ᠰᠢᠯᠢ ᠶᠢᠨ ᠭᠤᠣᠯ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠬᠢᠭᠡᠳ ᠥᠪᠥᠷ ᠮᠣᠩᠭᠤᠯ ᠤᠨ ᠱᠦ ᠶᠦᠨ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠭᠠᠷ ᠬᠤᠯᠪᠣᠨ ᠲᠥᠮᠥᠰᠥ ᠶᠢᠨ ᠠᠵᠤ ᠦᠢᠯᠡᠰ ᠤᠨ ᠳᠡᠰ ᠳᠡᠪᠰᠢᠬᠦ ᠶᠢ ᠠᠬᠢᠭᠤᠯᠪᠠ
ᠨᠡᠶᠢᠲᠡᠯᠡᠭᠰᠡᠨ ᠴᠠᠭ᠄
2025/5/9
      ᠶᠡᠷᠦᠩᠬᠡᠢ ᠱᠦᠵᠢ ᠰᠢ ᠶᠢᠨ ᠫᠢᠩ ᠤᠨ ︽ᠲᠠᠷᠢᠶᠠᠯᠠᠩ ᠲᠠᠷᠢᠶᠠᠯᠠᠬᠤ ᠣᠷᠣᠨ ᠲᠠᠷᠢᠶᠠᠴᠢᠨ︾ ᠤ ᠠᠵᠢᠯ ᠤᠨ ᠴᠢᠬᠤᠯᠠ ᠥᠭᠦᠯᠡᠯᠲᠡ ᠪᠣᠯᠣᠨ ᠥᠪᠥᠷ ᠮᠣᠩᠭᠤᠯ ᠳᠤ ᠦᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠢᠭᠡᠨ ᠭᠤᠣᠯ ᠰᠢᠵᠢᠮ ᠢ ᠲᠤᠭᠤᠰᠢᠯᠠᠭᠤᠯᠬᠤ ᠶᠢᠨ ᠲᠣᠭᠤᠷᠢᠨ ᠳᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠵᠢᠷᠭᠤᠭᠠᠨ ᠢᠨᠵᠧᠨᠧᠷᠢᠩ ᠢ ᠬᠡᠷᠡᠭᠵᠢᠭᠦᠯᠦᠨ᠂ ᠵᠢᠷᠭᠤᠭᠠᠨ ᠠᠵᠢᠯᠯᠠᠭ᠎ᠠ ᠶᠢ ᠦᠷᠨᠢᠭᠦᠯᠬᠦ ᠶᠢᠨ ᠲᠤᠰᠠᠳᠠ᠂ ᠬᠠᠪᠤᠷ ᠤᠨ ᠤᠯᠠᠷᠢᠯ ᠪᠣᠯᠬᠤ ᠳᠤ ᠲᠦᠮᠡᠨ ᠪᠣᠳᠠᠰ ᠠᠮᠢᠯᠠᠨ ᠰᠡᠷᠭᠦᠵᠦ᠂ ᠰᠢᠯᠢ ᠶᠢᠨ ᠭᠤᠣᠯ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠬᠢᠭᠡᠳ ᠥᠪᠥᠷ ᠮᠣᠩᠭᠤᠯ ᠤᠨ ᠱᠦ ᠶᠦᠨ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠠᠮᠲᠤᠷᠠᠯᠴᠠᠭ᠎ᠠ ᠠᠩᠬᠠᠨ ᠤ ᠬᠠᠪᠤᠷ ᠢᠶᠠᠨ ᠤᠭᠲᠤᠨ ᠠᠪᠴᠢᠷᠠᠵᠤ᠂ ᠲᠥᠮᠥᠰᠥᠨ ᠤ ᠠᠵᠤ ᠦᠢᠯᠡᠰ ᠤᠨ ᠰᠤᠳᠤᠯᠤᠨ ᠨᠡᠭᠡᠭᠡᠬᠦ ᠲᠠᠯ᠎ᠠ ᠪᠠᠷ ᠠᠯᠢ ᠣᠯᠠᠨ ᠢᠳᠡᠪᠬᠢᠲᠡᠢ ᠠᠬᠢᠯᠲᠠ ᠲᠠᠢ ᠪᠣᠯᠪᠠ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ᠂ ᠰᠢᠯᠢ ᠶᠢᠨ ᠭᠤᠣᠯ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠤᠳᠤᠷᠢᠳᠤᠯᠭ᠎ᠠ ᠪᠠ ᠭᠠᠵᠠᠷ ᠤᠨ ᠤᠳᠤᠷᠢᠳᠤᠯᠭ᠎ᠠ ᠶᠢᠨ ᠬᠠᠯᠠᠮᠵᠢᠯᠠᠯ ᠪᠠ ᠵᠢᠯᠣᠭᠤᠳᠤᠯᠭ᠎ᠠ ᠳᠣᠣᠷ᠎ᠠ᠂ ᠬᠤᠶᠠᠷ ᠲᠠᠯ᠎ᠠ ᠪᠠᠷ ᠢᠶᠠᠨ ᠨᠢᠭᠲᠠ ᠬᠠᠮᠲᠤᠷᠠᠯᠴᠠᠵᠤ᠂ ᠲᠥᠮᠥᠰᠥ ᠶᠢᠨ ᠠᠵᠤ ᠦᠢᠯᠡᠰ ᠤᠨ ᠰᠢᠨᠵᠢᠯᠡᠬᠦ ᠤᠬᠠᠭᠠᠨ ᠤ ᠰᠤᠳᠤᠯᠭᠠᠨ ᠪᠠ ᠦᠢᠯᠡᠳᠪᠦᠷᠢᠯᠡᠯ ᠤᠨ ᠠᠵᠢᠯ ᠢ ᠬᠠᠮᠲᠤᠪᠠᠷ ᠲᠦᠯᠬᠢᠨ ᠠᠬᠢᠭᠤᠯᠪᠠ᠃      ᠲᠥᠮᠥᠰᠥᠨ ᠤ ᠬᠤᠣᠷ ᠦᠭᠡᠶᠢᠳᠦᠭᠦᠯᠦᠭᠰᠡᠨ ᠴᠢᠬᠢ ᠶᠢ ᠥᠷᠭᠡᠳᠬᠡᠨ ᠦᠷᠡᠵᠢᠭᠦᠯᠬᠦ ᠲᠠᠯ᠎ᠠ ᠪᠠᠷ᠂ ᠰᠢᠯᠢ ᠶᠢᠨ ᠭᠤᠣᠯ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠬᠢᠭᠡᠳ ᠥᠪᠥᠷ ᠮᠣᠩᠭᠤᠯ ᠤᠨ ᠱᠦ ᠶᠦᠨ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠨᠠᠷᠢᠨ ᠲᠣᠳᠣᠷᠬᠠᠢ ᠦᠢᠯᠡᠳᠪᠦᠷᠢᠯᠡᠯ ᠤᠨ ᠲᠥᠯᠥᠪᠯᠡᠭᠡ ᠲᠣᠭᠲᠠᠭᠠᠵᠠᠢ᠃ ᠣᠳᠣᠬᠠᠨ ᠳᠤ ᠶᠠᠭ ᠰᠠᠶᠢᠬᠠᠨ ᠡᠮᠬᠢ ᠵᠢᠷᠤᠮ ᠲᠠᠢ ᠪᠠᠷ ᠦᠢᠯᠡᠳᠪᠦᠷᠢᠯᠡᠵᠦ ᠪᠠᠶᠢᠨ᠎ᠠ᠂ ᠵᠢᠱᠢᠯᠲᠡ ᠪᠠᠷ ᠦᠷᠡᠵᠢᠯᠲᠡ ᠶᠢ ᠥᠷᠭᠡᠳᠬᠡᠬᠦ ᠬᠤᠣᠷ ᠢ ᠠᠷᠢᠯᠭᠠᠬᠤ ᠴᠢᠬᠢ ᠶᠢᠨ ᠲᠤᠭ᠎ᠠ 200 ᠲᠦᠮᠡᠨ ᠰᠠᠭᠤᠷᠢ ᠳᠤ ᠬᠦᠷᠬᠦ ᠪᠣᠯᠣᠨ᠎ᠠ᠂ ᠡᠨᠡ ᠨᠢ ᠲᠥᠮᠥᠰᠥᠨ ᠤ ᠠᠵᠤ ᠦᠢᠯᠡᠰ ᠤᠨ ᠡᠷᠡᠭᠦᠯ ᠢᠶᠠᠷ ᠬᠥᠭᠵᠢᠬᠦ ᠳᠤ ᠬᠦᠴᠦᠲᠡᠢ ᠪᠠᠲᠤᠯᠠᠭ᠎ᠠ ᠬᠠᠩᠭᠠᠬᠤ ᠪᠣᠯᠣᠨ᠎ᠠ᠃      ᠡᠭᠦᠨ ᠠᠴᠠ ᠭᠠᠳᠠᠨ᠎ᠠ᠂ ᠲᠥᠮᠥᠰᠥ ᠳᠠᠷᠢᠬᠤ ᠨᠥᠬᠦᠴᠡᠯ ᠢ ᠳᠡᠭᠡᠭᠰᠢᠯᠡᠭᠦᠯᠬᠦ ᠶᠢᠨ ᠲᠥᠯᠥᠭᠡ᠂ ᠥᠪᠥᠷ ᠮᠣᠩᠭᠤᠯ ᠤᠨ ᠱᠦ ᠶᠦᠨ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠰᠤᠳᠤᠯᠭᠠᠨ ᠤ ᠭᠠᠵᠠᠷ ᠤᠨ 70 ᠮᠦ ᠰᠠᠭᠤᠷᠢᠨ ᠭᠠᠵᠠᠷ ᠤᠨ ᠭᠠᠵᠠᠷ ᠰᠢᠷᠣᠢ ᠶᠢ ᠲᠡᠭᠰᠢᠯᠡᠵᠦ᠂ ᠣᠲᠣ ᠶᠠᠭ ᠬᠠᠭᠤᠴᠢᠨ ᠬᠦᠯᠡᠮᠵᠢ ᠪᠠᠨ ᠰᠡᠯᠪᠢᠨ ᠵᠠᠰᠠᠵᠤ ᠪᠠᠶᠢᠨ᠎ᠠ᠃ ᠡᠭᠦᠨ ᠤ ᠬᠠᠮᠲᠤ᠂ ᠴᠢᠬᠢ ᠪᠣᠶᠢᠵᠢᠭᠤᠯᠬᠤ ᠪᠠ ᠲᠤᠷᠰᠢᠯᠲᠠ ᠬᠢᠬᠦ 20 ᠲᠣᠮᠣ ᠬᠦᠯᠡᠮᠵᠢ ᠶᠢ ᠰᠢᠨ᠎ᠡ ᠪᠠᠷ ᠪᠠᠶᠢᠭᠤᠯᠬᠤ ᠪᠠᠷ ᠲᠥᠯᠥᠪᠯᠡᠵᠦ᠂ ᠲᠣᠮᠣ ᠬᠦᠯᠡᠮᠵᠢ ᠨᠢᠭᠡᠪᠦᠷᠢ ᠶᠢᠨ ᠲᠠᠯᠠᠪᠠᠢ ᠶᠢ 320 ᠲᠡᠭᠰᠢ ᠳᠥᠷᠪᠡᠯᠵᠢᠨ ᠮᠧᠲᠷ ᠲᠤ ᠬᠦᠷᠭᠡᠨ᠎ᠡ᠃ ᠣᠳᠣᠬᠠᠨ ᠳᠤ᠂ ᠬᠤᠯᠪᠣᠭᠳᠠᠯ ᠪᠦᠬᠦᠢ ᠪᠦᠲᠦᠭᠡᠨ ᠪᠠᠶᠢᠭᠤᠯᠤᠯᠲᠠ ᠶᠢᠨ ᠮᠠᠲ᠋ᠧᠷᠢᠶᠠᠯ ᠢ ᠶᠠᠭ ᠰᠠᠶᠢᠬᠠᠨ ᠰᠣᠩᠭᠤᠨ ᠲᠣᠭᠲᠠᠭᠠᠬᠤ ᠱᠠᠲᠤᠨ ᠳᠤ ᠪᠠᠶᠢᠵᠤ᠂ ᠲᠣᠮᠣ ᠬᠦᠯᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠪᠠ ᠦᠷ᠎ᠡ ᠠᠰᠢᠭ ᠢ ᠦᠨᠡᠨ ᠬᠦ ᠪᠠᠲᠤᠯᠠᠨ᠎ᠠ᠃      ᠣᠯᠠᠨ ᠤᠯᠤᠰ ᠤᠨ ᠬᠠᠮᠲᠤᠷᠠᠯᠴᠠᠭᠠᠨ ᠤ ᠲᠠᠯ᠎ᠠ ᠪᠠᠷ᠂ ᠰᠢᠯᠢ ᠶᠢᠨ ᠭᠤᠣᠯ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ᠂ ᠱᠦ ᠶᠦᠨ ᠺᠣᠮᠫᠠᠨᠢ ᠬᠠᠮᠲᠤ ᠪᠠᠷ ᠳ᠋ᠠᠨᠮᠠᠷᠺ ᠤᠨ ᠵᠦᠩ ᠱᠦ ᠺᠣᠮᠫᠠᠨᠢ ᠲᠠᠢ ᠠᠩᠬ᠎ᠠ ᠠᠯᠬᠤᠮ ᠤᠨ ᠬᠠᠮᠲᠤᠷᠠᠯᠴᠠᠭᠠᠨ ᠤ ᠰᠠᠨᠠᠯ ᠨᠢᠭᠡᠳᠪᠡ᠃ ᠲᠥᠯᠥᠪᠯᠡᠭᠡ ᠶᠢ ᠦᠨᠳᠦᠰᠦᠯᠡᠪᠡᠯ᠂ ᠠᠩᠬᠠᠨ ᠤ ᠪᠦᠯᠦᠭ ᠲᠤ 4 ᠴᠢᠨᠠᠷ ᠰᠠᠶᠢᠲᠠᠢ ᠲᠥᠮᠥᠰᠥ ᠶᠢᠨ ᠡᠭᠦᠯᠳᠡᠷ ᠢ ᠣᠷᠣᠭᠤᠯᠤᠨ᠎ᠠ᠃ ᠡᠨᠡᠬᠦ ᠠᠷᠭ᠎ᠠ ᠬᠡᠮᠵᠢᠶ᠎ᠡ  ᠨᠢ ᠰᠢᠯᠢ ᠶᠢᠨ ᠭᠤᠣᠯ ᠠᠶᠢᠮᠠᠭ ᠤᠨ ᠲᠥᠮᠥᠰᠥ ᠳᠠᠷᠢᠬᠤ ᠳᠤ ᠰᠢᠨ᠎ᠡ ᠰᠢᠪᠲᠤᠯᠤᠯᠲᠠ ᠭᠠᠷᠭᠠᠵᠤ᠂ ᠠᠵᠤ ᠦᠢᠯᠡᠰ ᠤᠨ ᠪᠦᠬᠦᠯᠢ ᠴᠣᠭᠴᠠ ᠶᠢᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠬᠦ ᠪᠣᠯᠣᠮᠵᠢ ᠲᠠᠢ ᠪᠠᠶᠢᠨ᠎ᠠ᠃ ᠡᠭᠦᠨ ᠤ ᠬᠠᠮᠲᠤ᠂ ᠰᠢᠯᠢ ᠶᠢᠨ ᠭᠤᠣᠯ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ  ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠪᠣᠯᠣᠨ ᠾᠧᠪᠧᠢ ᠮᠤᠵᠢ ᠶᠢᠨ ᠸᠧᠢ ᠴᠠᠩ ᠤᠨ ᠲᠥᠮᠥᠰᠥ ᠶᠢᠨ ᠰᠤᠳᠤᠯᠭᠠᠨ ᠤ ᠬᠦᠷᠢᠶᠡᠯᠡᠩ ᠤᠨ ᠬᠦᠴᠦᠲᠡᠢ ᠳᠡᠮᠵᠢᠯᠭᠡ ᠳᠣᠣᠷ᠎ᠠ᠂ ᠰᠢᠨ᠎ᠡ ᠡᠭᠦᠯᠳᠡᠷ ᠤᠨ ᠪᠣᠶᠢᠵᠢᠭᠤᠯᠬᠤ ᠪᠠ ᠳᠠᠩᠰᠠᠯᠠᠬᠤ ᠠᠵᠢᠯ ᠢ ᠢᠳᠡᠪᠬᠢᠲᠡᠢ ᠪᠠᠷ ᠦᠷᠨᠢᠭᠦᠯᠵᠦ ᠪᠠᠶᠢᠨ᠎ᠠ᠃ ᠣᠳᠣᠬᠠᠨ ᠳᠤ᠂ ᠨᠢᠭᠡ ᠡᠭᠦᠯᠳᠡᠷ ᠤᠨ DUS ᠰᠢᠯᠭᠠᠯᠲᠠ ᠶᠢᠨ ᠮᠡᠳᠡᠭᠦᠯᠦᠨ ᠬᠦᠷᠭᠡᠬᠦ ᠠᠵᠢᠯ ᠢ ᠲᠣᠬᠢᠷᠠᠭᠤᠯᠤᠭᠰᠠᠨ ᠪᠠᠶᠢᠨ᠎ᠠ᠃ ᠡᠨᠡ ᠬᠦ ᠠᠯᠬᠤᠮ ᠳᠠᠷᠠᠭ᠎ᠠ ᠶᠢ ᠤᠷᠤᠭᠰᠢᠲᠠᠢ ᠪᠡᠶᠡᠯᠡᠭᠦᠯᠦᠭᠰᠡᠨ ᠨᠢ ᠰᠢᠨ᠎ᠡ ᠡᠭᠦᠯᠳᠡᠷ ᠢ ᠰᠤᠳᠤᠯᠤᠨ ᠨᠡᠭᠡᠭᠡᠬᠦ ᠠᠵᠢᠯ ᠴᠢᠬᠤᠯᠠ ᠱᠠᠲᠤ ᠦᠶ᠎ᠡ ᠶᠢᠨ ᠴᠢᠨᠠᠷᠲᠠᠢ ᠦᠷ᠎ᠡ ᠪᠦᠲᠦᠭᠡᠯ ᠣᠯᠣᠭᠰᠠᠨ ᠢ ᠬᠠᠷᠠᠭᠤᠯᠵᠤ ᠪᠠᠶᠢᠨ᠎ᠠ᠃      ᠰᠢᠯᠢ ᠶᠢᠨ ᠭᠤᠣᠯ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠬᠢᠭᠡᠳ ᠲᠥᠮᠥᠰᠥ ᠶᠢᠨ ᠦᠢᠯᠡᠰ ᠤᠨ ᠠᠵᠤ ᠠᠬᠤᠶᠢᠯᠠᠯ ᠤᠨ ᠨᠢᠭᠲᠠ ᠬᠠᠮᠲᠤᠷᠠᠯᠴᠠᠭ᠎ᠠ ᠨᠢ ᠰᠢᠯᠢ ᠶᠢᠨ ᠭᠤᠣᠯ ᠠᠶᠢᠮᠠᠭ ᠤᠨ ᠲᠥᠮᠥᠰᠥ ᠶᠢᠨ ᠠᠵᠤ ᠦᠢᠯᠡᠰ ᠤᠨ ᠦᠷᠭᠦᠯᠵᠢᠯᠡᠨ ᠰᠢᠨ᠎ᠡ ᠶᠢ ᠡᠭᠦᠳᠬᠦ ᠪᠠ ᠬᠥᠭᠵᠢᠬᠦ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠬᠦ ᠪᠣᠯᠣᠨ᠎ᠠ᠃ ᠬᠤᠶᠠᠷ ᠲᠠᠯ᠎ᠠ ᠪᠠᠷ ᠢᠶᠠᠨ ᠰᠢᠨᠵᠢᠯᠡᠬᠦ ᠤᠬᠠᠭᠠᠨ ᠤ ᠵᠣᠷᠢᠭ ᠰᠠᠨᠠᠭ᠎ᠠ ᠶᠢ ᠦᠷᠭᠦᠯᠵᠢᠯᠡᠨ ᠪᠠᠷᠢᠮᠲᠠᠯᠠᠵᠤ᠂ ᠲᠥᠮᠥᠰᠥ ᠶᠢᠨ ᠬᠦᠷᠢᠶ᠎ᠡ ᠴᠠᠷᠠᠭᠠᠨ ᠤ ᠰᠤᠳᠤᠯᠭᠠᠨ ᠪᠣᠯᠣᠨ ᠴᠢᠳᠠᠪᠤᠷᠢᠲᠠᠨ ᠢ ᠬᠥᠮᠥᠵᠢᠭᠦᠯᠬᠦ ᠪᠠᠷ ᠴᠢᠷᠮᠠᠶᠢᠵᠤ᠂ ᠰᠢᠯᠢ ᠶᠢᠨ ᠭᠤᠣᠯ ᠠᠶᠢᠮᠠᠭ ᠤᠨ ᠭᠠᠵᠠᠷ ᠣᠷᠣᠨ ᠤ ᠲᠥᠮᠥᠰᠥ ᠶᠢᠨ ᠠᠵᠤ ᠦᠢᠯᠡᠰ ᠤᠨ ᠲᠠᠪᠰᠢᠯᠳᠠ ᠪᠣᠯᠣᠨ ᠬᠥᠭᠵᠢᠯᠲᠡ ᠶᠢ ᠠᠬᠢᠭᠤᠯᠬᠤ ᠳᠤ ᠨᠡᠩ ᠤᠯᠠᠨ ᠬᠦᠴᠦᠨ ᠴᠢᠳᠠᠯ ᠢᠶᠠᠨ ᠡᠷᠭᠦᠨ᠎ᠡ᠃      ᠮᠡᠳᠡᠭᠡ ᠵᠠᠩᠭᠢ ᠶᠢᠨ ᠢᠷᠡᠯᠲᠡ᠄ ᠰᠢᠯᠢ ᠶᠢᠨ ᠭᠤᠣᠯ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号