ᠯᠢ ᠱᠦ ᠰᠢᠶᠠᠩ ᠪᠣᠯ ᠬᠤᠷᠴᠢᠨ ᠲᠣᠭᠤᠷᠢᠭ ᠤᠨ ᠢᠦᠢ ᠰᠢᠨ ᠪᠠᠯᠭᠠᠰᠤᠨ ᠤ ᠰᠢᠶᠣᠣ ᠰᠠᠨ ᠾᠧ ᠰᠢᠩ | ᠲᠣᠰᠬᠤᠨ ᠤ ᠨᠠᠮ ᠤᠨ ᠡᠭᠦᠷ ᠤᠨ ᠱᠦᠵᠢ ᠪᠥᠭᠡᠳ ᠰᠢᠶᠣᠣ ᠰᠠᠨ ᠾᠧ ᠰᠢᠩ ᠲᠣᠰᠬᠤᠨ ᠤ ᠪᠥᠭᠡᠷᠡᠩᠬᠡᠢ | ᠰᠣᠩᠭᠢᠨ᠎ᠠ ᠲᠠᠷᠢᠬᠤ ᠲᠤᠰᠬᠠᠢ ᠬᠤᠷᠰᠢᠶ᠎ᠠ ᠶᠢᠨ ᠬᠡᠷᠡᠭ ᠡᠷᠬᠢᠯᠡᠭᠴᠢᠳ ᠤᠨ ᠳᠠᠷᠤᠭ᠎ᠠ ᠪᠣᠯᠣᠨ᠎ᠠ᠂ ᠲᠡᠷᠡ ᠬᠥᠳᠡᠭᠡ | ᠲᠣᠰᠬᠤᠨ ᠳᠤ ᠲᠦᠷᠦᠵᠤ ᠦᠰᠦᠨ᠂ ᠡᠨᠡᠬᠦ ᠲᠦᠷᠦᠵᠤ ᠥᠰᠬᠡᠭᠰᠡᠨ ᠬᠠᠯᠠᠭᠤᠨ ᠬᠥᠷᠥᠰᠥᠨ ᠳᠤ ᠨᠡᠩ ᠭᠦᠨ ᠬᠠᠶᠢᠷ᠎ᠠ | ᠰᠡᠳᠬᠢᠯᠭᠡ ᠲᠠᠢ ᠪᠠᠶᠢᠵᠤ᠂ ᠨᠤᠲᠤᠭ ᠤᠰᠤ ᠪᠠᠨ ᠪᠦᠲᠦᠭᠡᠨ ᠪᠠᠶᠢᠭᠤᠯᠬᠤ ᠳᠤ ᠣᠨᠴᠠᠭᠠᠢ ᠬᠠᠶᠢᠷ᠎ᠠ ᠰᠡᠳᠬᠢᠯᠭᠡ ᠲᠠᠢ | ᠪᠠᠶᠢᠵᠤ᠂ ᠬᠥᠮᠥᠰ ᠲᠡᠭᠦᠨ ᠢ ᠲᠠᠷᠢᠶᠠᠨ ᠭᠠᠵᠠᠷ ᠤᠨ ᠬᠦᠷᠢᠶᠡᠯᠡᠩ ᠤᠨ ︽ᠰᠠᠶᠢᠨ ᠡᠷᠳᠡᠮᠲᠡᠨ︾ ᠭᠡᠵᠦ ᠨᠡᠷᠡᠯᠡᠵᠤ ᠪᠠᠶᠢᠯ᠎ᠠ᠃ | ᠲᠡᠷᠡ 27 ᠵᠢᠯ ᠢᠳᠡᠰᠢᠨ ᠨᠣᠭᠤᠭᠠᠨ ᠤ ᠬᠦᠯᠡᠮᠵᠢ ᠪᠠᠶᠢᠭᠤᠯᠵᠤ᠂ ᠤᠯᠠᠨ ᠵᠦᠢᠯ ᠤᠨ ᠲᠤᠷᠰᠢᠯᠲᠠ ᠶᠢ ᠲᠤᠷᠰᠢᠵᠤ᠂ | ᠲᠡᠭᠦᠨ ᠤ ᠳᠠᠭᠠᠭᠤᠯᠭ᠎ᠠ ᠪᠠᠷ ᠮᠠᠰᠢ ᠤᠯᠠᠨ ᠲᠣᠰᠬᠤᠨ ᠤ ᠠᠷᠠᠳ ᠤᠯᠠᠭᠠᠨ ᠬᠠᠳᠡᠭᠠᠬᠰᠡᠠ ᠶᠡᠷᠮ᠎ᠡ᠂ ᠲᠠᠷᠪᠤᠰ᠂ ᠲᠦᠮᠡᠨ | ᠨᠠᠰᠤᠲᠤ ᠤᠳᠪᠠᠯᠠ᠂ ᠪᠥᠭᠡᠷᠡᠩᠬᠡᠢ ᠰᠣᠩᠭᠢᠨ᠎ᠠ ᠵᠡᠷᠭᠡ ᠠᠵᠤ ᠠᠬᠤᠢ ᠶᠢᠨ ᠲᠠᠷᠢᠮᠠᠯ ᠢ ᠲᠠᠷᠢᠵᠦ᠂ ᠦᠷ᠎ᠡ ᠠᠰᠢᠭ ᠨᠢ | ᠮᠠᠰᠢ ᠰᠠᠶᠢᠨ ᠪᠠᠶᠢᠯ᠎ᠠ᠃ | 2003 ᠣᠨ ᠳᠤ ᠲᠣᠰᠬᠤᠨ ᠤ ᠡᠷᠬᠢᠯᠡᠭᠴᠢ ︵2009 ᠣᠨ ᠳᠤ ᠲᠣᠰᠬᠤᠨ ᠤ ᠨᠠᠮ ᠤᠨ ᠡᠭᠦᠷ ᠤᠨ | ᠱᠦᠵᠢ ᠪᠠᠷ ᠰᠣᠩᠭᠤᠭᠳᠠᠪᠠ︶ ᠪᠠᠷ ᠰᠣᠩᠭᠤᠭᠳᠠᠭᠰᠠᠨ ᠤ ᠳᠠᠷᠠᠭ᠎ᠠ᠂ ᠯᠢ ᠱᠦ ᠰᠢᠶᠠᠩ ᠠᠷᠠᠳ ᠤᠯᠠᠨ ᠢ ᠳᠠᠭᠠᠭᠤᠯᠤᠨ | ᠬᠠᠮᠲᠤ ᠪᠠᠷ ᠪᠠᠶᠠᠵᠢᠬᠤ ᠪᠠᠷ ᠵᠣᠷᠢᠭ ᠰᠢᠭᠤᠳᠴᠠᠢ᠂ ᠡᠨᠡ ᠪᠣᠯ ᠲᠡᠭᠦᠨ ᠤ ᠲᠣᠰᠬᠤᠨ ᠤ ᠺᠠᠳ᠋ᠷ ᠪᠣᠯᠤᠭᠰᠠᠨ ᠤ | ᠠᠩᠬᠠᠨ ᠤ ᠬᠦᠰᠡᠯ ᠪᠣᠯᠣᠨ᠎ᠠ᠂ ᠮᠥᠨ ᠴᠦ ᠲᠡᠭᠦᠨ ᠤ ᠢᠮᠠᠭᠲᠠ ᠴᠥᠬᠦᠷᠡᠰᠢ ᠦᠭᠡᠢ ᠬᠥᠭᠡᠭᠡᠴᠡᠯᠳᠦᠭᠰᠡᠭᠡᠷ ᠢᠷᠡᠭᠰᠡᠨ | ᠬᠥᠭᠡᠭᠡᠴᠡᠯᠳᠦᠯ ᠪᠣᠯᠣᠨ᠎ᠠ᠃ ᠰᠢᠶᠣᠣ ᠰᠠᠨ ᠾᠧ ᠰᠢᠩ ᠲᠣᠰᠬᠤᠨ ᠶᠡᠷᠦ ᠠᠴᠠ ᠡᠷᠳᠡᠨᠢ ᠰᠢᠰᠢ ᠲᠠᠷᠢᠬᠤ ᠪᠠᠷ ᠭᠤᠣᠯ | ᠪᠣᠯᠭᠠᠵᠤ᠂ ᠬᠥᠮᠥᠨ ᠳᠤᠮᠳᠠᠴᠢ ᠶᠢᠨ ᠲᠠᠷᠢᠶᠠᠨ ᠭᠠᠵᠠᠷ ᠪᠠᠭ᠎ᠠ᠂ ᠣᠷᠣᠯᠭ᠎ᠠ ᠨᠢ ᠨᠡᠩ ᠪᠠᠭ᠎ᠠ ᠪᠠᠶᠢᠳᠠᠭ᠃ ᠪᠦᠬᠦ | ᠲᠣᠰᠬᠤᠨ ᠤ ᠠᠷᠠᠳ ᠢ ᠳᠠᠶᠢᠴᠢᠯᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠪᠠᠶᠠᠵᠢᠬᠤ ᠵᠠᠮ ᠢᠶᠠᠷ | ᠵᠠᠮᠨᠠᠭᠤᠯᠬᠤ ᠶᠢᠨ ᠲᠥᠯᠥᠭᠡ᠂ ᠯᠢ ᠱᠦ ᠰᠢᠶᠠᠩ ᠵᠣᠷᠢᠭᠲᠠᠢ ᠪᠠᠷ ᠲᠤᠷᠰᠢᠵᠤ᠂ ᠲᠤᠰ ᠲᠣᠰᠬᠤᠨ ᠤ ᠪᠠᠨ ᠪᠣᠳᠠᠲᠤ | ᠪᠠᠶᠢᠳᠠᠯ ᠲᠠᠢ ᠤᠶᠠᠯᠳᠤᠭᠤᠯᠵᠤ᠂ ᠲᠠᠷᠢᠶᠠᠴᠢᠳ ᠢ ᠬᠥᠲᠥᠯᠥᠨ ᠵᠢᠯᠤᠭᠤᠳᠴᠤ ᠪᠠᠶᠢᠭᠠᠳ ᠶᠡᠭᠡ ᠬᠡᠪᠴᠢᠶ᠎ᠡ ᠪᠠᠷ | ᠪᠥᠭᠡᠷᠡᠩᠬᠡᠢ ᠰᠣᠩᠭᠢᠨ᠎ᠠ ᠳᠠᠷᠢᠭᠤᠯᠵᠤ᠂ ᠠᠵᠤ ᠦᠢᠯᠡᠰᠵᠢᠯᠲᠡ ᠶᠢᠨ ᠬᠥᠭᠵᠢᠯᠲᠡ ᠶᠢᠨ ᠵᠠᠮ ᠢᠶᠠᠷ ᠵᠠᠮᠨᠠᠭᠤᠯᠪᠠ᠃ | 2006 ᠣᠨ ᠳᠤ 5 ᠮᠦ ᠲᠤᠷᠰᠢᠯᠲᠠ ᠶᠢᠨ ᠲᠠᠷᠢᠶ᠎ᠠ ᠠᠴᠠ ᠡᠬᠢᠯᠡᠨ ᠳᠠᠷᠢᠵᠤ᠂ 2008 ᠣᠨ ᠳᠤ ᠰᠢᠶᠣᠣ ᠰᠠᠨ | ᠾᠧ ᠰᠢᠩ ᠲᠣᠰᠬᠤᠨ ᠤ ᠪᠥᠭᠡᠷᠡᠩᠬᠡᠢ ᠰᠣᠩᠭᠢᠨ᠎ᠠ ᠳᠠᠷᠢᠬᠤ ᠲᠤᠰᠬᠠᠢ ᠬᠤᠷᠰᠢᠶᠠᠵᠢᠯ ᠢ ᠪᠠᠶᠢᠭᠤᠯᠵᠤ᠂ ᠲᠤᠰ ᠵᠢᠯ ᠳᠤ | 300 ᠮᠦ ᠣᠷᠴᠢᠮ ᠪᠣᠯᠲᠠᠯ᠎ᠠ ᠥᠷᠭᠡᠳᠬᠡᠵᠦ᠂ ᠡᠭᠦᠨ ᠤ ᠬᠠᠮᠲᠤ ᠬᠤᠷᠰᠢᠶ᠎ᠠ + ᠲᠠᠷᠢᠶᠠᠴᠢᠨ ᠡᠷᠦᠬᠡ ᠶᠢᠨ | ᠬᠡᠯᠪᠡᠷᠢ ᠪᠠᠷ ᠡᠷᠭᠢᠨ ᠲᠣᠭᠤᠷᠢᠨ ᠤ ᠪᠠᠨ 120 ᠭᠠᠷᠤᠢ ᠲᠣᠰᠬᠤᠨ ᠢ ᠳᠠᠶᠢᠴᠢᠯᠠᠨ ᠳᠠᠷᠢᠵᠤ᠂ ᠪᠥᠭᠡᠷᠡᠩᠬᠡᠢ ᠰᠣᠩᠭᠢᠨ᠎ᠠ | ᠳᠠᠷᠢᠬᠤ ᠲᠠᠯᠠᠪᠠᠶ 15000 ᠮᠦ᠂ ᠨᠡᠷᠡᠨ ᠬᠤᠸᠠᠷ ᠤᠨ ᠠᠯᠠᠭᠯᠠᠨ ᠳᠠᠷᠢᠬᠤ ᠲᠠᠯᠠᠪᠠᠶ 12000 ᠮᠦ ᠪᠠᠶᠢᠵᠤ᠂ 500 | ᠭᠠᠷᠤᠢ ᠡᠷᠦᠬᠡ ᠶᠢ ᠳᠠᠶᠢᠴᠢᠯᠠᠨ ᠳᠠᠷᠢᠵᠤ᠂ ᠬᠤᠷᠰᠢᠶ᠎ᠠ ᠨᠢ ᠲᠦᠩᠯᠢᠶᠣᠣ ᠣᠷᠣᠨ ᠤ ᠪᠥᠭᠡᠷᠡᠩᠬᠡᠢ ᠰᠣᠩᠭᠢᠨ᠎ᠠ ᠳᠠᠷᠢᠬᠤ | ᠲᠠᠯᠠᠪᠠᠶ ᠶᠢᠨ 80% ᠶᠢ ᠡᠵᠡᠯᠡᠭᠰᠡᠨ ᠪᠥᠭᠡᠳ ᠤᠯᠠᠭᠠᠨᠬᠠᠳᠠ᠂ ᠯᠢᠶᠣᠤᠨᠢᠩ ᠵᠡᠷᠭᠡ ᠭᠠᠵᠠᠷ ᠣᠷᠣᠨ ᠢ ᠳᠠᠶᠢᠴᠢᠯᠠᠨ | ᠳᠠᠷᠢᠵᠤ᠂ ᠵᠡᠭᠦᠨ ᠬᠤᠶᠢᠲᠤ ᠣᠷᠣᠨ ᠵᠢᠴᠢ ᠪᠥᠬᠦ ᠤᠯᠤᠰ ᠲᠤ ᠵᠣᠬᠢᠬᠤ ᠠᠯᠳᠠᠷᠰᠢᠯ ᠲᠠᠢ ᠪᠣᠯᠵᠤ᠂ ᠪᠦᠲᠦᠭᠡᠭᠳᠡᠬᠦᠨ ᠨᠢ | ᠪᠥᠬᠦ ᠤᠯᠤᠰ ᠤᠨ ᠡᠯ᠎ᠡ ᠭᠠᠵᠠᠷ ᠲᠤ ᠰᠢᠭᠤᠳ ᠪᠣᠷᠣᠯᠠᠭᠤᠯᠤᠭᠳᠠᠵᠤ᠂ ᠡᠷᠬᠢᠨ ᠲᠣᠭᠤᠷᠢᠨ ᠤ ᠠᠷᠪᠠᠨ ᠬᠡᠳᠦᠨ | ᠤᠯᠤᠰ ᠲᠤ ᠪᠣᠷᠣᠯᠠᠭᠤᠯᠤᠭᠳᠠᠵᠤ᠂ ᠶᠠᠰᠤ ᠴᠢᠨᠠᠷ ᠨᠢ ᠤᠯᠤᠰ ᠤᠨ ᠳᠣᠲᠣᠭᠠᠳᠤ ᠭᠠᠳᠠᠭᠠᠳᠤ ᠶᠢᠨ | ᠬᠤᠳᠠᠯᠳᠤᠭᠠᠴᠢᠳ ᠤᠨ ᠰᠠᠶᠢᠨ ᠦᠨᠡᠯᠡᠯᠲᠡ ᠶᠢ ᠣᠯᠣᠭᠰᠠᠨ ᠪᠠᠶᠢᠨ᠎ᠠ᠃ ᠦᠷ᠎ᠡ᠂ ᠬᠢᠮᠢ ᠶᠢᠨ ᠪᠣᠷᠳᠣᠭᠤᠷ᠂ ᠭᠠᠵᠠᠷ | ᠰᠢᠷᠣᠢ ᠶᠢ ᠡᠷᠭᠢᠯᠲᠡ ᠳᠤ ᠣᠷᠣᠭᠤᠯᠬᠤ᠂ ᠲᠠᠷᠢᠶᠠᠨ ᠠᠵᠢᠯ ᠤᠨ ᠬᠠᠮᠢᠶᠠᠷᠤᠯᠲᠠ᠂ ᠮᠡᠷᠭᠡᠵᠢᠯ ᠤᠨ ᠦᠢᠯᠡᠴᠢᠯᠡᠭᠡ᠂ | ᠪᠣᠷᠤᠯᠠᠭᠤᠯᠭ᠎ᠠ᠂ ᠵᠠᠬ᠎ᠠ ᠳᠡᠯᠭᠡᠭᠦᠷ ᠤᠨ ᠮᠡᠳᠡᠭᠡ ᠵᠠᠩᠭᠢ ᠠᠴᠠ ᠨᠢᠭᠡᠨᠲᠡ ᠨᠡᠯᠢᠶᠡᠳ ᠪᠦᠷᠢᠨ ᠪᠦᠲᠦᠨ ᠠᠵᠤ | ᠦᠢᠯᠡᠰ ᠤᠨ ᠬᠡᠯᠬᠢᠶ᠎ᠡ ᠶᠢ ᠪᠦᠷᠢᠯᠳᠦᠭᠦᠯᠦᠭᠰᠡᠨ ᠪᠥᠭᠡᠳ ᠲᠠᠷᠢᠮᠠᠯ ᠤᠨ ᠡᠷᠦᠬᠡ ᠶᠢᠨ ᠵᠥᠪᠰᠢᠶᠡᠷᠡᠯ ᠢ ᠣᠯᠣᠭᠰᠠᠨ | ᠪᠠᠶᠢᠨ᠎ᠠ᠃ ᠬᠤᠷᠰᠢᠶ᠎ᠠ ᠨᠢ ︽ᠣᠨᠴᠠᠯᠢᠭ ᠢ ᠢᠯᠡᠷᠡᠭᠦᠯᠬᠦ᠂ ᠬᠡᠪᠴᠢᠶ᠎ᠡ ᠶᠢ ᠪᠦᠷᠢᠯᠳᠦᠭᠦᠯᠬᠦ᠂ ᠶᠠᠰᠤ ᠴᠢᠨᠠᠷ ᠢ | ᠳᠡᠭᠡᠭᠰᠢᠯᠡᠭᠦᠯᠬᠦ᠂ ᠦᠷ᠎ᠡ ᠠᠰᠢᠭ ᠢ ᠨᠡᠮᠡᠭᠳᠡᠭᠦᠯᠬᠦ︾ ᠵᠠᠷᠴᠢᠮ ᠢ ᠪᠠᠷᠢᠮᠲᠠᠯᠠᠨ᠂ ᠬᠥᠳᠡᠭᠡ ᠲᠣᠰᠬᠤᠨ ᠤ 4000 ᠭᠠᠷᠤᠢ | ᠦᠯᠡᠭᠦᠦ ᠬᠥᠳᠡᠯᠮᠦᠷᠢ ᠶᠢᠨ ᠬᠦᠴᠦᠨ ᠢ ᠰᠢᠢᠳᠪᠦᠷᠢᠯᠡᠵᠦ᠂ ᠲᠠᠷᠢᠮᠠᠯ ᠤᠨ ᠡᠷᠦᠭᠡ ᠶᠢ ᠲᠠᠶᠢᠴᠢᠯᠠᠨ ᠬᠥᠮᠥᠨ ᠪᠦᠷᠢ ᠳᠤ | ᠳᠤᠮᠳᠠᠴᠢ ᠪᠠᠷ 5000 ᠲᠥᠭᠦᠷᠢᠭ ᠠᠴᠠ ᠳᠡᠭᠡᠭᠰᠢ ᠢᠯᠡᠭᠦᠦ ᠣᠷᠣᠯᠭ᠎ᠠ ᠨᠡᠮᠡᠭᠳᠡᠭᠦᠯᠪᠡ᠃ ᠡᠭᠦᠨ ᠤ ᠬᠠᠮᠲᠤ ᠡᠷᠬᠢᠨ | ᠲᠣᠭᠤᠷᠢᠨ ᠤ ᠬᠠᠶᠠᠭᠳᠠᠮᠠᠯ ᠲᠠᠷᠢᠶᠠᠯᠠᠩ ᠤᠨ ᠲᠥᠬᠦᠭᠡᠷᠥᠮᠵᠢᠲᠦ ᠬᠦᠯᠡᠮᠵᠢ ᠶᠢᠨ ᠲᠣᠮᠣ ᠬᠦᠯᠡᠮᠵᠢ ᠶᠢ ᠲᠠᠬᠢᠨ | ᠴᠡᠭᠴᠡᠯᠡᠨ ᠥᠭᠡᠷᠡᠴᠢᠯᠡᠵᠦ ᠠᠰᠢᠭᠯᠠᠬᠤ ᠶᠢ ᠬᠥᠲᠥᠯᠦᠨ ᠳᠠᠭᠠᠭᠤᠯᠵᠠᠢ᠃ 2017 ᠣᠨ ᠳᠤ ᠳᠠᠷᠢᠬᠤ ᠡᠷᠦᠬᠡ ᠶᠢ | 400 ᠭᠠᠷᠤᠢ ᠡᠷᠦᠬᠡ ᠳᠤ ᠬᠦᠷᠦᠭᠦᠯᠵᠦ᠂ ᠳᠠᠷᠢᠬᠤ ᠲᠠᠯᠠᠪᠠᠶ ᠶᠢ 15000 ᠮᠦ ᠳᠤ ᠬᠦᠷᠦᠭᠦᠯᠵᠦ᠂ ᠬᠤᠷᠰᠢᠶ᠎ᠠ ᠶᠢᠨ | ᠪᠥᠭᠡᠷᠡᠩᠬᠡᠢ ᠰᠣᠩᠭᠢᠨ᠎ᠠ ᠶᠢᠨ ᠳᠠᠷᠢᠬᠤ ᠲᠠᠯᠠᠪᠠᠶ ᠶᠢ ᠲᠦᠩᠯᠢᠶᠣᠣ ᠣᠷᠣᠨ ᠤ 80% ᠠᠴᠠ ᠳᠡᠭᠡᠭᠰᠢᠬᠢ ᠶᠢ ᠡᠵᠡᠯᠡᠵᠡᠢ᠃ | 2017 ᠣᠨ ᠤ 8 ᠰᠠᠷ᠎ᠠ ᠳᠤ᠂ ᠳ᠋ᠠᠯᠢᠶᠠᠨ ᠤ ᠨᠦᠩ ᠴᠠᠩ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ | ᠭᠠᠷᠭᠠᠬᠤ ᠬᠢᠵᠠᠭᠠᠷᠲᠤ ᠺᠣᠮᠫᠠᠨᠢ ᠢᠦᠢ ᠰᠢᠨ ᠪᠠᠯᠭᠠᠰᠤ ᠶᠢᠨ ᠰᠢᠶᠣᠣ ᠰᠠᠨ ᠾᠧ ᠰᠢᠩ ᠲᠣᠰᠬᠤᠨ ᠳᠤ ᠨᠤᠲᠤᠭᠰᠢᠪᠠ᠂ | ᠡᠨᠡ ᠨᠢ ᠰᠢᠶᠣᠣ ᠰᠠᠨ ᠾᠧ ᠰᠢᠩ ᠲᠣᠰᠬᠤᠨ ᠤ ᠪᠥᠭᠡᠷᠡᠩᠬᠡᠢ ᠰᠣᠩᠭᠢᠨ᠎ᠠ ᠶᠢᠨ ᠡᠳ᠋ ᠪᠠᠷᠠᠭᠠᠨ ᠤ ᠭᠦᠢᠯᠭᠡᠭᠡᠨ ᠤ | ᠵᠥᠭᠡᠭᠡᠪᠦᠷᠢ ᠶᠢᠨ ᠭᠤᠭᠴᠤᠭ᠎ᠠ ᠶᠢ ᠠᠷᠪᠢᠯᠠᠵᠤ᠂ ᠬᠥᠮᠥᠷᠭᠡᠯᠡᠨ ᠬᠠᠳᠠᠭᠠᠯᠠᠬᠤ ᠵᠠᠷᠤᠳᠠᠯ ᠢ ᠪᠠᠭᠠᠰᠬᠠᠵᠤ᠂ ᠬᠥᠳᠡᠯᠮᠦᠷᠢ | ᠠᠵᠢᠯ ᠣᠯᠭᠤᠯᠲᠠ ᠶᠢ ᠠᠬᠢᠭᠤᠯᠵᠤ᠂ ᠪᠣᠷᠤᠯᠠᠭᠤᠯᠭ᠎ᠠ ᠶᠢᠨ ᠵᠠᠮ ᠤᠨ ᠰᠠᠭᠠᠳ ᠦᠭᠡᠢ ᠨᠡᠪᠲᠡᠷᠡᠬᠦ ᠶᠢ ᠪᠠᠲᠤᠯᠠᠭᠰᠠᠨ | ᠪᠠᠶᠢᠨ᠎ᠠ᠃ ᠵᠢᠩ ᠪᠦᠷᠢ ᠶᠢᠨ ᠣᠷᠣᠯᠭ᠎ᠠ ᠶᠢ 0.04 ᠲᠥᠭᠦᠷᠢᠭ ᠨᠡᠮᠡᠭᠳᠡᠭᠦᠯᠬᠦ ᠪᠠᠷ ᠪᠤᠳᠤᠪᠠᠯ᠂ ᠲᠠᠷᠢᠶᠠᠴᠢᠳ ᠤᠨ ᠮᠦ | ᠪᠦᠷᠢ ᠶᠢᠨ ᠣᠷᠣᠯᠭ᠎ᠠ ᠶᠢ 500 ᠲᠥᠭᠦᠷᠢᠭ ᠣᠷᠴᠢᠮ ᠨᠡᠮᠡᠭᠳᠡᠭᠦᠯᠵᠡᠢ᠃ ᠬᠤᠷᠰᠢᠶ᠎ᠠ ᠨᠢ ᠳ᠋ᠠᠯᠢᠶᠠᠨ ᠤ ᠨᠦᠩ ᠴᠠᠩ | ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠬᠢᠵᠠᠭᠠᠷᠲᠤ ᠺᠣᠮᠫᠠᠨᠢ ᠲᠠᠢ 20000 ᠲᠣᠨ | ᠭᠠᠳᠠᠭᠠᠳᠤ ᠳᠤ ᠭᠠᠷᠭᠠᠬᠤ ᠭᠡᠷ᠎ᠡ ᠲᠣᠭᠲᠠᠵᠤ᠂ ᠪᠦᠬᠦ ᠪᠠᠯᠭᠠᠰᠤ ᠶᠢᠨ 8878 ᠮᠦ ᠪᠥᠭᠡᠷᠡᠩᠬᠡᠢ ᠰᠣᠩᠭᠢᠨ᠎ᠠ ᠶᠢ | ᠪᠦᠬᠦᠨ ᠢ ᠰᠢᠩᠭᠡᠭᠡᠵᠦ᠂ ︽ᠪᠣᠶᠢᠵᠢᠭᠤᠯᠬᠤ + ᠲᠠᠷᠢᠬᠤ + ᠬᠠᠳᠠᠭᠠᠯᠠᠬᠤ + ᠦᠢᠯᠡᠳᠪᠦᠷᠢᠯᠡᠵᠦ ᠪᠣᠯᠪᠠᠰᠤᠷᠠᠭᠤᠯᠬᠤ | + ᠭᠠᠳᠠᠭᠠᠳᠤ ᠳᠤ ᠭᠠᠷᠭᠠᠬᠤ︾ ᠪᠠᠷ ᠨᠢᠭᠡ ᠴᠣᠭᠴᠠᠵᠢᠭᠤᠯᠤᠭᠰᠠᠨ ᠠᠵᠤ ᠦᠢᠯᠡᠰ ᠤᠨ ᠬᠡᠯᠬᠢᠶ᠎ᠡ ᠶᠢ ᠪᠦᠷᠢᠯᠳᠦᠭᠦᠯᠵᠡᠢ᠃ | 2018 ᠣᠨ ᠳᠤ ᠬᠤᠷᠰᠢᠶ᠎ᠠ᠂ ᠲᠠᠷᠢᠮᠠᠯ ᠤᠨ ᠡᠷᠦᠬᠡ 500 ᠭᠠᠷᠤᠢ ᠪᠠᠶᠢᠵᠤ᠂ ᠲᠦᠩᠯᠢᠶᠣᠣ ᠬᠤᠲᠠ ᠶᠢᠨ ᠡᠯ᠎ᠡ | ᠬᠤᠰᠢᠭᠤ ᠰᠢᠶᠠᠨ᠂ ᠲᠣᠭᠤᠷᠢᠭ ᠲᠤ ᠲᠠᠷᠬᠠᠵᠤ᠂ ᠬᠤᠯᠠ ᠠᠴᠠ ᠤᠯᠠᠭᠠᠨᠬᠠᠳᠠ᠂ ᠯᠢᠶᠣᠤᠨᠢᠩ ᠵᠡᠷᠭᠡ ᠭᠠᠵᠠᠷ ᠲᠤ ᠬᠦᠷᠴᠦ᠂ | ᠭᠤᠷᠪᠠᠨ ᠵᠢᠯ ᠤᠨ ᠳᠤᠮᠳᠠᠴᠢ ᠵᠢᠯ ᠤᠨ ᠮᠦ ᠶᠢᠨ ᠣᠷᠣᠯᠭ᠎ᠠ ᠨᠢ 4000 ᠲᠥᠭᠦᠷᠢᠭ ᠠᠴᠠ ᠳᠡᠭᠡᠭᠰᠢ ᠪᠠᠶᠢᠨ᠎ᠠ᠃ | ᠬᠤᠷᠰᠢᠶ᠎ᠠ ᠵᠢᠯ ᠪᠦᠷᠢ ᠲᠤᠬᠠᠢ ᠶᠢᠨ ᠭᠠᠵᠠᠷ ᠲᠠᠭᠠᠨ 500 ᠮᠦ ᠠᠴᠠ ᠳᠡᠭᠡᠭᠰᠢ ᠭᠠᠵᠠᠷ ᠰᠢᠷᠣᠢ ᠶᠢ ᠡᠷᠭᠢᠯᠲᠡ ᠳᠤ | ᠣᠷᠣᠭᠤᠯᠵᠤ᠂ ᠮᠦ ᠪᠦᠷᠢ ᠶᠢ ᠥᠨᠳᠥᠷ ᠦᠨ᠎ᠡ ᠪᠠᠷ ᠡᠷᠭᠢᠯᠲᠡ ᠳᠤ ᠣᠷᠣᠭᠤᠯᠵᠤ᠂ 800 ᠲᠥᠭᠦᠷᠢᠭ ᠠᠴᠠ 900 | ᠲᠥᠭᠦᠷᠢᠭ ᠤᠨ ᠬᠤᠭᠤᠷᠣᠨᠳᠤ᠂ ᠡᠷᠭᠢᠯᠲᠡ ᠳᠤ ᠣᠷᠣᠭᠤᠯᠤᠭᠰᠠᠨ ᠤ ᠳᠠᠷᠠᠭᠠᠬᠢ ᠲᠠᠷᠢᠶᠠᠴᠢᠨ ᠡᠷᠦᠭᠡ ᠬᠤᠷᠰᠢᠶ᠎ᠠ ᠳᠤ | ᠬᠥᠯᠥᠰᠦᠨ ᠠᠵᠢᠯ ᠬᠢᠵᠦ᠂ ᠵᠢᠯ ᠪᠦᠷᠢ 2000 ᠬᠥᠮᠥᠨ ᠤ ᠠᠵᠢᠯ ᠣᠯᠬᠤ ᠠᠰᠠᠭᠤᠳᠠᠯ ᠢ ᠰᠢᠢᠳᠪᠦᠷᠢᠯᠡᠵᠦ᠂ ᠯᠤᠲᠤ | ᠶᠡᠭᠡ ᠨᠡᠶᠢᠭᠡᠮ ᠤᠨ ᠦᠷ᠎ᠡ ᠠᠰᠢᠭ ᠢ ᠡᠭᠦᠳᠴᠡᠢ᠃ ᠶᠠᠰᠤ ᠴᠢᠨᠠᠷ ᠤᠨ ᠳᠠᠪᠠᠭᠤᠯᠢᠭ᠂ ᠪᠣᠯᠪᠠᠰᠤᠷᠠᠩᠭᠤᠢ ᠮᠡᠷᠭᠡᠵᠢᠯ ᠪᠠ | ᠲᠣᠭᠲᠠᠪᠤᠷᠢᠲᠠᠢ ᠪᠣᠷᠤᠯᠠᠭᠤᠯᠭ᠎ᠠ ᠶᠢᠨ ᠵᠠᠮ ᠲᠠᠢ ᠪᠣᠯᠤᠭᠰᠠᠨ ᠠᠴᠠ ᠪᠦᠬᠦ ᠲᠣᠰᠬᠤᠨ ᠤ ᠲᠠᠷᠢᠶᠠᠴᠢᠨ ᠡᠷᠦᠬᠡ ᠶᠢᠨ | ᠬᠠᠯᠠᠭᠤᠨ ᠰᠡᠳᠬᠢᠯᠭᠡ ᠴᠦ ᠳᠠᠭᠠᠯᠳᠤᠨ ᠬᠥᠪᠴᠢᠯᠡᠭᠳᠡᠭᠰᠡᠨ ᠪᠠᠶᠢᠨ᠎ᠠ᠃ ᠲᠠᠷᠢᠶᠠᠨ ᠳᠠᠭᠠᠨ ᠰᠣᠩᠭᠢᠨ᠎ᠠ | ᠵᠥᠭᠡᠭᠡᠪᠦᠷᠢᠯᠡᠬᠦ ᠪᠠᠷ ᠶᠠᠭᠠᠷᠠᠭᠰᠠᠨ ᠵᠤᠤ ᠯᠢ ᠴᠢᠤᠸᠠᠨ᠄ ︽ᠮᠠᠨ ᠤ ᠭᠡᠷ 7 ᠮᠦ ᠲᠠᠷᠢᠶ᠎ᠠ ᠶᠢ ᠬᠤᠷᠰᠢᠶ᠎ᠠ ᠳᠤ | ᠰᠢᠯᠵᠢᠭᠦᠯᠦᠨ ᠥᠭᠴᠦ᠂ 5000 ᠭᠠᠷᠤᠢ ᠲᠥᠭᠦᠷᠢᠭ ᠤᠨ ᠣᠷᠣᠯᠭ᠎ᠠ ᠲᠠᠢ ᠪᠣᠯᠵᠠᠢ᠂ ᠪᠢ ᠬᠤᠷᠰᠢᠶ᠎ᠠ ᠳᠤ ᠬᠥᠯᠥᠰᠦᠨ | ᠠᠵᠢᠯ ᠬᠢᠵᠦ ᠪᠠᠰᠠ 10000 ᠭᠠᠷᠤᠢ ᠲᠥᠭᠦᠷᠢᠭ ᠣᠯᠣᠨ᠎ᠠ᠂ ᠡᠨᠡ ᠨᠢ ᠥᠪᠡᠷ ᠢᠶᠠᠨ ᠡᠷᠳᠡᠨᠢ ᠰᠢᠰᠢ | ᠳᠠᠷᠢᠭᠰᠠᠨ ᠠᠴᠠ ᠬᠤᠯᠠ ᠳᠡᠭᠡᠷ᠎ᠡ ᠶᠤᠮ︾ ᠭᠡᠵᠦ ᠶᠠᠷᠢᠵᠤ ᠪᠠᠶᠢᠯ᠎ᠠ᠃ ᠵᠣᠣ ᠯᠢ ᠴᠢᠤᠸᠠᠨ ᠰᠢᠭ ᠥᠪᠡᠷ ᠤᠨ ᠭᠠᠵᠠᠷ | ᠰᠢᠷᠣᠢ ᠪᠠᠨ ᠬᠤᠷᠰᠢᠶᠠᠨ ᠳᠤ ᠰᠢᠯᠵᠢᠭᠦᠯᠦᠨ ᠥᠭᠴᠦ᠂ ᠳᠠᠬᠢᠭᠠᠳ ᠬᠤᠷᠰᠢᠶᠠᠨ ᠳᠤ ᠣᠴᠢᠵᠤ ᠬᠦᠴᠦ ᠶᠠᠪᠤᠬᠤ | ᠲᠠᠷᠢᠶᠠᠴᠢᠨ ᠡᠷᠦᠬᠡ ᠪᠠᠰᠠ ᠮᠠᠰᠢ ᠣᠯᠠᠨ ᠪᠠᠶᠢᠨ᠎ᠠ᠂ ᠪᠣᠷᠳᠣᠭᠤᠷ ᠰᠠᠴᠤᠵᠤ᠂ ᠲᠠᠷᠢᠶᠠᠨ ᠭᠠᠵᠠᠷ ᠳᠠᠷᠢᠵᠤ᠂ ᠪᠥᠭᠡᠷᠡᠩᠬᠡᠢ | ᠰᠣᠩᠭᠢᠨ᠎ᠠ ᠶᠢ ᠠᠷᠠᠴᠢᠯᠠᠵᠤ᠂ ᠡᠳᠦᠷ ᠲᠤ 80 ᠲᠥᠭᠦᠷᠢᠭ ᠤᠨ ᠴᠠᠯᠢᠩ ᠲᠠᠢ ᠪᠣᠯᠵᠤ᠂ ᠬᠤᠣᠰ ᠣᠷᠣᠯᠭ᠎ᠠ ᠶᠢᠨ | ᠪᠠᠲᠤᠯᠠᠭ᠎ᠠ ᠨᠢ ᠴᠦ ᠨᠠᠩ ᠣᠯᠠᠨ ᠲᠠᠷᠢᠶᠠᠴᠢᠨ ᠡᠷᠦᠬᠡ ᠶᠢᠨ ᠰᠠᠶᠢᠨ ᠰᠠᠶᠢᠬᠠᠨ ᠠᠮᠢᠳᠤᠷᠠᠯ ᠤᠨ ᠡᠷᠡᠮᠡᠯᠵᠡᠯ ᠢ | ᠤᠯᠠᠮ ᠠᠴᠠ ᠤᠯᠠᠮ ᠭᠦᠢᠴᠡᠳ ᠪᠣᠯᠭᠠᠵᠠᠢ᠃ ᠡᠯᠪᠡᠭ ᠤᠯᠠᠷᠢᠯ ᠳᠤ ᠬᠥᠭᠵᠢᠶᠡᠨ ᠲᠠᠢ ᠪᠠᠶᠢᠵᠤ᠂ ᠬᠤᠷᠰᠢᠶ᠎ᠠ ᠵᠢᠯ ᠪᠦᠷᠢ | 1000 ᠭᠠᠷᠤᠢ ᠤᠳᠠᠭ᠎ᠠ ᠶᠢᠨ ᠬᠤᠯᠠ ᠵᠠᠮ ᠤᠨ ᠲᠡᠭᠡᠭᠡᠪᠦᠷᠢ ᠶᠢᠨ ᠲᠡᠷᠭᠡ ᠶᠢ ᠬᠥᠳᠡᠯᠭᠡᠨ ᠬᠡᠷᠡᠭᠯᠡᠵᠦ᠂ ᠪᠠᠷᠠᠭᠠᠨ ᠤ | ᠭᠦᠢᠯᠭᠡᠭᠡᠨ ᠤ ᠦᠢᠯᠡᠰ ᠤᠨ ᠬᠥᠭᠵᠢᠯᠲᠡ ᠶᠢ ᠲᠠᠶᠢᠴᠢᠯᠠᠵᠠᠢ᠃ ᠲᠠᠷᠢᠶᠠᠯᠠᠩ ᠤᠨ ᠪᠦᠲᠦᠭᠡᠭᠳᠡᠬᠦᠨ ᠤ | ᠪᠣᠷᠣᠯᠠᠭᠤᠯᠤᠯᠲᠠ ᠳᠤ ᠪᠥᠭᠡᠷᠡᠩᠬᠡᠢ ᠰᠣᠩᠭᠢᠨ᠎ᠠ ᠬᠤᠳᠠᠯᠳᠤᠬᠤ ᠪᠠᠷ ᠭᠤᠣᠯ ᠪᠣᠯᠭᠠᠵᠤ᠂ ᠯᠢ ᠱᠦ ᠰᠢᠶᠠᠩ ᠤᠨ | ᠳᠠᠭᠠᠭᠤᠯᠤᠭᠰᠠᠨ ᠬᠤᠷᠰᠢᠶ᠎ᠠ ᠵᠢᠯ ᠪᠦᠷᠢ ︽ᠲᠦᠩᠯᠢᠶᠣᠣ ᠳᠤ ᠢᠷᠡᠵᠦ ᠲᠠᠯ᠎ᠠ ᠨᠤᠲᠤᠭ ᠢᠶᠠᠨ ᠦᠵᠡᠬᠦ︾ ᠭᠤᠣᠯ | ᠰᠡᠳᠦᠪᠲᠦ ᠠᠵᠢᠯᠯᠠᠭ᠎ᠠ ᠥᠷᠨᠢᠭᠦᠯᠵᠦ᠂ ᠬᠤᠳᠠᠯᠳᠤᠭᠠᠴᠢᠨ᠂ ᠤᠯᠤᠰ ᠤᠨ ᠳᠣᠲᠣᠭᠠᠳᠤ ᠭᠠᠳᠠᠭᠠᠳᠤ ᠶᠢᠨ | ᠬᠤᠳᠠᠯᠳᠤᠭᠠᠴᠢᠳ ᠢ ᠤᠷᠢᠵᠤ ᠲᠦᠩᠯᠢᠶᠣᠣ ᠳᠤ ᠣᠴᠢᠭᠤᠯᠵᠤ᠂ ᠬᠤᠳᠠᠯᠳᠤᠭᠠᠴᠢᠳ ᠭᠡᠷ ᠤᠨ ᠬᠥᠮᠦᠨ ᠨᠠᠶᠢᠵᠢ | ᠨᠠᠷ ᠢᠶᠠᠨ ᠳᠠᠭᠠᠭᠤᠯᠤᠨ ᠲᠦᠩᠯᠢᠶᠣᠣ ᠳᠤ ᠢᠷᠡᠵᠦ ᠵᠤᠭᠠᠴᠠᠵᠤ᠂ ᠭᠠᠵᠠᠷ ᠣᠷᠣᠨ ᠤ ᠵᠤᠭᠠᠴᠠᠯ ᠤᠨ ᠦᠢᠯᠡᠰ ᠤᠨ | ᠬᠥᠭᠵᠢᠯᠲᠡ ᠶᠢ ᠳᠠᠶᠢᠴᠢᠯᠠᠭᠰᠠᠨ ᠪᠠᠶᠢᠨ᠎ᠠ᠃ ᠠᠵᠤ ᠦᠢᠯᠡᠰ ᠤᠨ ᠬᠥᠭᠵᠢᠯᠲᠡ ᠨᠢ ᠭᠠᠵᠠᠷ ᠣᠷᠣᠨ ᠤ ᠲᠠᠯ᠎ᠠ | ᠪᠦᠬᠦᠨ ᠢ ᠳᠠᠶᠢᠴᠢᠯᠠᠵᠤ᠂ ᠤᠯᠠᠨ ᠲᠦᠮᠡᠨ ᠬᠢᠬᠦ ᠠᠵᠢᠯ ᠲᠠᠢ ᠪᠣᠯᠵᠤ᠂ ᠣᠷᠣᠯᠭ᠎ᠠ ᠨᠡᠮᠡᠭᠳᠡᠨ᠂ ᠨᠡᠶᠢᠭᠡᠮ ᠤᠨ ᠵᠥᠷᠢᠴᠡᠯ | ᠪᠠᠭᠠᠰᠴᠤ᠂ ᠠᠷᠠᠳ ᠤᠨ ᠰᠤᠷᠲᠠᠯ ᠪᠦᠯᠬᠦᠮᠳᠡᠯ ᠲᠠᠢ ᠡᠶ᠎ᠡ ᠵᠣᠬᠢᠴᠠᠯ ᠲᠠᠢ ᠪᠣᠯᠪᠠ᠃ | ᠯᠢ ᠱᠦ ᠰᠢᠶᠠᠩ ᠲᠣᠰᠬᠤᠨ ᠤ ᠪᠠᠨ ᠠᠷᠠᠳ ᠤᠨ ᠵᠣᠪᠠᠭᠤᠷᠢ ᠵᠦᠳᠡᠭᠦᠷᠢ ᠶᠢ ᠬᠠᠯᠠᠮᠵᠢᠯᠠᠬᠤ ᠪᠠᠷ ᠪᠠᠷᠠᠬᠤ | ᠦᠭᠡᠢ᠂ ᠢᠦᠢ ᠰᠢᠨ ᠪᠠᠯᠭᠠᠰᠤᠨ ᠤ ᠶᠠᠳᠠᠭᠤ ᠬᠦᠴᠢᠷᠳᠡᠯᠲᠡᠢ ᠡᠷᠦᠬᠡ ᠨᠢ ᠲᠡᠭᠦᠨ ᠤ ᠰᠡᠳᠬᠢᠯ ᠳᠤ ᠪᠠᠨ ᠪᠣᠳᠣᠵᠤ | ᠶᠠᠪᠤᠳᠠᠭ᠃ ᠲᠡᠷᠡ ᠪᠦᠬᠦ ᠪᠠᠯᠭᠠᠰᠤᠨ ᠳᠤ ᠪᠠᠰᠠ 57 ᠡᠷᠦᠬᠡ 132 ᠶᠠᠳᠠᠭᠤ ᠬᠦᠴᠢᠷᠳᠡᠯᠲᠡᠢ ᠬᠥᠮᠥᠨ ᠠᠮᠠ ᠲᠠᠢ᠂ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠭᠦᠷᠭᠡ ᠬᠠᠲᠠᠭᠤ ᠪᠡᠷᠬᠡ ᠪᠠᠶᠢᠬᠤ ᠶᠢ ᠮᠡᠳᠡᠵᠦ᠂ | ᠰᠠᠨᠠᠭᠠᠴᠢᠯᠠᠭ᠎ᠠ ᠠᠴᠠ ᠪᠠᠨ ᠪᠠᠯᠭᠠᠰᠤᠨ ᠤ ᠨᠠᠮ ᠤᠨ ᠬᠤᠷᠢᠶ᠎ᠠ᠂ ᠪᠠᠯᠭᠠᠰᠤᠨ ᠤ ᠵᠠᠰᠠᠭ ᠤᠨ ᠣᠷᠳᠣᠨ ᠤ | ᠤᠳᠤᠷᠢᠳᠤᠯᠭ᠎ᠠ ᠲᠠᠢ ᠣᠯᠠᠨᠲᠠ ᠣᠶᠢᠯᠠᠭᠠᠯᠴᠠᠵᠤ ᠤᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠠᠵᠢᠯ ᠢ ᠬᠡᠷᠬᠢᠨ | ᠠᠬᠢᠭᠤᠯᠬᠤ ᠲᠤᠬᠠᠢ ᠳᠠᠬᠢᠨ ᠳᠠᠪᠲᠠᠨ ᠰᠤᠳᠤᠯᠵᠤ᠂ ᠡᠯ᠎ᠡ ᠱᠠᠲᠤᠨ ᠤ ᠤᠳᠤᠷᠢᠳᠤᠯᠭ᠎ᠠ ᠶᠢᠨ ᠪᠦᠬᠦ ᠬᠦᠴᠦᠨ ᠤ | ᠳᠡᠮᠵᠢᠯᠭᠡ ᠳᠣᠣᠷ᠎ᠠ᠂ ᠲᠠᠷᠢᠶᠠᠯᠠᠩ ᠬᠥᠳᠡᠭᠡ ᠲᠣᠰᠬᠤᠨ ᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ︽ᠬᠤᠷᠰᠢᠶ᠎ᠠ + | ᠲᠣᠰᠬᠤᠨ ᠤ ᠬᠠᠮᠲᠤ + ᠶᠠᠳᠠᠭᠤ ᠬᠦᠴᠢᠷᠳᠡᠯᠲᠡᠢ ᠡᠷᠦᠬᠡ︾ ᠶᠢᠨ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠰᠢᠨ᠎ᠡ | ᠵᠠᠭᠪᠤᠷ ᠢ ᠰᠦᠪᠡᠭᠴᠢᠯᠡᠨ ᠬᠡᠷᠡᠭᠵᠢᠭᠦᠯᠵᠦ᠂ ᠢᠦᠢ ᠰᠢᠨ ᠪᠠᠯᠭᠠᠰᠤᠨ ᠤ ᠣᠲᠣ ᠪᠠᠶᠢᠭ᠎ᠠ 57 ᠡᠷᠦᠬᠡ 132 | ᠬᠥᠮᠥᠨ ᠢ ᠪᠦᠬᠦᠨ ᠢ ᠲᠡᠭᠦᠨ ᠤ ᠡᠭᠦᠳᠦᠨ ᠡᠷᠭᠢᠯᠡᠭᠰᠡᠨ ᠰᠢᠶᠣᠣ ᠰᠠᠨ ᠾᠧ ᠰᠢᠩ ᠶᠦᠦᠠᠨ ᠰᠣᠩᠭᠢᠨ᠎ᠠ ᠶᠢᠨ | ᠬᠤᠷᠰᠢᠶ᠎ᠠ ᠳᠤ ᠣᠷᠣᠭᠤᠯᠵᠤ᠂ ︽ᠡᠬᠢ ᠪᠠᠶᠠᠯᠢᠭ ᠢ ᠡᠳ᠋ ᠬᠥᠷᠥᠩᠭᠡ ᠪᠣᠯᠭᠠᠨ ᠬᠤᠪᠢᠷᠠᠭᠤᠯᠵᠤ᠂ ᠪᠡᠯᠡ ᠮᠥᠩᠭᠦ ᠶᠢ | ᠬᠤᠪᠢ ᠣᠷᠣᠭᠤᠯᠤᠯᠲᠠ ᠶᠢᠨ ᠮᠥᠩᠭᠦ ᠪᠣᠯᠭᠠᠨ ᠬᠤᠪᠢᠷᠠᠭᠤᠯᠵᠤ᠂ ᠲᠠᠷᠢᠶᠠᠴᠢᠳ ᠢ ᠬᠤᠪᠢ ᠣᠷᠣᠭᠤᠯᠤᠭᠴᠢ ᠪᠣᠯᠭᠠᠨ | ᠬᠤᠪᠢᠷᠠᠭᠤᠯᠵᠤ︾᠂ ᠠᠵᠤ ᠦᠢᠯᠡᠰ ᠤᠨ ᠬᠡᠯᠬᠢᠶ᠎ᠡ ᠳᠡᠭᠡᠷᠡᠬᠢ ᠬᠤᠷᠰᠢᠶ᠎ᠠ ᠶᠢ ᠠᠵᠤ ᠦᠢᠯᠡᠰ ᠢᠶᠠᠷ ᠶᠠᠳᠠᠭᠤ ᠶᠢ | ᠲᠡᠳᠬᠦᠬᠦ ︽ᠡᠮ ᠤᠨ ᠬᠥᠲᠥᠴᠢ︾ ᠪᠣᠯᠭᠠᠨ ᠬᠤᠪᠢᠷᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ | ᠰᠠᠭᠤᠷᠢ ᠶᠢ ᠪᠠᠲᠤᠳᠬᠠᠪᠠ᠃ ᠬᠤᠷᠰᠢᠶ᠎ᠠ ᠨᠢ ᠲᠥᠪᠯᠡᠷᠡᠭᠦᠯᠦᠨ ᠵᠠᠯᠭᠠᠯᠳᠤᠭᠤᠯᠤᠨ ᠲᠠᠷᠢᠬᠤ ᠬᠡᠯᠪᠡᠷᠢ ᠶᠢ ᠠᠪᠴᠤ᠂ | ᠶᠠᠳᠠᠭᠤ ᠬᠦᠴᠢᠷᠳᠡᠯ ᠲᠠᠢ ᠡᠷᠦᠬᠡ ᠶᠢᠨ ᠭᠠᠵᠠᠷ ᠰᠢᠷᠣᠢ ᠶᠢ ᠨᠢᠭᠡᠳᠬᠡᠵᠦ᠂ ᠲᠠᠷᠢᠮᠠᠯ ᠤᠨ ᠬᠠᠮᠤᠭ ᠤᠨ ᠶᠡᠭᠡ ᠦᠷ᠎ᠡ | ᠠᠰᠢᠭ ᠢ ᠪᠠᠳᠠᠷᠠᠭᠤᠯᠪᠠ᠃ ᠪᠥᠭᠡᠷᠡᠩᠬᠡᠢ ᠰᠣᠩᠭᠢᠨ᠎ᠠ ᠶᠢᠨ ᠲᠠᠷᠢᠮᠠᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠶᠢᠨ | ᠲᠥᠯᠥᠭᠡ᠂ ᠯᠢ ᠱᠦ ᠰᠢᠶᠠᠩ ᠮᠦ ᠪᠦᠷᠢ 1000 ᠲᠥᠭᠦᠷᠢᠭ ᠤᠨ ᠪᠡᠯᠡ ᠮᠥᠩᠭᠦ ᠪᠠᠷ ᠡᠮᠦᠨᠡᠬᠢ ᠬᠤᠭᠤᠴᠠᠭᠠᠨ ᠤ | ᠲᠠᠷᠢᠮᠠᠯ ᠤᠨ ᠵᠣᠭᠤᠰ ᠪᠣᠯᠭᠠᠬᠤ ᠶᠢᠨ ᠬᠠᠮᠲᠤ ᠶᠠᠳᠠᠭᠤ ᠬᠦᠴᠢᠷᠳᠡᠯ ᠲᠠᠢ ᠡᠷᠦᠬᠡ ᠶᠢᠨ ᠮᠦ ᠪᠦᠷᠢ ᠵᠢᠯ ᠳᠤ 1000 | ᠲᠥᠭᠦᠷᠢᠭ ᠤᠨ ᠴᠡᠪᠡᠷ ᠣᠷᠣᠯᠭ᠎ᠠ ᠶᠢ ᠪᠠᠲᠤᠯᠠᠵᠤ᠂ ᠬᠡᠰᠡᠭ ᠶᠠᠳᠠᠭᠤ ᠬᠦᠴᠢᠷᠳᠡᠯ ᠲᠠᠢ ᠡᠷᠦᠬᠡ ᠠᠴᠠ ᠳᠠᠪᠠᠭᠰᠠᠨ | ᠪᠠᠶᠢᠪᠠᠯ᠂ ᠬᠤᠷᠰᠢᠶ᠎ᠠ ᠠᠴᠠ 6᠄ 4 ᠪᠠᠷ ᠠᠰᠢᠭ ᠬᠤᠪᠢᠶᠠᠨ᠎ᠠ᠃ 2018 ᠣᠨ ᠤ 9 ᠰᠠᠷ᠎ᠠ ᠳᠤ᠂ ᠬᠤᠷᠰᠢᠶ᠎ᠠ ᠠᠴᠠ | ᠬᠥᠮᠥᠨ ᠪᠦᠷᠢ ᠳᠤ ᠨᠡᠶᠢᠲᠡ 13.2 ᠲᠦᠮᠡᠨ ᠲᠥᠭᠦᠷᠢᠭ ᠤᠨ ᠠᠰᠢᠭ ᠣᠷᠣᠯᠭ᠎ᠠ ᠬᠤᠪᠢᠶᠠᠨ ᠥᠭᠴᠦ᠂ ᠵᠢᠯ ᠤᠨ | ᠡᠴᠦᠰ ᠲᠤ ᠬᠤᠪᠢ ᠣᠷᠣᠭᠤᠯᠤᠭᠰᠠᠨ 39.6 ᠲᠦᠮᠡᠨ ᠲᠥᠭᠦᠷᠢᠭ ᠤᠨ ᠡᠬᠡ ᠮᠥᠩᠭᠦ ᠶᠢ ᠶᠠᠳᠠᠭᠤ ᠬᠦᠴᠢᠷᠳᠡᠯᠲᠡᠢ | ᠡᠷᠦᠬᠡ ᠳᠤ ᠪᠤᠴᠠᠭᠠᠨ ᠥᠭᠴᠡᠢ᠃ ᠬᠥᠮᠥᠨ ᠪᠦᠷᠢ ᠶᠢᠨ ᠬᠤᠪᠢ ᠣᠷᠣᠭᠤᠯᠤᠭᠰᠠᠨ 3000 ᠲᠥᠭᠦᠷᠢᠭ ᠤᠨ ᠡᠬᠡ | ᠮᠥᠩᠭᠦ ᠪᠠᠷ ᠪᠤᠳᠤᠪᠠᠯ᠂ ᠵᠢᠯ ᠤᠨ ᠠᠰᠢᠭ ᠣᠷᠣᠯᠭ᠎ᠠ ᠨᠢ 1000 ᠲᠥᠭᠦᠷᠢᠭ ᠪᠠᠶᠢᠵᠤ᠂ ᠵᠢᠯ ᠤᠨ ᠬᠥᠮᠥᠨ ᠪᠦᠷᠢ ᠶᠢᠨ | ᠳᠤᠮᠳᠠᠴᠢ ᠣᠷᠣᠯᠭ᠎ᠠ ᠨᠢ 1000 ᠲᠥᠭᠦᠷᠢᠭ ᠪᠠᠶᠢᠵᠤ᠂ ᠠᠵᠤ ᠠᠬᠤᠶᠢᠯᠠᠯ ᠤᠨ ᠠᠰᠢᠭ ᠣᠯᠭᠤᠭᠰᠠᠨ ᠤᠷᠢᠲᠠᠯ | ᠳᠣᠣᠷ᠎ᠠ᠂ ᠵᠢᠯ ᠤᠨ ᠠᠰᠢᠭ ᠣᠷᠣᠯᠭ᠎ᠠ ᠶᠢᠨ ᠨᠣᠷᠮ᠎ᠠ ᠨᠢ 33% ᠳᠤ ᠬᠥᠷᠪᠡ᠃ 2019 ᠣᠨ ᠳᠤ ᠶᠠᠳᠠᠭᠤ | ᠬᠦᠴᠢᠷᠳᠡᠯ ᠲᠠᠢ 35 ᠡᠷᠦᠬᠡ 83 ᠬᠥᠮᠥᠨ ᠠᠮᠠ ᠶᠢ ᠳᠠᠶᠢᠴᠢᠯᠠᠵᠤ᠂ ᠶᠠᠳᠠᠭᠤ ᠶᠢ ᠲᠡᠳᠬᠦᠵᠦ ᠬᠤᠪᠢ | ᠣᠷᠣᠭᠤᠯᠤᠭᠰᠠᠨ ᠣᠷᠣᠯᠭ᠎ᠠ ᠶᠢᠨ ᠪᠡᠯᠡ ᠮᠥᠩᠭᠦ ᠶᠢ ᠨᠢᠭᠡᠨᠲᠡ ᠰᠣᠯᠢᠵᠤ ᠥᠭᠪᠡ᠃ | ᠯᠢ ᠱᠦ ᠰᠢᠶᠠᠩ ᠬᠤᠷᠰᠢᠶ᠎ᠠ ᠶᠢ ᠠᠰᠢᠭᠯᠠᠨ ᠬᠠᠮᠲᠤ ᠶᠢᠨ ᠠᠵᠤ ᠠᠬᠤᠢ ᠶᠢ ᠬᠥᠭᠵᠢᠭᠦᠯᠬᠦ ᠲᠠᠯ᠎ᠠ ᠪᠠᠷ | ᠵᠣᠷᠢᠭᠲᠠᠢ ᠪᠠᠷ ᠬᠠᠶᠢᠨ ᠰᠦᠪᠡᠭᠴᠢᠯᠡᠪᠡ᠃ ᠲᠡᠷᠡ ᠬᠡᠯᠡᠬᠦ ᠳᠡᠭᠡᠨ᠂ ᠵᠣᠭᠤᠰ ᠦᠭᠡᠢ ᠴᠦ ᠭᠡᠰᠡᠨ ᠬᠠᠮᠲᠤ ᠶᠢᠨ ᠠᠵᠤ | ᠠᠬᠤᠢ ᠶᠢ ᠡᠷᠬᠢᠯᠡᠵᠦ ᠪᠣᠯᠣᠨ᠎ᠠ᠂ ᠪᠡᠯᠡ ᠮᠥᠩᠭᠦ ᠬᠦᠷᠦᠯᠴᠡᠬᠦ ᠦᠭᠡᠢ ᠬᠥᠮᠥᠰ ᠴᠦ ᠭᠡᠰᠡᠨ ᠲᠠᠷᠢᠶ᠎ᠠ ᠪᠠᠨ ᠲᠠᠷᠢᠵᠦ᠂ | ᠥᠪᠡᠷ ᠤᠨ ᠭᠠᠵᠠᠷ ᠲᠠᠷᠢᠶ᠎ᠠ ᠪᠠᠨ ᠲᠠᠷᠢᠳᠠᠭ ᠲᠠᠢ ᠠᠳᠠᠯᠢ ᠪᠠᠷ ᠬᠠᠮᠲᠤ ᠶᠢᠨ ᠠᠵᠤ ᠠᠬᠤᠢ ᠶᠢ ᠡᠷᠬᠢᠯᠡᠪᠡᠯ ᠯᠠᠪᠲᠠᠢ | ᠰᠠᠶᠢᠨ ᠲᠠᠷᠢᠵᠦ᠂ ᠰᠠᠶᠢᠨ ᠡᠷᠬᠢᠯᠡᠵᠦ ᠴᠢᠳᠠᠨ᠎ᠠ ᠭᠡᠵᠡᠢ᠃ 2019 ᠣᠨ ᠤ ᠬᠠᠪᠤᠷ᠂ ᠲᠡᠷᠡ ᠨᠠᠮ ᠤᠨ ᠭᠡᠰᠢᠭᠦᠨ ᠺᠠᠳ᠋ᠷ | ᠪᠣᠯᠣᠨ ᠲᠣᠰᠬᠤᠨ ᠤ ᠠᠷᠠᠳ ᠤᠨ ᠲᠥᠯᠥᠭᠡᠯᠡᠭᠴᠢᠳ ᠢ ᠵᠣᠬᠢᠶᠠᠨ ᠪᠠᠶᠢᠭᠤᠯᠤᠨ ᠬᠠᠮᠲᠤ ᠶᠢᠨ ᠠᠵᠤ ᠠᠬᠤᠢ ᠶᠢ | ᠬᠥᠭᠵᠢᠭᠦᠯᠬᠦ᠂ ᠪᠥᠭᠡᠷᠡᠩᠬᠡᠢ ᠰᠣᠩᠭᠢᠨ᠎ᠠ ᠲᠠᠷᠢᠬᠤ ᠲᠤᠰᠬᠠᠢ ᠬᠤᠷᠠᠯ ᠢ ᠬᠤᠷᠠᠯᠳᠤᠭᠤᠯᠵᠤ᠂ ᠲᠣᠰᠬᠤᠨ ᠤ ᠬᠠᠮᠲᠤ ᠶᠢᠨ | ᠬᠤᠭᠤᠴᠠᠭ᠎ᠠ ᠲᠤᠯᠤᠭᠰᠠᠨ ᠭᠡᠷ᠎ᠡ ᠶᠢᠨ ᠭᠠᠵᠠᠷ ᠤᠨ 23 ᠮᠦ ᠳᠤ ᠪᠥᠭᠡᠷᠡᠩᠬᠡᠢ ᠰᠣᠩᠭᠢᠨ᠎ᠠ ᠲᠠᠷᠢᠬᠤ ᠶᠢ | ᠤᠯᠠᠨ ᠢᠶᠠᠷ ᠢᠶᠠᠨ ᠰᠠᠨᠠᠯ ᠨᠢᠭᠡᠲᠡᠢ ᠵᠥᠪᠰᠢᠶᠡᠷᠡᠪᠡ᠃ ᠲᠣᠰᠬᠤᠨ ᠳᠤ ᠵᠥᠪᠬᠡᠨ ᠭᠠᠵᠠᠷ ᠲᠠᠷᠢᠶ᠎ᠠ ᠲᠠᠢ᠂ ᠪᠡᠯᠡ ᠮᠥᠩᠭᠦ | ᠪᠠᠶᠢᠬᠤ ᠦᠭᠡᠢ᠂ ᠤᠯᠠᠨ ᠢᠶᠠᠷ ᠢᠶᠠᠨ ᠬᠠᠮᠲᠤ ᠪᠠᠷ ᠠᠷᠭ᠎ᠠ ᠪᠤᠳᠤᠵᠤ ᠪᠠᠶᠢᠭᠠᠳ 6 ᠲᠦᠮᠡᠨ ᠲᠥᠭᠦᠷᠢᠭ ᠤᠨ ᠪᠡᠯᠡ | ᠮᠥᠩᠭᠦ ᠴᠤᠭᠯᠠᠭᠤᠯᠪᠠ᠃ ᠵᠠᠷᠤᠯᠭ᠎ᠠ ᠪᠠᠨ ᠠᠷᠪᠢᠯᠠᠬᠤ ᠶᠢᠨ ᠲᠥᠯᠥᠭᠡ᠂ ᠯᠢ ᠱᠦ ᠰᠢᠶᠠᠩ ᠲᠣᠰᠬᠤᠨ ᠤ ᠺᠠᠳ᠋ᠷ ᠪᠣᠯᠣᠨ | ᠲᠣᠰᠬᠤᠨ ᠤ ᠠᠷᠠᠳ ᠤᠨ ᠲᠥᠯᠥᠭᠡᠯᠡᠭᠴᠢ ᠶᠢ ᠳᠠᠭᠠᠭᠤᠯᠤᠨ ᠴᠢᠬᠢ ᠪᠣᠶᠢᠵᠢᠭᠤᠯᠬᠤ᠂ ᠪᠣᠷᠳᠣᠭᠤᠷ ᠰᠠᠴᠤᠬᠤ᠂ | ᠪᠥᠭᠡᠷᠡᠩᠬᠡᠢ ᠰᠣᠩᠭᠢᠨ᠎ᠠ ᠵᠠᠶᠢᠯᠠᠬᠤ ᠵᠡᠷᠭᠡ ᠭᠤᠭᠴᠤᠭ᠎ᠠ ᠪᠠᠷ ᠤᠯᠠᠨ ᠤᠳᠠᠭ᠎ᠠ ᠠᠯᠪᠠᠨ ᠵᠢᠷᠤᠮ ᠤᠨ ᠬᠥᠳᠡᠯᠮᠦᠷᠢ ᠬᠢᠪᠡ᠃ | ᠬᠥᠳᠡᠯᠮᠦᠷᠢ ᠶᠢᠨ ᠳᠤᠮᠳᠠ ᠪᠠᠭᠠᠵᠢ ᠬᠡᠷᠡᠭᠯᠡᠭᠦᠷ ᠤᠨ ᠳᠠᠭᠤᠨ ᠨᠢᠵᠢᠭᠢᠨᠡᠵᠦ᠂ ᠢᠨᠢᠶᠡᠳᠦ ᠶᠢᠨ ᠳᠠᠭᠤᠨ ᠨᠢ | ᠬᠥᠳᠡᠯᠮᠦᠷᠢ ᠶᠢᠨ ᠪᠠᠶᠠᠷ ᠪᠠᠶᠠᠰᠤᠯ ᠢ ᠠᠪᠴᠢᠷᠠᠵᠤ᠂ ᠡᠯᠪᠡᠭ ᠬᠤᠷᠢᠶᠠᠯᠲᠠ ᠶᠢᠨ ᠪᠠᠶᠠᠷ ᠪᠠᠭ᠋ᠠᠳᠤᠯ ᠢ ᠪᠡᠯᠭᠡᠳᠡᠵᠦ | ᠪᠠᠶᠢᠳᠠᠭ᠃ ᠵᠢᠯ ᠤᠨ ᠡᠴᠦᠰ ᠲᠤ ᠪᠥᠭᠡᠷᠡᠩᠬᠡᠢ ᠰᠣᠩᠭᠢᠨ᠎ᠠ ᠪᠠ ᠨᠡᠷᠡᠨ ᠬᠤᠸᠠᠷ ᠤᠨ ᠣᠷᠣᠯᠭ᠎ᠠ 100650 | ᠲᠥᠭᠦᠷᠢᠭ ᠲᠤ ᠬᠦᠷᠴᠦ᠂ ᠬᠠᠮᠲᠤ ᠶᠢᠨ ᠠᠵᠤ ᠠᠬᠤᠢ ᠶᠢ ᠬᠥᠭᠵᠢᠭᠦᠯᠬᠦ ᠳᠤ ᠲᠣᠯᠣᠭᠠᠶᠢᠯᠠᠬᠤ ᠦᠢᠯᠡᠳᠦᠯ ᠦᠵᠡᠭᠦᠯᠵᠦ᠂ | ᠲᠡᠷᠢᠭᠦᠨ ᠴᠢᠬᠤᠯᠠ ᠮᠠᠲ᠋ᠧᠷᠢᠶᠠᠯ ᠬᠠᠩᠭᠠᠭᠰᠠᠨ ᠪᠠᠶᠢᠨ᠎ᠠ᠃ |