ᠮᠠᠨ ᠤ ᠣᠷᠣᠨ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ  ᠶᠢᠨ ᠲᠠᠯᠠᠪᠠᠶ ᠶᠢ 143ᠲᠦᠮᠡ ᠭᠠᠷᠤᠢ ᠮᠦ ᠰᠢᠨ᠎ᠡ ᠪᠠᠷ ᠨᠡᠮᠡᠭᠳᠡᠭᠦᠯᠪᠡ
ᠨᠡᠶᠢᠲᠡᠯᠡᠭᠰᠡᠨ ᠴᠠᠭ᠄
2025/5/9
      ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ  ᠤᠨ ᠬᠤᠷᠠᠯᠳᠤᠭᠤᠯᠤᠭᠰᠠᠨ ︽︿ᠵᠢᠷᠭᠤᠭᠠᠨ ᠠᠵᠢᠯᠯᠠᠭ᠎ᠠ﹀ ᠶᠢ ᠭᠦᠨᠵᠡᠭᠡᠢ ᠥᠷᠨᠢᠭᠦᠯᠵᠦ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ︾ ᠰᠢᠷᠢᠰ ᠭᠤᠣᠯ ᠰᠡᠳᠦᠪᠲᠦ ᠰᠣᠨᠢᠨ ᠮᠡᠳᠡᠭᠡ ᠨᠡᠶᠢᠲᠡᠯᠡᠬᠦ ᠬᠤᠷᠠᠯ  ᠠᠴᠠ ᠣᠶᠢᠯᠠᠭᠠᠭᠰᠠᠨ ᠢᠶᠠᠷ᠂ ᠵᠢᠯ ᠤᠨ ᠡᠬᠢᠨ ᠠᠴᠠ ᠨᠠᠭᠠᠰᠢ ᠮᠠᠨ ᠤ ᠣᠷᠣᠨ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠠᠯᠠᠪᠠᠶ ᠶᠢ 143.83 ᠲᠦᠮᠡᠨ ᠮᠦ ᠰᠢᠨ᠎ᠡ ᠪᠠᠷ ᠨᠡᠮᠡᠭᠳᠡᠭᠦᠯᠪᠡ᠃      ᠡᠨᠡ ᠵᠢᠯ ᠮᠠᠨ ᠤ ᠣᠷᠣᠨ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ 2024 ᠣᠨ ᠳᠤ ᠪᠡᠶᠡᠯᠡᠭᠦᠯᠦᠭᠰᠡᠨ 4969 ᠲᠦᠮᠡᠨ ᠮᠦ ᠶᠢᠨ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠳᠤ ︽ᠡᠷᠭᠢᠨ ᠬᠠᠷᠠᠬᠤ︾ ᠠᠵᠢᠯ ᠥᠷᠨᠢᠭᠦᠯᠵᠦ᠂ ᠥᠭᠡᠷᠡᠴᠢᠯᠡᠯᠲᠡ ᠶᠢᠨ ᠦᠷ᠎ᠡ ᠪᠦᠲᠦᠮᠵᠢ ᠶᠢ ᠪᠠᠬᠢᠵᠢᠭᠦᠯᠵᠦ ᠪᠠᠶᠢᠨ᠎ᠠ᠃ ᠡᠭᠦᠨ ᠤ ᠬᠠᠮᠲᠤ ᠥᠭᠡᠷᠡᠴᠢᠯᠡᠪᠡᠯ ᠵᠣᠬᠢᠬᠤ ᠶᠢ ᠨᠢ ᠪᠦᠭᠦᠨ ᠢ ᠥᠭᠡᠷᠡᠴᠢᠯᠡᠬᠦ ᠵᠠᠷᠴᠢᠮ ᠶᠣᠰᠣᠭᠠᠷ᠂ ᠨᠥᠬᠦᠴᠡᠯ ᠳᠤ ᠨᠡᠶᠢᠴᠡᠬᠦ ᠪᠤᠯᠪᠠᠴᠤ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠳᠤ ᠣᠷᠣᠭᠤᠯᠤᠭᠠᠳᠤᠢ ᠪᠦᠲᠦᠮᠵᠢᠲᠡᠶ ᠤᠰᠤᠯᠠᠯᠲᠠ ᠶᠢᠨ ᠲᠠᠯᠠᠪᠠᠶ ᠶᠢ ᠠᠯᠬᠤᠮ ᠠᠯᠬᠤᠮ ᠢᠶᠠᠷ ᠪᠦᠭᠦᠨ ᠢ ᠤᠰᠤᠨ ᠤ ᠦᠨ᠎ᠡ ᠬᠠᠩᠰᠢ ᠶᠢᠨ ᠥᠭᠡᠷᠡᠴᠢᠯᠡᠯᠲᠡ ᠳᠤ ᠣᠷᠣᠭᠤᠯᠵᠤ᠂ ᠣᠳᠣᠬᠠᠨ ᠪᠤᠯᠲᠠᠯ᠎ᠠ ᠲᠥᠪ ᠠᠴᠠ ᠪᠠᠭᠤᠯᠭᠠᠭᠰᠠᠨ ᠳ᠋ᠦᠩᠰᠢᠭᠤᠷ ᠲᠥᠭᠦᠷᠢᠭ  ᠤᠨ ᠱᠠᠩᠨᠠᠯ ᠨᠥᠬᠦᠪᠦᠷᠢ ᠶᠢᠨ ᠪᠡᠯᠡ ᠮᠥᠩᠭᠦ ᠶᠢ ᠲᠠᠷᠢᠶᠠᠯᠠᠩ ᠤᠨ ᠤᠰᠤ ᠠᠷᠪᠢᠯᠠᠭᠰᠠᠨ ᠱᠠᠩᠨᠠᠯ ᠨᠥᠬᠦᠪᠦᠷᠢ ᠳᠤ ᠬᠡᠷᠡᠭᠯᠡᠵᠦ᠂ ᠣᠨᠣᠪᠴᠢᠲᠠᠶ ᠪᠠᠷ ᠱᠠᠩᠨᠠᠯ ᠨᠥᠬᠦᠪᠦᠷᠢ ᠥᠭᠬᠦ ᠠᠷᠭ᠎ᠠ ᠭᠡᠯᠪᠡᠷᠢ ᠪᠠᠷ ᠲᠠᠮᠵᠢᠨ ᠡᠯ᠎ᠡ ᠲᠥᠷᠥᠯ ᠤᠨ ᠬᠠᠮᠢᠶᠠᠷᠤᠯᠲᠠ ᠪᠠ ᠤᠰᠤ ᠬᠡᠷᠡᠭᠯᠡᠬᠦ ᠭᠤᠣᠯ ᠴᠣᠭᠴᠠ ᠶᠢᠨ ᠤᠰᠤ ᠠᠷᠪᠢᠯᠠᠬᠤ ᠢᠳᠡᠪᠬᠢᠵᠢᠯ ᠢ ᠳᠠᠶᠢᠴᠢᠯᠠᠵᠤ ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号