ᠨᠢᠭᠡ᠂ ᠣᠶᠢᠷ᠎ᠠ ᠶᠢᠨ ᠬᠤᠭᠤᠴᠠᠭᠠᠨ ᠤ ᠴᠠᠭ ᠠᠭᠤᠷ᠂ ᠴᠢᠭᠢᠭ ᠤᠨ ᠪᠠᠶᠢᠳᠠᠯ᠂ ᠬᠤᠷᠣᠬᠠᠢ ᠶᠢᠨ ᠪᠠᠶᠢᠳᠠᠯ ᠢ | ᠬᠢᠨᠠᠨ ᠬᠡᠮᠵᠢᠭᠰᠡᠨ ᠪᠠᠶᠢᠳᠠᠯ | ︵ᠨᠢᠭᠡ︶ ᠢᠷᠡᠭᠡᠳᠦᠢ ᠶᠢᠨ ᠨᠢᠭᠡ ᠭᠠᠷᠠᠭ ᠤᠨ ᠠᠭᠠᠷ ᠤᠨ ᠵᠢᠱᠢᠯᠲᠡ ᠪᠠᠶᠢᠳᠠᠯ | ᠴᠠᠭ ᠠᠭᠤᠷ ᠤᠨ ᠰᠠᠯᠠᠭ᠎ᠠ ᠮᠥᠴᠢᠷ ᠤᠨ ᠵᠢᠱᠢᠯᠲᠡ ᠪᠠᠷ᠂ 4 ᠰᠠᠷ᠎ᠠ ᠶᠢᠨ 30 ᠤ ᠡᠳᠦᠷ ᠠᠴᠠ 5 ᠰᠠᠷ᠎ᠠ ᠶᠢᠨ | 7 ᠤ ᠡᠳᠦᠷ ᠪᠣᠯᠲᠠᠯ᠎ᠠ᠂ ᠪᠥᠬᠦ ᠣᠷᠣᠨ ᠤ ᠰᠠᠯᠬᠢ ᠪᠣᠷᠣᠭᠠᠨ ᠴᠥᠭᠡᠨ ᠠᠭᠠᠷ ᠤᠨ ᠳᠤᠯᠠᠭᠠᠨ ᠲᠣᠭᠲᠠᠪᠤᠷᠢ ᠦᠭᠡᠢ᠃ | ᠬᠤᠷ᠎ᠠ ᠲᠤᠨᠤᠳᠠᠰᠤ ᠶᠢᠨ ᠲᠠᠯ᠎ᠠ ᠪᠠᠷ᠂ ᠳᠤᠮᠳᠠ ᠪᠠ ᠵᠡᠭᠦᠨ ᠬᠡᠰᠡᠭ ᠤᠨ ᠭᠠᠵᠠᠷ ᠣᠷᠣᠨ ᠤ ᠣᠯᠠᠩᠬᠢ ᠨᠢ ᠡᠭᠦᠯᠡ | ᠲᠠᠢ ᠪᠠᠷ ᠭᠤᠣᠯᠯᠠᠵᠤ᠂ ᠰᠢᠯᠢ ᠶᠢᠨ ᠭᠤᠣᠯ ᠠᠶᠢᠮᠠᠭ ᠤᠨ ᠵᠡᠭᠦᠨ ᠬᠡᠰᠡᠭ᠂ ᠤᠯᠠᠭᠠᠨᠬᠠᠳᠠ ᠬᠤᠲᠠ ᠶᠢᠨ ᠶᠡᠬᠡᠩᠬᠢ ᠬᠡᠰᠡᠭ | ᠵᠢᠴᠢ ᠬᠤᠶᠢᠲᠤ ᠬᠡᠰᠡᠭ᠂ ᠲᠦᠩᠯᠢᠶᠣᠣ ᠬᠤᠲᠠ ᠶᠢᠨ ᠪᠠᠷᠠᠭᠤᠨ ᠬᠤᠶᠢᠲᠤ ᠬᠡᠰᠡᠭ ᠵᠢᠴᠢ ᠪᠠᠷᠠᠭᠤᠨ ᠡᠮᠦᠨᠡᠲᠦ ᠬᠡᠰᠡᠭ᠂ | ᠬᠢᠩᠭᠠᠨ ᠠᠶᠢᠮᠠᠭ ᠤᠨ ᠪᠠᠷᠠᠭᠤᠨ ᠬᠡᠰᠡᠭ ᠵᠢᠴᠢ ᠵᠡᠭᠦᠨ ᠬᠤᠶᠢᠲᠤ ᠬᠡᠰᠡᠭ᠂ ᠬᠥᠯᠥᠨ ᠪᠤᠶᠢᠷ ᠬᠤᠲᠠ ᠶᠢᠨ ᠶᠡᠬᠡᠩᠬᠢ | ᠬᠡᠰᠡᠭ ᠵᠡᠷᠭᠡ ᠭᠠᠵᠠᠷ ᠲᠤ ᠪᠠᠭ᠎ᠠ ᠪᠣᠷᠣᠭᠠᠨ ᠪᠤᠶᠤ ᠴᠠᠰᠤ ᠪᠣᠷᠣᠭᠠᠨ ᠬᠤᠯᠢᠯᠳᠤᠨ ᠣᠷᠣᠨ᠎ᠠ᠃ ᠠᠭᠠᠷ ᠤᠨ | ᠳᠤᠯᠠᠭᠠᠨ ᠤ ᠲᠠᠯ᠎ᠠ ᠪᠠᠷ᠂ ᠪᠥᠬᠦ ᠣᠷᠣᠨ ᠤ ᠶᠡᠬᠡᠩᠬᠢ ᠭᠠᠵᠠᠷ ᠣᠷᠣᠨ ᠤ ᠬᠠᠮᠤᠭ ᠤᠨ ᠥᠨᠳᠥᠷ ᠠᠭᠠᠷ ᠤᠨ ᠳᠤᠯᠠᠭᠠᠨ | 20℃ ᠣᠷᠴᠢᠮ ᠪᠠᠶᠢᠵᠤ᠂ ᠳᠤᠮᠳᠠ ᠬᠡᠰᠡᠭ ᠤᠨ ᠶᠡᠬᠡᠩᠬᠢ ᠬᠡᠰᠡᠭ᠂ ᠵᠡᠭᠦᠨ ᠬᠡᠰᠡᠭ ᠤᠨ ᠪᠠᠷᠠᠭᠤᠨ ᠭᠠᠵᠠᠷ ᠣᠷᠣᠨ ᠤ | ᠠᠭᠠᠷ ᠤᠨ ᠳᠤᠯᠠᠭᠠᠨ 4 ᠠᠴᠠ 6℃ ᠪᠠᠭᠤᠷᠠᠵᠤ᠂ ᠳᠤᠮᠳᠠ ᠬᠡᠰᠡᠭ ᠤᠨ ᠵᠡᠭᠦᠨ ᠬᠤᠶᠢᠲᠤ ᠬᠡᠰᠡᠭ᠂ ᠵᠡᠭᠦᠨ ᠬᠤᠶᠢᠲᠤ | ᠬᠡᠰᠡᠭ ᠤᠨ ᠪᠠᠷᠠᠭᠤᠨ ᠬᠡᠰᠡᠭ ᠤᠨ ᠭᠠᠵᠠᠷ ᠣᠷᠣᠨ ᠤ ᠠᠭᠠᠷ ᠤᠨ ᠳᠤᠯᠠᠭᠠᠨ 6 ᠠᠴᠠ 8℃ ᠪᠠᠭᠤᠷᠠᠵᠤ᠂ ᠬᠡᠰᠡᠭ | ᠭᠠᠵᠠᠷ ᠣᠷᠣᠨ ᠤ ᠠᠭᠠᠷ ᠤᠨ ᠳᠤᠯᠠᠭᠠᠨ 8℃ ᠠᠴᠠ ᠳᠡᠭᠡᠭᠰᠢ ᠪᠠᠭᠤᠷᠠᠨ᠎ᠠ᠃ ᠰᠠᠯᠬᠢᠨ ᠤ ᠬᠦᠴᠦᠨ ᠤ ᠲᠠᠯ᠎ᠠ ᠪᠠᠷ᠂ | ᠪᠠᠷᠠᠭᠤᠨ ᠬᠡᠰᠡᠭ ᠤᠨ ᠪᠠᠷᠠᠭᠤᠨ᠂ ᠳᠤᠮᠳᠠ ᠬᠡᠰᠡᠭ ᠤᠨ ᠶᠡᠬᠡᠩᠬᠢ ᠬᠡᠰᠡᠭ᠂ ᠵᠡᠭᠦᠨ ᠬᠡᠰᠡᠭ ᠤᠨ ᠪᠠᠷᠠᠭᠤᠨ ᠭᠠᠵᠠᠷ | ᠣᠷᠣᠨ ᠳᠤ ᠠᠳᠠᠯᠢ ᠪᠤᠰᠤ ᠴᠠᠭ ᠤᠨ ᠬᠤᠭᠤᠴᠠᠭᠠᠨ ᠳᠤ 4᠂ 5 ᠲᠠᠰ ᠤᠨ ᠣᠬᠤᠷ ᠴᠠᠭ ᠤᠨ 6᠂ 7 ᠲᠠᠰ ᠤᠨ | ᠤᠮᠠᠷ᠎ᠠ ᠶᠢᠨ ᠰᠠᠯᠬᠢ᠂ ᠵᠡᠭᠦᠨ ᠤ ᠰᠠᠯᠬᠢ ᠪᠤᠶᠤ ᠪᠠᠷᠠᠭᠤᠨ ᠬᠤᠶᠢᠲᠤ ᠶᠢᠨ ᠰᠠᠯᠬᠢ ᠲᠠᠢ ᠪᠠᠶᠢᠵᠤ᠂ ᠡᠭᠦᠨ ᠳᠤ ᠪᠠᠷᠠᠭᠤᠨ | ᠬᠡᠰᠡᠭ ᠤᠨ ᠪᠠᠷᠠᠭᠤᠨ ᠪᠠ ᠤᠮᠠᠷ᠎ᠠ ᠶᠢᠨ ᠭᠠᠵᠠᠷ ᠣᠷᠣᠨ ᠤ ᠬᠡᠰᠡᠭ ᠰᠠᠯᠬᠢ 7 ᠲᠠᠰ ᠠᠴᠠ ᠳᠡᠭᠡᠭᠰᠢ ᠪᠠᠶᠢᠬᠤ ᠶᠢᠨ | ᠬᠠᠮᠲᠤ ᠡᠯᠡᠰᠦ ᠲᠣᠭᠤᠰᠣᠨ ᠤ ᠴᠠᠭ ᠠᠭᠤᠷ ᠳᠠᠭᠠᠯᠳᠤᠳᠠᠭ᠃ | ︵ᠬᠤᠶᠠᠷ︶ ᠬᠥᠷᠥᠰᠥᠨ ᠤ ᠴᠢᠭᠢᠭ ᠤᠨ ᠪᠠᠶᠢᠳᠠᠯ ᠢ ᠬᠢᠨᠠᠨ ᠬᠡᠮᠵᠢᠭᠰᠡᠨ ᠪᠠᠶᠢᠳᠠᠯ | ᠪᠥᠬᠦ ᠣᠷᠣᠨ ᠤ 37 ᠬᠤᠰᠢᠭᠤ ᠰᠢᠶᠠᠨ ᠤ ᠴᠢᠬᠢᠭ ᠤᠨ ᠪᠠᠶᠢᠳᠠᠯ ᠤᠨ ᠪᠠᠶᠢᠷᠢ ᠲᠣᠭᠲᠠᠭᠠᠯᠲᠠ ᠶᠢᠨ ᠬᠢᠨᠠᠨ | ᠬᠡᠮᠵᠢᠬᠦ ᠴᠡᠭ ᠤᠨ 183 ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠮᠠᠨ ᠤ ᠣᠷᠣᠨ ᠤ ᠣᠳᠣᠬᠠᠨ ᠤ ᠴᠢᠬᠢᠭ ᠤᠨ | ᠪᠠᠶᠢᠳᠠᠯ ᠨᠢᠳᠤᠨᠤᠨ ᠤ ᠪᠠ ᠥᠩᠭᠡᠷᠡᠭᠰᠡᠨ ᠵᠢᠯ ᠤᠳ ᠤᠨ ᠠᠳᠠᠯᠢ ᠬᠤᠭᠤᠴᠠᠭᠠᠨ ᠤ ᠬᠢ ᠠᠴᠠ ᠰᠠᠶᠢᠨ ᠪᠠᠶᠢᠨ᠎ᠠ | ︵ᠬᠥᠯᠥᠨ ᠪᠤᠶᠢᠷ ᠬᠤᠲᠠ ᠶᠢᠨ ᠬᠡᠰᠡᠭ ᠬᠤᠰᠢᠭᠤ ᠰᠢᠶᠠᠨ ᠤ ᠬᠥᠷᠥᠰᠥ ᠰᠢᠷᠣᠢ ᠪᠦᠷᠢᠮᠦᠰᠦᠨ ᠭᠡᠰᠤᠵᠤ ᠳᠡᠶᠢᠯᠦᠭᠡᠳᠦᠢ᠂ | ᠲᠦᠩᠯᠢᠶᠣᠣ ᠬᠤᠲᠠ ᠶᠢᠨ ᠬᠡᠰᠡᠭ ᠬᠤᠰᠢᠭᠤ ᠰᠢᠶᠠᠨ ᠳᠤ ᠪᠣᠷᠣᠭᠠᠨ ᠣᠷᠣᠵᠤ᠂ ᠰᠢᠷᠣᠢ ᠠᠪᠬᠤ ᠬᠢᠨᠠᠨ ᠬᠡᠮᠵᠢᠯᠲᠡ | ᠬᠢᠭᠰᠡᠨ ᠦᠭᠡᠢ︶᠃ ᠲᠣᠰ ᠤᠳᠠᠭᠠᠨ ᠤ ᠬᠢᠨᠠᠨ ᠬᠡᠮᠵᠢᠭᠰᠡᠨ 1 ᠳ᠋ᠦᠩᠰᠢᠭᠤᠷ ᠭᠠᠷᠤᠢ ᠮᠦ ᠲᠠᠷᠢᠶᠠᠨ ᠭᠠᠵᠠᠷ ᠤᠨ | ᠳᠣᠲᠣᠷ᠎ᠠ᠂ ᠴᠢᠭᠢᠭ ᠤᠨ ᠪᠠᠶᠢᠳᠠᠯ ᠳᠤ ᠲᠣᠬᠢᠷᠠᠬᠤ ᠲᠠᠯᠠᠪᠠᠶ 7321 ᠲᠦᠮᠡᠨ ᠮᠦ ᠪᠠᠶᠢᠵᠤ᠂ ᠡᠵᠡᠯᠡᠬᠦ ᠬᠠᠷᠢᠴᠠᠯ ᠨᠢ | ᠪᠠᠷᠤᠭ 64.1% ᠪᠠᠶᠢᠵᠤ᠂ ᠠᠳᠠᠯᠢ ᠬᠤᠭᠤᠴᠠᠭᠠᠨ ᠤ ᠬᠢ ᠠᠴᠠ 0.8 ᠵᠠᠭᠤᠨ ᠤ ᠴᠡᠭ ᠢᠶᠠᠷ ᠨᠡᠮᠡᠭᠳᠡᠵᠡᠢ︔ | ᠴᠢᠬᠢᠭ ᠤᠨ ᠪᠠᠶᠢᠳᠠᠯ ᠤᠨ ᠬᠦᠷᠦᠯᠴᠡᠬᠦ ᠦᠭᠡᠢ ᠲᠠᠯᠠᠪᠠᠶ 1670 ᠲᠦᠮᠡᠨ ᠮᠦ ᠳᠤ ᠬᠦᠷᠴᠦ᠂ ᠪᠠᠷᠤᠭ 14.6% ᠶᠢ | ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 0.5 ᠵᠠᠭᠤᠨ ᠤ ᠴᠡᠭ ᠢᠶᠠᠷ ᠪᠠᠭᠠᠰᠪᠠ︔ ᠭᠠᠩᠳᠠᠭᠰᠠᠨ ᠲᠠᠯᠠᠪᠠᠶ | 1234 ᠲᠦᠮᠡᠨ ᠮᠦ ︵ᠭᠤᠣᠯᠳᠠᠭᠤ ᠣᠷᠳᠣᠰ ᠬᠤᠲᠠ ᠶᠢᠨ ᠣᠲᠤᠭ ᠤᠨ ᠡᠮᠦᠨᠡᠲᠦ ᠬᠤᠰᠢᠭᠤ᠂ ᠵᠡᠭᠦᠨᠭᠠᠷ ᠬᠤᠰᠢᠭᠤ᠂ | ᠬᠠᠩᠭᠢᠨ ᠬᠤᠰᠢᠭᠤ ᠪᠠ ᠤᠯᠠᠭᠠᠨᠬᠠᠳᠠ ᠬᠤᠲᠠ ᠶᠢᠨ ᠬᠠᠷᠠᠴᠢᠨ ᠬᠤᠰᠢᠭᠤ᠂ ᠰᠦᠩᠱᠠᠨ ᠲᠣᠭᠤᠷᠢᠭ᠂ ᠣᠩᠨᠢᠭᠤᠳ | ᠬᠤᠰᠢᠭᠤ᠂ ᠪᠠᠭᠠᠷᠢᠨ ᠵᠡᠭᠦᠨ ᠬᠤᠰᠢᠭᠤ ᠵᠡᠷᠭᠡ ᠬᠡᠰᠡᠭ ᠬᠤᠰᠢᠭᠤ ᠰᠢᠶᠠᠨ ᠳᠤ ᠲᠠᠷᠬᠠᠵᠤ ᠪᠣᠶ︶ ᠪᠠᠶᠢᠵᠤ᠂ 10.8% | ᠣᠷᠴᠢᠮ ᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 0.8 ᠵᠠᠭᠤᠨ ᠤ ᠴᠡᠭ ᠢᠶᠠᠷ ᠨᠡᠮᠡᠭᠳᠡᠪᠡ︔ ᠴᠢᠬᠢᠭ ᠤᠨ | ᠪᠠᠶᠢᠳᠠᠯ ᠬᠡᠲᠦ ᠠᠷᠪᠢᠨ ᠪᠣᠯᠤᠭᠰᠠᠨ ᠲᠠᠯᠠᠪᠠᠶ ᠨᠢ 1200 ᠲᠦᠮᠡᠨ ᠮᠦ ︵ᠭᠤᠣᠯᠳᠠᠭᠤ ᠲᠦᠩᠯᠢᠶᠣᠣ ᠬᠤᠲᠠ ᠶᠢᠨ | ᠨᠠᠢᠮᠠᠨ ᠬᠤᠰᠢᠭᠤ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤ᠂ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤ | ᠪᠠ ᠤᠯᠠᠭᠠᠨᠴᠠᠪ ᠬᠤᠲᠠ ᠶᠢᠨ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤ ᠵᠡᠷᠭᠡ ᠬᠡᠰᠡᠭ ᠬᠤᠰᠢᠭᠤ ᠰᠢᠶᠠᠨ ᠳᠤ | ᠲᠠᠷᠬᠠᠵᠤ ᠪᠣᠶ︶ ᠪᠠᠶᠢᠵᠤ᠂ ᠡᠵᠡᠯᠡᠬᠦ ᠬᠠᠷᠢᠴᠠᠯ ᠨᠢ ᠪᠠᠷᠤᠭ 10.5% ᠪᠠᠶᠢᠵᠤ᠂ ᠠᠳᠠᠯᠢ ᠬᠤᠭᠤᠴᠠᠭᠠᠨ ᠤ ᠬᠢ ᠠᠴᠠ | 1.1 ᠵᠠᠭᠤᠨ ᠤ ᠴᠡᠭ ᠢᠶᠠᠷ ᠨᠡᠮᠡᠭᠳᠡᠪᠡ᠃ | ︵ᠭᠤᠷᠪᠠ︶ ᠡᠪᠡᠳᠴᠢᠨ ᠬᠤᠷᠣᠬᠠᠢ ᠶᠢᠨ ᠬᠥᠨᠥᠭᠡᠯ ᠤᠨ ᠪᠠᠶᠢᠳᠠᠯ | 3 ᠰᠠᠷ᠎ᠠ ᠠᠴᠠ 4 ᠰᠠᠷ᠎ᠠ ᠶᠢᠨ ᠳᠤᠮᠳᠠᠴᠢ ᠪᠣᠯᠲᠠᠯ᠎ᠠ᠂ ᠮᠠᠨ ᠤ ᠣᠷᠣᠨ ᠤ ᠶᠡᠬᠡᠩᠬᠢ ᠲᠠᠷᠢᠶᠠᠯᠠᠬᠤ ᠣᠷᠣᠨ ᠳᠤ | ︽ᠳᠤᠯᠠᠭᠠᠨ ᠥᠨᠳᠥᠷ ᠪᠣᠷᠣᠭᠠᠨ ᠠᠷᠪᠢᠨ︾ ᠣᠨᠴᠠᠯᠢᠭ ᠢᠯᠡᠷᠡᠵᠦ᠂ 4 ᠰᠠᠷ᠎ᠠ ᠶᠢᠨ ᠰᠡᠭᠦᠯᠴᠢ ᠪᠠᠷ᠂ ᠶᠡᠬᠡᠩᠬᠢ ᠭᠠᠵᠠᠷ | ᠣᠷᠣᠨ ᠤ ᠳᠤᠮᠳᠠᠴᠢ ᠠᠭᠠᠷ ᠤᠨ ᠳᠤᠯᠠᠭᠠᠨ ᠨᠢ ᠡᠩ ᠤᠨ ᠵᠢᠯ ᠤᠨ ᠠᠳᠠᠯᠢ ᠬᠤᠭᠤᠴᠠᠭᠠᠨ ᠤ ᠬᠢ ᠠᠴᠠ 0~3℃ | ᠥᠨᠳᠥᠷ ᠪᠠᠶᠢᠵᠤ᠂ ᠲᠤᠨᠳᠠᠰᠤ ᠨᠢ ᠣᠷᠣᠨ ᠪᠦᠰᠡ ᠶᠢᠨ ᠢᠯᠭᠠᠷᠠᠯ ᠢᠯᠡᠷᠡᠵᠦ᠂ ᠭᠠᠵᠠᠷ ᠳᠣᠣᠷᠠᠬᠢ ᠬᠥᠨᠥᠭᠡᠯᠳᠦ | ᠰᠢᠪᠠᠵᠢ ᠶᠢᠨ ᠬᠥᠨᠥᠭᠡᠯ ᠡᠭᠦᠰᠬᠦ ᠳᠤ ᠠᠰᠢᠭᠲᠠᠢ ᠪᠠᠶᠢᠳᠠᠭ᠃ ᠬᠠᠪᠤᠷ ᠤᠨ ᠤᠯᠠᠷᠢᠯ ᠤᠨ ᠡᠪᠦᠯᠵᠢᠬᠦ ᠰᠠᠭᠤᠷᠢ | ᠲᠤᠭ᠎ᠠ ᠶᠢᠨ ᠪᠠᠶᠢᠴᠠᠭᠠᠯᠲᠠ ᠶᠢ ᠦᠨᠳᠦᠰᠦᠯᠡᠪᠡᠯ᠂ ᠳᠤᠮᠳᠠ ᠬᠡᠰᠡᠭ ᠪᠠᠷᠠᠭᠤᠨ ᠬᠡᠰᠡᠭ ᠤᠨ ᠭᠠᠵᠠᠷ ᠣᠷᠣᠨ ᠤ ᠠᠮᠢᠳᠤ | ᠬᠤᠷᠣᠬᠠᠢ ᠳᠤᠮᠳᠠᠴᠢ ᠪᠠᠷ 0.3 ᠲᠣᠯᠣᠭᠠᠢ/m2 ᠪᠠᠶᠢᠵᠤ᠂ ᠰᠢᠪᠠᠵᠢ ᠶᠢᠨ ᠢᠷᠡᠯᠲᠡ ᠶᠢᠨ ᠰᠠᠭᠤᠷᠢ ᠲᠤᠭ᠎ᠠ ᠪᠠ | ᠠᠭᠤᠷ ᠠᠮᠢᠰᠬᠤᠯ ᠵᠡᠷᠭᠡ ᠬᠦᠴᠦᠨ ᠵᠦᠢᠯ ᠢ ᠶᠡᠷᠦᠩᠬᠡᠶᠢᠯᠡᠨ ᠵᠠᠳᠠᠯᠪᠠᠯ᠂ ᠵᠢᠱᠢᠯᠲᠡ ᠪᠠᠷ ᠭᠠᠵᠠᠷ ᠳᠣᠣᠷᠠᠬᠢ | ᠬᠦᠨᠦᠭᠡᠯᠲᠦ ᠬᠤᠷᠣᠬᠠᠢ ᠶᠡᠷᠦᠩᠬᠡᠢ ᠳᠡᠭᠡᠨ ᠬᠥᠩᠭᠡᠨ ᠰᠢᠭ ᠡᠭᠦᠰᠴᠦ᠂ ᠬᠡᠰᠡᠭ ᠭᠠᠵᠠᠷ ᠲᠤ ᠳᠤᠮᠳᠠ ᠵᠡᠷᠭᠡ ᠪᠠᠷ | ᠡᠭᠦᠰᠬᠦ ᠪᠣᠯᠣᠨ᠎ᠠ᠃ | ᠬᠤᠶᠠᠷ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠨ ᠰᠠᠨᠠᠭᠤᠯᠭ᠎ᠠ | ︵ᠨᠢᠭᠡ︶ ᠴᠢᠬᠢᠭ ᠤᠨ ᠪᠠᠶᠢᠳᠠᠯ ᠲᠣᠬᠢᠷᠠᠮᠵᠢᠲᠠᠢ ᠭᠠᠵᠠᠷ ᠣᠷᠣᠨ᠂ ᠴᠠᠭ ᠲᠤᠨᠢ ᠲᠣᠬᠢᠷᠠᠭᠤᠯᠤᠨ ᠡᠷᠲᠡ ᠲᠠᠷᠢᠬᠤ | ᠮᠠᠨ ᠤ ᠣᠷᠣᠨ ᠤ ᠳᠤᠮᠳᠠ ᠬᠡᠰᠡᠭ ᠪᠣᠯᠣᠨ ᠪᠠᠷᠠᠭᠤᠨ ᠬᠡᠰᠡᠭ ᠤᠨ ᠶᠡᠬᠡᠩᠬᠢ ᠬᠡᠰᠡᠭ ᠵᠡᠷᠭᠡ ᠴᠢᠭᠢᠭ ᠤᠨ | ᠪᠠᠶᠢᠳᠠᠯ ᠨᠢ ᠲᠤᠬᠢᠷᠠᠮᠵᠢᠳᠠᠢ ᠭᠠᠵᠠᠷ ᠣᠷᠣᠨ ᠨᠤᠭᠤᠳ ᠴᠠᠭ ᠠᠭᠤᠷ ᠪᠣᠯᠣᠨ ᠬᠥᠷᠥᠰᠥᠨ ᠤ ᠴᠢᠭᠢᠭ ᠤᠨ | ᠪᠠᠶᠢᠳᠠᠯ ᠤᠨ ᠬᠤᠪᠢᠷᠠᠯᠲᠠ ᠶᠢ ᠨᠢᠭᠲᠠ ᠠᠩᠬᠠᠷᠴᠤ᠂ ᠠᠰᠢᠭᠲᠠᠢ ᠴᠠᠭ ᠲᠣᠬᠢᠶᠠᠯ ᠢ ᠠᠮᠵᠢᠨ ᠴᠠᠭ ᠲᠤᠬᠠᠢ ᠳᠤᠨᠢ | ᠡᠷᠲᠡ ᠲᠠᠷᠢᠬᠤ ᠬᠡᠷᠡᠭᠲᠡᠢ᠃ ᠶᠡᠭᠡ ᠰᠠᠯᠬᠢ ᠲᠠᠢ ᠡᠳᠦᠷ ᠳᠠᠷᠢᠬᠤ ᠠᠵᠢᠯ ᠬᠢᠬᠦ ᠠᠴᠠ ᠵᠠᠶᠢᠯᠠᠰᠬᠢᠵᠦ᠂ ᠨᠢᠭᠡᠨᠲᠡ | ᠳᠠᠷᠢᠭᠰᠠᠨ ᠭᠠᠵᠠᠷ ᠢ ᠴᠠᠭ ᠲᠤᠬᠠᠢ ᠳᠤᠨᠢ ᠰᠦᠯᠢᠶᠥᠦ ᠪᠦᠷᠬᠦᠪᠴᠢ ᠪᠠᠷ ᠪᠦᠷᠬᠦᠬᠦ ᠪᠤᠶᠤ ᠳᠠᠷᠤᠰᠢᠯᠠᠵᠤ᠂ ᠬᠥᠷᠥᠰᠥ | ᠰᠢᠷᠣᠢ ᠰᠠᠯᠬᠢᠨ ᠳᠤ ᠦᠯᠢᠶᠡᠭᠳᠡᠨ ᠶᠠᠪᠤᠬᠤ ᠪᠠ ᠦᠷ᠎ᠡ ᠢᠯᠡ ᠭᠠᠷᠬᠤ ᠶᠢ ᠰᠡᠷᠭᠡᠶᠢᠯᠡᠬᠦ ᠬᠡᠷᠡᠭᠲᠡᠢ᠃ ᠡᠭᠦᠨ ᠤ ᠬᠠᠮᠲᠤ᠂ | ᠣᠶᠢᠷ᠎ᠠ ᠶᠢᠨ ᠬᠤᠭᠤᠴᠠᠭᠠᠨ ᠳᠤ ᠠᠭᠠᠷ ᠤᠨ ᠳᠤᠯᠠᠭᠠᠨ ᠲᠣᠭᠲᠠᠭᠤᠨ ᠪᠤᠰᠤ ᠪᠠᠶᠢᠵᠤ᠂ ᠬᠢᠷᠠᠭᠤ ᠤᠨᠠᠵᠤ | ᠬᠥᠯᠳᠡᠬᠦ ᠠᠴᠠ ᠰᠡᠷᠭᠡᠶᠢᠯᠡᠵᠦ᠂ ᠬᠦᠢᠲᠡᠨ ᠠᠴᠠ ᠪᠣᠯᠵᠤ ᠦᠷ᠎ᠡ ᠶᠢ ᠬᠦᠯᠳᠡᠭᠡᠬᠦ ᠪᠤᠶᠤ ᠰᠣᠶᠣᠭᠠᠯᠠᠬᠤ ᠳᠤᠯᠠᠭᠠᠨ ᠤ | ᠬᠡᠮᠵᠢᠶ᠎ᠡ ᠳᠤ ᠬᠦᠷᠴᠦ ᠳᠡᠶᠢᠯᠬᠦ ᠦᠭᠡᠢ ᠠᠴᠠ ᠪᠣᠯᠵᠤ ᠦᠷ᠎ᠡ ᠢᠯᠵᠢᠷᠡᠬᠦ ᠠᠴᠠ ᠰᠡᠷᠭᠡᠶᠢᠯᠡᠬᠦ ᠵᠡᠷᠭᠡ ᠦᠵᠡᠭᠳᠡᠯ ᠢ | ᠠᠩᠬᠠᠷᠬᠤ ᠬᠡᠷᠡᠭᠲᠡᠢ᠃ | ︵ᠬᠤᠶᠠᠷ︶ ᠴᠢᠬᠢᠭ ᠤᠨ ᠪᠠᠶᠢᠳᠠᠯ ᠬᠦᠷᠦᠯᠴᠡᠬᠦ ᠦᠭᠡᠢ ᠭᠠᠵᠠᠷ ᠣᠷᠣᠨ᠂ ᠴᠢᠬᠢᠭ ᠢ ᠵᠠᠪᠳᠤᠨ ᠲᠡᠷᠢᠬᠤ | ᠣᠷᠳᠣᠰ ᠬᠤᠳᠠ ᠶᠢᠨ ᠪᠠᠷᠠᠭᠤᠨ ᠡᠮᠦᠨᠡᠲᠦ ᠬᠡᠰᠡᠭ ᠪᠣᠯᠣᠨ ᠤᠯᠠᠭᠠᠨᠬᠠᠳᠠ ᠬᠤᠳᠠ ᠶᠢᠨ ᠬᠤᠶᠢᠲᠤ ᠬᠡᠰᠡᠭ | ᠵᠡᠷᠭᠡ ᠴᠢᠬᠢᠭ ᠤᠨ ᠪᠠᠶᠢᠳᠠᠯ ᠬᠦᠷᠦᠯᠴᠡᠬᠦ ᠦᠭᠡᠢ ᠭᠠᠵᠠᠷ ᠣᠷᠣᠨ ᠨᠤᠭᠤᠳ ᠲᠠᠷᠢᠬᠤ ᠲᠥᠯᠥᠪᠯᠡᠭᠡ ᠪᠠᠨ ᠡᠷᠲᠡᠬᠡᠨ | ᠲᠣᠭᠲᠠᠭᠠᠵᠤ᠂ ᠭᠠᠩ ᠬᠠᠭᠰᠠᠷᠠᠭᠠᠨ ᠲᠠᠢ ᠲᠡᠮᠡᠴᠡᠬᠦ ᠵᠣᠬᠢᠰᠲᠠᠢ ᠡᠭᠦᠯᠳᠡᠷ ᠢ ᠰᠣᠩᠭᠤᠨ ᠬᠡᠷᠡᠭᠯᠡᠵᠦ᠂ ᠣᠷᠣᠯᠠᠬᠤ | ᠲᠠᠷᠢᠮᠠᠯ ᠤᠨ ᠦᠷ᠎ᠡ ᠶᠢ ᠭᠦᠢᠴᠡᠳ ᠪᠡᠯᠡᠳᠬᠡᠨ᠂ ᠤᠰᠤᠨ ᠲᠤ ᠰᠠᠭᠤᠯᠭᠠᠬᠤ ᠦᠷ᠎ᠡ ᠵᠡᠷᠭᠡ ᠲᠥᠬᠦᠭᠡᠷᠦᠮᠵᠢ ᠶᠢ | ᠤᠷᠢᠳᠴᠢᠯᠠᠨ ᠲᠣᠬᠢᠷᠠᠭᠤᠯᠵᠤ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠤᠰᠤ | ᠳᠠᠮᠵᠢᠭᠤᠯᠬᠤ ᠬᠤᠭᠤᠯᠠᠢ ᠪᠤᠶᠤ ᠤᠰᠤᠨ ᠲᠡᠷᠭᠡ ᠪᠠᠷ ᠤᠰᠤᠯᠠᠵᠤ᠂ ᠤᠰᠤᠯᠠᠯᠲᠠ ᠶᠢᠨ ᠲᠠᠯᠠᠪᠠᠢ ᠶᠢ ᠥᠷᠭᠡᠳᠬᠡᠬᠦ | ᠬᠡᠷᠡᠭᠲᠡᠢ᠃ ᠴᠢᠬᠢᠭ ᠢ ᠵᠠᠪᠳᠤᠨ ᠳᠠᠷᠢᠵᠤ᠂ ᠪᠣᠷᠣᠭᠠᠨ ᠤ ᠤᠰᠤ ᠶᠢ ᠬᠤᠷᠠᠮᠳᠤᠭᠤᠯᠤᠨ ᠴᠢᠬᠢᠭ ᠢ ᠨᠥᠬᠦᠪᠦᠷᠢᠯᠡᠬᠦ᠂ | ᠴᠢᠬᠢᠭ ᠢ ᠭᠦᠨ ᠰᠤᠯᠠᠷᠠᠭᠤᠯᠤᠨ ᠬᠠᠳᠠᠭᠠᠯᠠᠬᠤ᠂ ᠴᠢᠬᠢᠭ ᠢ ᠬᠠᠮᠠᠭᠠᠯᠠᠬᠤ᠂ ᠤᠰᠤ ᠬᠠᠳᠠᠭᠠᠯᠠᠬᠤ ᠡᠳ᠋ ᠢᠶᠠᠷ ᠴᠢᠬᠢᠭ ᠢ | ᠣᠨᠢᠰᠤᠯᠠᠬᠤ ︽ᠳᠥᠷᠪᠡᠨ ᠴᠢᠬᠢᠭ︾ ᠤᠨ ᠮᠡᠷᠭᠡᠵᠢᠯ ᠢ ᠶᠡᠬᠡᠪᠡᠷ ᠳᠡᠯᠭᠡᠷᠡᠭᠦᠯᠵᠦ᠂ ᠲᠠᠷᠢᠶ᠎ᠠ ᠶᠢᠨ ᠪᠣᠷᠳᠣᠭᠤᠷ ᠢ | ᠲᠤᠰᠠᠭᠠᠷᠯᠠᠨ᠂ ᠳᠠᠷᠢᠭᠰᠠᠨ ᠤ ᠳᠠᠷᠠᠭ᠎ᠠ ᠴᠠᠭ ᠲᠤᠬᠠᠢ ᠳᠤᠨᠢ ᠳᠠᠷᠤᠰᠢᠭᠤᠯᠵᠤ᠂ ᠬᠥᠷᠥᠰᠥ ᠰᠢᠷᠣᠢ ᠶᠢᠨ ᠴᠢᠬᠢᠭ ᠢ | ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠦᠨ᠂ ᠨᠢᠭᠡ ᠯᠡ ᠤᠳᠠᠭ᠎ᠠ ᠳᠠᠷᠢᠵᠤ ᠪᠦᠬᠦ ᠴᠢᠬᠢ ᠶᠢ ᠬᠠᠮᠠᠭᠠᠯᠠᠬᠤ ᠶᠢ | ᠦᠨᠡᠨᠬᠦ ᠪᠠᠲᠤᠯᠠᠬᠤ ᠬᠡᠷᠡᠭᠲᠡᠢ᠃ | ︵ᠭᠤᠷᠪᠠ︶ ᠴᠢᠬᠢᠭ ᠬᠡᠳᠤ ᠶᠡᠭᠡ ᠭᠠᠵᠠᠷ ᠣᠷᠣᠨ᠂ ᠴᠢᠬᠢᠭ ᠢ ᠠᠭᠤᠷᠰᠢᠭᠤᠯᠤᠨ ᠲᠡᠷᠢᠬᠤ | ᠮᠠᠨ ᠤ ᠣᠷᠣᠨ ᠤ ᠵᠡᠭᠦᠨ ᠬᠤᠶᠢᠲᠤ ᠬᠡᠰᠡᠭ ᠪᠣᠯᠣᠨ ᠤᠯᠠᠭᠠᠨᠴᠠᠪ ᠬᠤᠲᠠ ᠶᠢᠨ ᠳᠤᠮᠳᠠ ᠬᠡᠰᠡᠭ ᠵᠡᠷᠭᠡ | ᠴᠢᠭᠢᠭ ᠬᠡᠲᠦ ᠶᠡᠭᠡ ᠭᠠᠵᠠᠷ ᠣᠷᠣᠨ ᠳᠤ᠂ ᠢᠯᠡ ᠤᠰᠤ ᠲᠠᠢ ᠲᠠᠷᠢᠶᠠᠨ ᠭᠠᠵᠠᠷ ᠲᠤ ᠤᠰᠤ ᠵᠠᠯᠠᠬᠤ ᠰᠤᠪᠠᠭ ᠲᠦᠷᠭᠡᠨ | ᠮᠠᠯᠲᠠᠵᠤ᠂ ᠴᠠᠭ ᠲᠤᠬᠠᠢ ᠳᠤᠨᠢ ᠤᠰᠤ ᠵᠠᠯᠠᠵᠤ᠂ ᠳᠠᠷᠢᠬᠤ ᠴᠠᠭ ᠢ ᠵᠣᠬᠢᠬᠤ ᠬᠡᠮᠵᠢᠶ᠎ᠡ ᠪᠠᠷ ᠬᠤᠶᠢᠰᠢᠯᠠᠭᠤᠯᠵᠤ᠂ | ᠬᠥᠷᠥᠰᠥᠨ ᠤ ᠴᠢᠭᠢᠭ ᠤᠨ ᠪᠠᠶᠢᠳᠠᠯ ᠲᠣᠬᠢᠷᠠᠮᠵᠢᠲᠠᠢ ᠦᠶ᠎ᠡ ᠳᠤ ᠳᠠᠭᠢᠵᠤ ᠳᠠᠷᠢᠵᠤ᠂ ᠬᠥᠷᠥᠰᠥ ᠬᠡᠲᠦᠷᠬᠡᠢ | ᠴᠢᠭᠢᠭᠲᠦᠬᠦ ᠠᠴᠠ ᠪᠣᠯᠵᠤ ᠦᠷ᠎ᠡ ᠢᠯᠵᠢᠷᠡᠬᠦ ᠠᠴᠠ ᠵᠠᠶᠢᠯᠠᠰᠬᠢᠬᠦ ᠬᠡᠷᠡᠭᠲᠡᠢ᠃ ᠢᠯᠡ ᠤᠰᠤ ᠦᠭᠡᠢ ᠪᠣᠯᠪᠠᠴᠤ | ᠬᠥᠷᠥᠰᠥᠨ ᠤ ᠴᠢᠭᠢᠭᠲᠦᠴᠡ ᠨᠡᠯᠢᠶᠡᠳ ᠶᠡᠭᠡ ᠭᠠᠵᠠᠷ ᠲᠤ ᠴᠠᠭ ᠲᠤᠬᠠᠢ ᠳᠤᠨᠢ ᠭᠠᠵᠠᠷ ᠰᠢᠷᠣᠢ ᠶᠢ ᠤᠷᠪᠠᠭᠤᠯᠤᠨ | ᠬᠠᠭᠠᠯᠪᠤᠷᠢᠯᠠᠵᠤ ᠲᠠᠷᠢᠶᠠᠨ ᠭᠠᠵᠠᠷ ᠤᠨ ᠴᠢᠬᠢᠭ ᠢ ᠰᠠᠷᠨᠢᠭᠤᠯᠬᠤ ᠬᠡᠷᠡᠭᠲᠡᠢ᠃ ᠬᠡᠷᠪᠡ ᠳᠠᠷᠢᠬᠤ ᠬᠤᠭᠤᠴᠠᠭ᠎ᠠ ᠶᠢ 5 | ᠰᠠᠷ᠎ᠠ ᠶᠢᠨ ᠳᠤᠮᠳᠠᠴᠢ ᠰᠡᠭᠦᠯᠴᠢ ᠪᠣᠯᠲᠠᠯ᠎ᠠ ᠬᠤᠶᠢᠰᠢᠯᠠᠭᠤᠯᠬᠤ ᠳᠤ ᠬᠦᠷᠪᠡᠯ᠂ ᠲᠠᠷᠢᠶᠠᠴᠢᠳ ᠢ ᠵᠢᠭᠠᠨ ᠵᠢᠯᠤᠭᠤᠳᠴᠤ | ᠪᠠᠶᠢᠭᠠᠳ ᠤᠷᠭᠤᠯᠳᠠ ᠨᠢ ᠣᠬᠤᠷ ᠬᠤᠭᠤᠴᠠᠭᠠᠨ ᠤ ᠡᠷᠳᠡᠨᠢ ᠰᠢᠰᠢ᠂ ᠰᠢᠷ᠎ᠠ ᠪᠤᠷᠴᠠᠭ᠂ ᠨᠠᠷᠢᠮᠤ᠂ ᠨᠣᠭᠤᠭᠠᠨ ᠪᠤᠷᠴᠠᠭ | ᠵᠡᠷᠭᠡ ᠤᠷᠭᠤᠯᠳᠠ ᠨᠢ ᠣᠬᠤᠷ ᠬᠤᠭᠤᠴᠠᠭᠠᠨ ᠤ ᠲᠠᠷᠢᠮᠠᠯ ᠢ ᠰᠣᠩᠭᠤᠨ ᠬᠡᠷᠡᠭᠯᠡᠵᠦ᠂ ᠠᠲᠠᠷᠰᠢᠭᠤᠯᠬᠤ ᠦᠭᠡᠢ᠂ | ᠬᠤᠷᠢᠶᠠᠯᠲᠠ ᠪᠠᠭᠠᠰᠬᠠᠬᠤ ᠦᠭᠡᠢ ᠶᠢ ᠦᠨᠡᠨ ᠬᠦ ᠪᠠᠲᠤᠯᠠᠬᠤ ᠬᠡᠷᠡᠭᠲᠡᠢ᠃ | ︵ᠳᠥᠷᠪᠡ︶ ᠡᠪᠡᠳᠴᠢᠨ ᠬᠤᠷᠣᠬᠠᠢ ᠶᠢᠨ ᠭᠠᠮᠰᠢᠭ ᠢ ᠬᠢᠨᠠᠨ ᠬᠡᠮᠵᠢᠵᠦ ᠰᠡᠷᠭᠡᠶᠢᠯᠡᠨ ᠵᠠᠰᠠᠬᠤ ᠶᠢ | ᠴᠢᠩᠭᠠᠳᠬᠠᠬᠤ | ᠣᠳᠣᠬᠠᠨ ᠳᠤ ᠡᠯ᠎ᠡ ᠭᠠᠵᠠᠷ ᠤᠨ ᠬᠢᠨ ᠶᠠᠭ ᠰᠠᠶᠢᠬᠠᠨ ᠲᠠᠷᠢᠮᠠᠯ ᠤᠨ ᠴᠢᠬᠢᠯᠡᠬᠦ ᠬᠤᠭᠤᠴᠠᠭᠠᠨ ᠳᠤ ᠬᠦᠷᠴᠦ᠂ | ᠤᠳᠠᠯ ᠦᠭᠡᠢ ᠭᠠᠵᠠᠷ ᠳᠣᠣᠷᠠᠬᠢ ᠬᠤᠣᠷᠲᠤ ᠬᠤᠷᠣᠬᠠᠢ ᠶᠢᠨ ᠬᠥᠨᠥᠭᠡᠯ ᠤᠨ ᠵᠠᠩᠭᠢᠯᠠᠭ᠎ᠠ ᠶᠢᠨ ᠬᠤᠭᠤᠴᠠᠭᠠᠨ ᠳᠤ | ᠣᠷᠣᠬᠤ ᠭᠡᠵᠦ ᠪᠠᠶᠢᠨ᠎ᠠ᠃ ᠲᠠᠷᠢᠶᠠᠯᠠᠩ ᠤᠨ ᠰᠡᠷᠭᠡᠶᠢᠯᠡᠨ ᠵᠠᠰᠠᠯᠲᠠ ᠶᠢᠨ ᠲᠠᠯ᠎ᠠ ᠪᠠᠷ᠂ ᠵᠣᠬᠢᠰᠲᠠᠢ ᠭᠦᠨ ᠤᠷᠪᠠᠭᠤᠯᠵᠤ᠂ | ᠲᠠᠷᠢᠵᠤ ᠪᠣᠶᠢᠵᠢᠭᠤᠯᠬᠤ ᠬᠠᠮᠢᠶᠠᠷᠤᠯᠲᠠ ᠶᠢ ᠴᠢᠩᠭᠠᠳᠬᠠᠵᠤ᠂ ᠲᠣᠬᠢᠷᠠᠮᠵᠢᠲᠠᠢ ᠦᠶ᠎ᠡ ᠳᠤ ᠲᠠᠷᠢᠶ᠎ᠠ ᠲᠡᠩᠨᠡᠵᠦ ᠡᠪᠡᠰᠦ | ᠠᠷᠢᠯᠭᠠᠨ᠎ᠠ᠃ ᠹᠢᠽᠢᠺ ᠤᠨ ᠠᠷᠭ᠎ᠠ ᠪᠠᠷ ᠰᠡᠷᠭᠡᠶᠢᠯᠡᠨ ᠵᠠᠰᠠᠬᠤ ᠲᠠᠯ᠎ᠠ ᠪᠠᠷ᠂ ᠲᠣᠮᠤᠷᠠᠭᠰᠠᠨ ᠬᠤᠷᠣᠬᠠᠢ ᠡᠭᠦᠰᠬᠦ | ᠬᠤᠭᠤᠴᠠᠭᠠᠨ ᠳᠤ ᠬᠤᠷᠣᠬᠠᠢ ᠠᠯᠠᠬᠤ ᠳ᠋ᠧᠩ ᠢᠶᠠᠷ ᠲᠣᠮᠤᠷᠠᠭᠰᠠᠨ ᠬᠤᠷᠣᠬᠠᠢ ᠶᠢ ᠥᠳᠥᠭᠡᠨ ᠠᠯᠠᠵᠤ ᠪᠣᠯᠣᠨ᠎ᠠ᠃ | ᠬᠢᠮᠢ ᠶᠢᠨ ᠠᠷᠭ᠎ᠠ ᠪᠠᠷ ᠰᠡᠷᠭᠡᠶᠢᠯᠡᠨ ᠵᠠᠰᠠᠬᠤ ᠲᠠᠯ᠎ᠠ ᠪᠠᠷ᠂ ᠪᠷᠤᠮ ᠤᠨ ᠠᠰᠢᠯ·ᠲᠢᠶᠠᠽᠢᠽᠢᠨ ᠪᠤᠶᠤ ᠾᠯᠣᠷ | ᠬᠤᠷᠣᠬᠠᠢ·ᠲᠢᠶᠠᠽᠠᠮᠢᠨ ᠵᠡᠷᠭᠡ ᠡᠮ ᠢ ᠰᠣᠩᠭᠤᠨ ᠦᠷ᠎ᠡ ᠶᠢ ᠪᠠᠭᠯᠠᠬᠤ ᠪᠤᠶᠤ ᠦᠷ᠎ᠡ ᠳᠤ ᠵᠢᠭᠤᠷᠠᠵᠤ ᠪᠣᠯᠣᠨ᠎ᠠ︔ | ᠬᠦᠨᠳᠦ ᠨᠣᠴᠢᠲᠠᠢ ᠡᠭᠦᠰᠦᠭᠰᠡᠨ ᠭᠠᠵᠠᠷ ᠲᠤ ᠬᠤᠣᠷᠲᠤ ᠱᠠᠯᠵᠠ ᠪᠤᠶᠤ ᠣᠺᠲ᠋ᠠ ᠬᠦᠬᠦᠷᠲᠦ ᠹᠣᠰᠹᠣᠷ ᠵᠡᠷᠭᠡ ᠡᠮ ᠢ | ᠰᠣᠩᠭᠤᠨ ᠦᠨᠳᠦᠰᠦᠨ ᠬᠡᠰᠡᠭ ᠲᠤ ᠴᠢᠳᠬᠤᠬᠤ ᠪᠠᠷ ᠰᠢᠢᠳᠪᠦᠷᠢᠯᠡᠵᠦ ᠪᠣᠯᠣᠨ᠎ᠠ᠃ |