︽ᠤᠮᠠᠷᠠᠲᠤ ᠬᠢᠯᠢ ᠶᠢᠨ ᠰᠢᠨ᠎ᠡ ᠲᠠᠷᠢᠶᠠᠴᠢᠨ︾᠄ ᠬᠦᠰᠡᠯ ᠵᠡᠭᠦᠳᠦ ᠪᠠᠶᠢᠳᠠᠭ ᠯᠠ ᠪᠣᠯ ᠲᠡᠷᠭᠡᠯᠰᠢᠬᠦ ᠡᠷᠡᠮᠡᠯᠵᠡᠯ ᠲᠠᠢ
ᠨᠡᠶᠢᠲᠡᠯᠡᠭᠰᠡᠨ ᠴᠠᠭ᠄
2025/5/7
      ᠰᠢᠨᠱᠧᠩ ᠭᠤᠷᠪᠠᠳᠤᠭᠠᠷ ᠲᠣᠰᠬᠤᠨ ᠨᠢ ᠵᠢᠦ ᠶᠤᠸᠠᠨ ᠲᠣᠭᠤᠷᠢᠭ ᠤᠨ ᠪᠠᠷᠠᠭᠤᠨ ᠬᠡᠰᠡᠭ᠂ ᠮᠤᠨᠢ ᠠᠭᠤᠯᠠ ᠶᠢᠨ ᠡᠮᠦᠨ᠎ᠡ ᠬᠤᠷᠮᠣᠢ᠂ ᠬᠠᠲᠤᠨ ᠭᠤᠣᠯ ᠤᠨ ᠬᠤᠶᠢᠲᠤ ᠡᠷᠭᠢ ᠳᠤ ᠪᠠᠶᠢᠷᠢᠯᠠᠵᠤ᠂ ᠵᠢᠯ ᠤᠨ ᠬᠤᠷ᠎ᠠ ᠲᠤᠨᠳᠠᠰᠤᠨ ᠤ ᠬᠡᠮᠵᠢᠶ᠎ᠡ ᠳᠤᠮᠳᠠᠴᠢ ᠪᠠᠷ 330 ᠮᠢᠯᠢᠮᠧᠲᠷ ᠣᠷᠴᠢᠮ ᠪᠠᠶᠢᠵᠤ᠂ ᠵᠢᠯ ᠤᠨ ᠨᠡᠷᠡᠨ ᠤ ᠲᠤᠰᠤᠯᠲᠠ ᠶᠢᠨ ᠴᠠᠭ ᠨᠢ 3111.6 ᠴᠠᠭ ᠪᠠᠶᠢᠵᠤ᠂ ᠨᠡᠷᠡᠨ ᠤ ᠲᠤᠰᠤᠯᠲᠠ ᠭᠦᠢᠴᠡᠳ᠂ ᠪᠣᠷᠣᠭᠠᠨ ᠬᠤᠷ᠎ᠠ ᠠᠭᠠᠷ ᠤᠨ ᠬᠠᠯᠠᠭᠤᠨ ᠠᠳᠠᠯᠢ ᠬᠤᠭᠤᠴᠠᠭᠠᠨ ᠳᠤ ᠤᠷᠤᠰᠢᠳᠠᠭ ᠪᠣᠯᠬᠤᠷ᠂ ᠭᠤᠸᠠ ᠨᠣᠭᠤᠭ᠎ᠠ ᠵᠡᠷᠭᠡ ᠤᠯᠠᠨ ᠲᠦᠷᠦᠯ ᠤᠨ ᠲᠠᠷᠢᠮᠠᠯ ᠤᠨ ᠤᠷᠭᠤᠯᠲᠠ ᠳᠤ ᠲᠤᠶᠢᠯ ᠤᠨ ᠲᠣᠬᠢᠷᠠᠮᠵᠢᠲᠠᠢ ᠪᠠᠶᠢᠳᠠᠭ᠃ ᠡᠲᠡᠭᠡᠷ ᠰᠢᠨᠵᠢᠯᠡᠬᠦ ᠤᠬᠠᠭᠠᠨ ᠤ ᠲᠤᠭ᠎ᠠ ᠪᠠᠷᠢᠮᠲᠠ ᠨᠢ ᠯᠢ ᠸᠠᠩ ᠷᠦᠩ ᠤᠨ ︽ᠰᠡᠳᠬᠢᠯ ᠢ ᠠᠮᠤᠷᠵᠢᠭᠤᠯᠬᠤ ᠡᠮ︾ ᠪᠠᠶᠢᠵᠤ᠂ ᠣᠯᠠᠨ ᠤᠳᠠᠭ᠎ᠠ ᠠᠰᠠᠭᠤᠨ ᠯᠠᠪᠯᠠᠭᠰᠠᠨ ᠤ ᠳᠠᠷᠠᠭ᠎ᠠ᠂ ᠯᠢ ᠸᠠᠩ ᠷᠦᠩ ︽ᠭᠤᠸᠠ ᠲᠠᠷᠢᠬᠤ︾ ᠬᠠᠷᠠᠯᠲᠠ ᠪᠠᠨ ᠲᠣᠭᠲᠠᠭᠠᠭᠰᠠᠨ ᠪᠠᠶᠢᠨ᠎ᠠ᠃ 2010 ᠣᠨ ᠳᠤ ᠯᠢ ᠸᠠᠩ ᠷᠦᠩ ᠪᠤᠭᠤᠲᠤ ᠬᠤᠳᠠ ᠶᠢᠨ ᠭᠤᠸᠠᠩ ᠾᠧᠩ ᠲᠠᠷᠢᠶᠠᠴᠢᠨ ᠤ ᠲᠤᠰᠬᠠᠢ ᠬᠤᠷᠰᠢᠶ᠎ᠠ ᠶᠢ ᠲᠦᠷᠦᠭᠦᠯᠡᠨ ᠪᠠᠶᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠤᠷᠤᠰᠬᠠᠯ ᠤᠨ ᠨᠥᠯᠥᠭᠡᠯᠡᠯ ᠢᠶᠠᠷ᠂ ᠲᠡᠷᠡ ᠭᠤᠸᠠ ᠲᠠᠷᠢᠬᠤ ᠮᠡᠷᠭᠡᠵᠢᠯ ᠢ ᠡᠬᠢᠯᠡᠨ ᠰᠤᠷᠴᠤ᠂ ᠳᠠᠷᠤᠶᠢᠬᠠᠨ ᠬᠥᠳᠡᠯᠵᠦ᠂ ᠲᠤᠬᠠᠢ ᠶᠢᠨ ᠭᠠᠵᠠᠷ ᠲᠤ ᠤᠷᠭᠤᠬᠤ ᠳᠤ ᠲᠣᠬᠢᠷᠠᠮᠵᠢᠲᠠᠢ ᠰᠠᠶᠢᠨ ᠡᠭᠦᠯᠳᠡᠷ ᠢ ᠬᠤᠳᠠᠯᠳᠤᠨ ᠠᠪᠴᠤ᠂ ᠲᠦᠷᠦᠭᠦᠦ ᠵᠢᠯ ᠳᠤ  ᠨᠢ ᠥᠪᠡᠷ ᠤᠨ ᠲᠠᠷᠢᠶᠠᠨ ᠳᠠᠭᠠᠨ ᠲᠠᠷᠢᠬᠤ ᠵᠠᠮ ᠢᠶᠠᠨ ᠡᠬᠢᠯᠡᠭᠦᠯᠵᠡᠢ᠃ ᠬᠠᠪᠤᠷ ᠤᠨ ᠲᠠᠷᠢᠶᠠᠯᠠᠭ᠎ᠠ ᠨᠠᠮᠤᠷ ᠤᠨ ᠬᠤᠷᠢᠶᠠᠯᠲᠠ ᠳᠤ᠂ ᠲᠡᠭᠦᠨ ᠤ ᠨᠠᠷᠢᠨ ᠨᠢᠮᠪᠠᠢ ᠬᠠᠮᠢᠶᠠᠷᠤᠯᠲᠠ ᠶᠢᠨ ᠳᠣᠣᠷ᠎ᠠ ᠠᠮᠲᠠᠲᠤ ᠬᠡᠮᠬᠡ ᠡᠯᠪᠡᠭ ᠬᠤᠷᠢᠶᠠᠯᠲᠠ ᠣᠯᠣᠭᠰᠠᠨ ᠪᠠᠶᠢᠲᠠᠯ᠎ᠠ ᠶᠠᠭᠠᠬᠢᠪᠠᠯ ᠰᠠᠶ᠋ᠢ ᠬᠤᠳᠠᠯᠳᠤᠨ ᠭᠠᠷᠭᠠᠵᠤ ᠴᠢᠳᠠᠬᠤ ᠪᠤᠢ︖ ᠭᠡᠳᠡᠭ ᠠᠰᠠᠭᠤᠳᠠᠯ ᠲᠤᠯᠭᠠᠷᠠᠵᠠᠢ᠃ ᠢᠩᠬᠢᠭᠡᠳ ᠯᠠ ︽ᠵᠠᠬᠢᠶᠠᠯᠠᠭ᠎ᠠ ᠶᠢᠨ ᠲᠠᠷᠢᠶᠠᠯᠠᠩ︾ ᠪᠣᠯᠭᠠᠬᠤ ᠪᠤᠳᠤᠯ ᠲᠡᠭᠦᠨ ᠤ ᠲᠠᠷᠢᠬᠢᠨ ᠳᠤ ᠤᠯᠠᠮ ᠠᠴᠠ ᠤᠯᠠᠮ ᠲᠣᠳᠣᠷᠬᠠᠢ ᠪᠣᠯᠵᠠᠢ᠃       ᠯᠢ ᠸᠠᠩ ᠷᠦᠩ ᠥᠪᠡᠷ ᠤᠨ ᠤᠯᠠᠨ ᠵᠢᠯ ᠤᠨ ᠲᠤᠷᠰᠢ ᠪᠣᠷᠤᠯᠠᠭᠤᠯᠭ᠎ᠠ ᠬᠢᠭᠰᠡᠨ ᠳᠠᠪᠠᠭᠤᠯᠢᠭ ᠢᠶᠠᠨ ᠠᠰᠢᠭᠯᠠᠵᠤ᠂ ᠪᠡᠭᠡᠵᠢᠩ᠂ ᠲᠢᠶᠠᠨᠵᠢᠨ᠂ ᠵᠡᠭᠦᠨ ᠬᠤᠶᠢᠲᠤ ᠣᠷᠣᠨ᠂ ᠤᠮᠠᠷᠠᠲᠤ ᠣᠷᠣᠨ ᠵᠡᠷᠭᠡ ᠭᠠᠵᠠᠷ ᠤᠨ ᠪᠣᠷᠤᠯᠠᠭᠤᠯᠭ᠎ᠠ ᠶᠢᠨ ᠵᠠᠬ᠎ᠠ ᠳᠡᠯᠭᠡᠭᠦᠷ ᠢ ᠢᠳᠡᠪᠬᠢᠲᠡᠢ ᠬᠥᠭᠵᠢᠭᠦᠯᠵᠦ᠂ ᠵᠠᠬᠢᠶᠠᠯᠠᠭ᠎ᠠ ᠶᠢᠨ ᠲᠠᠷᠢᠶᠠᠯᠠᠩ ᠢ ᠨᠡᠭᠡᠭᠡᠵᠡᠢ᠃ ᠲᠡᠷᠡ ᠪᠦᠲᠦᠭᠡᠭᠳᠡᠬᠦᠨ ᠢᠶᠠᠨ ᠲᠡᠰ ᠳᠡᠪᠰᠢᠭᠦᠯᠦᠨ ᠪᠣᠯᠪᠠᠰᠤᠷᠠᠭᠤᠯᠵᠤ᠂ ᠣᠨᠴᠠᠯᠢᠭᠲᠤ ᠪᠣᠭᠤᠳᠠᠯ ᠪᠠᠭᠯᠠᠭ᠎ᠠ ᠬᠢᠵᠦ᠂ ᠬᠦᠢᠲᠡᠨ ᠢᠶᠠᠷ ᠬᠠᠳᠠᠭᠠᠯᠠᠵᠤ ᠰᠢᠨ᠎ᠡ ᠰᠣᠷᠭᠤᠭ ᠪᠠᠶᠢᠯᠭᠠᠬᠤ ᠵᠥᠭᠡᠭᠡᠪᠦᠷᠢ ᠶᠢᠨ ᠮᠡᠷᠭᠡᠵᠢᠯ ᠢ ᠬᠡᠷᠡᠭᠯᠡᠵᠦ᠂ ᠲᠤᠬᠠᠢ ᠶᠢᠨ ᠭᠠᠵᠠᠷ ᠤᠨ ᠣᠨᠴᠠᠯᠢᠭᠲᠤ ᠵᠢᠮᠢᠰ ᠨᠣᠭᠤᠭ᠎ᠠ ᠶᠢ ᠥᠪᠥᠷ ᠮᠣᠩᠭᠤᠯ ᠤᠨ ᠵᠠᠬ᠎ᠠ ᠳᠡᠯᠭᠡᠭᠦᠷ ᠠᠴᠠ ᠭᠠᠷᠭᠠᠪᠠ᠃ ᠬᠤᠷᠰᠢᠶ᠎ᠠ ᠨᠢ ᠪᠠᠭ᠎ᠠ ᠠᠴᠠ ᠪᠠᠨ ᠶᠡᠭᠡ ᠪᠣᠯᠵᠤ᠂ ᠪᠠᠭᠤᠷᠠᠢ ᠠᠴᠠ ᠪᠠᠨ ᠬᠦᠴᠦᠷᠬᠡᠭ ᠪᠣᠯᠬᠤ ᠳᠤ ᠰᠢᠷᠭᠠᠭᠤ ᠬᠥᠳᠡᠯᠮᠦᠷᠢ ᠪᠠᠷ ᠢᠶᠠᠨ ᠡᠯᠪᠡᠭ ᠳᠡᠯᠪᠡᠭ ᠠᠴᠢ ᠬᠠᠷᠢᠭᠤᠯᠲᠠ ᠶᠢ ᠣᠯᠵᠤ᠂ 2015 ᠣᠨ ᠳᠤ ᠲᠠᠨᠢᠯᠴᠠᠭᠤᠯᠭ᠎ᠠ ᠪᠠᠷ ᠳᠡᠮᠵᠢᠨ ᠯᠢ ᠸᠠᠩ ᠷᠦᠩ ᠢ ᠵᠢᠦ ᠶᠤᠸᠠᠨ ᠲᠣᠭᠤᠷᠢᠭ ᠤᠨ ᠦᠨᠳᠦᠰᠦᠨ ᠱᠠᠲᠤᠨ ᠤ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠨᠥᠬᠦᠪᠦᠷᠢ ᠶᠢᠨ ᠲᠥᠷᠥᠯ ᠵᠦᠢᠯ ᠤᠨ ᠳᠤᠭᠤᠶᠢᠯᠠᠩ ᠳᠤ ︽ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠡᠷᠦᠬᠡ︾ ᠪᠣᠯᠭᠠᠵᠤ᠂ 2016 ᠣᠨ ᠳᠤ ᠬᠤᠷᠰᠢᠶ᠎ᠠ ᠶᠢᠨ ᠰᠠᠭᠤᠷᠢᠨ ᠭᠠᠵᠠᠷ ᠨᠢ ᠦᠨᠳᠦᠰᠦᠨ ᠱᠠᠲᠤᠨ ᠤ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠰᠢᠰᠲ᠋ᠧᠮ ᠤᠨ ᠥᠭᠡᠷᠡᠴᠢᠯᠡᠯᠲᠡ ᠪᠠ ᠪᠦᠲᠦᠭᠡᠨ ᠪᠠᠶᠢᠭᠤᠯᠤᠯᠲᠠ ᠳᠤ ᠨᠥᠬᠦᠪᠦᠷᠢ ᠥᠭᠬᠦ ᠲᠥᠷᠥᠯ ᠵᠦᠢᠯ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢᠶᠠᠷ ᠵᠢᠭᠰᠠᠭᠠᠭᠳᠠᠪᠠ᠂ ᠲᠥᠷᠥᠯ ᠵᠦᠢᠯ ᠤᠨ ᠲᠤᠰᠬᠠᠢ ᠮᠡᠷᠭᠡᠵᠢᠯᠲᠡᠨ ᠪᠠ ᠲᠠᠷᠢᠶᠠᠯᠠᠩ ᠤᠨ ᠮᠡᠷᠭᠡᠵᠢᠯ ᠤᠨ ᠵᠢᠭᠠᠨ ᠵᠢᠯᠣᠭᠤᠳᠤᠭᠴᠢ ᠶᠢᠨ ᠵᠢᠯᠣᠭᠤᠳᠤᠯᠭ᠎ᠠ ᠦᠢᠯᠡᠴᠢᠯᠡᠭᠡ ᠳᠣᠣᠷ᠎ᠠ᠂ ᠯᠢ ᠸᠠᠩ ᠷᠦᠩ ᠨᠠᠩ ᠢᠯᠡᠭᠦᠦ ᠡᠷᠴᠢ ᠵᠣᠷᠢᠭ ᠢᠶᠠᠨ ᠬᠥᠪᠴᠢᠯᠡᠵᠦ᠂ ᠭᠤᠣᠯᠯᠠᠨ ᠳᠡᠯᠭᠡᠷᠡᠭᠦᠯᠬᠦ ᠮᠡᠷᠭᠡᠵᠢᠯ ᠢ ᠰᠤᠷᠤᠯᠴᠠᠵᠤ᠂ ᠭᠤᠣᠯᠯᠠᠨ ᠳᠡᠯᠭᠡᠷᠡᠭᠦᠯᠬᠦ ᠲᠥᠷᠥᠯ ᠵᠦᠢᠯ ᠢ ᠲᠤᠷᠰᠢᠵᠤ ᠦᠵᠡᠭᠰᠡᠨ ᠢᠶᠠᠷ ᠪᠠᠷᠠᠬᠤ ᠦᠭᠡᠢ ᠪᠠᠰᠠ ᠰᠡᠳᠬᠢᠮᠵᠢ ᠪᠠᠨ ᠥᠷᠭᠡᠳᠬᠡᠵᠦ᠂ ᠬᠤᠷᠰᠢᠶ᠎ᠠ ᠨᠢ ᠮᠠᠰᠢ ᠲᠦᠷᠭᠡᠨ ᠢᠶᠠᠷ ᠬᠥᠭᠵᠢᠭᠰᠡᠨ ᠪᠠᠶᠢᠨ᠎ᠠ᠃ 2017 ᠣᠨ ᠳᠤ ᠬᠤᠷᠰᠢᠶᠠᠨ ᠤ ᠡᠯᠰᠡᠭᠰᠡᠨ ᠭᠡᠰᠢᠭᠦᠨ 480 ᠡᠷᠦᠬᠡ ᠳᠤ ᠬᠦᠷᠴᠦ᠂ ᠲᠣᠰ ᠵᠢᠯ ᠤᠨ ᠬᠤᠷᠰᠢᠶᠠᠨ ᠤ ᠡᠷᠦᠬᠡ ᠶᠢᠨ ᠳᠤᠮᠳᠠᠴᠢ ᠣᠷᠣᠯᠭ᠎ᠠ 1.5 ᠲᠦᠮᠡᠨ ᠲᠥᠭᠦᠷᠢᠭ ᠲᠤ ᠬᠦᠷᠴᠡᠢ᠃ ᠲᠡᠷᠡ ᠬᠤᠷᠰᠢᠶ᠎ᠠ  ᠪᠠᠨ ᠴᠢᠨᠡᠭᠡᠯᠢᠭᠵᠢᠭᠦᠯᠬᠦ ᠳᠤ ᠪᠠᠨ ᠶᠠᠳᠠᠭᠤ ᠬᠦᠴᠢᠷᠳᠡᠯᠲᠡᠢ ᠡᠷᠦᠭᠡ ᠶᠢ ᠮᠠᠷᠲᠠᠭᠰᠠᠨ ᠦᠭᠡᠢ᠂ 2017 ᠣᠨ ᠳᠤ ᠬᠤᠶᠠᠷᠬᠤᠳᠳᠤᠭ ᠪᠠᠯᠭᠠᠰᠤᠨ ᠤ ᠵᠠᠰᠠᠭ ᠤᠨ ᠣᠷᠳᠣᠨ ᠤ ᠰᠠᠨᠠᠭᠠᠴᠢᠯᠠᠭ᠎ᠠ ᠪᠠᠷ᠂ ᠭᠤᠸᠠᠩ ᠾᠧᠩ ᠬᠤᠷᠰᠢᠶ᠎ᠠ ᠡᠷᠬᠢᠨ ᠲᠣᠭᠤᠷᠢᠨ ᠤ ᠪᠠᠨ 119 ᠶᠠᠳᠠᠭᠤ ᠬᠦᠴᠢᠷᠳᠡᠯᠲᠡᠢ ᠡᠷᠦᠭᠡ ᠶᠢᠨ ᠳᠡᠮᠵᠢᠯᠭᠡ ᠪᠠ ᠬᠠᠪᠰᠤᠷᠤᠯᠭ᠎ᠠ ᠶᠢ ᠰᠠᠨᠠᠭᠠᠴᠢᠯᠠᠭ᠎ᠠ ᠠᠴᠠ ᠪᠠᠨ ᠡᠭᠦᠷᠭᠡᠯᠡᠵᠦ᠂ ᠴᠢᠬᠢ ᠪᠣᠶᠢᠵᠢᠭᠤᠯᠬᠤ᠂ ᠰᠢᠯᠵᠢᠭᠦᠯᠦᠨ ᠰᠠᠭᠤᠯᠭᠠᠬᠤ᠂ ᠲᠠᠷᠢᠶᠠᠨ ᠠᠵᠢᠯ ᠤᠨ ᠬᠠᠮᠢᠶᠠᠷᠤᠯᠲᠠ ᠠᠴᠠ ᠬᠤᠷᠢᠶᠠᠯᠲᠠ ᠬᠦᠷᠲᠡᠯ᠎ᠡ ᠪᠡᠶ᠎ᠡ ᠪᠠᠷ ᠢᠶᠠᠨ ᠵᠢᠭᠠᠵᠤ ᠳᠤᠳᠤᠮᠳᠤᠪᠠ᠃ ᠴᠢᠷᠮᠠᠶᠢᠯᠭ᠎ᠠ ᠬᠥᠮᠥᠨ ᠢ ᠭᠤᠮᠣᠳᠠᠭᠠᠳᠠᠭ ᠦᠭᠡᠢ ᠭᠡᠳᠡᠭᠴᠢᠯᠡᠨ᠂ ᠯᠢ ᠸᠠᠩ ᠷᠦᠩ ᠤᠨ ᠨᠠᠷᠢᠨ ᠨᠢᠮᠪᠠᠢ ᠵᠢᠯᠣᠭᠤᠳᠤᠯᠭ᠎ᠠ ᠪᠠᠷ᠂ 119 ᠶᠠᠳᠠᠭᠤ ᠬᠦᠴᠢᠷᠳᠡᠯᠲᠡᠢ ᠡᠷᠦᠭᠡ ᠶᠢ ᠪᠦᠬᠦᠨ ᠢ ᠶᠠᠳᠠᠭᠤ ᠠᠴᠠ ᠠᠩᠭᠢᠵᠢᠷᠠᠭᠤᠯᠪᠠ᠃      ᠰᠡᠳᠬᠢᠴᠡ ᠲᠠᠢ ᠪᠣᠯ ᠰᠠᠶ᠋ᠢ ᠬᠥᠭᠵᠢᠯᠲᠡ ᠲᠠᠢ       ᠠᠰᠢᠭ ᠲᠤᠰᠠ ᠶᠢᠨ ᠬᠤᠯᠪᠣᠭ᠎ᠠ ᠶᠢᠨ ᠲᠣᠭᠲᠠᠴᠠ ᠶᠢᠨ ᠰᠢᠨ᠎ᠡ ᠶᠢ ᠡᠭᠦᠳᠴᠦ᠂ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠶᠢᠨ ᠲᠥᠯᠥᠭᠡ᠂ ᠯᠢ ᠸᠠᠩ ᠷᠦᠩ ᠤᠨ ᠳᠠᠭᠠᠭᠤᠯᠭ᠎ᠠ ᠪᠠᠷ᠂ ᠬᠤᠷᠰᠢᠶ᠎ᠠ  ᠨᠢ ︽ᠠᠵᠤ ᠠᠬᠤᠶᠢᠯᠠᠯ + ᠰᠠᠭᠤᠷᠢᠨ ᠭᠠᠵᠠᠷ + ᠲᠠᠷᠢᠶᠠᠴᠢᠨ ᠡᠷᠦᠬᠡ ︵ᠭᠡᠷ ᠪᠦᠯᠢ ᠶᠢᠨ ᠲᠠᠷᠢᠶᠠᠯᠠᠩ ᠤᠨᠲᠠᠯᠠᠪᠠᠢ︶︾ ᠪᠠᠷ ᠳᠠᠮᠵᠢᠭᠤᠯᠵᠤ᠂ 480 ᠡᠷᠦᠬᠡ ᠲᠠᠷᠢᠶᠠᠴᠢᠳ ᠤᠨ 11000 ᠮᠦ ᠭᠠᠵᠠᠷ ᠰᠢᠷᠣᠢ ᠶᠢᠨ ᠡᠵᠡᠩᠨᠡᠯᠲᠡ ᠶᠢᠨ ᠡᠷᠬᠡ ᠪᠠᠷ ᠢᠶᠠᠨ ᠬᠤᠷᠰᠢᠶ᠎ᠠ ᠳᠤ ᠬᠤᠪᠢ ᠣᠷᠣᠵᠤ᠂ ᠣᠳᠣᠬᠢᠴᠢᠯᠠᠭᠰᠠᠨ ᠲᠠᠷᠢᠶᠠᠯᠠᠩ ᠤᠨ ᠦᠢᠯᠡᠳᠪᠦᠷᠢᠯᠡᠯ ᠤᠨ ᠠᠷᠭ᠎ᠠ ᠪᠠᠷ ᠦᠢᠯᠡᠳᠪᠦᠷᠢᠯᠡᠯ ᠬᠢᠬᠦ ᠶᠢ ᠳᠡᠮᠵᠢᠪᠡ᠃ ᠬᠤᠷᠰᠢᠶ᠎ᠠ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ᠠᠮᠲᠠᠲᠤ ᠬᠡᠮᠬᠡ᠂ ᠲᠠᠷᠪᠤᠰ᠂ ᠪᠠᠯᠲᠤ ᠬᠡᠮᠬᠡ ᠵᠡᠷᠭᠡ ᠳᠠᠪᠠᠭᠤᠯᠢᠭ ᠠᠵᠤ ᠦᠢᠯᠡᠰ ᠢᠶᠠᠷ ᠭᠤᠣᠯᠳᠠᠯᠭ᠎ᠠ ᠪᠣᠯᠭᠠᠨ᠂ ᠡᠷᠬᠢᠨ ᠲᠣᠭᠤᠷᠢᠨ ᠤ ᠰᠢᠶᠠᠩ ᠪᠠᠯᠭᠠᠰᠤᠨ ᠤ 8 ᠲᠣᠰᠬᠤᠨ᠂ 830 ᠡᠷᠦᠭᠡ ᠶᠢᠨ ᠲᠠᠷᠢᠶᠠᠴᠢᠳ ᠢ ᠲᠠᠶᠢᠴᠢᠯᠠᠨ ᠲᠠᠷᠢᠶᠠᠯᠠᠩ ᠤᠨ ᠪᠦᠲᠦᠭᠡᠭᠳᠡᠬᠦᠨ ᠤ ᠲᠠᠷᠢᠮᠠᠯ ᠢ ᠬᠥᠭᠵᠢᠭᠦᠯᠵᠦ᠂ ᠵᠠᠬᠢᠶᠠᠯᠠᠭ᠎ᠠ ᠪᠠᠷ ᠬᠠᠮᠵᠢᠯᠴᠠᠬᠤ ᠬᠡᠯᠪᠡᠷᠢ ᠶᠢᠨ ᠪᠠ ᠬᠤᠪᠢ ᠣᠷᠣᠭᠤᠯᠤᠨ ᠬᠤᠷᠰᠢᠬᠤ ᠬᠡᠯᠪᠡᠷᠢ ᠶᠢᠨ ᠬᠤᠶᠠᠷ ᠵᠦᠢᠯ ᠤᠨ ᠠᠰᠢᠭ ᠲᠤᠰᠠ ᠶᠢ ᠬᠤᠯᠪᠣᠬᠤ ᠲᠣᠭᠲᠠᠴᠠ ᠶᠢ ᠪᠠᠶᠢᠭᠤᠯᠵᠤ᠂ ᠲᠠᠷᠢᠶᠠᠴᠢᠳ ᠲᠤ ᠠᠵᠤ ᠦᠢᠯᠡᠰ ᠤᠨ ᠬᠡᠯᠬᠢᠶ᠎ᠡ ᠶᠢᠨ ᠦᠷᠳᠡᠭ ᠨᠡᠮᠡᠭᠳᠡᠯ ᠤᠨ ᠠᠰᠢᠭ ᠣᠷᠣᠯᠭ᠎ᠠ ᠶᠢ ᠨᠡᠩ ᠢᠯᠡᠭᠦᠦ ᠡᠳ᠋ᠯᠡᠭᠦᠯᠵᠦ᠂ ᠠᠰᠢᠭ ᠲᠤᠰᠠ ᠶᠢ ᠬᠠᠮᠲᠤ ᠪᠠᠷ ᠡᠳ᠋ᠯᠡᠭᠦᠯᠬᠦ ᠶᠢ ᠪᠡᠶᠡᠯᠡᠭᠦᠯᠵᠡᠢ᠃       ᠡᠭᠦᠨ ᠤ ᠬᠠᠮᠲᠤ᠂ ᠯᠢ ᠸᠠᠩ ᠷᠦᠩ ᠪᠠᠰᠠ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠨᠴᠠ ᠲᠣᠮᠢᠯᠠᠯᠲᠠ ᠶᠢᠨ ᠠᠵᠢᠯ ᠤᠨ ᠦᠷᠲᠡᠭᠡ ᠪᠠᠶᠢᠭᠤᠯᠵᠤ᠂ ᠭᠤᠸᠠ ᠨᠣᠭᠤᠭ᠎ᠠ ᠲᠠᠷᠢᠬᠤ ᠶᠠᠪᠤᠴᠠ ᠳᠠᠬᠢ ᠵᠠᠩᠭᠢᠯᠠᠭ᠎ᠠ ᠶᠢᠨ ᠬᠦᠴᠢᠷ ᠠᠰᠠᠭᠤᠳᠠᠯ ᠢ ᠭᠤᠣᠯᠳᠠᠯᠭ᠎ᠠ ᠲᠠᠢ ᠰᠤᠳᠤᠯᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠬᠤᠪᠢᠷᠠᠭᠤᠯᠤᠨ ᠬᠡᠷᠡᠭᠯᠡᠬᠦ ᠶᠢ ᠲᠦᠷᠭᠡᠳᠬᠡᠵᠦ᠂ ᠪᠦᠲᠦᠭᠡᠭᠳᠡᠬᠦᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠭᠤᠯᠤᠭᠳᠠᠴᠠ ᠶᠢ ᠳᠡᠭᠡᠭᠰᠢᠯᠡᠭᠦᠯᠬᠦ ᠶᠢ ᠵᠣᠷᠢᠭᠵᠢᠭᠤᠯᠪᠠ᠃ ᠲᠡᠷᠡ ᠬᠤᠷᠰᠢᠶ᠎ᠠ ᠪᠠᠨ ᠳᠠᠭᠠᠭᠤᠯᠤᠨ ᠮᠠᠯᠴᠢᠨ ᠲᠠᠷᠢᠶᠠᠴᠢᠨ ᠤ ᠦᠢᠯᠡᠰ ᠪᠣᠰᠬᠠᠬᠤ ᠪᠣᠯᠪᠠᠰᠤᠷᠠᠯ ᠤᠨ ᠲᠥᠪ ᠢ ᠪᠠᠶᠢᠭᠤᠯᠵᠤ᠂ 8 ᠵᠢᠯ ᠳᠠᠷᠠᠭᠠᠯᠠᠨ ᠭᠡᠰᠢᠭᠦᠳ ᠲᠡᠭᠡᠨ ᠮᠡᠷᠭᠡᠵᠢᠯ ᠤᠨ ᠪᠣᠯᠪᠠᠰᠤᠷᠠᠯ ᠬᠦᠷᠲᠡᠭᠡᠵᠦ᠂ ᠵᠢᠯ ᠪᠦᠷᠢ 500 ᠬᠥᠮᠥᠨ ᠤᠳᠠᠭ᠎ᠠ ᠲᠠᠷᠢᠶᠠᠯᠠᠩ ᠤᠨ ᠰᠡᠯᠡᠭᠦᠦ ᠴᠠᠭ ᠤᠨ ᠪᠣᠯᠪᠠᠰᠤᠷᠠᠯ ᠢ ᠵᠣᠬᠢᠶᠠᠨ ᠪᠠᠶᠢᠭᠤᠯᠵᠠᠢ᠃ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ  ᠨᠢ ᠪᠠᠰᠠ ᠰᠢᠨ᠎ᠡ ᠲᠦᠷᠦᠯ ᠵᠦᠢᠯ ᠰᠢᠨ᠎ᠡ ᠮᠡᠷᠭᠡᠵᠢᠯ ᠤᠨ ᠵᠢᠱᠢᠶ᠎ᠡ ᠦᠵᠡᠭᠦᠯᠬᠦ ᠶᠢ ᠡᠭᠦᠷᠭᠡᠯᠡᠵᠦ᠂ ᠭᠡᠰᠢᠭᠦᠳ ᠲᠡᠭᠡᠨ ᠡᠪᠡᠳᠴᠢᠨ ᠢ ᠡᠰᠡᠷᠭᠦᠴᠡᠬᠦ᠂ ᠥᠨᠳᠥᠷ ᠬᠤᠷᠢᠶᠠᠯᠲᠠ ᠲᠠᠢ᠂ ᠬᠠᠳᠠᠭᠠᠯᠠᠵᠤ ᠵᠥᠭᠡᠭᠡᠪᠦᠷᠢᠯᠡᠬᠦ ᠳᠤ ᠳᠠᠭᠠᠭᠠᠮᠠᠭᠠᠢ᠂ ᠲᠠᠸᠠᠷ ᠤᠨ ᠴᠢᠨᠠᠷ ᠢᠶᠠᠷ ᠰᠠᠶᠢᠨ᠂ ᠪᠣᠯᠪᠠᠰᠤᠷᠠᠭᠰᠠᠨ ᠬᠤᠭᠤᠴᠠᠭᠠᠨ ᠳᠠᠭᠠᠨ ᠲᠣᠬᠢᠷᠠᠮᠵᠢᠲᠠᠢ ᠰᠢᠯᠢᠳᠡᠭ ᠲᠦᠷᠦᠯ ᠵᠦᠢᠯ ᠢ ᠰᠣᠩᠭᠤᠨ ᠭᠠᠷᠭᠠᠵᠤ ᠥᠭᠴᠡᠢ᠃ ᠬᠤᠷᠰᠢᠶ᠎ᠠ ᠨᠢ ᠪᠠᠰᠠ ᠲᠤᠰᠬᠠᠢ ᠮᠡᠷᠭᠡᠵᠢᠯ ᠤᠨ ᠦᠢᠯᠡᠴᠢᠯᠡᠭᠡᠨ ᠤ ᠠᠩᠭᠢ ᠶᠢ ᠵᠣᠬᠢᠶᠠᠨ ᠪᠠᠶᠢᠭᠤᠯᠵᠤ᠂ ᠭᠡᠰᠢᠭᠦᠳ ᠲᠡᠭᠡᠨ ︽ᠵᠢᠷᠭᠤᠭ᠎ᠠ ᠶᠢ ᠨᠢᠭᠡᠳᠬᠡᠬᠦ︾ ᠦᠢᠯᠡᠴᠢᠯᠡᠭᠡ ᠪᠠ ᠮᠡᠷᠭᠡᠵᠢᠯ ᠤᠨ ᠵᠢᠯᠣᠭᠤᠳᠤᠯᠭ᠎ᠠ ᠬᠠᠩᠭᠠᠪᠠ᠃       ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠲᠠᠷᠢᠶᠠᠯᠠᠩ ᠢ ᠳᠡᠮᠵᠢᠬᠦ ᠲᠠᠯ᠎ᠠ ᠪᠠᠷ᠂ ᠬᠤᠷᠰᠢᠶ᠎ᠠ ᠶᠢᠨ ᠬᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠲᠠᠷᠢᠬᠤ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ 7 ᠨᠡᠷᠡᠨ ᠤ ᠭᠡᠷᠡᠯ ᠢᠶᠠᠷ ᠴᠢᠬᠢ ᠪᠣᠶᠢᠵᠢᠭᠤᠯᠬᠤ ᠬᠦᠯᠡᠮᠵᠢ ︵28 ᠮᠦ︶ ᠶᠢ ᠪᠠᠶᠢᠭᠤᠯᠵᠤ᠂ 35 ᠽᠣᠣ ᠱᠠᠨ ᠱᠢ ᠨᠡᠷᠡᠨ ᠤ ᠭᠡᠷᠡᠯ ᠤᠨ ᠬᠦᠯᠡᠮᠵᠢ ︵64 ᠮᠦ︶ ᠶᠢ ᠪᠠᠶᠢᠭᠤᠯᠵᠤ᠂ ᠰᠢᠨ᠎ᠡ ᠲᠦᠷᠦᠯ ᠵᠦᠢᠯ ᠰᠢᠨ᠎ᠡ ᠮᠡᠷᠭᠡᠵᠢᠯ ᠤᠨ ᠵᠢᠱᠢᠶ᠎ᠡ ᠦᠵᠡᠭᠦᠯᠬᠦ ᠰᠠᠭᠤᠷᠢᠨ ᠢ 300 ᠮᠦ ᠪᠠᠶᠢᠭᠤᠯᠵᠤ᠂ ᠰᠢᠨ᠎ᠡ ᠮᠡᠷᠭᠡᠵᠢᠯ ᠰᠢᠨ᠎ᠡ ᠲᠦᠷᠦᠯ ᠵᠦᠢᠯ ᠢ ᠪᠦᠬᠦᠨ ᠢ ᠪᠦᠷᠬᠦᠭᠦᠯᠬᠦ ᠶᠢ ᠪᠡᠶᠡᠯᠡᠭᠦᠯᠵᠡᠢ᠃ ᠠᠮᠲᠠᠲᠤ ᠬᠡᠮᠬᠡ ᠶᠢᠨ ᠴᠢᠨᠠᠷ ᠴᠢᠨᠰᠠᠭ᠎ᠠ ᠪᠠ ᠠᠮᠲᠠ ᠶᠢ ᠳᠡᠭᠡᠭᠰᠢᠯᠡᠭᠦᠯᠬᠦ ᠶᠢᠨ ᠲᠥᠯᠥᠭᠡ᠂ ᠬᠤᠷᠰᠢᠶ᠎ᠠ ᠨᠢ ᠤᠷᠢᠳ ᠬᠤᠵᠢᠳ ᠪᠤᠭᠤᠲᠤ ᠬᠤᠳᠠ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠪᠤᠭᠤᠲᠤ ᠬᠤᠳᠠ ᠶᠢᠨ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠲᠥᠪ ᠲᠠᠢ ᠬᠠᠮᠲᠤᠷᠠᠯᠴᠠᠵᠤ᠂ ᠬᠥᠷᠥᠰᠥ ᠰᠢᠷᠣᠢ ᠶᠢ ᠰᠠᠶᠢᠵᠢᠷᠠᠭᠤᠯᠬᠤ ᠮᠡᠷᠭᠡᠵᠢᠯ᠂ ᠪᠣᠬᠢᠷᠲᠤᠯ ᠦᠭᠡᠢ ᠭᠤᠸᠠ ᠨᠣᠭᠤᠭ᠎ᠠ ᠶᠢ ᠢᠵᠢ ᠪᠦᠷᠢᠳᠦᠭᠦᠯᠦᠨ ᠪᠣᠷᠳᠣᠭᠤᠷ ᠣᠷᠣᠭᠤᠯᠬᠤ ᠮᠡᠷᠭᠡᠵᠢᠯ ᠢ ᠬᠡᠷᠡᠭᠵᠢᠭᠦᠯᠵᠦ᠂ ᠣᠷᠭᠠᠨᠢᠭ ᠪᠣᠷᠳᠣᠭᠤᠷ ᠢᠶᠠᠷ ᠬᠢᠮᠢ ᠶᠢᠨ ᠪᠣᠷᠳᠣᠭᠤᠷ ᠢ ᠣᠷᠣᠯᠠᠭᠤᠯᠬᠤ ᠮᠡᠷᠭᠡᠵᠢᠯ ᠢ ᠳᠡᠯᠭᠡᠷᠡᠭᠦᠯᠵᠦ᠂ ︽ᠪᠣᠬᠢᠷᠲᠤᠯ ᠦᠭᠡᠢ ᠲᠠᠷᠢᠬᠤ︾ ᠶᠢ ᠦᠨᠡᠨᠬᠦ ᠪᠡᠶᠡᠯᠡᠭᠦᠯᠪᠡ᠃ ᠣᠶᠢᠷ᠎ᠠ ᠶᠢᠨ ᠬᠤᠶᠠᠷ ᠵᠢᠯ ᠳᠤ᠂ ᠬᠤᠷᠰᠢᠶ᠎ᠠ ᠠᠴᠠ ︽ᠣᠶᠤᠨᠲᠤ ᠲᠠᠷᠢᠶᠠᠯᠠᠩ︾ ᠤᠨ ᠪᠠᠷᠠᠭᠠᠨ ᠤ ᠰᠦᠯᠵᠢᠶ᠎ᠡ ᠶᠢᠨ ᠲᠦᠷᠦᠯ ᠵᠦᠢᠯ ᠢ ᠲᠤᠷᠰᠢᠨ ᠬᠡᠷᠡᠭᠵᠢᠭᠦᠯᠵᠦ᠂ ᠬᠦᠯᠡᠮᠵᠢ ᠳᠤ ᠣᠶᠤᠨᠴᠢᠯᠠᠭᠰᠠᠨ ᠥᠭᠡᠷᠡᠴᠢᠯᠡᠯᠲᠡ ᠬᠢᠵᠦ᠂ ᠬᠦᠯᠡᠮᠵᠢ ᠳᠤ ᠨᠦᠯᠦᠭᠡᠯᠡᠬᠦᠷ᠂ ᠺᠠᠮᠧᠷᠠ᠂ ᠣᠶᠤᠨᠲᠤ ᠤᠰᠤᠯᠠᠯᠲᠠ᠂ ᠣᠶᠤᠨᠲᠤ ᠪᠣᠷᠳᠣᠭᠤᠷ ᠣᠷᠣᠭᠤᠯᠬᠤ ᠰᠢᠰᠲ᠋ᠧᠮ ᠵᠡᠷᠭᠡ ᠲᠡᠷᠢᠭᠦᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠬᠦᠭᠡᠷᠦᠮᠵᠢ ᠶᠢ ᠤᠭᠰᠠᠷᠠᠵᠤ᠂ ᠬᠠᠮᠢᠶᠠᠷᠤᠯᠲᠠ ᠶᠢᠨ ᠠᠵᠢᠯᠲᠠᠨ ᠤ ᠬᠦᠯᠡᠮᠵᠢ ᠳᠤ ᠠᠯᠤᠰ ᠡᠵᠡᠮᠰᠢᠯ ᠬᠢᠬᠦ ᠶᠢ ᠪᠡᠶᠡᠯᠡᠭᠦᠯᠵᠡᠢ᠃ ᠣᠳᠣᠬᠠᠨ ᠳᠤ᠂ ᠬᠤᠷᠰᠢᠶ᠎ᠠ ᠶᠢᠨ ᠣᠶᠤᠨᠲᠤ ᠲᠠᠷᠢᠶᠠᠯᠠᠩ ᠤᠨ ᠬᠥᠭᠵᠢᠯᠲᠡ ᠨᠢᠭᠡᠨᠲᠡ ᠠᠩᠬ᠎ᠠ ᠠᠯᠬᠤᠮ ᠤᠨ ᠦᠷ᠎ᠡ ᠪᠦᠲᠦᠮᠵᠢ ᠣᠯᠵᠤ᠂ ᠣᠶᠤᠨᠴᠢᠯᠠᠭᠰᠠᠨ ᠬᠦᠯᠡᠮᠵᠢ ᠳᠤ ᠴᠢᠬᠢ ᠰᠢᠯᠵᠢᠭᠦᠯᠬᠦ ᠵᠢᠵᠢᠭ ᠭᠤᠯᠳᠤᠩ ᠫᠧᠩ ᠳᠤ ᠳᠠᠷᠢᠬᠤ ᠮᠡᠷᠭᠡᠵᠢᠯ ᠢ ᠬᠡᠷᠡᠭᠯᠡᠭᠰᠡᠨ ᠠᠮᠲᠠᠲᠤ ᠬᠡᠮᠬᠡ ᠶᠢ ᠤᠷᠢᠳᠴᠢᠯᠠᠨ ᠵᠠᠬ᠎ᠠ ᠳᠡᠯᠭᠡᠭᠦᠷ ᠲᠤ 20 ᠡᠳᠦᠷ ᠣᠷᠴᠢᠮ ᠭᠠᠷᠭᠠᠵᠤ᠂ ᠴᠢᠨᠠᠷ ᠪᠠ ᠠᠮᠲᠠ ᠨᠢ ᠴᠥᠮ ᠲᠤᠶᠢᠯ ᠤᠨ ᠶᠡᠭᠡ ᠪᠠᠷ ᠳᠡᠭᠡᠭᠰᠢᠯᠡᠵᠦ᠂ ᠵᠠᠬ᠎ᠠ ᠳᠡᠯᠭᠡᠭᠦᠷ ᠤᠨ ᠪᠣᠷᠤᠯᠠᠭᠤᠯᠭ᠎ᠠ ᠶᠢᠨ ᠬᠡᠮᠵᠢᠶ᠎ᠡ ᠨᠢ ᠲᠦᠷᠦᠭᠦᠸ ᠵᠢᠯ ᠤᠨ ᠠᠳᠠᠯᠢ ᠬᠤᠭᠤᠴᠠᠭᠠᠨ ᠤ ᠬᠢ ᠠᠴᠠ 30% ᠪᠠᠷ ᠨᠡᠮᠡᠭᠳᠡᠨ᠂ ᠦᠨ᠎ᠡ ᠨᠢ 20% ᠪᠠᠷ ᠥᠰᠴᠦ᠂ ᠮᠦ ᠪᠦᠷᠢ ᠶᠢᠨ ᠳᠤᠮᠳᠠᠴᠢ ᠴᠡᠪᠡᠷ ᠠᠰᠢᠭ ᠬᠤᠨᠵᠢᠪᠤᠷᠢ ᠨᠢ 6000 ᠲᠥᠭᠦᠷᠢᠭ ᠲᠤ ᠬᠦᠷᠴᠦ᠂ ᠬᠤᠷᠰᠢᠶ᠎ᠠ ᠶᠢᠨ ᠪᠦᠷᠢᠯᠳᠦᠭᠦᠨ ᠤ ᠵᠢᠯ ᠤᠨ ᠴᠡᠪᠡᠷ ᠣᠷᠣᠯᠭ᠎ᠠ ᠨᠢ ᠪᠦᠷᠢᠯᠳᠦᠭᠦᠨ ᠪᠤᠰᠤ ᠬᠥᠮᠥᠰ ᠤᠨ ᠬᠢ ᠠᠴᠠ 20% ᠭᠠᠷᠤᠢ ᠪᠠᠷ ᠥᠨᠳᠥᠷ ᠪᠣᠯᠵᠠᠢ᠃       ᠲᠠᠷᠢᠶᠠᠯᠠᠭ᠎ᠠ ᠲᠠᠢ ᠪᠣᠯ ᠰᠠᠶ᠋ᠢ ᠡᠯᠪᠡᠭ ᠬᠤᠷᠢᠶᠠᠯᠳᠠ ᠲᠠᠢ      ᠣᠯᠠᠨ ᠵᠢᠯ ᠤᠨ ᠪᠣᠯᠪᠠᠰᠤᠷᠠᠯ ᠢᠶᠠᠷ ᠳᠡᠮᠵᠢᠨ᠂ ᠬᠤᠷᠰᠢᠶ᠎ᠠ ᠨᠢ ᠬᠥᠳᠡᠭᠡ ᠲᠣᠰᠬᠤᠨ ᠤ ᠠᠷᠪᠠᠨ ᠬᠡᠳᠦᠨ ᠰᠢᠯᠢᠳᠡᠭ ᠵᠠᠭᠤᠴᠢᠯᠠᠭᠴᠢ ᠶᠢ ᠠᠯᠬᠤᠮ ᠠᠯᠬᠤᠮ ᠢᠶᠠᠷ ᠬᠥᠮᠥᠵᠢᠭᠦᠯᠵᠦ᠂ ᠬᠠᠮᠲᠤ ᠪᠠᠷ ᠲᠠᠷᠢᠶᠠᠴᠢᠨ ᠡᠷᠦᠬᠡ ᠶᠢ ᠬᠠᠪᠰᠤᠷᠤᠨ ᠪᠦᠲᠦᠭᠡᠭᠳᠡᠬᠦᠨ ᠢ ᠨᠢ ᠪᠣᠷᠣᠯᠠᠭᠤᠯᠵᠤ᠂ ᠵᠠᠭᠤᠴᠢᠯᠠᠭᠴᠢ ᠪᠠ ᠲᠠᠷᠢᠶᠠᠴᠢᠨ ᠡᠷᠦᠬᠡ ᠶᠢᠨ ᠬᠠᠮᠲᠤ ᠶᠢᠨ ᠪᠠᠶᠠᠵᠢᠯ ᠢ ᠪᠡᠶᠡᠯᠡᠭᠦᠯᠵᠦ᠂ ᠵᠢᠯ ᠪᠦᠷᠢ ᠶᠢᠨ ᠬᠤᠷᠰᠢᠶ᠎ᠠ ᠶᠢᠨ ᠪᠦᠷᠢᠯᠳᠦᠭᠦᠨ ᠤ ᠳᠠᠷᠢᠪᠠᠯ ᠮᠦ ᠪᠦᠷᠢ ᠶᠢᠨ ᠣᠷᠣᠯᠭ᠎ᠠ ᠶᠢ 1000︱1500 ᠲᠥᠭᠦᠷᠢᠭ ᠨᠡᠮᠡᠭᠳᠡᠭᠦᠯᠵᠦ᠂ ᠳᠡᠯᠭᠡᠷᠡᠭᠦᠯᠦᠭᠰᠡᠨ ᠠᠮᠲᠠᠲᠤ ᠬᠡᠮᠬᠡ ᠶᠢᠨ ᠨᠡᠷᠡᠨ ᠬᠤᠸᠠᠷ᠂ ᠰᠢᠨ᠎ᠡ ᠰᠣᠷᠭᠤᠭ ᠡᠷᠳᠡᠨᠢ ᠰᠢᠰᠢ ᠶᠢᠨ ᠮᠡᠷᠭᠡᠵᠢᠯ ᠢ ᠨᠢᠭᠡ ᠤᠯᠠᠷᠢᠯ ᠳᠤ ᠬᠤᠶᠠᠷ ᠤᠳᠠᠭ᠎ᠠ ᠬᠤᠷᠢᠶᠠᠵᠤ᠂ ᠮᠦ ᠪᠦᠷᠢ ᠶᠢᠨ ᠣᠷᠣᠯᠭ᠎ᠠ ᠶᠢ ᠪᠠᠰᠠ 1000 ᠲᠥᠭᠦᠷᠢᠭ ᠣᠷᠴᠢᠮ ᠨᠡᠮᠡᠭᠳᠡᠭᠦᠯᠵᠦ᠂ ᠮᠦ ᠪᠦᠷᠢ ᠶᠢᠨ ᠳᠤᠮᠳᠠᠴᠢ ᠣᠷᠣᠯᠭ᠎ᠠ ᠶᠢ ᠪᠥᠬᠦ ᠣᠷᠣᠨ ᠤ ᠳᠤᠮᠳᠠᠴᠢ ᠬᠢᠷᠢ ᠬᠡᠮᠵᠢᠶ᠎ᠡ ᠶᠢᠨ 20% ᠠᠴᠠ ᠳᠡᠭᠡᠭᠰᠢ ᠥᠨᠳᠥᠷ ᠪᠠᠶᠢᠯᠭᠠᠵᠤ᠂ ᠪᠦᠷᠢᠯᠳᠦᠭᠦᠨ ᠡᠷᠦᠬᠡ ᠶᠢᠨ ᠳᠤᠮᠳᠠᠴᠢ ᠣᠷᠣᠯᠭ᠎ᠠ ᠶᠢ ᠲᠦᠮᠡ ᠭᠠᠷᠤᠢ ᠲᠥᠭᠦᠷᠢᠭ ᠨᠡᠮᠡᠭᠳᠡᠭᠦᠯᠵᠦ᠂ ᠵᠢᠯ ᠤᠨ ᠣᠷᠣᠯᠭ᠎ᠠ ᠶᠢᠨ ᠬᠢᠷᠢ ᠬᠡᠮᠵᠢᠶ᠎ᠡ ᠶᠢ ᠲᠤᠬᠠᠢ ᠶᠢᠨ ᠭᠠᠵᠠᠷ ᠤᠨ ᠮᠠᠯᠴᠢᠨ ᠲᠠᠷᠢᠶᠠᠴᠢᠨ ᠤ ᠣᠷᠣᠯᠭ᠎ᠠ ᠶᠢᠨ ᠳᠤᠮᠳᠠᠴᠢ ᠬᠢᠷᠢ ᠬᠡᠮᠵᠢᠶ᠎ᠡ ᠶᠢᠨ 20% ᠠᠴᠠ ᠳᠡᠭᠡᠭᠰᠢ ᠥᠨᠳᠥᠷ ᠬᠦᠷᠭᠡᠵᠡᠢ᠃       2023 ᠣᠨ ᠳᠤ᠂ ᠬᠤᠷᠰᠢᠶ᠎ᠠ ᠠᠴᠠ ᠤᠤᠯ ᠤᠨ ᠬᠦᠯᠡᠮᠵᠢ ᠶᠢᠨ ᠳᠣᠲᠣᠷ᠎ᠠ ᠭᠠᠳᠠᠷ ᠬᠦᠯᠡᠮᠵᠢ ᠶᠢᠨ ᠪᠦᠲᠦᠭᠡᠨ ᠪᠠᠶᠢᠭᠤᠯᠤᠯᠲᠠ ᠬᠢᠵᠦ᠂ ᠬᠦᠯᠡᠮᠵᠢ ᠶᠢᠨ ᠳᠣᠲᠣᠷ᠎ᠠ ᠠᠦ᠋ᠲ᠋ᠣᠴᠢᠯᠠᠭᠰᠠᠨ ᠲᠡᠰ ᠳᠡᠪᠰᠢᠭᠦᠯᠬᠦ ᠥᠭᠡᠷᠡᠴᠢᠯᠡᠯᠲᠡ ᠬᠢᠵᠦ᠂ ᠲᠥᠬᠦᠭᠡᠷᠦᠮᠵᠢᠲᠦ ᠲᠠᠷᠢᠶᠠᠯᠠᠩ ᠤᠨ ᠲᠡᠰ ᠳᠡᠪᠰᠢᠭᠦᠯᠵᠦ᠂ ︽ᠮᠠᠰᠢᠨ ᠤ ᠳᠠᠭᠤᠨ ᠢ ᠯᠠ ᠰᠣᠨᠣᠰᠬᠤ ᠠᠴᠠ ᠪᠢᠰᠢ ᠲᠠᠷᠢᠶ᠎ᠠ ᠲᠠᠷᠢᠬᠴᠢ ᠶᠢ ᠣᠯᠵᠤ ᠦᠵᠡᠬᠦ ᠦᠭᠡᠢ︾ ᠣᠶᠤᠨᠲᠤ ᠲᠠᠷᠢᠶᠠᠯᠠᠩ ᠤᠨ ᠬᠠᠷᠠᠯᠲᠠ ᠶᠢ ᠪᠡᠶᠡᠯᠡᠭᠦᠯᠵᠦ᠂ ᠤᠷᠭᠤᠮᠠᠯ ᠤᠨ ᠤᠷᠭᠤᠯᠲᠠ ᠶᠢᠨ ᠪᠠᠶᠢᠳᠠᠯ ᠢ ᠬᠠᠮᠤᠭ ᠤᠨ ᠰᠠᠶᠢᠨ ᠪᠣᠯᠭᠠᠭᠰᠠᠨ ᠢᠶᠠᠷ ᠪᠠᠷᠠᠬᠤ ᠦᠭᠡᠢ᠂ ᠬᠥᠮᠥᠨ ᠤ ᠬᠦᠴᠦᠨ ᠤ ᠥᠪᠡᠷ ᠤᠨ ᠦᠷᠳᠡᠭ ᠢ ᠶᠡᠭᠡ ᠪᠠᠷ ᠠᠷᠪᠢᠯᠠᠵᠤ᠂ ᠠᠰᠢᠭ ᠣᠷᠣᠯᠭ᠎ᠠ ᠶᠢ ᠬᠠᠮᠤᠭ ᠤᠨ ᠶᠡᠭᠡ ᠪᠣᠯᠭᠠᠭᠰᠠᠨ ᠪᠠᠶᠢᠨ᠎ᠠ᠃ ᠡᠨᠡ ᠵᠢᠯ᠂ ᠬᠤᠷᠰᠢᠶ᠎ᠠ ᠶᠢᠨ ᠬᠢᠨ ᠦᠷᠭᠦᠯᠵᠢᠯᠡᠨ ᠤᠤᠯ ᠤᠨ ᠪᠠᠶᠢᠭᠰᠠᠨ ᠥᠪᠡᠷ ᠤᠨ ᠴᠢᠬᠢ ᠶᠢᠨ ᠰᠠᠭᠤᠷᠢᠨ ᠳᠡᠭᠡᠷ᠎ᠡ ᠡᠸᠦ᠋ᠷᠦᠫᠡ ᠠᠮᠲᠠᠲᠤ ᠬᠡᠮᠬᠡ ᠶᠢ ᠵᠠᠯᠭᠠᠵᠤ ᠬᠡᠷᠡᠭᠯᠡᠬᠦ ᠮᠡᠷᠭᠡᠵᠢᠯ ᠢ ᠣᠷᠣᠭᠤᠯᠤᠨ ᠠᠪᠴᠢᠷᠠᠵᠤ᠂ ᠨᠢᠭᠡᠳᠦᠯᠲᠡᠢ ᠦᠷ᠎ᠡ᠂ ᠨᠢᠭᠡᠳᠦᠯᠲᠡᠢ ᠤᠰᠤᠨ ᠪᠣᠷᠳᠣᠭᠤᠷ᠂ ᠨᠢᠭᠡᠳᠦᠯᠲᠡᠢ ᠬᠠᠮᠢᠶᠠᠷᠤᠯᠲᠠ᠂ ᠬᠡᠪᠴᠢᠶᠡᠵᠢᠭᠦᠯᠦᠨ ᠦᠢᠯᠡᠳᠪᠦᠷᠢᠯᠡᠨ᠎ᠡ᠃ ᠣᠳᠣᠬᠠᠨ ᠳᠤ᠂ ᠬᠤᠷᠰᠢᠶ᠎ᠠ ᠵᠢᠯ ᠳᠤ ᠲᠠᠪᠤᠨ ᠪᠦᠯᠦᠭ ᠬᠤᠪᠢᠶᠠᠨ ᠴᠢᠬᠢ ᠪᠣᠶᠢᠵᠢᠭᠤᠯᠵᠤ᠂ ᠨᠢᠭᠡ ᠪᠦᠯᠦᠭ ᠨᠢ 250 ᠲᠦᠮᠡᠨ ᠰᠠᠭᠤᠷᠢ ᠪᠠᠶᠢᠵᠤ᠂ 7000 ᠮᠦ ᠭᠤᠸᠠ ᠨᠣᠭᠤᠭ᠎ᠠ ᠶᠢᠨ ᠦᠢᠯᠡᠳᠪᠦᠷᠢᠯᠡᠯ ᠤᠨ ᠬᠡᠷᠡᠭᠴᠡᠭᠡ ᠶᠢ ᠬᠠᠩᠭᠠᠵᠤ ᠴᠢᠳᠠᠨ᠎ᠠ᠃ ᠪᠠᠷᠢᠮᠵᠢᠶᠠᠵᠢᠭᠤᠯᠬᠤ᠂ ᠦᠢᠯᠡᠳᠪᠦᠷᠢᠵᠢᠭᠦᠯᠬᠦ᠂ ᠲᠤᠰᠬᠠᠶᠢᠵᠢᠭᠤᠯᠬᠤ ᠴᠢᠬᠢ ᠪᠣᠶᠢᠵᠢᠭᠤᠯᠬᠤ ᠠᠷᠭ᠎ᠠᠮᠠᠶ᠋ᠢᠭ ᠨᠢ ᠲᠠᠷᠢᠶᠠᠴᠢᠨ ᠡᠷᠦᠭᠡ ᠶᠢᠨ ᠴᠢᠬᠢ ᠪᠣᠶᠢᠵᠢᠭᠤᠯᠬᠤ ᠥᠪᠡᠷ ᠤᠨ ᠦᠷᠳᠡᠭ ᠥᠨᠳᠥᠷ᠂ ᠡᠳᠡᠭᠡᠷᠡᠯᠲᠡ ᠶᠢᠨ ᠨᠤᠷᠮ᠎ᠠ ᠳᠣᠣᠷ᠎ᠠ ᠪᠠᠶᠢᠬᠤ ᠬᠦᠴᠢᠷ ᠠᠰᠠᠭᠤᠳᠠᠯ ᠢ ᠰᠢᠢᠳᠪᠦᠷᠢᠯᠡᠭᠰᠡᠨ ᠢᠶᠠᠷ ᠪᠠᠷᠠᠬᠤ ᠦᠭᠡᠢ ᠬᠦᠯᠡᠮᠵᠢ ᠶᠢᠨ ᠠᠤᠶᠢᠲ᠋ᠦᠮᠡᠲᠴᠢᠯᠠᠨ ᠲᠡᠰ ᠳᠡᠪᠰᠢᠭᠦᠯᠬᠦ ᠥᠭᠡᠷᠡᠴᠢᠯᠡᠯᠲᠡ ᠪᠠᠷ ᠲᠠᠮᠵᠢᠨ ᠦᠢᠯᠡᠳᠪᠦᠷᠢᠯᠡᠵᠦ ᠭᠠᠷᠭᠠᠭᠰᠠᠨ ᠦᠷ᠎ᠡ ᠶᠢᠨ ᠴᠢᠬᠢ ᠶᠢᠨ ᠶᠠᠰᠤ ᠴᠢᠨᠠᠷ ᠢ ᠤᠯᠠᠮ ᠨᠢᠭᠡ ᠠᠯᠬᠤᠮ ᠪᠠᠲᠤᠯᠠᠭ᠎ᠠ ᠲᠠᠢ ᠪᠣᠯᠭᠠᠵᠤ᠂ ᠭᠡᠰᠢᠭᠦᠳ ᠪᠠ ᠡᠷᠬᠢᠨ ᠲᠣᠭᠤᠷᠢᠨ ᠤ ᠲᠠᠷᠢᠮᠠᠯ ᠤᠨ ᠲᠣᠮᠣ ᠡᠷᠦᠭᠡ ᠳᠤ ᠨᠡᠩ ᠰᠠᠶᠢᠨ ᠦᠢᠯᠡᠴᠢᠯᠡᠵᠦ᠂ ᠲᠡᠳᠡᠨ ᠢ ᠬᠠᠪᠰᠤᠷᠤᠨ ᠣᠷᠣᠯᠭ᠎ᠠ ᠶᠢ ᠨᠢ ᠨᠡᠮᠡᠭᠳᠡᠭᠦᠯᠵᠦ ᠭᠠᠷᠤᠯᠲᠠ ᠶᠢ ᠨᠢ ᠨᠡᠮᠡᠭᠳᠡᠭᠦᠯᠵᠦ ᠪᠣᠯᠣᠨ᠎ᠠ᠃      ᠣᠯᠠᠨ ᠵᠢᠯ ᠤᠨ ᠲᠤᠷᠰᠢ᠂ ᠯᠢ ᠸᠠᠩ ᠷᠦᠩ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠳᠤ ᠰᠠᠭᠤᠷᠢᠯᠠᠬᠤ᠂ ᠲᠠᠷᠢᠶᠠᠯᠠᠩ ᠬᠥᠳᠡᠭᠡ ᠲᠣᠰᠬᠤᠨ ᠳᠤ ᠦᠢᠯᠡᠴᠢᠯᠡᠬᠦ ᠠᠩᠬᠠᠨ ᠤ ᠡᠭᠦᠷᠭᠡ ᠬᠠᠷᠢᠭᠤᠴᠠᠯᠭ᠎ᠠ ᠶᠢ ᠢᠮᠠᠭᠲᠠ ᠪᠠᠷᠢᠮᠲᠠᠯᠠᠵᠤ᠂ ᠡᠸᠦ᠋ᠷᠦᠫᠡ ᠠᠮᠲᠠᠲᠤ ᠬᠡᠮᠬᠡ ᠶᠢᠨ ᠠᠵᠤ ᠦᠢᠯᠡᠰ ᠦᠷᠭᠦᠯᠵᠢᠯᠡᠨ ᠡᠷᠡᠭᠦᠯ ᠢᠶᠠᠷ ᠬᠥᠭᠵᠢᠵᠦ᠂ ᠦᠢᠯᠡᠳᠪᠦᠷᠢᠵᠢᠭᠦᠯᠦᠨ ᠴᠢᠬᠢ ᠪᠣᠶᠢᠵᠢᠭᠤᠯᠬᠤ᠂ ᠤᠰᠤ ᠪᠣᠷᠳᠣᠭᠤᠷ ᠢ ᠨᠢᠭᠡ ᠴᠣᠭᠴᠠᠵᠢᠭᠤᠯᠬᠤ᠂ ᠬᠥᠷᠥᠰᠥ ᠰᠢᠷᠣᠢ ᠶᠢ ᠬᠡᠮᠵᠢᠬᠦ ᠵᠣᠷ᠂ ᠨᠠᠪᠴᠢ ᠶᠢ ᠬᠡᠮᠵᠢᠬᠦ ᠵᠣᠷ᠂ ᠢᠨᠲ᠋ᠧᠷ ᠰᠦᠯᠵᠢᠶ᠎ᠡ + ᠲᠠᠷᠢᠶᠠᠯᠠᠩ ᠤᠨ ᠣᠶᠤᠨᠴᠢᠯᠠᠭᠰᠠᠨ ᠲᠠᠷᠢᠮᠠᠯ ᠵᠡᠷᠭᠡ ᠣᠲᠣ ᠦᠶ᠎ᠡ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠷᠭ᠎ᠠ ᠪᠠᠷᠢᠯ ᠢᠶᠠᠷ ᠳᠠᠮᠵᠢᠭᠤᠯᠤᠨ᠂ ᠡᠸᠦ᠋ᠷᠦᠫᠡ ᠠᠮᠲᠠᠲᠤ ᠬᠡᠮᠬᠡ ᠶᠢᠨ ᠥᠨᠳᠥᠷ ᠤᠨᠠᠯᠲᠠ᠂ ᠴᠢᠨᠠᠷ ᠰᠠᠶᠢᠲᠠᠢ᠂ ᠠᠮᠤᠷ ᠲᠦᠪᠰᠢᠨ᠂ ᠪᠣᠬᠢᠷᠲᠤᠯ ᠦᠭᠡᠢ ᠪᠠᠶᠢᠬᠤ ᠶᠢ ᠪᠠᠲᠤᠯᠠᠭᠰᠠᠨ ᠪᠠᠶᠢᠨ᠎ᠠ᠃ ᠤᠳᠤ ᠬᠤᠷᠰᠢᠶ᠎ᠠ ᠨᠢ ᠲᠠᠷᠢᠮᠠᠯ ᠤᠨ ᠡᠷᠦᠭᠡ ᠶᠢ 830 ᠲᠠᠶᠢᠴᠢᠯᠠᠵᠤ᠂ ᠲᠠᠷᠢᠮᠠᠯ ᠤᠨ ᠲᠠᠯᠠᠪᠠᠢ ᠨᠢ 1 ᠲᠦᠮᠡᠨ ᠮᠦ ᠶᠢ ᠳᠠᠪᠠᠵᠤ᠂ ᠡᠸᠦ᠋ᠷᠦᠫᠡ ᠠᠮᠲᠠᠲᠤ ᠬᠡᠮᠬᠡ ᠶᠢᠨ ᠵᠢᠯ ᠤᠨ ᠤᠢ ᠶᠢᠨ ᠬᠠᠩᠭᠠᠯᠭ᠎ᠠ ᠶᠢᠨ ᠠᠵᠤ ᠦᠢᠯᠡᠰ ᠤᠨ ᠬᠡᠯᠬᠢᠶ᠎ᠡ ᠶᠢ ᠠᠩᠬ᠎ᠠ ᠠᠯᠬᠤᠮ ᠪᠦᠷᠢᠯᠳᠦᠭᠦᠯᠪᠡ᠃ ᠰᠢᠨ᠎ᠡ ᠲᠦᠷᠦᠯ ᠵᠦᠢᠯ ᠰᠢᠨ᠎ᠡ ᠮᠡᠷᠭᠡᠵᠢᠯ ᠤᠨ ᠲᠤᠷᠰᠢᠯᠲᠠ ᠶᠢᠨ ᠵᠢᠱᠢᠶ᠎ᠡ ᠦᠵᠡᠭᠦᠯᠬᠦ ᠶᠢ ᠠᠬᠢᠭᠤᠯᠬᠤ ᠪᠠᠷ ᠳᠠᠮᠵᠢᠭᠤᠯᠵᠤ᠂ ᠲᠠᠷᠢᠶᠠᠯᠠᠩ ᠤᠨ ᠮᠡᠷᠭᠡᠵᠢᠯ ᠤᠨ ᠲᠤᠰᠬᠠᠢ ᠮᠡᠷᠭᠡᠵᠢᠯᠲᠡᠨ ᠢ ᠤᠷᠢᠵᠤ ᠲᠤᠬᠠᠢ ᠶᠢᠨ ᠭᠠᠵᠠᠷ ᠲᠤᠨᠢ ᠵᠢᠭᠠᠨ ᠵᠢᠯᠣᠭᠤᠳᠤᠭᠤᠯᠵᠤ᠂ ᠲᠠᠷᠢᠶᠠᠴᠢᠨ ᠡᠷᠦᠬᠡ ᠶᠢ ᠬᠠᠪᠰᠤᠷᠤᠨ ᠵᠢᠭᠡᠯᠡᠯᠭᠡ ᠭᠤᠶᠤᠴᠢᠯᠠᠭᠤᠯᠵᠤ᠂ ᠡᠸᠦ᠋ᠷᠦᠫᠡ ᠠᠮᠲᠠᠲᠤ ᠬᠡᠮᠬᠡ ᠲᠠᠷᠢᠬᠤ ᠬᠡᠪᠴᠢᠶ᠎ᠡ ᠶᠢ ᠢᠳᠡᠪᠬᠢᠲᠡᠢ ᠥᠷᠭᠡᠳᠬᠡᠵᠦ᠂ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠠᠵᠢᠯ ᠤᠨ ᠪᠠᠶᠢᠷᠢ ᠶᠢ ᠵᠣᠯᠭᠠᠭᠤᠯᠵᠤ᠂ ᠵᠠᠯᠠᠭᠤᠴᠤᠳ ᠤᠨ ᠨᠤᠲᠤᠭ ᠲᠠᠭᠠᠨ ᠪᠤᠴᠠᠵᠤ ᠦᠢᠯᠡᠰ ᠪᠣᠰᠬᠠᠬᠤ ᠶᠢ ᠲᠠᠶᠢᠴᠢᠯᠠᠵᠠᠢ ᠁ ᠬᠤᠷᠰᠢᠶ᠎ᠠ ᠶᠢᠨ ᠲᠠᠰᠤᠷᠠᠯᠲᠠ ᠦᠭᠡᠢ ᠬᠥᠭᠵᠢᠨ ᠪᠤᠵᠠᠭᠠᠶᠢᠷᠠᠬᠤ ᠶᠢ ᠳᠠᠭᠠᠯᠳᠤᠨ᠂ ᠲᠣᠰᠬᠤᠨ ᠤ ᠬᠥᠮᠥᠰ ᠤᠨ ᠣᠷᠣᠯᠭ᠎ᠠ ᠨᠢ ᠨᠡᠮᠡᠭᠳᠡᠵᠦ᠂ ᠬᠤᠷᠰᠢᠶᠠᠨ ᠤ ᠲᠠᠷᠢᠶᠠᠴᠢᠳ ᠤᠨ ᠵᠢᠯ ᠤᠨ ᠡᠷᠦᠬᠡ ᠳᠤᠮᠳᠠᠴᠢ ᠶᠢᠨ ᠣᠷᠣᠯᠭ᠎ᠠ 1 ᠲᠦᠮᠡᠨ ᠲᠥᠭᠦᠷᠢᠭ ᠨᠡᠮᠡᠭᠳᠡᠪᠡ᠃ 2023 ᠣᠨ ᠳᠤ᠂ ᠯᠢ ᠸᠠᠩ ᠷᠦᠩ ᠬᠤᠷᠰᠢᠶ᠎ᠠ ᠶᠢ ᠳᠠᠭᠠᠭᠤᠯᠤᠨ ᠲᠥᠬᠦᠭᠡᠷᠦᠮᠵᠢᠲᠦ ᠴᠢ ᠯᠢᠨ ᠲᠠᠷᠪᠤᠰ ᠲᠠᠷᠢᠬᠤ ᠮᠡᠷᠭᠡᠵᠢᠯ᠂ ᠬᠤᠨᠢᠨ ᠤ ᠴᠠᠴᠤᠭᠲᠤ ᠮᠦᠬᠦ ᠶᠢ ᠥᠨᠳᠥᠷ ᠦᠷ᠎ᠡ ᠠᠰᠢᠭ ᠲᠠᠢ ᠲᠠᠷᠢᠬᠤ ᠮᠡᠷᠭᠡᠵᠢᠯ ᠢ ᠣᠷᠣᠭᠤᠯᠤᠨ ᠠᠪᠴᠢᠷᠠᠵᠤ᠂ ︽ᠮᠦᠬᠦ ᠪᠠ ᠬᠡᠮᠬᠡ ᠶᠢ ᠡᠭᠡᠯᠵᠢᠯᠡᠨ ᠲᠠᠷᠢᠬᠤ︾ ᠵᠡᠷᠭᠡ ᠠᠵᠤ ᠦᠢᠯᠡᠰ ᠤᠨ ᠬᠡᠯᠬᠢᠶ᠎ᠡ ᠶᠢᠨ ᠬᠠᠮᠵᠢᠯᠴᠠᠭᠠᠨ ᠤ ᠪᠡᠯᠭᠡ ᠲᠡᠮᠳᠡᠭ ᠤᠨ ᠴᠢᠨᠠᠷᠲᠠᠢ ᠢᠨᠵᠧᠨᠧᠷᠢᠩ ᠢ ᠬᠦᠴᠦ ᠪᠠᠨ ᠬᠠᠮᠲᠤᠳᠬᠠᠨ ᠪᠠᠶᠢᠭᠤᠯᠵᠤ᠂ ᠮᠡᠷᠭᠡᠵᠢᠯ ᠬᠦᠷᠭᠡᠬᠦ᠂ ᠦᠢᠯᠡᠴᠢᠯᠡᠭᠡ ᠬᠦᠷᠭᠡᠬᠦ ᠪᠠᠷ ᠳᠠᠮᠵᠢᠭᠤᠯᠵᠤ᠂ ᠥᠪᠡᠷ ᠤᠨ ᠴᠢᠳᠠᠯ ᠤᠨ ᠢᠶᠠᠨ ᠬᠢᠷᠢ ᠪᠠᠷ ᠢᠷᠡᠭᠡᠳᠦᠢ ᠶᠢᠨ ᠭᠤᠷᠪᠠᠨ ᠵᠢᠯ ᠳᠤ ᠨᠡᠩ ᠤᠯᠠᠨ ᠲᠣᠰᠬᠤᠨ ᠤ ᠠᠷᠠᠳ ᠢ ᠳᠠᠶᠢᠴᠢᠯᠠᠨ ᠴᠢ ᠯᠢᠨ ᠲᠠᠷᠪᠤᠰ ᠪᠠ ᠬᠤᠨᠢᠨ ᠤ ᠴᠠᠴᠤᠭᠲᠤ ᠮᠦᠬᠦ ᠶᠢ ᠳᠠᠷᠢᠬᠤ ᠠᠵᠢᠯ ᠢ ᠥᠷᠨᠢᠭᠦᠯᠵᠦ᠂ ᠲᠣᠰᠬᠤᠨ ᠤ ᠠᠷᠠᠳ ᠤᠨ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠳᠠᠰᠤᠷᠠᠯᠳᠠ ᠦᠭᠡᠢ ᠥᠷᠭᠡᠳᠬᠡᠬᠦ ᠪᠠᠷ ᠵᠢᠱᠢᠵᠦ ᠪᠤᠢ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号