢᠯᠡᠷᠡᠯ ᠨᠢ ᠲᠣᠪᠣᠶᠢᠮ᠎ᠠ ᠪᠣᠯᠬᠤᠷ᠂ ᠦᠢᠯᠡᠳᠪᠦᠷᠢ ᠠᠴᠠ ᠲᠡᠭᠦᠨ ᠢ ᠬᠠᠷᠪᠢᠨ ᠳᠤ ᠳᠠᠪᠲᠠᠨ ᠪᠣᠯᠪᠠᠰᠤᠷᠠᠭᠤᠯᠬᠤ ᠪᠠᠷ ᠲᠣᠬᠢᠷᠠᠭᠤᠯᠵᠤ᠂ ᠮᠡᠷᠭᠡᠵᠢᠯ ᠤᠨ ᠪᠠᠶᠢᠷᠢ ᠶᠢ ᠨᠢ ᠳᠡᠭᠡᠭᠰᠢᠯᠡᠭᠦᠯᠬᠦ ᠪᠠᠷ ᠲᠣᠭᠲᠠᠪᠠ᠃ ᠭᠡᠪᠡᠴᠦ ᠡᠳᠡᠭᠡᠷ ᠨᠢ ᠪᠦᠷ ᠲᠡᠭᠦᠨ ᠤ ᠬᠦᠰᠡᠭᠰᠡᠨ ᠵᠦᠢᠯ ᠪᠢᠰᠢ᠂ ᠲᠡᠭᠦᠨ ᠤ ᠬᠦᠰᠡᠯᠡᠩ ᠪᠣᠯ ᠨᠤᠲᠤᠭ ᠤᠨ ᠢᠶᠠᠨ ᠲᠠᠷᠢᠶᠠᠯᠠᠩ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠠᠪᠤᠳᠠᠯ ᠪᠣᠯᠣᠨ᠎ᠠ ᠭᠡᠳᠡᠭ ᠢ ᠯᠢ ᠴᠢᠩ ᠭᠦᠸᠧ ᠮᠡᠳᠡᠵᠦ ᠪᠠᠶᠢᠯ᠎ᠠ᠃       ᠯᠢ ᠴᠢᠩ ᠭᠦᠸᠧ ᠪᠣᠯ ᠲᠠᠷᠢᠶᠠᠴᠢᠨ ᠤ ᠬᠥᠪᠡᠭᠦᠨ᠂ ᠬᠠᠷᠠᠬᠠᠨ ᠪᠠᠭ᠎ᠠ ᠠᠴᠠ ᠪᠠᠨ ᠬᠥᠮᠦᠵᠢᠯ ᠭᠥᠷᠳᠡᠵᠦ᠂ ᠲᠠᠷᠢᠶᠠᠯᠠᠩ᠂ ᠬᠥᠳᠡᠭᠡ ᠲᠣᠰᠬᠤᠨ ᠪᠠ ᠲᠠᠷᠢᠶᠠᠴᠢᠳ ᠲᠤ ᠭᠦᠨ ᠵᠤᠵᠠᠭᠠᠨ ᠬᠠᠶᠢᠷ᠎ᠠ ᠰᠡᠳᠬᠢᠯᠭᠡ ᠲᠠᠢ᠃ ᠡᠴᠢᠭᠡ ᠶᠢᠨ ᠦᠶ᠎ᠡ ᠶᠢᠨ ᠬᠢᠨ ᠤ ᠰᠢᠷᠭᠠᠭᠤ ᠬᠠᠲᠠᠭᠤᠵᠢᠯᠲᠠᠢ ᠪᠠᠷ ᠳᠠᠷᠢᠭᠰᠠᠨ ᠰᠢᠷ᠎ᠠ ᠪᠤᠷᠴᠠᠭ ᠢᠶᠠᠨ ᠰᠠᠶᠢᠨ ᠬᠤᠳᠠᠯᠳᠤᠵᠤ ᠳᠡᠶᠢᠯᠬᠦ ᠦᠭᠡᠢ ᠪᠠᠶᠢᠳᠠᠭ ᠢ ᠪᠤᠳᠤᠭᠠᠳ ᠶᠡᠭᠡ ᠰᠠᠨᠠᠭᠠᠰᠢᠷᠠᠵᠤ ᠪᠠᠶᠢᠯ᠎ᠠ᠃ 2007 ᠣᠨ ᠳᠤ 21 ᠨᠠᠰᠤᠲᠠᠢ ᠯᠢ ᠴᠢᠩ ᠭᠦᠸᠧ ᠠᠵᠢᠯ ᠢᠶᠠᠨ ᠬᠠᠶᠠᠭᠠᠳ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠬᠤ ᠪᠠᠷ ᠰᠢᠢᠳᠴᠡᠢ᠃ ︽ᠮᠢᠨᠤ ᠬᠠᠷᠠᠯᠲᠠ ᠪᠣᠯ ᠨᠤᠲᠤᠭ ᠤᠨ ᠢᠶᠠᠨ ᠠᠮᠤ ᠪᠤᠳᠠᠭ᠎ᠠ ᠶᠢ ᠪᠦᠬᠦ ᠤᠯᠤᠰ ᠤᠨ ᠡᠯ᠎ᠡ ᠭᠠᠵᠠᠷ ᠲᠤ ᠬᠤᠳᠠᠯᠳᠤᠵᠤ᠂ ᠲᠠᠷᠢᠶᠠᠴᠢᠳ ᠤᠨ ᠠᠮᠤ ᠪᠤᠳᠠᠭ᠎ᠠ ᠶᠢ ᠰᠠᠶᠢᠨ ᠦᠨ᠎ᠡ ᠪᠠᠷ ᠬᠤᠳᠠᠯᠳᠤᠭᠤᠯᠵᠤ᠂ ᠨᠤᠲᠤᠭ ᠤᠨ ᠢᠶᠠᠨ ᠠᠷᠠᠳ ᠢᠷᠭᠡᠳ ᠢ ᠨᠡᠩ ᠰᠠᠶᠢᠨ ᠠᠮᠢᠳᠤᠷᠠᠭᠤᠯᠬᠤ ᠶᠠᠪᠤᠳᠠᠯ ᠪᠣᠯᠣᠨ᠎ᠠ︾ ᠭᠡᠵᠦ ᠯᠢ ᠴᠢᠩ ᠭᠦᠸᠧ ᠥᠪᠡᠷ ᠤᠨ ᠦᠢᠯᠡᠰ ᠪᠣᠰᠬᠠᠬᠤ ᠭᠡᠰᠡᠨ ᠠᠩᠬᠠᠨ ᠤ ᠵᠣᠷᠢᠯᠲᠠ ᠪᠠᠨ ᠶᠠᠷᠢᠬᠤ ᠳᠤ᠂ ᠦᠭᠡ ᠶᠠᠷᠢᠶ᠎ᠠ ᠨᠢ ᠲᠤᠶᠢᠯ ᠤᠨ ᠡᠷᠡᠰ ᠪᠠᠲᠤ ᠪᠠᠶᠢᠯ᠎ᠠ᠃ ᠲᠡᠷᠡ ᠨᠢᠭᠡ ᠯᠡ ᠰᠡᠳᠬᠢᠯ ᠢᠶᠠᠷ ᠨᠤᠲᠤᠭ ᠤᠨ ᠠᠬ᠎ᠠ ᠳᠡᠭᠦᠦ ᠨᠠᠷ ᠤᠨ ᠢᠶᠠᠨ ᠠᠴᠢ ᠶᠢ ᠬᠠᠷᠢᠭᠤᠯᠬᠤ ᠶᠢ ᠬᠦᠰᠡᠵᠦ᠂ ᠬᠡᠳᠦᠶᠢᠪᠡᠷ ᠲᠠᠷᠢᠶᠠᠯᠠᠩ ᠤᠨ ᠵᠠᠮ ᠢᠶᠠᠷ ᠶᠠᠪᠤᠬᠤ ᠨᠢ ᠮᠠᠰᠢ ᠵᠦᠳᠡᠷᠡᠯᠲᠡᠢ ᠭᠡᠳᠡᠭ ᠢ ᠲᠣᠳᠣᠷᠬᠠᠢ ᠮᠡᠳᠡᠵᠦ ᠪᠠᠶᠢᠪᠠᠴᠤ ᠮᠥᠨ ᠯᠡ ᠡᠷᠡᠰ ᠰᠢᠭᠤᠷᠬᠠᠢ ᠪᠠᠷ ᠵᠢᠳᠬᠦᠵᠦ ᠪᠠᠶᠢᠪᠠ᠃ ᠡᠬᠢᠯᠡᠯᠲᠡ ᠶᠢᠨ ᠪᠡᠯᠡ ᠮᠥᠩᠭᠦ ᠶᠢ ᠠᠳᠡ ᠲᠡᠨᠳᠡ ᠠᠴᠠ ᠴᠤᠭᠯᠠᠭᠤᠯᠵᠤ᠂ ᠢᠲᠡᠭᠡᠯ ᠵᠣᠷᠢᠭ ᠲᠡᠭᠦᠯᠳᠡᠷ ᠢᠶᠠᠷ ᠦᠯᠦ ᠮᠡᠳᠡᠬᠦ ᠦᠢᠯᠡᠰ ᠪᠣᠰᠬᠠᠬᠤ ᠵᠠᠮ ᠢᠶᠠᠷ ᠵᠠᠮᠨᠠᠭᠰᠠᠨ ᠪᠠᠶᠢᠨ᠎ᠠ᠃       ᠬᠤᠳᠠᠯᠳᠤᠨ ᠠᠪᠤᠭᠴᠢ ᠶᠢ ᠡᠷᠢᠬᠦ ᠶᠢᠨ ᠲᠥᠯᠥᠭᠡ᠂ ᠯᠢ ᠴᠢᠩ ᠭᠦᠸᠧ ᠪᠦᠬᠦ ᠤᠯᠤᠰ ᠤᠨ ᠡᠯ᠎ᠡ ᠶᠡᠭᠡ ᠠᠮᠤ ᠪᠤᠳᠠᠭᠠᠨ ᠤ ᠲᠥᠪᠯᠡᠷᠡᠭᠦᠯᠦᠨ ᠲᠠᠷᠬᠠᠭᠠᠬᠤ ᠵᠠᠬ᠎ᠠ ᠳᠡᠯᠭᠡᠭᠦᠷ ᠲᠤ ᠬᠦᠷᠴᠦ᠂ ᠲᠡᠮᠳᠡᠭᠯᠡᠯ ᠤᠨ ᠳᠡᠪᠲᠡᠷ ᠲᠤ ᠡᠯ᠎ᠡ ᠭᠠᠵᠠᠷ ᠤᠨ ᠠᠮᠤ ᠪᠤᠳᠠᠭᠠᠨ ᠤ ᠠᠷᠠᠯᠵᠢᠶᠠᠨ ᠤ ᠨᠠᠷᠢᠨ ᠪᠠᠶᠢᠳᠠᠯ ᠢ ᠨᠢᠭᠲᠠ ᠲᠡᠮᠳᠡᠭᠯᠡᠵᠦ ᠪᠠᠶᠢᠪᠠ᠃ ᠲᠡᠷᠡ ᠭᠤᠷᠪᠠ ᠶᠢᠰᠦᠨ  ᠤ ᠡᠳᠦᠷ ᠥᠨᠳᠥᠷ ᠬᠤᠷᠳᠤᠴᠠᠲᠤ ᠵᠠᠰᠠᠮᠠᠯ ᠵᠠᠮ ᠳᠤ ᠬᠡᠳᠦᠨ ᠴᠠᠭ ᠵᠣᠭᠰᠣᠵᠤ᠂ ᠭᠠᠷ ᠬᠥᠯ ᠳᠤ ᠨᠢ ᠬᠥᠯᠳᠡᠭᠰᠡᠨ ᠰᠢᠷᠬ᠎ᠠ ᠭᠠᠷᠤᠭᠰᠠᠨ ᠪᠠᠶᠢᠯ᠎ᠠ︔ ᠠᠮᠤ ᠪᠤᠳᠠᠭᠠᠨ ᠤ ᠠᠷᠠᠯᠵᠢᠶᠠᠨ ᠤ ᠵᠠᠬ᠎ᠠ ᠳᠡᠯᠭᠡᠭᠦᠷ ᠲᠤ ᠠᠮᠤ ᠪᠤᠳᠠᠭ᠎ᠠ ᠰᠠᠷᠢᠭᠠᠯᠠᠭᠴᠢᠳ ᠲᠤ ᠮᠡᠬᠡᠯᠡᠭᠳᠡᠵᠦ᠂ ᠬᠥᠮᠦᠨ ᠤ ᠨᠤᠲᠤᠭ ᠲᠤ ᠰᠡᠳᠬᠢᠯ ᠡᠮᠭᠡᠨᠢᠯᠲᠡᠢ ᠪᠠᠶᠢᠭᠰᠠᠨ ᠴᠠᠭ ᠮᠥᠴᠡ ᠶᠢ ᠥᠩᠭᠡᠷᠡᠭᠡᠵᠡᠢ᠃ ᠠᠵᠢᠯ ᠦᠢᠯᠡᠰ ᠤᠨ ᠢᠶᠠᠨ ᠲᠥᠯᠥᠭᠡ ᠴᠥᠬᠦᠷᠡᠰᠢ ᠦᠭᠡᠢ ᠲᠡᠮᠡᠴᠡᠭᠰᠡᠨ ᠡᠳᠦᠷ ᠤᠳ ᠲᠤ᠂ ᠯᠢ ᠴᠢᠩ ᠭᠦᠸᠧ ᠶᠢᠨ ᠰᠡᠳᠬᠢᠯ ᠳᠤ᠄ ᠬᠥᠮᠥᠨ ᠤ ᠠᠮᠢᠳᠤᠷᠠᠯ ᠳᠤ ᠲᠡᠰᠪᠦᠷᠢᠯᠡᠵᠦ ᠳᠡᠶᠢᠯᠬᠦ ᠦᠭᠡᠢ ᠬᠦᠴᠢᠷ ᠭᠡᠵᠦ ᠦᠭᠡᠢ᠂ ᠳᠠᠪᠠᠵᠤ ᠳᠡᠶᠢᠯᠬᠦ ᠦᠭᠡᠢ ᠳᠠᠪᠠᠭ᠎ᠠ ᠭᠡᠵᠦ ᠦᠭᠡᠢ᠂ ᠠᠮᠵᠢᠯᠲᠠ ᠪᠦᠲᠦᠮᠵᠢ ᠶᠢ ᠶᠡᠷᠦ ᠠᠴᠠ ᠢᠯᠭᠤᠮ ᠰᠢᠯᠤᠭᠤᠬᠠᠨ ᠤᠯᠵᠤ ᠴᠢᠳᠠᠳᠠᠭ ᠦᠭᠡᠢ ᠭᠡᠰᠡᠨ ᠢᠲᠡᠭᠡᠯ ᠵᠣᠷᠢᠭ ᠢᠶᠠᠨ ᠢᠮᠠᠭᠲᠠ ᠪᠠᠷᠢᠮᠲᠠᠯᠠᠭᠰᠠᠭᠠᠷ ᠢᠷᠡᠵᠠᠢ᠃       ᠬᠡᠳᠦᠨ ᠵᠢᠯ ᠵᠥᠭᠡᠭᠡᠪᠦᠷᠢᠯᠡᠬᠦ ᠠᠵᠢᠯ ᠬᠢᠭᠡᠳ ᠲᠠᠷᠢᠶᠠᠴᠢᠨ ᠡᠷᠤᠭᠡ ᠳᠤ ᠬᠠᠳᠠᠭᠠᠯᠠᠮᠵᠢ ᠶᠢᠨ ᠭᠠᠵᠠᠷ ᠪᠠ ᠠᠷᠭ᠎ᠠ ᠬᠡᠮᠵᠢᠶ᠎ᠡ ᠳᠤᠲᠠᠭᠳᠠᠬᠤ ᠠᠴᠠ ᠪᠣᠯᠵᠤ ᠰᠠᠶᠢᠨ ᠠᠮᠤ ᠪᠤᠳᠠᠭ᠎ᠠ ᠨᠢ ᠦᠷᠭᠦᠯᠵᠢ ᠢᠯᠵᠢᠷᠡᠵᠦ᠂ ᠲᠠᠷᠢᠶᠠᠴᠢᠳ ᠬᠤᠬᠢᠷᠠᠵᠤ᠂ ᠰᠢᠷ᠎ᠠ ᠪᠤᠷᠴᠠᠭ ᠤᠨ ᠶᠠᠰᠤ ᠴᠢᠨᠠᠷ ᠨᠢ ᠴᠦ ᠪᠠᠲᠤᠯᠠᠭ᠎ᠠ ᠦᠭᠡᠢ ᠪᠣᠯᠤᠭᠰᠠᠨ ᠢ ᠯᠢ ᠴᠢᠩ ᠭᠦᠸᠧ ᠣᠯᠵᠤ ᠮᠡᠳᠡᠪᠡ᠂ ᠡᠭᠦᠨ ᠤ ᠳᠡᠭᠡᠷ᠎ᠡ ᠲᠡᠷᠡ ᠨᠤᠲᠤᠭ ᠤᠨ ᠢᠶᠠᠨ ᠭᠧᠨ ᠬᠤᠪᠢᠷᠠᠭᠤᠯᠤᠭᠰᠠᠨ ᠪᠤᠰᠤ ᠰᠢᠯᠢᠳᠡᠭ ᠰᠢᠷ᠎ᠠ ᠪᠤᠷᠴᠠᠭ ᠢ ᠪᠦᠬᠦ ᠤᠯᠤᠰ ᠤᠨ ᠡᠯ᠎ᠡ ᠭᠠᠵᠠᠷ ᠲᠤ ᠪᠣᠷᠣᠯᠠᠭᠤᠯᠬᠤ ᠶᠢ ᠪᠤᠳᠤᠭᠰᠠᠨ ᠠᠴᠠ ᠬᠠᠮᠲᠤᠷᠠᠵᠢᠯ ᠤᠨ ᠬᠥᠭᠵᠢᠯᠲᠡ ᠶᠢᠨ ᠵᠠᠮ ᠢᠶᠠᠷ ᠶᠠᠪᠤᠬᠤ ᠪᠠᠷ ᠰᠢᠭᠤᠳᠪᠠ᠃       2015 ᠣᠨ ᠳᠤ᠂ ᠯᠢ ᠴᠢᠩ ᠭᠦᠸᠧ ᠤᠯᠤᠰ ᠤᠨ ᠤᠷᠢᠶᠠᠯᠠᠭ᠎ᠠ ᠶᠢ ᠴᠤᠤᠷᠢᠶᠠᠲᠤᠨ ᠳᠠᠭᠠᠵᠤ᠂ ᠰᠢᠨ ᠯᠢ ᠰᠢᠶᠠᠩ ᠶᠠᠩ ᠬᠤᠷᠰᠢᠶ᠎ᠠ ᠶᠢ ᠪᠠᠶᠢᠭᠤᠯᠪᠠ᠃ ︽ᠪᠢ ᠮᠣᠷᠢᠨᠳᠠᠪᠠᠭ᠎ᠠ ᠬᠤᠰᠢᠭᠤᠨ ᠤ ᠰᠢᠷ᠎ᠠ ᠪᠤᠷᠴᠠᠭ ᠤᠨ ᠨᠤᠲᠤᠭ ᠤᠨ ᠰᠠᠶᠢᠬᠠᠨ ᠠᠯᠳᠠᠷ ᠢ ᠥᠪᠥᠷ ᠮᠣᠩᠭᠤᠯ ᠠᠴᠠ ᠭᠠᠷᠭᠠᠵᠤ ᠪᠦᠬᠦ ᠤᠯᠤᠰ ᠤᠨ ᠬᠡᠪᠴᠢᠶᠡᠨ ᠳᠤ ᠭᠠᠷᠭᠠᠨ᠎ᠠ︾ ᠭᠡᠵᠦ ᠲᠤᠬᠠᠢ ᠶᠢᠨ ᠵᠢᠯ ᠤᠨ ᠬᠦᠰᠡᠯ ᠡᠷᠡᠮᠡᠯᠵᠡᠯ ᠢᠶᠠᠨ ᠶᠠᠷᠢᠬᠤ ᠳᠤ᠂ ᠣᠮᠤᠭ ᠪᠠᠭ᠋ᠠᠳᠤᠯᠲᠤ ᠰᠡᠳᠬᠢᠯᠭᠡ ᠪᠠᠨ ᠳᠠᠷᠤᠵᠤ ᠶᠠᠳᠠᠨ ᠪᠠᠶᠢᠯ᠎ᠠ᠃ ᠮᠣᠷᠢᠨᠳᠠᠪᠠᠭ᠎ᠠ ᠬᠤᠰᠢᠭᠤ ᠪᠣᠯ ᠰᠢᠷ᠎ᠠ ᠪᠤᠷᠴᠠᠭ ᠤᠨ ᠨᠤᠲᠤᠭ ᠪᠣᠯᠣᠨ᠎ᠠ᠂ ᠠᠷᠠᠳ ᠢᠷᠭᠡᠳ ᠰᠢᠯᠢᠳᠡᠭ ᠰᠠᠶᠢᠨ ᠴᠢᠨᠠᠷ ᠴᠢᠨᠰᠠᠭ᠎ᠠ ᠲᠠᠢ ᠤᠯᠤᠰ ᠲᠠᠭᠠᠨ ᠦᠢᠯᠡᠳᠪᠦᠷᠢᠯᠡᠭᠰᠡᠨ ᠰᠢᠷ᠎ᠠ ᠪᠤᠷᠴᠠᠭ ᠢ ᠲᠠᠷᠢᠬᠤ ᠪᠠᠷ ᠭᠤᠣᠯ ᠪᠣᠯᠭᠠᠳᠠᠭ᠃       ᠠᠷᠠᠯᠵᠢᠶ᠎ᠠ ᠮᠠᠶᠢᠮᠠᠢ ᠨᠢ ᠤᠯᠠᠮ ᠠᠴᠠ ᠤᠯᠠᠮ ᠰᠠᠶᠢᠵᠢᠷᠠᠬᠤ ᠶᠢ ᠳᠠᠭᠠᠯᠳᠤᠨ᠂ ᠯᠢ ᠴᠢᠩ ᠭᠦᠸᠧ ᠡᠯᠪᠡᠭ ᠪᠠᠶᠠᠯᠢᠭ ᠮᠡᠳᠡᠯᠭᠡ ᠪᠠ ᠲᠤᠷᠰᠢᠯᠭ᠎ᠠ ᠪᠣᠯ ᠪᠦᠲᠦᠭᠡᠯᠴᠢ ᠰᠡᠳᠬᠢᠬᠦᠢ ᠶᠢᠨ ᠰᠠᠭᠤᠷᠢ ᠮᠥᠨ ᠭᠡᠳᠡᠭ ᠢ ᠲᠠᠨᠢᠵᠤ᠂ ᠬᠠᠷᠠᠭ᠎ᠠ ᠪᠠᠨ ᠥᠷᠭᠡᠳᠬᠡᠪᠡᠯ ᠰᠠᠶ᠋ᠢ ᠬᠤᠷᠰᠢᠶ᠎ᠠ ᠶᠢ ᠨᠡᠩ ᠬᠤᠯᠠ ᠵᠠᠮᠨᠠᠭᠤᠯᠵᠤ ᠴᠢᠳᠠᠨ᠎ᠠ ᠭᠡᠳᠡᠭ ᠢ ᠲᠠᠨᠢᠵᠤ ᠣᠯᠵᠠᠢ᠃ ᠡᠭᠦᠨ ᠤ ᠲᠤᠯᠠᠳᠠ᠂ 2017 ᠣᠨ ᠠᠴᠠ ᠡᠬᠢᠯᠡᠨ᠂ ᠲᠡᠷᠡ ᠤᠷᠢᠳ ᠬᠤᠵᠢᠳ ᠥᠪᠡᠷᠲᠡᠭᠡᠨ ᠵᠠᠰᠠᠬᠤ ᠣᠷᠣᠨ ᠤ ᠲᠡᠰ ᠤᠨ ᠤᠳᠤ ᠦᠶ᠎ᠡ ᠶᠢᠨ ᠵᠠᠯᠠᠭᠤᠴᠤᠳ ᠤᠨ ᠲᠠᠷᠢᠶᠠᠯᠠᠩ ᠤᠨ ᠲᠠᠯᠠᠪᠠᠢ ᠶᠢᠨ ᠡᠵᠡᠨ ᠤ ᠪᠣᠯᠪᠠᠰᠤᠷᠠᠯ ᠤᠨ ᠠᠩᠭᠢ᠂ ᠭᠤᠷᠪᠠᠳᠤᠭᠠᠷ ᠬᠤᠭᠤᠴᠠᠭᠠᠨ ᠤ ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭᠠᠨ ᠤ ᠮᠠᠯᠴᠢᠨ ᠲᠠᠷᠢᠶᠠᠴᠢᠨ ᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠪᠠᠶᠠᠵᠢᠭᠤᠯᠬᠤ ᠳᠠᠭᠠᠭᠤᠯᠤᠭᠴᠢ ᠶᠢᠨ ᠪᠣᠯᠪᠠᠰᠤᠷᠠᠯ ᠤᠨ ᠠᠩᠭᠢ᠂ ᠪᠡᠭᠡᠵᠢᠩ ᠥᠪᠥᠷ ᠮᠣᠩᠭᠤᠯ ᠤᠨ ᠬᠥᠳᠡᠯᠮᠦᠷᠢ ᠦᠢᠯᠡᠴᠢᠯᠡᠭᠡᠨ ᠤ ᠬᠠᠮᠵᠢᠯᠴᠠᠭᠠᠨ ᠤ ᠲᠣᠬᠢᠷᠠᠭᠤᠯᠭ᠎ᠠ ᠶᠢᠨ ᠪᠠᠶᠠᠵᠢᠯ ᠤᠨ ᠳᠠᠭᠠᠭᠤᠯᠤᠭᠴᠢ ᠶᠢᠨ ᠪᠡᠭᠡᠵᠢᠩ ᠳᠤ ᠣᠴᠢᠬᠤ ᠪᠣᠯᠪᠠᠰᠤᠷᠠᠯ ᠳᠤ ᠣᠷᠣᠯᠴᠠᠵᠠᠢ᠃ ᠲᠠᠷᠢᠶᠠᠯᠠᠭᠴᠢ ᠰᠢᠷ᠎ᠠ ᠪᠤᠷᠴᠠᠭ ᠡᠷᠳᠡᠨᠢ ᠰᠢᠰᠢ ᠶᠢᠨ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠳᠤ ᠤᠨᠤᠯ ᠤᠨ ᠪᠣᠯᠪᠠᠰᠤᠷᠠᠯ᠂ ᠦᠢᠯᠡᠳᠦᠯᠭᠡ ᠶᠢᠨ ᠦᠵᠡᠭᠦᠯᠭᠡ ᠪᠠᠷ ᠳᠠᠮᠵᠢᠨ᠂ ᠲᠡᠭᠦᠨ ᠤ ᠤᠯᠤᠰ ᠤᠨ ᠲᠦᠷᠦ ᠶᠢᠨ ᠪᠣᠳᠣᠯᠭ᠎ᠠ ᠶᠢᠨ ᠲᠤᠬᠠᠢ ᠲᠠᠨᠢᠯᠲᠠ ᠨᠢ ᠳᠡᠭᠡᠭᠰᠢᠯᠡᠭᠰᠡᠨ ᠪᠥᠭᠡᠳ ᠠᠵᠢᠯ ᠦᠢᠯᠡᠰ ᠢᠶᠠᠨ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠢᠲᠡᠭᠡᠯ ᠵᠣᠷᠢᠭ ᠨᠢ ᠴᠦ ᠪᠠᠲᠤᠵᠢᠵᠠᠢ᠃ ᠤᠯᠤᠰ ᠤᠨ ᠳᠤᠷᠠᠳᠤᠭᠰᠠᠨ ᠰᠢᠷ᠎ᠠ ᠪᠤᠷᠴᠠᠭ ᠢ ᠬᠥᠭᠵᠢᠭᠦᠯᠦᠨ ᠮᠠᠨᠳᠤᠭᠤᠯᠬᠤ ᠲᠥᠯᠥᠪᠯᠡᠭᠡ ᠶᠢ ᠢᠳᠡᠪᠬᠢᠲᠡᠢ ᠴᠤᠤᠷᠢᠶᠠᠲᠤᠨ ᠲᠠᠭᠠᠵᠦ᠂ ᠰᠢᠷ᠎ᠠ ᠪᠤᠷᠴᠠᠭ ᠤᠨ ᠠᠵᠤ ᠦᠢᠯᠡᠰ ᠢ ᠨᠡᠩ ᠰᠠᠶᠢᠲᠤᠷ ᠬᠥᠭᠵᠢᠭᠦᠯᠬᠦ ᠶᠢᠨ ᠲᠥᠯᠥᠭᠡ᠂ ᠯᠢ ᠴᠢᠩ ᠭᠦᠸᠧ 2020 ᠣᠨ ᠤ 7 ᠰᠠᠷ᠎ᠠ ᠳᠤ ᠬᠥᠯᠥᠨ ᠪᠤᠶᠢᠷ ᠬᠤᠳᠠ ᠶᠢᠨ ᠵᠦᠩ ᠨᠦᠩ ᠦᠷ᠎ᠡ ᠶᠢᠨ ᠦᠢᠯᠡᠰ ᠤᠨ ᠬᠢᠵᠠᠭᠠᠷᠲᠤ ᠺᠣᠮᠫᠠᠨᠢ ᠶᠢ ᠪᠠᠶᠢᠭᠤᠯᠪᠠ᠃ ᠡᠭᠦᠯᠳᠡᠷ ᠢ ᠰᠣᠩᠭᠤᠨ ᠪᠣᠶᠢᠵᠢᠭᠤᠯᠵᠤ ᠴᠡᠪᠡᠷᠰᠢᠭᠦᠯᠦᠨ ᠴᠢᠭᠢᠷᠠᠭᠵᠢᠭᠤᠯᠬᠤ᠂ ᠤᠤᠯ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ ᠠᠴᠠ ᠶᠡᠭᠡ ᠬᠡᠪᠴᠢᠶ᠎ᠡ ᠪᠠᠷ ᠳᠡᠯᠭᠡᠷᠡᠭᠦᠯᠬᠦ ᠬᠦᠷᠲᠡᠯ᠎ᠡ᠂ ᠵᠦᠩ ᠨᠦᠩ ᠦᠷ᠎ᠡ ᠶᠢᠨ ᠦᠢᠯᠡᠰ ᠨᠢ ᠨᠢᠭᠡᠨᠲᠡ ᠬᠠᠷᠢᠴᠠᠯ ᠢᠶᠠᠷ ᠵᠦᠢ ᠵᠣᠬᠢᠰᠲᠠᠢ ᠰᠢᠷ᠎ᠠ ᠪᠤᠷᠴᠠᠭ ᠤᠨ ᠰᠠᠶᠢᠨ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ ᠦᠢᠯᠡᠳᠪᠦᠷᠢᠯᠡᠯ ᠤᠨ ᠰᠢᠰᠲ᠋ᠧᠮ ᠢ ᠪᠦᠷᠢᠯᠳᠦᠭᠦᠯᠵᠦ᠂ ᠥᠪᠥᠷ ᠮᠣᠩᠭᠤᠯ ᠣᠷᠣᠨ ᠤ ᠦᠷᠡᠵᠢᠭᠦᠯᠦᠨ ᠪᠣᠶᠢᠵᠢᠭᠤᠯᠬᠤ ᠶᠢ ᠨᠢᠭᠡ ᠴᠣᠭᠴᠠᠵᠢᠭᠤᠯᠤᠭᠰᠠᠨ ᠤᠳᠤ ᠦᠶ᠎ᠡ ᠶᠢᠨ ᠦᠷ᠎ᠡ ᠶᠢᠨ ᠦᠢᠯᠡᠰ ᠤᠨ ᠺᠣᠮᠫᠠᠨᠢ ᠪᠣᠯᠤᠭᠰᠠᠨ ᠪᠠᠶᠢᠨ᠎ᠠ᠃       ᠶᠠᠰᠤ ᠴᠢᠨᠠᠷ ᠢᠶᠠᠷ ᠨᠡᠩ ᠰᠠᠶᠢᠨ᠂ ᠨᠡᠩ ᠰᠢᠯᠢᠳᠡᠭ ᠦᠷ᠎ᠡ ᠶᠢ ᠪᠣᠶᠢᠵᠢᠭᠤᠯᠬᠤ ᠶᠢᠨ ᠲᠥᠯᠥᠭᠡ᠂ ᠵᠦᠩ ᠨᠦᠩ ᠦᠷ᠎ᠡ ᠶᠢᠨ ᠦᠢᠯᠡᠰ ᠤᠷᠢᠳ ᠬᠤᠵᠢᠳ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ᠂ ᠬᠥᠯᠥᠨ ᠪᠤᠶᠢᠷ ᠬᠤᠳᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠤᠳᠤᠯᠭᠠᠨ ᠤ ᠭᠠᠵᠠᠷ᠂ ᠰᠢᠨ ᠰᠢᠩ ᠲᠠᠷᠢᠶᠠᠯᠠᠩ ᠤᠨ ᠰᠢᠨᠵᠢᠯᠡᠬᠦ ᠤᠬᠠᠭᠠᠨ ᠤ ᠭᠠᠵᠠᠷ ᠵᠡᠷᠭᠡ 8 ᠰᠢᠨᠵᠢᠯᠡᠬᠦ ᠤᠬᠠᠭᠠᠨ ᠤ ᠰᠤᠳᠤᠯᠭᠠᠨ ᠤ ᠨᠢᠭᠡᠴᠡ ᠲᠠᠢ ᠰᠢᠷ᠎ᠠ ᠪᠤᠷᠴᠠᠭ ᠤᠨ ᠦᠷ᠎ᠡ ᠶᠢᠨ ᠰᠢᠨ᠎ᠡ ᠶᠢ ᠡᠭᠦᠳᠦᠨ ᠠᠰᠢᠭᠯᠠᠬᠤ ᠬᠠᠮᠲᠤᠷᠠᠯᠴᠠᠭᠠᠨ ᠤ ᠬᠤᠯᠪᠣᠭ᠎ᠠ ᠪᠠᠶᠢᠭᠤᠯᠵᠤ᠂ ᠡᠷᠳᠡᠨᠢ ᠰᠢᠰᠢ ᠶᠢᠨ ᠦᠷ᠎ᠡ ᠪᠣᠶᠢᠵᠢᠭᠤᠯᠬᠤ ᠰᠢᠨᠵᠢᠯᠡᠬᠦ ᠤᠬᠠᠭᠠᠨ ᠠᠵᠤ ᠠᠬᠤᠶᠢᠯᠠᠯ ᠤᠨ ᠬᠤᠯᠪᠣᠭ᠎ᠠ ᠶᠢ ᠪᠠᠶᠢᠭᠤᠯᠪᠠ᠃ ᠵᠦᠩ ᠨᠦᠩ ᠦᠷ᠎ᠡ ᠶᠢᠨ ᠦᠢᠯᠡᠰ ᠲᠤ ᠣᠲᠣ ᠮᠧᠩ ᠺᠧ ᠳ᠋ᠧᠦ 9 ᠳ᠋ᠦ᠋ᠭᠡᠷ ᠨᠣᠮᠧᠷ᠂ ᠮᠧᠩ ᠺᠧ ᠳ᠋ᠧᠦ 23 ᠳ᠋ᠤᠭᠠᠷ ᠨᠣᠮᠧᠷ᠂ ᠭᠠᠨ ᠳ᠋ᠧᠦ 2 ᠳ᠋ᠤᠭᠠᠷ ᠨᠣᠮᠧᠷ᠂ ᠭᠠᠨ ᠳ᠋ᠧᠦ5 ᠳ᠋ᠤᠭᠠᠷ ᠨᠣᠮᠧᠷ᠂ ᠰᠢᠨ ᠰᠢᠩ 3 ᠳ᠋ᠤᠭᠠᠷ ᠨᠣᠮᠧᠷ᠂ ᠰᠢᠨ ᠰᠢᠩ 8 ᠳ᠋ᠤᠭᠠᠷ ᠨᠣᠮᠧᠷ ᠵᠡᠷᠭᠡ 13 ᠡᠵᠡᠩᠨᠡᠯᠲᠡ ᠶᠢᠨ ᠡᠷᠬᠡᠲᠦ ᠰᠢᠷ᠎ᠠ ᠪᠤᠷᠴᠠᠭ ᠤᠨ ᠲᠥᠷᠥᠯ ᠵᠦᠢᠯ ᠪᠠᠶᠢᠵᠤ᠂ ︽ᠳᠤᠮᠳᠠᠳᠤ ᠶᠢᠨ ᠲᠠᠷᠢᠶᠠᠴᠢᠨ ᠤ ᠪᠦᠲᠦᠭᠡᠭᠳᠡᠬᠦᠨ᠂ ᠰᠠᠨᠠᠭᠠᠨ ᠳᠤ ᠳᠠᠭᠠᠷᠠᠭᠰᠠᠨ ᠰᠣᠩᠭᠤᠯᠲᠠ︾ ᠪᠦᠬᠦᠢ ᠳᠤᠮᠳᠠ ᠲᠠᠷᠢᠶᠠᠴᠢᠨ ᠤ ᠨᠠᠷᠠᠲᠤ ᠲᠥᠷᠥᠯ ᠲᠡᠮᠳᠡᠭᠲᠦ ᠶᠢ ᠪᠥᠬᠦ ᠬᠦᠴᠦᠨ ᠢᠶᠠᠷ ᠢᠶᠠᠨ ᠪᠣᠶ ᠪᠣᠯᠭᠠᠪᠠ᠃ ᠣᠳᠣᠬᠠᠨ ᠳᠤ᠂ ᠺᠣᠮᠫᠠᠨᠢ ᠨᠢ ᠥᠪᠥᠷ ᠮᠣᠩᠭᠤᠯ᠂ ᠬᠠᠷᠠᠮᠥ᠋ᠷᠡᠨ᠂ ᠬᠢᠷᠢᠨ᠂ ᠯᠢᠶᠣᠤᠨᠢᠩ ᠵᠡᠷᠭᠡ ᠤᠯᠠᠨ ᠮᠤᠵᠢ ᠣᠷᠣᠨ ᠳᠤ ᠥᠷᠭᠡᠨ ᠳᠡᠯᠭᠡᠷ ᠪᠣᠷᠤᠯᠠᠭᠤᠯᠭ᠎ᠠ ᠶᠢᠨ ᠠᠷᠭ᠎ᠠ ᠵᠠᠮ ᠪᠠᠶᠢᠭᠤᠯᠵᠤ᠂ ᠠᠵᠢᠯ ᠲᠦᠷᠦᠯ ᠤᠨ ᠳᠣᠲᠣᠷᠠᠬᠢ ᠬᠥᠮᠥᠰ ᠪᠠ ᠲᠠᠷᠢᠶᠠᠴᠢᠨ ᠡᠷᠦᠬᠡ ᠳᠤ ᠳᠡᠭᠡᠳᠦ ᠬᠡᠮᠵᠢᠶ᠎ᠡ ᠪᠠᠷ ᠮᠡᠳᠡᠷᠡᠭᠳᠡᠭᠰᠡᠨ ᠪᠠᠶᠢᠨ᠎ᠠ᠃       ᠰᠢᠨ ᠯᠢ ᠰᠢᠶᠠᠩ ᠶᠠᠩ ᠬᠤᠷᠰᠢᠶ᠎ᠠ ᠪᠠᠶᠢᠭᠤᠯᠤᠭᠳᠠᠭᠰᠠᠨ  ᠠᠴᠠ ᠣᠲᠣ ᠪᠣᠯᠲᠠᠯ᠎ᠠ᠂ 2017 ᠣᠨ ᠳᠤ ᠬᠤᠰᠢᠭᠤᠨ ᠲᠠᠰ ᠤᠨ ᠵᠢᠱᠢᠶ᠎ᠡ ᠦᠵᠡᠭᠦᠯᠬᠦ ᠬᠤᠷᠰᠢᠶ᠎ᠠ ᠪᠣᠯᠭᠠᠨ ᠳᠡᠪᠰᠢᠭᠦᠯᠵᠦ᠂ 2018 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠵᠢᠱᠢᠶ᠎ᠡ ᠦᠵᠡᠭᠦᠯᠬᠦ ᠬᠤᠷᠰᠢᠶ᠎ᠠ ᠪᠣᠯᠭᠠᠵᠤ᠂ 2021 ᠣᠨ ᠳᠤ ᠤᠯᠤᠰ ᠤᠨ ᠪᠠ ᠲᠠᠰ ᠤᠨ ᠵᠢᠱᠢᠶ᠎ᠡ ᠦᠵᠡᠭᠦᠯᠬᠦ ᠬᠤᠷᠰᠢᠶ᠎ᠠ ᠪᠣᠯᠭᠠᠪᠠ᠃ 2021 ᠣᠨ ᠳᠤ᠂ ᠰᠢᠨ ᠯᠢ ᠰᠢᠶᠠᠩ ᠶᠠᠩ ᠠᠮᠤ ᠪᠤᠳᠠᠭᠠᠨ ᠤ ᠠᠷᠠᠯᠵᠢᠶ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠠᠭᠠᠭᠤᠯᠤᠭᠴᠢ ᠠᠵᠤ ᠠᠬᠤᠶᠢᠯᠠᠯ ᠢᠶᠠᠷ ᠦᠨᠡᠯᠡᠭᠳᠡᠵᠦ᠂ 2023 ᠣᠨ ᠳᠤ ᠬᠥᠯᠥᠨ ᠪᠤᠶᠢᠷ ᠬᠤᠳᠠ ᠶᠢᠨ ᠵᠦᠩ ᠨᠦᠩ ᠦᠷ᠎ᠡ ᠶᠢᠨ ᠦᠢᠯᠡᠰ ᠤᠨ ᠬᠢᠵᠠᠭᠠᠷᠲᠤ ᠺᠣᠮᠫᠠᠨᠢ ᠥᠪᠥᠷ ᠮᠣᠩᠭᠤᠯ ᠤᠨ ᠮᠠᠯ ᠠᠵᠤ ᠠᠬᠤᠢ ᠲᠠᠷᠢᠶᠠᠯᠠᠩ ᠤᠨ ᠠᠵᠤ ᠦᠢᠯᠡᠰᠵᠢᠯᠲᠡ ᠶᠢᠨ ᠭᠤᠣᠯᠳᠠᠯᠭ᠎ᠠ ᠲᠠᠢ ᠳᠠᠭᠠᠭᠤᠯᠤᠭᠴᠢ ᠠᠵᠤ ᠠᠬᠤᠶᠢᠯᠠᠯ ᠢᠶᠠᠷ ᠦᠨᠡᠯᠡᠭᠳᠡᠪᠡ᠃       ᠣᠯᠠᠨ ᠵᠢᠯ ᠤᠨ ᠲᠤᠷᠰᠢ᠂ ᠯᠢ ᠴᠢᠩ ᠭᠦᠸᠧ ᠰᠠᠨᠠᠭᠠᠴᠢᠯᠠᠭ᠎ᠠ ᠠᠴᠠ ᠪᠠᠨ ᠲᠤᠬᠠᠢ ᠶᠢᠨ ᠭᠠᠵᠠᠷ ᠤᠨ ᠲᠠᠷᠢᠶᠠᠴᠢᠨ ᠡᠷᠦᠬᠡ ᠶᠢ ᠳᠠᠭᠠᠭᠤᠯᠤᠨ ᠪᠠᠶᠠᠵᠢᠨ ᠣᠷᠣᠯᠭ᠎ᠠ ᠪᠠᠨ ᠨᠡᠮᠡᠭᠳᠡᠭᠦᠯᠵᠦ᠂ ︽ᠦᠷ᠎ᠡ ᠶᠢᠨ ᠦᠢᠯᠡᠰ ᠤᠨ ᠺᠣᠮᠫᠠᠨᠢ + ᠬᠥᠲᠥᠴᠢ ᠠᠵᠤ ᠠᠬᠤᠶᠢᠯᠠᠯ + ᠬᠤᠷᠰᠢᠶ᠎ᠠ + ᠲᠠᠷᠢᠶᠠᠴᠢᠨ ᠡᠷᠦᠬᠡ︾ ᠶᠢᠨ ᠲᠠᠷᠢᠶᠠᠯᠠᠩ ᠲᠠᠢ ᠬᠤᠯᠪᠤᠭᠠᠯᠠᠨ ᠲᠠᠷᠢᠶᠠᠯᠠᠩ ᠢ ᠳᠠᠶᠢᠴᠢᠯᠠᠬᠤ ᠵᠠᠭᠪᠤᠷ ᠢ ᠬᠡᠷᠡᠭᠯᠡᠨ᠂ 110 ᠭᠠᠷᠤᠢ ᠠᠵᠢᠯ ᠤᠨ ᠪᠠᠶᠢᠷᠢ ᠬᠠᠩᠭᠠᠵᠤ᠂ ᠨᠡᠶᠢᠲᠡ 16 ᠲᠦᠮᠡᠨ ᠲᠠᠷᠢᠶᠠᠴᠢᠨ ᠳᠤ ᠦᠢᠯᠡᠴᠢᠯᠡᠵᠦ᠂ 1.5 ᠲᠦᠮᠡᠨ ᠲᠠᠷᠢᠶᠠᠴᠢᠨ ᠡᠷᠦᠬᠡ ᠶᠢ ᠳᠠᠶᠢᠴᠢᠯᠠᠨ᠂ 3.75 ᠲᠦᠮᠡᠨ ᠲᠠᠷᠢᠶᠠᠯᠠᠩ ᠤᠨ ᠬᠥᠮᠥᠨ ᠠᠮᠠ ᠶᠢ ᠳᠠᠶᠢᠴᠢᠯᠠᠭᠰᠠᠨ ᠪᠠᠶᠢᠨ᠎ᠠ᠃ ᠲᠠᠷᠢᠶᠠᠴᠢᠨ ᠲᠠᠢ ᠬᠤᠯᠪᠣᠭᠠᠯᠠᠵᠤ ᠲᠠᠷᠢᠶᠠᠴᠢᠨ ᠢ ᠳᠠᠶᠢᠴᠢᠯᠠᠬᠤ ᠪᠠᠷ ᠳᠠᠮᠵᠢᠭᠤᠯᠤᠨ ᠲᠠᠷᠢᠶᠠᠴᠢᠨ ᠡᠷᠦᠬᠡ ᠶᠢᠨ ᠵᠢᠯ ᠳᠤ ᠳᠤᠮᠳᠠᠴᠢ ᠪᠠᠷ 1 ᠲᠦᠮᠡᠨ ᠲᠥᠭᠦᠷᠢᠭ ᠤᠨ ᠣᠷᠣᠯᠭ᠎ᠠ ᠶᠢ ᠨᠡᠮᠡᠭᠳᠡᠭᠦᠯᠵᠦ᠂ ᠬᠥᠮᠥᠨ ᠪᠦᠷᠢ ᠳᠤ ᠳᠤᠮᠳᠠᠴᠢ ᠪᠠᠷ 4000 ᠲᠥᠭᠦᠷᠢᠭ ᠤᠨ ᠴᠡᠪᠡᠷ ᠣᠷᠣᠯᠭ᠎ᠠ ᠶᠢ ᠨᠡᠮᠡᠭᠳᠡᠭᠦᠯᠵᠡᠢ᠃ ᠯᠢ ᠴᠢᠩ ᠭᠦᠸᠧ ᠨᠡᠶᠢᠭᠡᠮ ᠤᠨ ᠬᠠᠷᠢᠭᠤᠴᠠᠯᠭ᠎ᠠ ᠶᠢ ᠵᠣᠷᠢᠭᠲᠠᠢ ᠪᠠᠷ ᠡᠭᠦᠷᠭᠡᠯᠡᠵᠦ᠂ ᠨᠡᠶᠢᠲᠡ ᠶᠢᠨ ᠠᠰᠠᠷᠠᠮᠵᠢ ᠶᠢᠨ ᠦᠢᠯᠡᠰ ᠲᠤ ᠬᠠᠯᠠᠭᠤᠨ ᠰᠡᠳᠬᠢᠯ ᠲᠠᠢ ᠪᠠᠶᠢᠪᠠ᠃ ᠰᠢᠨ᠎ᠡ ᠲᠢᠳᠢᠮᠲᠦ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠡᠰᠡᠷᠭᠦᠴᠡᠬᠦ ᠬᠤᠭᠤᠴᠠᠭᠠᠨ ᠳᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠲᠤ 2 ᠲᠦᠮᠡᠨ ᠲᠥᠭᠦᠷᠢᠭ ᠬᠠᠨᠳᠢᠪᠯᠡᠪᠠ︔ ᠡᠯ᠎ᠡ ᠰᠢᠶᠠᠩ ᠪᠠᠯᠭᠠᠰᠤᠨ ᠳᠤ 2.5 ᠲᠦᠮᠡ ᠭᠠᠷᠤᠢ ᠲᠥᠭᠦᠷᠢᠭ ᠤᠨ ᠥᠷᠲᠡᠭ ᠪᠦᠬᠦᠢ 540 ᠬᠠᠶᠢᠷᠴᠠᠭ ᠳᠥᠭᠦᠮ ᠭᠤᠯᠢᠷ ᠬᠠᠨᠳᠢᠪᠯᠡᠪᠠ︔ ᠰᠢᠪᠡᠷᠲᠦ ᠶᠢᠨ ᠳ᠋ᠦᠩ ᠰᠢᠶᠠᠩ ᠶᠠᠩ ᠲᠣᠰᠬᠤᠨ ᠤ 27 ᠶᠠᠳᠠᠭᠤ ᠬᠦᠴᠢᠷᠳᠡᠯᠲᠡᠢ ᠡᠷᠦᠬᠡ ᠳᠤ 2 ᠲᠦᠮᠡᠨ ᠲᠥᠭᠦᠷᠢᠭ ᠬᠠᠨᠳᠢᠪᠯᠡᠪᠠ︔ 2022 ᠣᠨ ᠳᠤ᠂ ᠲᠡᠷᠡ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠯᠠᠭᠤᠴᠤᠳ ᠪᠠᠭᠠᠴᠤᠳ ᠤᠨ ᠬᠥᠭᠵᠢᠯᠲᠡ ᠶᠢᠨ ᠰᠠᠭᠤᠷᠢ ᠮᠥᠩᠭᠦᠨ ᠤ ᠨᠡᠶᠢᠭᠡᠮᠯᠢᠭ ᠲᠤ 2000 ᠲᠥᠭᠦᠷᠢᠭ ᠬᠠᠨᠳᠢᠪᠯᠡᠪᠠ᠃       2019 ᠣᠨ ᠳᠤ᠂ ᠲᠡᠷᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠵᠠᠯᠠᠭᠤ ᠴᠢᠨᠡᠭᠡᠯᠢᠭᠵᠢᠯ ᠤᠨ ᠳᠠᠭᠠᠭᠤᠯᠤᠭᠴᠢ︾ ᠪᠠᠷ ᠦᠨᠡᠯᠡᠭᠳᠡᠪᠡ︔ 2020 ᠣᠨ ᠳᠤ ᠳᠤᠮᠳᠠᠳᠤ ᠤᠯᠤᠰ ᠤᠨ ᠬᠥᠳᠡᠭᠡ ᠲᠣᠰᠬᠤᠨ ᠤ ᠵᠠᠯᠠᠭᠤᠴᠤᠳ ᠤᠨ ᠴᠢᠨᠡᠭᠡᠯᠢᠭᠵᠢᠯ ᠤᠨ ᠳᠠᠭᠠᠭᠤᠯᠤᠭᠴᠢ ᠶᠢᠨ ᠨᠡᠶᠢᠭᠡᠮᠯᠢᠭ ᠤᠨ ᠬᠡᠷᠡᠭ ᠡᠷᠬᠢᠯᠡᠭᠴᠢ︔ 2021 ᠣᠨ ᠳᠤ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠣᠨ ᠤ ︽ᠵᠠᠭᠤᠨ ᠰᠢᠯᠢᠳᠡᠭ ᠬᠠᠩᠭᠠᠯᠭ᠎ᠠ ᠶᠢ ᠪᠠᠲᠤᠯᠠᠬᠤ ᠬᠤᠰᠢᠭᠤᠴᠢ︾ ᠪᠠᠷ ᠦᠨᠡᠯᠡᠭᠳᠡᠪᠡ︔ 2022 ᠣᠨ ᠳᠤ ᠳᠤᠮᠳᠠᠳᠤ ᠤᠯᠤᠰ ᠤᠨ ᠬᠥᠳᠡᠭᠡ ᠲᠣᠰᠬᠤᠨ ᠤ ᠲᠤᠰᠬᠠᠢ ᠮᠡᠷᠭᠡᠵᠢᠯ ᠤᠨ ᠨᠡᠶᠢᠭᠡᠮᠯᠢᠭ ᠠᠴᠠ ︽ᠵᠠᠭᠤᠨ ᠬᠦᠴᠦᠷᠬᠡᠭ ᠨᠤᠲᠤᠭ ᠤᠨ ᠴᠢᠳᠠᠪᠤᠷᠢᠲᠠᠨ︾ ᠢᠶᠠᠷ ᠦᠨᠡᠯᠡᠭᠳᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠠᠴᠠ ︽ᠪᠦᠬᠦ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠠᠯᠠᠭᠤ ᠬᠤᠰᠢᠭᠤᠴᠢ︾ ᠪᠠᠷ ᠦᠨᠡᠯᠡᠭᠳᠡᠪᠡ᠃       ᠤᠷᠠᠨ ᠰᠠᠨᠠᠭ᠎ᠠ ᠠᠯᠤᠰ ᠢ ᠵᠣᠷᠢᠨ᠂ ᠬᠦᠰᠡᠯ ᠵᠡᠭᠦᠳᠦ ᠪᠠᠨ ᠲᠡᠷᠭᠡᠯᠰᠢᠭᠦᠯᠦᠨ᠎ᠡ᠃ ᠬᠤᠶᠢᠰᠢᠳᠠ ᠶᠢᠨ ᠣᠨ ᠵᠢᠯ ᠤᠳ ᠲᠤ᠂ ᠯᠢ ᠴᠢᠩ ᠭᠦᠸᠧ ᠪᠣᠯᠣᠨ ᠲᠡᠭᠦᠨ ᠤ ᠵᠦᠩ ᠨᠦᠩ ᠦᠷ᠎ᠡ ᠶᠢᠨ ᠦᠢᠯᠡᠰ ᠤᠨ ᠬᠢᠨ ᠨᠠᠮ ᠤᠨ ᠲᠥᠪ ᠬᠤᠷᠢᠶᠠᠨ ᠤ ᠣᠷᠣᠨ ᠨᠤᠲᠤᠭ ᠲᠤ ᠰᠢᠨᠵᠢᠯᠡᠨ ᠪᠠᠶᠢᠴᠠᠭᠠᠬᠤ ᠦᠶ᠎ᠡ ᠶᠢᠨ ︽ᠳᠤᠮᠳᠠᠳᠤ ᠤᠯᠤᠰ ᠤᠨ ᠠᠮᠤ ᠪᠤᠳᠠᠭ᠎ᠠ᠂ ᠳᠤᠮᠳᠠᠳᠤ ᠤᠯᠤᠰ ᠤᠨ ᠪᠤᠳᠠᠭᠠᠨ ᠠᠶᠠᠭ᠎ᠠ︾ ᠶᠢᠨ ᠨᠠᠶᠢᠳᠠᠯᠭ᠎ᠠ ᠶᠢ ᠪᠠᠲᠤ ᠴᠡᠭᠡᠵᠢᠯᠡᠵᠦ᠂ ︽ᠦᠨᠡᠨᠴᠢ ᠢᠲᠡᠭᠡᠮᠵᠢᠲᠡᠢ ᠪᠠᠷ ᠦᠢᠯᠡᠳᠬᠦᠨ ᠪᠣᠯᠭᠠᠵᠤ᠂ ᠦᠨᠡᠨᠴᠢ ᠢᠲᠡᠭᠡᠮᠵᠢᠲᠡᠢ ᠪᠠᠷ ᠨᠠᠷᠠᠲᠤ ᠲᠥᠷᠥᠯ ᠲᠡᠮᠳᠡᠭᠲᠦ ᠶᠢ ᠡᠭᠦᠳᠬᠦ︾ ᠬᠠᠷᠢᠭᠤᠴᠠᠯᠭᠠᠲᠤ ᠤᠬᠠᠮᠰᠠᠷ ᠢ ᠪᠣᠶ ᠪᠣᠯᠭᠠᠵᠤ᠂ ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ ᠥᠪᠥᠷ ᠮᠣᠩᠭᠤᠯ ᠤᠨ ᠲᠠᠷᠢᠶᠠᠯᠠᠩ ᠢ ᠬᠥᠭᠵᠢᠭᠦᠯᠦᠨ ᠮᠠᠨᠳᠤᠭᠤᠯᠬᠤ ᠬᠦᠨᠳᠦ ᠡᠭᠦᠷᠭᠡ ᠶᠢ ᠡᠭᠦᠷᠭᠡᠯᠡᠵᠦ᠂ ︽ᠠᠮᠢ ᠠᠬᠤᠢ ᠶᠢᠨ ᠲᠠᠷᠢᠶᠠᠯᠠᠩ ᠳᠤ ᠠᠩᠬᠠᠷᠤᠯ ᠢᠶᠠᠨ ᠲᠥᠪᠯᠡᠷᠡᠭᠦᠯᠵᠦ᠂ ᠦᠷ᠎ᠡ ᠶᠢᠨ ᠦᠢᠯᠡᠰ ᠤᠨ ᠠᠮᠤᠷ ᠲᠦᠪᠰᠢᠨ ᠳᠤ ᠰᠡᠳᠬᠢᠯ ᠵᠢᠷᠦᠬᠡ ᠪᠠᠨ ᠬᠤᠯᠪᠣᠬᠤ︾ ᠠᠵᠤ ᠠᠬᠤᠶᠢᠯᠠᠯ ᠤᠨ ᠠᠯᠤᠰ ᠤᠨ ᠲᠥᠯᠥᠪ ᠢ ᠰᠠᠯᠬᠢ ᠳᠠᠪᠠᠯᠭᠠᠨ ᠢ ᠵᠦᠰᠦᠨ᠂ ᠪᠤᠴᠠᠯᠲᠠ ᠦᠭᠡᠢ ᠤᠷᠤᠭᠰᠢᠯᠠᠵᠤ᠂ ᠳᠠᠬᠢᠨᠲᠠ ᠬᠡᠷᠡᠯ ᠰᠠᠴᠤᠷᠠᠩᠭᠤᠢ ᠠᠮᠵᠢᠯᠲᠠ ᠶᠢ ᠡᠭᠦᠳᠴᠦ᠂ ᠳᠤᠮᠳᠠᠳᠤ ᠤᠯᠤᠰ ᠤᠨ ᠲᠠᠷᠢᠶᠠᠴᠢᠳ ᠲᠤ ᠦᠢᠯᠡᠴᠢᠯᠡᠨ᠎ᠡ︕
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号