ᠣᠲᠤᠭ ᠬᠤᠰᠢᠭᠤ ᠮᠠᠯ ᠤᠨ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠲᠥᠪ ᠢ ᠪᠠᠶᠢᠭᠤᠯᠵᠤ ᠮᠠᠯ ᠤᠨᠤᠭ᠎ᠠ ᠶᠢᠨ ᠤᠨᠳᠤᠷᠤᠯᠳᠠ ᠶᠢ ᠪᠠᠲᠤᠯᠠᠨ᠎ᠠ
ᠨᠡᠶᠢᠲᠡᠯᠡᠭᠰᠡᠨ ᠴᠠᠭ᠄
2025/5/9
68.png
       ᠣᠶᠢᠷ᠎ᠠ ᠶᠢᠨ ᠵᠢᠯ ᠠᠴᠠ ᠨᠠᠭᠠᠰᠢ᠂ ᠣᠷᠳᠣᠰ ᠬᠤᠲᠠ ᠶᠢᠨ ᠣᠲᠤᠭ ᠬᠤᠰᠢᠭᠤ ᠮᠠᠯ ᠤᠨᠤᠭ᠎ᠠ ᠶᠢᠨ ᠭᠡᠮ ᠬᠢᠵᠢᠭ ᠢ ᠰᠡᠷᠭᠡᠶᠢᠯᠡᠨ ᠵᠠᠰᠠᠬᠤ ᠶᠢ ᠴᠢᠩᠭᠠᠳᠬᠠᠵᠤ᠂ ᠲᠥᠯ ᠮᠠᠯ ᠤᠨ ᠤᠨᠳᠤᠷᠤᠯᠳᠠ ᠶᠢᠨ ᠨᠤᠷᠮ᠎ᠠ ᠶᠢ ᠳᠡᠭᠡᠭᠰᠢᠯᠡᠭᠦᠯᠭᠦ ᠶᠢᠨ ᠲᠥᠯᠥᠭᠡ ᠮᠠᠯ ᠤᠨ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠲᠥᠪ ᠪᠠᠶᠢᠭᠤᠯᠵᠤ᠂ ᠣᠳᠣᠬᠠᠨ ᠳᠤ ᠨᠢᠭᠡᠨᠲᠡ ︽1 ᠶᠡᠷᠦᠩᠬᠡᠢ ᠬᠤᠷᠢᠶ᠎ᠠ᠂ 7 ᠬᠤᠪᠢᠶᠠᠷᠢ ᠬᠤᠷᠢᠶ᠎ᠠ᠂ 20 ᠭᠠᠴᠠᠭ᠎ᠠ ᠳᠤᠰᠬᠤᠨ ᠤ ᠦᠢᠯᠡᠴᠢᠯᠡᠭᠡᠨ ᠤ ᠥᠷᠲᠡᠭᠡ︾ ᠭᠡᠬᠦ ᠭᠤᠷᠪᠠᠨ ᠱᠠᠲᠤᠨ ᠤ ᠬᠤᠯᠪᠤᠭᠠᠯᠠᠨ ᠬᠥᠳᠡᠯᠦᠯᠴᠡᠬᠦ ᠵᠠᠭᠪᠤᠷ ᠢ ᠪᠠᠶᠢᠭᠤᠯᠤᠨ᠂ ᠬᠦᠨᠳᠦ ᠶᠡᠭᠡ ᠮᠠᠯ ᠤᠨᠤᠭ᠎ᠠ ᠠᠮᠢᠲᠠᠨ ᠤ ᠭᠡᠮ ᠬᠢᠵᠢᠭ ᠢ ᠰᠡᠷᠭᠡᠶᠢᠯᠡᠨ ᠡᠵᠡᠮᠳᠡᠬᠦ᠂ ᠡᠯ᠎ᠡ ᠵᠦᠢᠯ ᠤᠨ ᠭᠡᠮ ᠢ ᠣᠨᠣᠰᠢᠯᠠᠬᠤ ᠪᠠ ᠡᠮᠨᠡᠨ ᠵᠠᠰᠠᠬᠤ᠂ ᠰᠢᠮ᠎ᠡ ᠲᠡᠵᠢᠭᠡᠯ ᠢ ᠪᠠᠶᠢᠴᠠᠭᠠᠨ ᠰᠢᠯᠭᠠᠬᠤ᠂ ᠮᠠᠯ ᠤᠨ ᠠᠰᠢᠭ ᠰᠢᠮ᠎ᠡ ᠲᠠᠷᠢᠶᠠᠯᠠᠩ  ᠤᠨ ᠪᠦᠲᠦᠭᠡᠭᠳᠡᠬᠦᠨ ᠤ ᠠᠮᠤᠷ ᠲᠦᠪᠰᠢᠨ ᠢ ᠪᠠᠶᠢᠴᠠᠭᠠᠨ ᠰᠢᠯᠭᠠᠬᠤ᠂ ᠡᠭᠦᠯᠳᠡᠷ ᠰᠠᠶᠢᠵᠢᠷᠠᠭᠤᠯᠬᠤ ᠮᠡᠷᠭᠡᠵᠢᠯ ᠪᠠ ᠲᠡᠵᠢᠭᠡᠨ ᠦᠷᠡᠵᠢᠭᠦᠯᠬᠦ ᠮᠡᠷᠭᠡᠵᠢᠯ ᠤᠨ ᠦᠢᠯᠡᠴᠢᠯᠡᠭᠡ ᠬᠠᠩᠭᠠᠬᠤ ᠵᠡᠷᠭᠡ 4 ᠶᠡᠭᠡ ᠲᠥᠷᠥᠯ ᠤᠨ 20 ᠵᠦᠢᠯ ᠤᠨ ᠦᠢᠯᠡᠴᠢᠯᠡᠭᠡ ᠶᠢ ᠪᠦᠷᠢᠯᠳᠦᠭᠦᠯᠵᠦ᠂ ᠮᠠᠯᠴᠢᠨ ᠲᠠᠷᠢᠶᠠᠴᠢᠨ ᠤ ᠮᠠᠯ ᠤᠨᠤᠭ᠎ᠠ ᠶᠢᠨ ᠤᠨᠳᠤᠷᠤᠯᠳᠠ ᠶᠢ ᠪᠠᠲᠤᠯᠠᠵᠤ ᠪᠠᠶᠢᠨ᠎ᠠ᠃ ᠵᠢᠷᠤᠭ ᠪᠣᠯ᠂ ᠤᠳᠤᠭ ᠬᠤᠰᠢᠭᠤᠨ ᠤ ᠰᠦᠮᠡᠲᠦ ᠰᠤᠮᠤᠨ ᠤ ᠮᠠᠯ ᠤᠨ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠲᠥᠪ ᠤᠨ ᠠᠵᠢᠯᠲᠠᠨ ᠰᠢᠨᠵᠢᠯᠡᠭᠡᠨ ᠤ ᠪᠠᠶᠢᠴᠠᠭᠠᠯᠲᠠ ᠬᠢᠵᠦ ᠪᠠᠶᠢᠭ᠎ᠠ ᠨᠢ᠃      ᠰᠤᠷᠪᠤᠯᠵᠢᠯᠠᠬᠴᠢ   ᠪᠤᠶ᠋ᠬᠠᠨᠡᠷᠢᠯ   ᠰᠡᠭᠦᠳᠡᠷᠯᠡᠪᠡ 
 
ᠢᠷᠡᠯᠲᠡ᠄ ᠳᠤᠮᠳᠠᠲᠦ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号