ᠯᠢ ᠶᠠ ᠫᠢᠩ᠂ ᠳᠥᠷᠪᠡᠳ ᠬᠤᠰᠢᠭᠤᠨ ᠤ ᠬᠤᠩ ᠢᠦᠢ ᠲᠥᠮᠥᠰᠥ ᠲᠠᠷᠢᠬᠤ ᠲᠤᠰᠬᠠᠢ ᠬᠤᠷᠰᠢᠶ᠎ᠠ ᠶᠢᠨ | ᠬᠠᠷᠢᠭᠤᠴᠠᠯᠭᠠᠲᠠᠨ᠂ ᠮᠠᠯᠴᠢᠨ ᠲᠠᠷᠢᠶᠠᠴᠢᠨ ᠤ ᠳᠡᠭᠡᠳᠦ ᠵᠡᠷᠭᠡ ᠶᠢᠨ ᠲᠠᠷᠢᠶᠠᠯᠠᠩ ᠤᠨ ᠮᠡᠷᠭᠡᠵᠢᠯᠲᠡᠨ᠂ ᠳᠡᠭᠡᠳᠦ | ᠵᠡᠷᠭᠡ ᠶᠢᠨ ᠲᠠᠷᠢᠶᠠᠯᠠᠩ ᠤᠨ ᠳᠠᠭᠠᠭᠠᠮᠠᠯ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠠᠴᠠ | ᠲᠡᠭᠦᠰᠴᠦ᠂ ᠵᠧᠵᠢᠶᠠᠩ ᠶᠡᠭᠡ ᠰᠤᠷᠭᠠᠭᠤᠯᠢ ᠶᠢᠨ ᠲᠦᠷᠦᠭᠦᠴᠢ ᠬᠤᠨ ᠪᠣᠯᠣᠨ᠎ᠠ᠃ 2006 ᠣᠨ ᠳᠤ ᠥᠪᠥᠷ | ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠠᠴᠠ ᠲᠡᠭᠦᠰᠴᠦ᠂ ᠲᠥᠮᠥᠰᠥ ᠲᠠᠷᠢᠬᠤ ᠬᠠᠮᠢᠶᠠᠷᠤᠯᠲᠠ ᠪᠠ | ᠮᠡᠷᠭᠡᠵᠢᠯ ᠤᠨ ᠦᠢᠯᠡᠴᠢᠯᠡᠭᠡᠨ ᠤ ᠠᠵᠢᠯ ᠢ ᠬᠢᠭᠰᠡᠭᠡᠷ ᠢᠷᠡᠵᠡᠢ᠃ 2016 ᠣᠨ ᠳᠤ᠂ ᠨᠤᠲᠤᠭ ᠲᠠᠭᠠᠨ ᠪᠤᠴᠠᠵᠤ | ᠦᠢᠯᠡᠰ ᠪᠣᠰᠬᠠᠵᠤ᠂ ᠲᠠᠷᠢᠶᠠᠯᠠᠩ ᠳᠤ ᠣᠷᠣᠯᠴᠠᠵᠤ᠂ ︽ᠬᠤᠯᠪᠣᠭᠠᠯᠠᠬᠤ᠂ ᠳᠠᠶᠢᠴᠢᠯᠠᠬᠤ︾ ᠪᠠᠷ ᠥᠪᠡᠷ ᠤᠨ ᠡᠭᠦᠷᠭᠡ ᠪᠠᠨ | ᠪᠣᠯᠭᠠᠵᠤ᠂ ᠲᠣᠰᠬᠤᠨ ᠤ ᠠᠷᠠᠳ ︽ᠬᠠᠮᠲᠤ ᠪᠠᠷ ᠪᠠᠶᠠᠵᠢᠬᠤ︾ ᠪᠠᠷ ᠬᠠᠷᠠᠯᠲᠠ ᠪᠣᠯᠭᠠᠨ᠂ ︽ᠰᠠᠭᠤᠷᠢᠨ ᠭᠠᠵᠠᠷ + | ᠲᠠᠷᠢᠶᠠᠴᠢᠨ ᠡᠷᠦᠬᠡ + ᠺᠣᠮᠫᠠᠨᠢ︾ ᠶᠢᠨ ᠠᠵᠤ ᠦᠢᠯᠡᠰ ᠤᠨ ᠬᠡᠯᠬᠢᠶ᠎ᠡ ᠶᠢ ᠳᠠᠰᠤᠷᠠᠯᠳᠠ ᠦᠭᠡᠢ ᠤᠷᠲᠤᠳᠬᠠᠵᠤ᠂ | ︽ᠳᠤᠯᠤᠭ᠎ᠠ ᠶᠢ ᠨᠢᠭᠡᠳᠦᠯᠲᠡᠢ ᠬᠤᠪᠢᠶᠠᠬᠤ︾ ᠲᠥᠮᠥᠰᠥ ᠶᠢ ᠪᠠᠷᠢᠮᠵᠢᠶᠠᠵᠢᠭᠤᠯᠤᠨ ᠦᠢᠯᠡᠳᠪᠦᠷᠢᠯᠡᠬᠦ ᠪᠠ ᠪᠣᠷᠣᠯᠠᠭᠤᠯᠬᠤ | ᠵᠠᠭᠪᠤᠷ ᠢ ᠳᠠᠰᠤᠷᠠᠯᠳᠠ ᠦᠭᠡᠢ ᠲᠡᠭᠦᠯᠳᠡᠷᠵᠢᠭᠦᠯᠵᠦ᠂ ᠡᠭᠦᠨ ᠠᠴᠠ ᠲᠠᠷᠢᠶᠠᠴᠢᠳ ᠤᠨ ᠲᠥᠮᠥᠰᠥ ᠶᠢᠨ ᠠᠵᠤ | ᠦᠢᠯᠡᠰ ᠲᠤ ᠲᠦᠰᠢᠭᠯᠡᠨ ᠪᠠᠶᠠᠵᠢᠨ ᠴᠢᠨᠡᠭᠡᠯᠢᠭᠵᠢᠬᠦ ᠦᠢᠯᠡᠰ ᠪᠣᠰᠬᠠᠬᠤ ᠠᠮᠢᠳᠤᠷᠠᠯ ᠢ ᠳᠠᠶᠢᠴᠢᠯᠠᠬᠤ ᠪᠠᠷ ᠴᠢᠷᠮᠠᠶᠢᠪᠠ᠃ | ᠨᠢᠭᠡ᠂ ᠬᠦᠴᠦᠯᠡᠨ ᠴᠢᠷᠮᠠᠶᠢᠵᠤ᠂ ᠵᠣᠷᠢᠭᠲᠠᠢ ᠪᠠᠷ ᠰᠢᠨ᠎ᠡ ᠶᠢ ᠡᠭᠦᠳᠴᠦ᠂ ᠴᠢᠨᠠᠷ ᠰᠠᠶᠢᠲᠠᠢ ᠬᠥᠭᠵᠢᠯᠲᠡ ᠶᠢᠨ | ᠰᠢᠨ᠎ᠡ ᠵᠠᠭᠪᠤᠷ ᠢ ᠡᠭᠦᠳᠴᠡᠢ᠃ | ᠨᠤᠲᠤᠭ ᠲᠠᠭᠠᠨ ᠬᠠᠷᠢᠵᠤ ᠦᠢᠯᠡᠰ ᠪᠣᠰᠬᠠᠭᠰᠠᠨ ᠠᠴᠠ ᠨᠠᠭᠠᠰᠢ᠂ ᠯᠢ ᠶᠠ ᠫᠢᠩ ᠨᠤᠲᠤᠭ ᠤᠨ ᠢᠶᠠᠨ | ᠲᠥᠮᠥᠰᠥ ᠶᠢᠨ ᠠᠵᠤ ᠦᠢᠯᠡᠰ ᠤᠨ ᠬᠥᠭᠵᠢᠯᠲᠡ ᠶᠢ ᠨᠢᠭᠡ ᠰᠡᠳᠬᠢᠯ ᠢᠶᠠᠷ ᠰᠤᠳᠤᠯᠵᠤ᠂ ᠲᠠᠷᠢᠮᠠᠯ ᠤᠨ ᠪᠦᠲᠦᠴᠡ ᠳᠤ | ᠢᠳᠡᠪᠬᠢᠲᠡᠢ ᠲᠣᠬᠢᠷᠠᠭᠤᠯᠤᠯᠲᠠ ᠬᠢᠵᠦ᠂ ᠰᠠᠶᠢᠨ ᠡᠭᠦᠯᠳᠡᠷ ᠤᠨ ᠪᠦᠷᠬᠦᠴᠡ᠂ ᠮᠠᠰᠢᠨᠴᠢᠯᠠᠯᠲᠠ ᠪᠠᠷ ᠠᠵᠢᠯᠯᠠᠬᠤ᠂ | ᠡᠪᠡᠳᠴᠢᠨ ᠬᠤᠷᠣᠬᠠᠢ ᠶᠢᠨ ᠬᠥᠨᠥᠭᠡᠯ ᠤᠨ ᠪᠣᠬᠢᠷᠲᠤᠯ ᠦᠭᠡᠢ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠲᠥᠪᠯᠡᠷᠡᠭᠦᠯᠦᠨ | ᠬᠡᠷᠡᠭᠯᠡᠵᠦ᠂ ᠲᠠᠷᠢᠶᠠᠯᠠᠩ ᠤᠨ ᠤᠰᠤ ᠠᠷᠪᠢᠯᠠᠬᠤ ᠰᠢᠨ᠎ᠡ ᠵᠠᠭᠪᠤᠷ ᠪᠣᠯᠣᠨ ᠲᠣᠭᠠᠴᠢᠯᠠᠭᠰᠠᠨ ᠲᠠᠷᠢᠶᠠᠯᠠᠩ ᠤᠨ | ᠬᠠᠷᠢᠯᠴᠠᠨ ᠤᠶᠠᠯᠳᠤᠬᠤ ᠶᠢ ᠳᠡᠯᠭᠡᠷᠡᠭᠦᠯᠵᠦ᠂ ᠤᠰᠤ ᠬᠠᠭᠤᠷᠠᠢ ᠶᠢᠨ ᠡᠭᠡᠯᠵᠢᠯᠡᠨ ᠲᠠᠷᠢᠬᠤ ᠭᠤᠤᠷᠰᠤ | ᠲᠣᠩᠭᠤᠷᠠᠭᠤᠯᠬᠤ᠂ ᠪᠠᠭ᠎ᠠ ᠤᠷᠤᠰᠴᠠ ᠪᠠᠷ ᠳᠤᠰᠤᠯᠭᠠᠨ ᠤᠰᠤᠯᠠᠬᠤ ᠪᠦᠰᠡ ᠶᠢ ᠬᠡᠷᠡᠭᠯᠡᠬᠦ᠂ ᠮᠦ ᠪᠦᠷᠢ ᠶᠢᠨ ᠤᠰᠤ ᠶᠢ | 30% ᠠᠴᠠ ᠳᠡᠭᠡᠭᠰᠢ ᠠᠷᠪᠢᠯᠠᠬᠤ᠂ ᠤᠰᠤ ᠪᠣᠷᠳᠣᠭᠤᠷ ᠢ ᠨᠢᠭᠡ ᠴᠣᠭᠴᠠᠵᠢᠭᠤᠯᠬᠤ ᠵᠡᠷᠭᠡ ᠮᠡᠷᠭᠡᠵᠢᠯ ᠢ | ᠬᠡᠷᠡᠭᠵᠢᠭᠦᠯᠦᠭᠡᠳ ᠢᠯᠡᠳᠲᠡ ᠦᠷ᠎ᠡ ᠪᠦᠲᠦᠮᠵᠢ ᠣᠯᠵᠠᠢ᠃ ᠪᠥᠬᠦ ᠶᠠᠪᠤᠴᠠ ᠳᠤ ᠮᠠᠰᠢᠨᠴᠢᠯᠠᠨ ᠠᠵᠢᠯᠯᠠᠬᠤ ᠶᠢ 96%᠂ | ᠰᠠᠶᠢᠨ ᠡᠭᠦᠯᠳᠡᠷ ᠤᠨ ᠪᠦᠷᠬᠦᠴᠡ ᠶᠢᠨ ᠨᠣᠷᠮ᠎ᠠ ᠶᠢ 100%᠂ ᠪᠣᠬᠢᠷᠲᠤᠯ ᠦᠭᠡᠢ ᠰᠡᠷᠭᠡᠶᠢᠯᠡᠨ ᠡᠵᠡᠮᠳᠡᠬᠦ ᠪᠠ | ᠨᠢᠭᠡᠳᠦᠯᠲᠡᠢ ᠰᠡᠷᠭᠡᠶᠢᠯᠡᠨ ᠨᠣᠶᠠᠷᠬᠠᠬᠤ ᠶᠢᠨ ᠪᠦᠷᠬᠦᠴᠡ ᠶᠢᠨ ᠨᠣᠷᠮ᠎ᠠ ᠶᠢ 100%᠂ ᠥᠨᠳᠥᠷ ᠦᠷ᠎ᠡ ᠠᠰᠢᠭ ᠲᠠᠢ | ᠤᠰᠤ ᠠᠷᠪᠢᠯᠠᠬᠤ ᠤᠰᠤᠯᠠᠯᠲᠠ ᠶᠢ 100% ᠳᠤ ᠬᠦᠷᠭᠡᠵᠡᠢ᠃ ᠪᠦᠬᠦ ᠬᠤᠳᠠ ᠶᠢᠨ ᠠᠩᠬᠠᠳᠠᠭᠴᠢ ᠣᠶᠤᠨᠲᠤ | ᠳᠤᠰᠤᠯᠭᠠᠨ ᠤᠰᠤᠯᠠᠬᠤ ᠮᠡᠷᠭᠡᠵᠢᠯ ᠢ ᠣᠷᠣᠭᠤᠯᠤᠨ ᠠᠪᠴᠢᠷᠠᠵᠤ᠂ ᠣᠶᠤᠨᠲᠤ ᠤᠰᠤ ᠪᠣᠷᠳᠣᠭᠤᠷ ᠢ ᠨᠢᠭᠡ | ᠴᠣᠭᠴᠠᠵᠢᠭᠤᠯᠤᠨ ᠡᠵᠡᠮᠳᠡᠬᠦ ᠶᠢ ᠪᠡᠶᠡᠯᠡᠭᠦᠯᠵᠦ᠂ ︽ᠪᠦᠷᠬᠦᠪᠴᠢ ᠦᠭᠡᠢ᠂ ᠤᠰᠤ ᠠᠷᠪᠢᠯᠠᠬᠤ᠂ ᠪᠣᠷᠳᠣᠭᠤᠷ ᠢ | ᠬᠢᠵᠠᠭᠠᠷᠯᠠᠬᠤ᠂ ᠡᠮ ᠢ ᠪᠠᠭᠠᠰᠬᠠᠬᠤ᠂ ᠠᠵᠤ ᠦᠢᠯᠡᠳᠪᠦᠷᠢ ᠶᠢ ᠠᠷᠪᠢᠯᠠᠬᠤ᠂ ᠦᠷ᠎ᠡ ᠠᠰᠢᠭ ᠢ ᠨᠡᠮᠡᠭᠳᠡᠭᠦᠯᠬᠦ︾ ᠪᠣᠬᠢᠷᠲᠤᠯ | ᠦᠭᠡᠢ ᠴᠢᠨᠠᠷ ᠰᠠᠶᠢᠲᠠᠢ ᠥᠨᠳᠥᠷ ᠦᠷ᠎ᠡ ᠠᠰᠢᠭ ᠲᠠᠢ ᠮᠡᠷᠭᠡᠵᠢᠯ ᠤᠨ ᠰᠢᠨ᠎ᠡ ᠶᠢ ᠡᠭᠦᠳᠴᠡᠢ᠃ ᠲᠤᠬᠠᠢ ᠶᠢᠨ ᠵᠢᠯ ᠳᠤ | ᠳᠠᠷᠢᠭᠰᠠᠨ 2800 ᠮᠦ ᠲᠥᠮᠥᠰᠥ ᠶᠢᠨ ᠮᠦ ᠪᠦᠷᠢ ᠶᠢᠨ ᠤᠨᠠᠯᠲᠠ ᠶᠢ 2 ᠲᠣᠨ ᠪᠠᠶᠢᠭᠰᠠᠨ ᠠᠴᠠ 5 ᠲᠣᠨ ᠭᠠᠷᠤᠢ | ᠪᠣᠯᠭᠠᠨ ᠳᠡᠭᠡᠭᠰᠢᠯᠡᠭᠦᠯᠵᠦ᠂ ᠲᠤᠬᠠᠢ ᠶᠢᠨ ᠭᠠᠵᠠᠷ ᠤᠨ ᠲᠥᠮᠥᠰᠥ ᠶᠢᠨ ᠮᠡᠷᠭᠡᠵᠢᠯ ᠤᠨ ᠵᠠᠭᠪᠤᠷ ᠪᠣᠯᠣᠨ ᠠᠮᠤ | ᠪᠤᠳᠠᠭᠠᠨ ᠤ ᠤᠨᠠᠯᠲᠠ ᠶᠢ ᠳᠡᠭᠡᠭᠰᠢᠯᠡᠭᠦᠯᠬᠦ ᠳᠤ ᠬᠡᠪ ᠳᠠᠭᠤᠷᠢᠶᠠᠯ ᠪᠣᠯᠤᠭᠰᠠᠨ ᠪᠠᠶᠢᠨ᠎ᠠ᠃ | ᠬᠤᠶᠠᠷ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠴᠢᠳᠠᠪᠤᠷᠢᠲᠠᠨ ᠢ ᠣᠷᠣᠭᠤᠯᠤᠨ ᠠᠪᠴᠢᠷᠠᠵᠤ᠂ | ᠲᠠᠷᠢᠶᠠᠯᠠᠩ ᠤᠨ ᠬᠥᠭᠵᠢᠯᠲᠡ ᠶᠢᠨ ᠰᠢᠨ᠎ᠡ ᠰᠡᠳᠬᠢᠴᠡ ᠶᠢ ᠬᠥᠲᠥᠯᠥᠨ ᠵᠢᠯᠣᠭᠤᠳᠴᠠᠢ᠃ | ︽ᠲᠠᠷᠢᠶᠠᠯᠠᠩ ᠢ ᠪᠤᠵᠠᠭᠠᠶᠢᠷᠠᠭᠤᠯᠬᠤ ᠪᠢᠰᠢ᠂ ᠬᠠᠷᠢᠨ ᠨᠠᠷᠢᠯᠢᠭ ᠬᠢᠬᠦ︾ ᠦᠵᠡᠯᠲᠡ ᠶᠢ ᠬᠤᠪᠢᠷᠠᠭᠤᠯᠵᠤ᠂ | ᠤᠤᠯ ᠤᠨ 9000 ᠮᠦ ᠳᠠᠭᠠᠭᠠᠴᠢᠯᠠᠯᠲᠠ ᠶᠢᠨ ᠭᠠᠵᠠᠷ ᠢ ᠭᠤᠷᠪᠠᠨ ᠲᠤᠰᠠᠭᠠᠷ ᠲᠠᠷᠢᠶᠠᠯᠠᠩ ᠤᠨ ᠲᠠᠯᠠᠪᠠᠶ ᠬᠤᠪᠢᠶᠠᠨ | ᠡᠵᠡᠩᠨᠡᠬᠦ ᠶᠢᠨ ᠬᠠᠮᠲᠤ ᠤᠤᠯ ᠤᠨ ᠰᠢᠨᠫᠦ᠋ᠯᠦ᠋ ᠶᠢᠨ ᠬᠠᠮᠲᠤ ᠠᠵᠢᠯᠯᠠᠭᠴᠢ ᠶᠢ ᠣᠷᠣᠭᠤᠯᠤᠨ ᠬᠠᠮᠲᠤ ᠪᠠᠷ | ᠬᠥᠭᠵᠢᠭᠦᠯᠵᠦ᠂ ᠭᠤᠷᠪᠠᠨ ᠵᠢᠱᠢᠶ᠎ᠡ ᠦᠵᠡᠭᠦᠯᠬᠦ ᠬᠡᠯᠪᠡᠷᠢ ᠶᠢᠨ ᠲᠠᠷᠢᠶᠠᠯᠠᠩ ᠤᠨ ᠲᠠᠯᠠᠪᠠᠶ ᠶᠢ ᠴᠣᠭᠴᠠᠯᠠᠨ ᠪᠠᠶᠢᠭᠤᠯᠪᠠ᠃ | ᠡᠯ᠎ᠡ ᠲᠠᠷᠢᠶᠠᠯᠠᠩ ᠤᠨ ᠲᠠᠯᠠᠪᠠᠢ ᠶᠢᠨ ᠲᠥᠬᠦᠭᠡᠷᠦᠮᠵᠢ ᠶᠢ ᠨᠡᠶᠢᠳᠬᠡᠵᠦ᠂ ᠲᠠᠷᠢᠶᠠᠯᠠᠩ ᠤᠨ ᠮᠠᠰᠢᠨ ᠤ ᠦᠢᠯᠡᠴᠢᠯᠡᠭᠡᠨ ᠤ | ᠠᠩᠭᠢ ᠶᠢ ᠠᠩᠬ᠎ᠠ ᠠᠯᠬᠤᠮ ᠪᠦᠷᠢᠯᠳᠦᠭᠦᠯᠵᠦ᠂ ᠥᠪᠡᠷ ᠤᠨ ᠲᠠᠷᠢᠶᠠᠯᠠᠩ ᠤᠨ ᠲᠠᠯᠠᠪᠠᠢ ᠳᠠᠭᠠᠨ ᠠᠵᠢᠯᠯᠠᠬᠤ ᠶᠢᠨ | ᠬᠠᠮᠲᠤ ᠡᠷᠬᠢᠨ ᠲᠣᠭᠤᠷᠢᠨ ᠤ ᠲᠠᠷᠢᠶᠠᠴᠢᠨ ᠡᠷᠦᠬᠡ ᠳᠤ ᠴᠦ ᠣᠷᠣᠯᠠᠨ ᠳᠠᠷᠢᠵᠤ ᠣᠷᠣᠯᠠᠨ ᠳᠠᠷᠢᠪᠠ᠃ ᠲᠤᠰᠬᠠᠢ | ᠮᠡᠷᠭᠡᠵᠢᠯ ᠤᠨ ᠦᠢᠯᠡᠴᠢᠯᠡᠭᠡᠨ ᠤ ᠪᠦᠯᠬᠦᠮ ᠲᠠᠢ᠂ ᠤᠯᠤᠰ ᠤᠨ ᠳᠣᠲᠣᠭᠠᠳᠤ ᠶᠢᠨ ᠨᠠᠷᠠᠲᠤ ᠫᠷᠤᠹᠧᠰᠰᠤᠷ 2᠂ | ᠬᠠᠮᠲᠤᠷᠠᠯᠴᠠᠭᠠᠨ ᠤ ᠬᠠᠨᠢᠲᠠᠨ ᠤ ᠶᠡᠭᠡ ᠰᠤᠷᠭᠠᠭᠤᠯᠢ ᠶᠢᠨ ᠵᠢᠩᠬᠢᠨᠢ ᠠᠩᠭᠢ ᠶᠢᠨ ᠰᠣᠷᠣᠭᠴᠢ 5 ᠪᠣᠶ︔ ᠡᠷᠬᠢᠨ | ᠲᠣᠭᠤᠷᠢᠨ ᠤ 20000 ᠮᠦ ᠲᠥᠮᠥᠰᠥ ᠶᠢᠨ ᠪᠦᠬᠦ ᠶᠠᠪᠤᠴᠠ ᠳᠤ ᠦᠢᠯᠡᠴᠢᠯᠡᠵᠦ᠂ 18 ᠭᠡᠰᠢᠭᠦᠨ ᠢ ᠵᠢᠯᠣᠭᠤᠳᠤᠨ | ᠦᠢᠯᠡᠴᠢᠯᠡᠵᠦ᠂ ᠡᠷᠬᠢᠨ ᠲᠣᠭᠤᠷᠢᠨ ᠤ 2 ᠲᠦᠮᠡᠨ ᠮᠦ ᠲᠥᠮᠥᠰᠥ ᠲᠠᠷᠢᠬᠤ ᠡᠷᠦᠬᠡ ᠶᠢ ᠳᠠᠶᠢᠴᠢᠯᠠᠪᠠ᠃ | ᠭᠤᠷᠪᠠ᠂ ᠲᠠᠷᠢᠶᠠᠯᠠᠩ ᠲᠠᠢ ᠬᠤᠯᠪᠣᠭᠠᠯᠠᠵᠤ ᠲᠠᠷᠢᠶᠠᠯᠠᠩ ᠢ ᠳᠠᠶᠢᠴᠢᠯᠠᠵᠤ᠂ ᠬᠠᠮᠲᠤᠷᠠᠨ ᠠᠵᠢᠯᠯᠠᠵᠤ ᠬᠠᠮᠲᠤ ᠪᠠᠷ | ᠠᠰᠢᠭ ᠬᠦᠷᠲᠡᠵᠦ᠂ ᠡᠷᠴᠢᠮᠵᠢᠭᠦᠯᠦᠭᠰᠡᠨ ᠡᠵᠡᠩᠨᠡᠯᠲᠡ ᠶᠢᠨ ᠰᠢᠨ᠎ᠡ ᠵᠠᠮ ᠢ ᠬᠠᠶᠢᠨ ᠰᠦᠪᠡᠭᠴᠢᠯᠡᠵᠡᠢ᠃ | ᠯᠢ ᠶᠠ ᠫᠢᠩ ᠭᠡᠷ ᠪᠦᠯᠢ ᠶᠢᠨ ᠡᠵᠡᠩᠨᠡᠯᠲᠡ ᠶᠢᠨ ᠵᠠᠭᠪᠤᠷ ᠨᠢ ᠣᠲᠣ ᠦᠶ᠎ᠡ ᠶᠢᠨ ᠲᠠᠷᠢᠶᠠᠯᠠᠩ ᠤᠨ | ᠬᠥᠭᠵᠢᠯᠲᠡ ᠶᠢᠨ ᠬᠡᠷᠡᠭᠴᠡᠭᠡ ᠳᠤ ᠨᠢᠭᠡᠨᠲᠡ ᠵᠣᠬᠢᠴᠠᠬᠤ ᠦᠭᠡᠢ ᠪᠣᠯᠵᠠᠢ᠂ ᠲᠠᠷᠢᠶᠠᠯᠠᠩ ᠲᠠᠢ ᠬᠤᠯᠪᠣᠭᠠᠯᠠᠵᠤ | ᠲᠠᠷᠢᠶᠠᠯᠠᠩ ᠢ ᠳᠠᠶᠢᠴᠢᠯᠠᠬᠤ᠂ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠭᠥᠷᠳᠡᠬᠦ ᠪᠣᠯ ᠰᠠᠶ᠋ᠢ ᠠᠵᠤ ᠦᠢᠯᠡᠰ ᠤᠨ | ᠬᠥᠭᠵᠢᠯᠲᠡ ᠶᠢᠨ ᠭᠠᠷᠬᠤ ᠵᠠᠮ ᠮᠥᠨ ᠭᠡᠳᠡᠭ ᠢ ᠭᠦᠨᠵᠡᠭᠡᠢ ᠣᠶᠢᠯᠠᠭᠠᠵᠤ ᠪᠠᠶᠢᠨ᠎ᠠ᠃ ᠦᠢᠯᠡᠴᠢᠯᠡᠬᠦ ᠪᠠᠷ ᠭᠤᠣᠯ | ᠪᠣᠯᠭᠠᠨ᠂ ᠲᠤᠬᠠᠢ ᠶᠢᠨ ᠭᠠᠵᠠᠷ ᠤᠨ ᠲᠠᠷᠢᠶᠠᠯᠠᠩ ᠤᠨ ᠠᠵᠤ ᠦᠢᠯᠡᠰᠵᠢᠯᠲᠡ ᠶᠢᠨ ᠬᠥᠭᠵᠢᠯᠲᠡ ᠲᠠᠢ ᠨᠢᠭᠲᠠ | ᠤᠶᠠᠯᠳᠤᠭᠤᠯᠤᠨ᠂ ︽ᠳᠤᠯᠤᠭ᠎ᠠ ᠶᠢ ᠨᠢᠭᠡᠳᠬᠡᠬᠦ︾ ᠡᠵᠡᠩᠨᠡᠯᠲᠡ ᠬᠠᠮᠢᠶᠠᠷᠤᠯᠲᠠ ᠶᠢᠨ ᠵᠠᠭᠪᠤᠷ ᠢ ᠬᠡᠷᠡᠭᠵᠢᠭᠦᠯᠵᠡᠢ᠃ 6 | ᠬᠤᠷᠰᠢᠶ᠎ᠠ ᠪᠠ 1 ᠭᠡᠷ ᠪᠦᠯᠢ ᠶᠢᠨ ᠲᠠᠷᠢᠶᠠᠯᠠᠩ ᠤᠨ ᠲᠠᠯᠠᠪᠠᠶ ᠲᠠᠢ ᠬᠤᠯᠪᠤᠭᠠᠯᠠᠨ᠂ ᠨᠡᠢᠲᠡ 18 ᠭᠡᠰᠢᠭᠦᠨ ᠲᠠᠢ᠃ | 19800 ᠮᠦ ᠭᠠᠵᠠᠷ ᠰᠢᠷᠣᠢ ᠡᠵᠡᠩᠨᠡᠵᠦ᠂ ︽ᠬᠤᠷᠰᠢᠶ᠎ᠠ + ᠬᠤᠷᠰᠢᠶ᠎ᠠ︾᠂ ︽ᠬᠤᠷᠰᠢᠶ᠎ᠠ + ᠲᠠᠷᠢᠶᠠᠴᠢᠨ ᠡᠷᠦᠬᠡ︾᠂ | ︽ᠬᠤᠷᠰᠢᠶ᠎ᠠ + ᠠᠵᠤ ᠠᠬᠤᠶᠢᠯᠠᠯ ᠤᠨ ᠵᠠᠬᠢᠶᠠᠯᠠᠭ᠎ᠠ ᠶᠢᠨ ᠬᠠᠭᠤᠳᠠᠰᠤ︾ ᠶᠢᠨ ᠡᠷᠴᠢᠮᠵᠢᠭᠦᠯᠦᠭᠰᠡᠨ ᠡᠵᠡᠩᠨᠡᠯᠲᠡ ᠶᠢᠨ | ᠰᠢᠨ᠎ᠡ ᠵᠠᠮ ᠢ ᠬᠠᠶᠢᠨ ᠰᠦᠪᠡᠭᠴᠢᠯᠡᠵᠦ᠂ ᠣᠶᠢᠷ᠎ᠠ ᠬᠠᠪᠢ ᠶᠢᠨ 206 ᠲᠠᠷᠢᠶᠠᠴᠢᠨ ᠡᠷᠦᠬᠡ ᠶᠢ ᠰᠢᠭᠤᠳ ᠳᠠᠶᠢᠴᠢᠯᠠᠨ | 2 ᠲᠦᠮᠡ ᠭᠠᠷᠤᠢ ᠮᠦ ᠲᠥᠮᠥᠰᠥ ᠳᠠᠷᠢᠭᠤᠯᠵᠤ᠂ ᠣᠶᠢᠷ᠎ᠠ ᠬᠠᠪᠢ ᠶᠢᠨ 5 ᠲᠦᠮᠡ ᠭᠠᠷᠤᠢ ᠮᠦ ᠲᠥᠮᠥᠰᠥ ᠳᠠᠷᠢᠬᠤ | ᠣᠷᠣᠨ ᠤ ᠮᠦ ᠪᠦᠷᠢ ᠶᠢᠨ ᠤᠨᠠᠯᠲᠠ ᠶᠢ 2 ᠲᠣᠨ ᠪᠠᠶᠢᠭᠰᠠᠨ ᠠᠴᠠ 4 ᠲᠣᠨ ᠪᠣᠯᠭᠠᠨ ᠨᠡᠮᠡᠭᠳᠡᠭᠦᠯᠵᠦ᠂ ᠣᠶᠢᠷ᠎ᠠ | ᠬᠠᠪᠢ ᠶᠢᠨ 5 ᠲᠦᠮᠡ ᠭᠠᠷᠤᠢ ᠮᠦ ᠲᠥᠮᠥᠰᠥ ᠳᠠᠷᠢᠬᠤ ᠣᠷᠣᠨ ᠤ ᠮᠦ ᠪᠦᠷᠢ ᠶᠢᠨ ᠤᠨᠠᠯᠲᠠ ᠶᠢ 2 ᠲᠣᠨ | ᠪᠠᠶᠢᠭᠰᠠᠨ ᠠᠴᠠ 4 ᠲᠣᠨ ᠪᠣᠯᠭᠠᠨ ᠨᠡᠮᠡᠭᠳᠡᠭᠦᠯᠵᠦ᠂ ᠤᠯᠠᠷᠢᠯ ᠤᠨ ᠴᠢᠨᠠᠷᠲᠠᠢ ᠠᠵᠢᠯ ᠬᠥᠳᠡᠯᠮᠦᠷᠢ ᠬᠢᠬᠦ ᠠᠵᠢᠯ ᠤᠨ | ᠪᠠᠶᠢᠷᠢ 630᠂ ᠲᠣᠭᠲᠠᠮᠠᠯ ᠠᠵᠢᠯᠴᠢᠨ 30 ᠬᠠᠩᠭᠠᠵᠤ᠂ ᠲᠠᠷᠢᠶᠠᠴᠢᠨ ᠡᠷᠦᠬᠡ ᠶᠢᠨ ᠵᠢᠯ ᠤᠨ ᠬᠥᠮᠥᠨ ᠳᠤᠮᠳᠠᠴᠢ ᠶᠢᠨ | ᠣᠷᠣᠯᠭ᠎ᠠ ᠶᠢ 6000 ᠲᠥᠭᠦᠷᠢᠭ ᠠᠴᠠ ᠳᠡᠭᠡᠭᠰᠢ ᠨᠡᠮᠡᠭᠳᠡᠭᠦᠯᠵᠦ᠂ ᠲᠥᠮᠥᠰᠥ ᠶᠢᠨ ᠡᠷᠴᠢᠮᠵᠢᠭᠦᠯᠦᠭᠰᠡᠨ | ᠡᠵᠡᠩᠨᠡᠯᠲᠡ ᠶᠢᠨ ᠬᠢᠷᠢ ᠲᠦᠪᠰᠢᠨ ᠢ ᠲᠤᠶᠢᠯ ᠤᠨ ᠶᠡᠭᠡ ᠪᠠᠷ ᠳᠡᠭᠡᠭᠰᠢᠯᠡᠭᠦᠯᠦᠨ᠂ ᠰᠢᠨ᠎ᠡ ᠬᠡᠯᠪᠡᠷᠢ ᠶᠢᠨ | ᠡᠵᠡᠩᠨᠡᠯᠲᠡ ᠶᠢᠨ ᠭᠤᠣᠯ ᠴᠣᠭᠴᠠ ᠶᠢᠨ ᠬᠥᠭᠵᠢᠨ ᠪᠤᠵᠠᠭᠠᠶᠢᠷᠠᠬᠤ ᠶᠢ ᠬᠦᠴᠦᠲᠡᠢ ᠠᠬᠢᠭᠤᠯᠵᠤ᠂ ᠬᠡᠪᠴᠢᠶᠡᠵᠢᠭᠰᠡᠨ | ᠦᠷ᠎ᠡ ᠠᠰᠢᠭ ᠢ ᠪᠡᠶᠡᠯᠡᠭᠦᠯᠦᠨ᠂ ᠲᠠᠷᠢᠶᠠᠯᠠᠩ ᠤᠨ ᠦᠷᠭᠦᠯᠵᠢᠯᠡᠬᠦ ᠬᠥᠭᠵᠢᠯᠲᠡ ᠳᠤ ᠰᠠᠭᠤᠷᠢ ᠲᠠᠯᠪᠢᠵᠤ ᠥᠭᠭᠦᠭᠰᠡᠨ | ᠪᠥᠭᠡᠳ ᠬᠤᠯᠪᠣᠭᠳᠠᠯ ᠪᠦᠬᠦᠢ ᠠᠵᠤ ᠦᠢᠯᠡᠰ ᠤᠨ ᠬᠥᠭᠵᠢᠯᠲᠡ ᠳᠤ ᠣᠷᠣᠨ ᠵᠠᠢ ᠦᠯᠡᠳᠡᠭᠡᠵᠦ ᠥᠭᠭᠦᠭᠰᠡᠨ | ᠪᠠᠶᠢᠨ᠎ᠠ᠃ | ᠯᠢ ᠶᠠ ᠫᠢᠩ ᠥᠪᠡᠷ ᠤᠨ ᠡᠯᠪᠡᠭ ᠪᠠᠶᠠᠯᠢᠭ ᠮᠡᠳᠡᠯᠭᠡ ᠶᠢᠨ ᠬᠤᠷᠠᠮᠳᠤᠭᠤᠯᠤᠯ ᠪᠠ ᠦᠢᠯᠡᠳᠦᠯᠭᠡ ᠶᠢᠨ | ᠲᠤᠷᠰᠢᠯᠭ᠎ᠠ ᠪᠠᠷ ᠢᠶᠠᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠᠷ ᠲᠠᠮᠵᠢᠨ᠂ ᠣᠳᠣᠬᠠᠨ ᠳᠤ ᠨᠢᠭᠡᠨᠲᠡ ᠨᠢᠭᠡᠨ | ᠲᠤᠰᠬᠠᠢ ᠮᠡᠷᠭᠡᠵᠢᠯ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠪᠦᠯᠬᠦᠮ ᠲᠠᠢ ᠪᠣᠯᠵᠤ᠂ ᠡᠷᠬᠢᠨ ᠲᠣᠭᠤᠷᠢᠨ ᠤ 400 | ᠭᠠᠷᠤᠢ ᠲᠠᠷᠢᠮᠠᠯ ᠤᠨ ᠡᠷᠦᠬᠡ ᠶᠢᠨ 50000 ᠭᠠᠷᠤᠢ ᠮᠦ ᠲᠠᠷᠢᠶᠠᠨ ᠭᠠᠵᠠᠷ ᠲᠤ ᠦᠨ᠎ᠡ ᠲᠥᠯᠥᠪᠦᠷᠢ ᠦᠭᠡᠢ ᠪᠠᠷ | ᠵᠢᠭᠠᠨ ᠵᠢᠯᠣᠭᠤᠳᠤᠯᠭ᠎ᠠ ᠬᠢᠵᠦ᠂ ᠮᠡᠷᠭᠡᠵᠢᠯ ᠤᠨ ᠦᠢᠯᠡᠴᠢᠯᠡᠭᠡ ᠬᠠᠩᠭᠠᠵᠤ᠂ ᠥᠪᠡᠷ ᠤᠨ ᠡᠵᠡᠩᠨᠡᠯᠲᠡ ᠶᠢᠨ | ᠣᠶᠢᠯᠠᠭᠠᠭᠳᠠᠬᠤᠨ᠂ ᠲᠠᠷᠢᠮᠠᠯ ᠤᠨ ᠮᠡᠷᠭᠡᠵᠢᠯ ᠵᠡᠷᠭᠡ ᠪᠠᠨ ᠥᠴᠥᠬᠡᠨ ᠴᠦ ᠦᠯᠡᠳᠡᠭᠡᠯ ᠦᠭᠡᠢ ᠪᠠᠷ ᠲᠠᠷᠢᠶᠠᠴᠢᠨ | ᠡᠷᠦᠬᠡ ᠳᠤ ᠤᠯᠠᠮᠵᠢᠯᠠᠵᠤ ᠥᠭᠴᠡᠢ᠃ ᠡᠭᠦᠨ ᠤ ᠵᠡᠷᠭᠡᠴᠡᠭᠡᠪᠡᠷ ᠰᠢᠨ᠎ᠡ ᠲᠧᠭᠨᠢᠭ ᠮᠡᠷᠭᠡᠵᠢᠯ᠂ ᠰᠢᠨ᠎ᠡ ᠡᠭᠦᠯᠳᠡᠷ ᠤᠨ | ᠲᠤᠷᠰᠢᠯᠲᠠ ᠬᠢᠵᠦ ᠵᠢᠱᠢᠶ᠎ᠡ ᠦᠵᠡᠭᠦᠯᠬᠦ ᠠᠵᠢᠯ ᠢ ᠢᠳᠡᠪᠬᠢᠲᠡᠢ ᠥᠷᠨᠢᠭᠦᠯᠵᠦ᠂ ᠲᠧᠭᠨᠢᠭ ᠮᠡᠷᠭᠡᠵᠢᠯ ᠤᠨ | ᠦᠢᠯᠡᠴᠢᠯᠡᠭᠡᠨ ᠤ ᠵᠠᠭᠪᠤᠷ ᠤᠨ ᠲᠠᠯ᠎ᠠ ᠪᠠᠷ ᠰᠢᠨ᠎ᠡ ᠶᠢ ᠡᠭᠦᠳᠪᠡ᠃ ᠡᠳᠦᠭᠡ ᠯᠢ ᠶᠠ ᠫᠢᠩ ᠲᠠᠷᠢᠶᠠᠴᠢᠨ ᠡᠷᠦᠬᠡ ᠶᠢᠨ | ᠬᠠᠶᠢᠷᠠᠯᠠᠨ ᠬᠦᠨᠳᠦᠳᠬᠡᠳᠡᠭ ᠮᠡᠷᠭᠡᠵᠢᠯ ᠤᠨ ᠲᠤᠰᠬᠠᠢ ᠮᠡᠷᠭᠡᠵᠢᠯᠲᠡᠨ ᠪᠣᠯᠵᠠᠢ᠃ ᠨᠢᠭᠡᠨ ᠬᠤᠷᠰᠢᠶᠠᠨ ᠤ | ᠬᠠᠷᠢᠭᠤᠴᠠᠯᠭᠠᠲᠠᠨ᠄ ︽ᠪᠢᠳᠡ ᠤᠳᠤ ᠲᠠᠷᠢᠶ᠎ᠠ ᠲᠠᠷᠢᠬᠤ ᠳᠤ ᠵᠣᠪᠠᠭ᠋ᠤ ᠬᠡᠷᠡᠭ ᠦᠭᠡᠢ᠂ ᠵᠥᠪᠬᠡᠨ ᠯᠢ ᠶᠠ ᠫᠢᠩ ᠳᠤ | ᠲᠥᠮᠥᠰᠥ᠂ ᠦᠷ᠎ᠡ᠂ ᠪᠣᠷᠳᠣᠭᠤᠷ᠂ ᠲᠠᠷᠢᠶᠠᠨ ᠡᠮ ᠬᠡᠳᠦᠢ ᠲᠠᠷᠢᠵᠦ ᠪᠠᠶᠢᠭ᠎ᠠ ᠶᠢ ᠬᠡᠯᠡᠵᠦ ᠥᠭᠪᠡᠯ᠂ ᠵᠠᠬᠢᠶᠠᠯᠠᠭ᠎ᠠ ᠶᠢᠨ | ᠬᠠᠭᠤᠳᠠᠰᠤ ᠶᠢ ᠴᠥᠮ ᠲᠣᠬᠢᠷᠠᠭᠤᠯᠵᠤ ᠳᠠᠭᠤᠰᠬᠠᠵᠤ᠂ ᠨᠠᠮᠤᠷ ᠤᠨ ᠤᠯᠠᠷᠢᠯ ᠤᠨ ᠵᠣᠭᠤᠰ ᠢ ᠲᠣᠭᠠᠯᠠᠬᠤ ᠶᠢ | ᠬᠦᠯᠢᠶᠡᠴᠢᠬᠡᠨᠡ︾ ᠭᠡᠵᠦ ᠬᠡᠯᠡᠵᠦ ᠪᠠᠶᠢᠪᠠ᠃ | | | | | ᠨᠠᠷᠠᠲᠤ ᠲᠥᠷᠥᠯ ᠲᠡᠮᠳᠡᠭᠲᠦ᠂ ᠴᠥᠷᠬᠦᠯᠡᠭᠡ ᠮᠠᠶ᠋ᠢᠭ ᠤᠨ ᠬᠥᠭᠵᠢᠯᠲᠡ ᠶᠢ ᠡᠭᠦᠳᠦᠨ ᠪᠠᠶᠢᠭᠤᠯᠵᠤ᠂ ᠠᠵᠤ | ᠦᠢᠯᠡᠰ ᠤᠨ ᠠᠭᠤᠰᠤᠯᠴᠠᠯ ᠤᠨ ᠰᠢᠨ᠎ᠡ ᠲᠠᠪᠴᠠᠩ ᠢ ᠪᠣᠶ ᠪᠣᠯᠭᠠᠵᠠᠢ | ᠯᠢ ᠶᠠ ᠫᠢᠩ ᠴᠣ᠋ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢᠶᠠᠷ ᠲᠥᠮᠥᠰᠥ ᠲᠠᠷᠢᠬᠤ᠂ ᠦᠢᠯᠡᠴᠢᠯᠡᠬᠦ᠂ | ᠬᠥᠮᠥᠷᠭᠡᠯᠡᠬᠦ᠂ ᠪᠣᠷᠣᠯᠠᠭᠤᠯᠬᠤ ᠪᠠᠷ ᠭᠤᠣᠯ ᠤᠳᠤᠷᠢᠳᠤᠮᠵᠢ ᠪᠣᠯᠭᠠᠭᠰᠠᠨ᠂ ᠪᠤᠰᠤᠳ ᠬᠤᠯᠪᠣᠭᠳᠠᠯ ᠪᠦᠬᠦᠢ ᠠᠵᠤ | ᠦᠢᠯᠡᠰ ᠢ ᠵᠡᠷᠭᠡᠪᠡᠷ ᠬᠥᠭᠵᠢᠭᠦᠯᠦᠭᠰᠡᠨ ᠡᠵᠡᠩᠨᠡᠯᠲᠡ ᠶᠢᠨ ᠬᠡᠯᠪᠡᠷᠢ ᠮᠠᠶ᠋ᠢᠭ ᠢ ᠬᠥᠲᠥᠯᠥᠨ ᠵᠢᠯᠤᠭᠤᠳᠴᠤ᠂ ᠠᠵᠤ | ᠦᠢᠯᠡᠰ ᠤᠨ ᠬᠡᠯᠬᠢᠶ᠎ᠡ ᠶᠢ ᠳᠠᠰᠤᠷᠠᠯᠳᠠ ᠦᠭᠡᠢ ᠲᠡᠭᠦᠯᠳᠡᠷᠵᠢᠭᠦᠯᠵᠦ᠂ ᠠᠵᠤ ᠦᠢᠯᠡᠰ ᠤᠨ ᠠᠭᠤᠰᠤᠯᠴᠠᠨ ᠬᠥᠭᠵᠢᠬᠦ | ᠰᠢᠨ᠎ᠡ ᠲᠠᠪᠴᠠᠩ ᠢ ᠴᠢᠷᠮᠠᠶᠢᠨ ᠴᠣᠭᠴᠠᠯᠠᠪᠠ᠃ 6 ᠬᠤᠷᠰᠢᠶ᠎ᠠ᠂ 1 ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ ᠵᠢᠴᠢ | 30 ᠭᠠᠷᠤᠢ ᠡᠷᠦᠬᠡ ᠲᠠᠢ ᠬᠤᠯᠪᠤᠭᠠᠯᠠᠨ᠂ ᠲᠥᠮᠥᠰᠥ ᠪᠣᠯᠪᠠᠰᠤᠷᠠᠭᠤᠯᠬᠤ ᠠᠵᠤ ᠠᠬᠤᠶᠢᠯᠠᠯ ᠲᠠᠢ ᠲᠠᠷᠢᠮᠠᠯ ᠤᠨ | ᠬᠠᠮᠲᠤᠷᠠᠯᠴᠠᠭᠠᠨ ᠤ ᠲᠣᠭᠲᠠᠪᠤᠷᠢᠲᠠᠢ ᠬᠠᠷᠢᠴᠠᠭ᠎ᠠ ᠪᠠᠶᠢᠭᠤᠯᠵᠤ᠂ ᠲᠠᠷᠢᠮᠠᠯ ᠤᠨ ᠡᠷᠦᠬᠡ ᠶᠢᠨ ᠮᠦ ᠪᠦᠷᠢ ᠶᠢᠨ 800 | ᠲᠥᠭᠦᠷᠢᠭ ᠠᠴᠠ ᠳᠡᠭᠡᠭᠰᠢᠬᠢ ᠲᠣᠭᠲᠠᠪᠤᠷᠢᠲᠠᠢ ᠴᠡᠪᠡᠷ ᠣᠷᠣᠯᠭ᠎ᠠ ᠶᠢ ᠪᠠᠲᠤᠯᠠᠪᠠ︔ ᠡᠭᠦᠨ ᠤ ᠵᠡᠷᠭᠡ ᠳᠤ | ᠬᠤᠷᠰᠢᠭᠴᠢᠳ ᠲᠠᠢ ᠬᠠᠮᠲᠤ ᠪᠠᠷ ︽ᠥᠪᠥᠷ ᠮᠣᠩᠭᠤᠯ ᠤᠨ ᠨᠣᠭᠤᠭᠠᠨ ᠴᠡᠪᠡᠷ ᠬᠥᠷᠥᠰᠥ︾ ᠶᠢᠨ ᠨᠠᠷᠠᠲᠤ ᠲᠥᠷᠥᠯ | ᠲᠡᠮᠳᠡᠭᠲᠦ ᠶᠢ ᠪᠣᠶ ᠪᠣᠯᠭᠠᠵᠤ᠂ ᠳᠥᠷᠪᠡᠳ ᠬᠤᠰᠢᠭᠤᠨ ᠤ ᠲᠥᠮᠥᠰᠥ ᠶᠢᠨ ᠨᠠᠷᠠᠲᠤ ᠲᠡᠮᠳᠡᠭᠲᠦ ᠶᠢᠨ ᠪᠠᠶᠢᠯᠳᠤᠬᠤ | ᠪᠣᠳᠣᠯᠭ᠎ᠠ ᠶᠢ ᠤᠷᠢᠳ ᠢᠶᠠᠷ ᠬᠡᠷᠡᠭᠵᠢᠭᠦᠯᠵᠦ ᠤᠷᠢᠳ ᠢᠶᠠᠷ ᠲᠤᠷᠰᠢᠬᠤ ᠶᠢ ᠲᠦᠯᠬᠢᠨ ᠠᠬᠢᠭᠤᠯᠵᠠᠢ︔ 6 ᠬᠤᠷᠰᠢᠶ᠎ᠠ | ᠪᠣᠯᠣᠨ 1 ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ ᠲᠠᠢ ᠬᠤᠯᠪᠤᠭᠠᠯᠠᠨ᠂ 1400 ᠲᠦᠮᠡᠨ ᠲᠥᠭᠦᠷᠢᠭ ᠤᠨ ᠪᠡᠯᠡ | ᠣᠷᠣᠭᠤᠯᠵᠤ ᠲᠦᠮᠡᠨ ᠲᠣᠨ ᠤ ᠣᠳᠣᠬᠢᠴᠢᠯᠠᠭᠰᠠᠨ ᠬᠦᠢᠲᠡᠨ ᠢᠶᠠᠷ ᠬᠠᠳᠠᠭᠠᠯᠠᠬᠤ ᠬᠥᠮᠥᠷᠭᠡ ᠶᠢ ᠪᠠᠶᠢᠭᠤᠯᠵᠤ᠂ | ᠲᠥᠮᠥᠰᠥ ᠶᠢ ᠬᠥᠮᠥᠷᠭᠡᠯᠡᠨ ᠬᠠᠳᠠᠭᠠᠯᠠᠬᠤ ᠨᠥᠬᠦᠴᠡᠯ ᠢ ᠦᠨᠳᠦᠰᠦᠨ ᠠᠴᠠ ᠨᠢ ᠰᠠᠶᠢᠵᠢᠷᠠᠭᠤᠯᠵᠤ᠂ ᠬᠤᠬᠢᠷᠠᠯ ᠢ | ᠪᠠᠭᠠᠰᠬᠠᠵᠤ᠂ ᠲᠥᠮᠥᠰᠥ ᠶᠢ ᠬᠥᠮᠥᠷᠭᠡᠯᠡᠨ ᠬᠠᠳᠠᠭᠠᠯᠠᠬᠤ ᠬᠤᠭᠤᠴᠠᠭ᠎ᠠ ᠶᠢ 6 ᠰᠠᠷ᠎ᠠ ᠪᠠᠶᠢᠭᠰᠠᠨ ᠠᠴᠠ 9 ᠰᠠᠷ᠎ᠠ | ᠪᠣᠯᠲᠠᠯ᠎ᠠ ᠤᠷᠲᠤᠳᠬᠠᠵᠤ᠂ ᠤᠯᠠᠷᠢᠯ ᠤᠨ ᠪᠤᠰᠤ ᠪᠣᠷᠤᠯᠠᠭᠤᠯᠭ᠎ᠠ ᠶᠢ ᠪᠡᠶᠡᠯᠡᠭᠦᠯᠵᠦ᠂ ᠵᠠᠬ᠎ᠠ ᠳᠡᠯᠭᠡᠭᠦᠷ ᠲᠤ | ᠲᠡᠩᠴᠡᠭᠦᠷᠢᠲᠡᠢ ᠭᠠᠷᠭᠠᠬᠤ ᠶᠢ ᠪᠡᠶᠡᠯᠡᠭᠦᠯᠵᠦ᠂ ᠵᠠᠬ᠎ᠠ ᠳᠡᠯᠭᠡᠭᠦᠷ ᠤᠨ ᠠᠶᠤᠯ ᠲᠦᠭᠰᠢᠭᠦᠷᠢ ᠶᠢ ᠪᠠᠭᠠᠰᠬᠠᠵᠤ᠂ ᠲᠥᠮᠥᠰᠥ | ᠲᠠᠷᠢᠬᠤ ᠠᠵᠤ ᠠᠬᠤᠢ ᠶᠢᠨ ᠦᠷ᠎ᠡ ᠠᠰᠢᠭ ᠢ ᠳᠡᠭᠡᠭᠰᠢᠯᠡᠭᠦᠯᠪᠡ᠃ | ᠯᠢ ᠶᠠ ᠫᠢᠩ ᠤᠨ ᠦᠢᠯᠡᠳᠦᠯᠭᠡ ᠨᠢ ᠵᠢᠱᠢᠶ᠎ᠡ ᠦᠵᠡᠭᠦᠯᠬᠦ᠂ ᠦᠢᠯᠡᠴᠢᠯᠡᠬᠦ ᠪᠠ ᠳᠠᠶᠢᠴᠢᠯᠠᠬᠤ ᠦᠢᠯᠡᠳᠦᠯ | ᠦᠵᠡᠭᠦᠯᠵᠦ᠂ ᠨᠡᠩ ᠤᠯᠠᠨ ᠲᠠᠷᠢᠶᠠᠯᠠᠩ ᠤᠨ ᠲᠠᠯᠠᠪᠠᠢ ᠶᠢᠨ ᠡᠵᠡᠨ ᠪᠣᠯᠣᠨ ᠲᠠᠷᠢᠶᠠᠴᠢᠳ ᠤᠨ ᠪᠠᠷᠢᠮᠵᠢᠶᠠᠵᠢᠭᠤᠯᠤᠨ | ᠲᠠᠷᠢᠬᠤ ᠶᠢ ᠬᠥᠲᠥᠯᠥᠨ ᠳᠠᠭᠠᠭᠤᠯᠵᠤ᠂ ᠡᠭᠦᠨ ᠤ ᠤᠯᠠᠮ ᠠᠴᠠ ᠲᠠᠷᠢᠶᠠᠨ ᠭᠠᠵᠠᠷ ᠤᠨ ᠬᠥᠷᠥᠰᠥ ᠰᠢᠷᠣᠢ ᠶᠢᠨ | ᠴᠢᠨᠠᠷ ᠢ ᠬᠠᠮᠠᠭᠠᠯᠠᠬᠤ᠂ ᠲᠠᠷᠢᠶᠠᠯᠠᠩ ᠤᠨ ᠭᠠᠷᠤᠯᠲᠠ ᠶᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ᠂ | ᠠᠵᠤ ᠦᠢᠯᠡᠰ ᠤᠨ ᠬᠥᠭᠵᠢᠯᠲᠡ ᠶᠢᠨ ︽ᠲᠦᠷᠪᠡᠨ ᠲᠠᠯ᠎ᠠ ᠪᠠᠷ ᠠᠰᠢᠭ ᠬᠦᠷᠳᠡᠬᠦ︾ ᠦᠷ᠎ᠡ ᠳ᠋ᠦᠩ ᠳᠤ ᠬᠦᠷᠴᠡᠢ᠃ | ᠠᠵᠤ ᠦᠢᠯᠡᠰ ᠤᠨ ᠬᠥᠭᠵᠢᠯᠲᠡ ᠶᠢ ᠳᠠᠶᠢᠴᠢᠯᠠᠬᠤ᠂ ᠬᠠᠮᠲᠤ ᠪᠠᠷ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢ | ᠳᠠᠶᠢᠴᠢᠯᠠᠬᠤ ᠬᠦᠰᠡᠯᠡᠩ ᠢ ᠪᠡᠶᠡᠯᠡᠭᠦᠯᠪᠡ᠃ ᠺᠣᠮᠫᠠᠨᠢ + ᠬᠤᠷᠰᠢᠶ᠎ᠠ + ᠲᠠᠷᠢᠶᠠᠴᠢᠨ ᠡᠷᠦᠬᠡ ᠶᠢᠨ ᠬᠥᠭᠵᠢᠯᠲᠡ ᠶᠢᠨ | ᠬᠡᠪ ᠵᠠᠭᠪᠤᠷ ᠨᠢ ᠳᠥᠷᠪᠡᠳ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠥᠨᠳᠥᠷ ᠦᠨᠡᠯᠡᠯᠲᠡ ᠶᠢ | ᠣᠯᠵᠤ᠂ ᠳᠥᠷᠪᠡᠳ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠨᠡᠶᠢᠲᠡᠯᠢᠭ ᠵᠢᠱᠢᠶ᠎ᠡ | ᠪᠣᠯᠤᠭᠰᠠᠨ ᠪᠠᠶᠢᠨ᠎ᠠ᠃ 2021 ᠣᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠱᠢ ᠲᠠᠢ ᠹᠥ᠋ᠩ ᠱᠦᠵᠢ ᠳᠥᠷᠪᠡᠳ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ᠂ | ᠲᠡᠭᠦᠨ ᠢ ᠬᠥᠳᠡᠭᠡ ᠲᠣᠰᠬᠤᠨ ᠤ ︽ᠴᠢᠳᠠᠪᠤᠷᠢᠲᠠᠨ ᠢ ᠬᠥᠭᠵᠢᠭᠦᠯᠦᠨ ᠮᠠᠨᠳᠤᠭᠤᠯᠬᠤ︾ ᠶᠢ ᠠᠬᠢᠭᠤᠯᠬᠤ ᠨᠡᠶᠢᠲᠡᠯᠢᠭ | ᠴᠢᠳᠠᠪᠤᠷᠢᠲᠠᠨ ᠢᠶᠠᠷ ᠦᠨᠡᠯᠡᠪᠡ᠃ 2023 ᠣᠨ ᠳᠤ᠂ ᠲᠥᠪ ᠤᠨ ᠲᠧᠯᠸᠢᠰ ᠬᠤᠷᠢᠶᠠᠨ ᠤ ᠲᠠᠷᠢᠶᠠᠯᠠᠩ ᠬᠥᠳᠡᠭᠡ | ᠲᠣᠰᠬᠤᠨ ᠲᠠᠷᠢᠶᠠᠴᠢᠨ ᠤ ᠪᠠᠭᠠᠲᠤᠷᠴᠤᠳ ᠤᠨ ᠴᠤᠭᠯᠠᠭᠠᠨ ᠤ ᠫᠷᠣᠭ᠍ᠷᠠᠮ ︽ᠳᠥᠷᠪᠡᠳ ᠬᠤᠰᠢᠭᠤᠨ ᠤ ︿ᠲᠥᠮᠥᠰᠥᠨ | ᠬᠥᠮᠥᠨ﹀︾ ᠨᠢ ᠯᠢ ᠶᠠ ᠫᠢᠩ ᠤᠨ ᠦᠢᠯᠡᠰ ᠴᠣᠭᠴᠠᠯᠠᠭᠰᠠᠨ ᠶᠠᠪᠤᠴᠠ ᠵᠢᠴᠢ ᠨᠤᠲᠤᠭ ᠤᠨ ᠬᠥᠮᠥᠰ ᠢᠶᠠᠨ ᠳᠠᠶᠢᠴᠢᠯᠠᠨ | ᠬᠠᠮᠲᠤ ᠪᠠᠷ ᠪᠠᠶᠠᠵᠢᠭᠰᠠᠨ ᠡᠵᠡᠩᠨᠡᠯᠲᠡ ᠶᠢᠨ ᠵᠠᠭᠪᠤᠷ ᠢ ᠶᠠᠷᠢᠵᠠᠢ᠃ 2022 ᠣᠨ ᠤ 12 ᠰᠠᠷ᠎ᠠ ᠳᠤ ᠲᠠᠷᠢᠶᠠᠯᠠᠩ | ᠬᠥᠳᠡᠭᠡ ᠲᠣᠰᠬᠤᠨ ᠤ ᠶᠠᠮᠤᠨ ᠤ ︽ᠪᠥᠬᠦ ᠤᠯᠤᠰ ᠤᠨ ᠲᠠᠷᠢᠶᠠᠯᠠᠩ ᠮᠠᠯ ᠠᠵᠤ ᠠᠬᠤᠢ ᠵᠢᠭᠠᠰᠤᠨ ᠠᠵᠤ ᠠᠬᠤᠢ ᠶᠢᠨ | ᠡᠯᠪᠡᠭ ᠬᠤᠷᠢᠶᠠᠯᠲᠠ ᠶᠢᠨ ᠭᠤᠷᠪᠠᠳᠤᠭᠠᠷ ᠳᠡᠰ ᠤᠨ ᠱᠠᠩᠨᠠᠯ︾ ᠢ ᠭᠥᠷᠳᠡᠪᠡ︔ 2023 ᠣᠨ ᠤ 1 ᠰᠠᠷ᠎ᠠ ᠳᠤ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ | ᠮᠠᠯᠵᠢᠬᠤ ᠣᠷᠣᠨ ᠤ ᠲᠢᠩᠬᠢᠮ ︽2022 ᠣᠨ ᠤ ᠪᠥᠬᠦ ᠣᠷᠣᠨ ᠤ ᠠᠮᠤ ᠪᠤᠳᠠᠭᠠᠨ ᠤ ᠦᠢᠯᠡᠳᠪᠦᠷᠢᠯᠡᠯ︾ ᠤᠨ | ᠲᠡᠷᠢᠭᠦᠨ ᠤ ᠬᠤᠪᠢ ᠬᠥᠮᠥᠨ ᠢᠶᠠᠷ ᠦᠨᠡᠯᠡᠭᠳᠡᠪᠡ︔ 2023 ᠣᠨ ᠤ 12 ᠰᠠᠷ᠎ᠠ ᠳᠤ ᠳᠤᠮᠳᠠᠳᠤ ᠤᠯᠤᠰ ᠤᠨ ᠡᠪ | ᠬᠠᠮᠲᠤ ᠨᠠᠮ ᠤᠨ ᠤᠯᠠᠭᠠᠨᠴᠠᠪ ᠬᠤᠲᠠ ᠶᠢᠨ ᠬᠤᠷᠢᠶ᠎ᠠ ᠶᠢᠨ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ | ᠣᠷᠳᠣᠨ ᠠᠴᠠ ︽2023 ᠣᠨ ᠤ ᠤᠯᠠᠭᠠᠨᠴᠠᠪ ᠬᠤᠲᠠ ᠶᠢᠨ ᠬᠥᠳᠡᠯᠮᠦᠷᠢ ᠶᠢᠨ ᠵᠢᠱᠢᠶᠡᠴᠢ︾ ᠪᠠᠷ ᠦᠨᠡᠯᠡᠪᠡ᠃ | 2024 ᠣᠨ ᠳᠤ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ | ᠮᠠᠯᠵᠢᠬᠤ ᠣᠷᠣᠨ ᠤ ᠲᠢᠩᠬᠢᠮ ᠠᠴᠠ ︽ᠠᠮᠤ ᠪᠤᠳᠠᠭ᠎ᠠ ᠳᠠᠷᠢᠬᠤ ᠴᠢᠳᠠᠪᠤᠷᠢᠲᠠᠨ ᠤ ᠴᠣᠯᠠ︾ ᠣᠯᠭᠤᠪᠠ︔ 2025 | ᠣᠨ ᠳᠤ ︽ᠤᠮᠠᠷᠠᠲᠤ ᠬᠢᠯᠢ ᠶᠢᠨ ᠰᠢᠨ᠎ᠡ ᠲᠠᠷᠢᠶᠠᠴᠢᠨ︾ ᠤ ᠴᠣᠯᠠ ᠬᠦᠷᠳᠡᠪᠡ︔ 2025 ᠣᠨ ᠤ 4 ᠰᠠᠷ᠎ᠠ ᠳᠤ | ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ︽2025 ᠣᠨ ᠤ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠯᠮᠦᠷᠢ ᠶᠢᠨ ᠵᠢᠱᠢᠶᠡᠴᠢ︾ ᠪᠠᠷ ᠡᠩᠭᠡᠷ ᠢᠶᠠᠨ | ᠮᠢᠯᠢᠶᠠᠯᠭᠠᠪᠠ᠃ |