ᠠᠭᠠᠷ ᠤᠨ ᠳᠤᠯᠠᠭᠠᠨ ᠳᠡᠭᠡᠭᠰᠢᠯᠡᠵᠦ᠂ ᠭᠠᠵᠠᠷ ᠰᠢᠷᠣᠢ ᠭᠡᠰᠬᠦ ᠶᠢ ᠳᠠᠭᠠᠯᠳᠤᠨ ᠴᠠᠬᠠᠷ ᠪᠠᠷᠠᠭᠤᠨ ᠭᠠᠷᠤᠨ | ᠳᠤᠮᠳᠠᠳᠤ ᠬᠤᠰᠢᠭᠤᠨ ᠤ ᠲᠦᠮᠡᠨ ᠮᠦ ᠬᠤᠯᠤᠤᠪᠠᠩ ᠳᠠᠷᠢᠬᠤ ᠠᠵᠢᠯ ᠡᠨᠡ ᠬᠡᠳᠦᠨ ᠡᠳᠦᠷ ᠪᠦᠭᠦ ᠲᠠᠯ᠎ᠠ ᠪᠠᠷ | ᠡᠬᠢᠯᠡᠵᠦ᠂ ᠲᠠᠷᠢᠶᠠᠴᠢᠳ ᠠᠰᠢᠭᠲᠠᠢ ᠴᠠᠭ ᠠᠭᠤᠷ᠂ ᠬᠥᠷᠥᠰᠥᠨ ᠤ ᠴᠢᠭᠢᠭ ᠢ ᠵᠠᠪᠳᠤᠨ ᠲᠠᠷᠢᠵᠠᠭᠠᠨᠠ᠃ | ᠣᠶᠢᠷ᠎ᠠ ᠳᠤ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠪᠠᠶᠠᠨ ᠰᠢᠶᠠᠩ ᠤᠨ ᠪᠠ ᠵᠢᠦᠢ ᠨᠢᠦ | ᠲᠣᠰᠬᠤᠨ ᠳᠤ ᠲᠠᠷᠢᠮᠠᠯ ᠤᠨ ᠡᠷᠦᠭᠡ ᠬᠤ᠋ ᠭᠠᠢ ᡁᠢ ᠠᠵᠢᠯᠴᠢᠳ ᠢᠶᠠᠨ ᠳᠠᠭᠠᠭᠤᠯᠤᠨ ᠲᠠᠷᠢᠬᠤ ᠮᠠᠰᠢᠨ ᠵᠢᠯᠤᠭᠤᠳᠴᠤ | ᠲᠠᠷᠢᠶᠠᠨ ᠳᠤᠮᠳᠠ ᠠᠵᠢᠯᠯᠠᠵᠤ ᠪᠠᠶᠢᠯ᠎ᠠ᠃ ᠲᠠᠷᠢᠬᠤ ᠮᠠᠰᠢᠨ᠂ ᠰᠦᠯᠢᠶᠥᠦ ᠪᠦᠷᠬᠦᠪᠴᠢ ᠪᠦᠷᠬᠦᠬᠦ ᠮᠠᠰᠢᠨ ᠲᠠᠷᠢᠶᠠᠨ | ᠭᠠᠵᠠᠷ ᠲᠤ ᠰᠦᠯᠵᠢᠯᠳᠦᠵᠦ᠂ ᠰᠦᠯᠢᠶᠥᠦ ᠪᠦᠷᠬᠦᠪᠴᠢ ᠪᠦᠷᠬᠦᠭᠰᠡᠨ ᠲᠠᠷᠢᠶᠠᠨ ᠭᠠᠵᠠᠷ ᠨᠡᠷᠡᠨ ᠤ ᠭᠡᠷᠡᠯ ᠳᠤ | ᠭᠢᠯᠠᠯᠵᠠᠨ᠎ᠠ᠃ | ᠬᠤ᠋ ᠭᠠᠢ ᡁᠢ᠄ ︽ᠬᠠᠭᠠᠰ ᠰᠠᠷ᠎ᠠ ᠶᠢᠨ ᠳᠠᠷᠠᠭ᠎ᠠ ᠪᠢᠳᠡ ᠬᠤᠯᠤᠤᠪᠠᠩ ᠢᠶᠠᠨ ᠲᠠᠷᠢᠭᠠᠳ ᠪᠠᠷᠠᠴᠢᠬᠠᠨ᠎ᠠ᠂ ᠡᠨᠡ | ᠬᠤᠶᠠᠷ ᠡᠳᠦᠷ ᠶᠠᠭ ᠰᠦᠯᠢᠶᠥᠦ ᠪᠦᠷᠬᠦᠪᠴᠢ ᠪᠦᠷᠬᠦᠵᠦ ᠪᠠᠶᠢᠨ᠎ᠠ᠂ ᠰᠦᠯᠢᠶᠥᠦ ᠪᠦᠷᠬᠦᠪᠴᠢ ᠪᠦᠷᠬᠦᠪᠡᠯ ᠳᠤᠯᠠᠭᠠᠨ ᠤ | ᠬᠡᠮᠵᠢᠶ᠎ᠡ ᠳᠡᠭᠡᠭᠰᠢᠯᠡᠬᠦ ᠨᠢ ᠲᠦᠷᠭᠡᠨ᠂ ᠰᠠᠯᠬᠢᠨ ᠠᠴᠠ ᠰᠡᠷᠭᠡᠶᠢᠯᠡᠵᠦ᠂ ᠴᠢᠬᠢ ᠶᠢᠨ ᠤᠷᠭᠤᠯᠲᠠ ᠳᠤ ᠠᠰᠢᠭᠲᠠᠢ︾ ᠭᠡᠵᠦ | ᠶᠠᠷᠢᠨ᠎ᠠ᠃ | ᠣᠶᠢᠷ᠎ᠠ ᠶᠢᠨ ᠵᠢᠯ ᠠᠴᠠ ᠨᠠᠭᠠᠰᠢ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ ᠭᠠᠵᠠᠷ ᠣᠷᠣᠨ ᠤ | ᠪᠠᠶᠢᠳᠠᠯ ᠳᠠᠭᠠᠨ ᠲᠣᠬᠢᠷᠠᠭᠤᠯᠤᠨ ᠬᠤᠯᠤᠤᠪᠠᠩ ᠤᠨ ᠣᠨᠴᠠᠯᠢᠭᠲᠤ ᠠᠵᠤ ᠦᠢᠯᠡᠰ ᠢ ᠶᠡᠭᠡ ᠪᠠᠷ ᠬᠥᠭᠵᠢᠭᠦᠯᠵᠦ᠂ ᠪᠠᠶᠠᠨ | ᠰᠢᠶᠠᠩ ᠤᠨ ᠬᠤᠯᠤᠤᠪᠠᠩ ᠤᠨ ᠲᠠᠷᠢᠮᠠᠯ ᠤᠨ ᠲᠠᠯᠠᠪᠠᠶ ᠨᠢᠭᠡᠨᠲᠡ 8000 ᠮᠦ ᠳᠤ ᠬᠦᠷᠴᠡᠢ᠃ ᠭᠠᠵᠠᠷ ᠰᠢᠷᠣᠢ ᠶᠢ | ᠲᠥᠪᠯᠡᠷᠡᠭᠦᠯᠦᠨ ᠡᠵᠡᠩᠨᠡᠯᠲᠡ ᠶᠢᠨ ᠡᠷᠬᠡ ᠶᠢ ᠨᠢ ᠰᠢᠯᠵᠢᠭᠦᠯᠬᠦ᠂ ᠰᠢᠯᠢᠳᠡᠭ ᠡᠭᠦᠯᠳᠡᠷ ᠢ ᠰᠣᠩᠭᠤᠬᠤ᠂ ᠮᠠᠰᠢᠨᠴᠢᠯᠠᠨ | ᠳᠠᠷᠢᠬᠤ ᠪᠠᠷ ᠳᠡᠮᠵᠢᠨ᠂ ᠬᠤᠯᠤᠤᠪᠠᠩ ᠤᠨ ᠠᠵᠤ ᠦᠢᠯᠡᠰ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠲᠣᠮᠣ ᠠᠵᠤ ᠦᠢᠯᠡᠰ ᠪᠣᠯᠵᠤ᠂ ᠲᠠᠷᠢᠮᠠᠯ ᠤᠨ ᠡᠷᠦᠭᠡ ᠶᠢᠨ ᠤᠷᠤᠯᠭ᠎ᠠ ᠶᠢ ᠨᠡᠮᠡᠭᠳᠡᠭᠦᠯᠦᠭᠰᠡᠨ ᠢᠶᠠᠷ ᠪᠠᠷᠠᠬᠤ ᠦᠭᠡᠢ᠂ | ᠵᠢᠯ ᠪᠦᠷᠢ ᠬᠤᠷᠢᠶᠠᠬᠤ ᠦᠶ᠎ᠡ ᠳᠤ ᠶᠡᠭᠡ ᠬᠡᠮᠵᠢᠶᠡᠨ ᠤ ᠠᠵᠢᠯᠴᠢᠨ ᠬᠡᠷᠡᠭᠯᠡᠬᠦ ᠪᠣᠯᠬᠤᠷ ᠡᠷᠭᠢᠨ ᠲᠣᠭᠤᠷᠢᠨ ᠤ | ᠲᠠᠷᠢᠶᠠᠴᠢᠳ ᠤᠨ ᠭᠡᠷ ᠠᠴᠠ ᠪᠠᠨ ᠣᠶᠢᠷ᠎ᠠ ᠬᠥᠯᠥᠰᠦᠨ ᠠᠵᠢᠯ ᠬᠢᠵᠦ ᠣᠷᠣᠯᠭ᠎ᠠ ᠪᠠᠨ ᠨᠡᠮᠡᠭᠳᠡᠭᠦᠯᠬᠦ ᠶᠢ | ᠳᠠᠶᠢᠴᠢᠯᠠᠭᠰᠠᠨ ᠪᠠᠶᠢᠨ᠎ᠠ᠃ | ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠪᠠᠶᠠᠨ ᠰᠢᠶᠠᠩ ᠤᠨ ᠨᠠᠮ ᠤᠨ ᠬᠤᠷᠢᠶᠠᠨ ᠤ ᠱᠦᠵᠢ | ᠬᠠᠨ ᠹᠧᠢ ᠰᠢᠶᠠᠩ᠄ ︽ᠬᠤᠯᠤᠤᠪᠠᠩ ᠨᠢᠭᠡᠨᠲᠡ ᠪᠠᠶᠠᠨ ᠰᠢᠶᠠᠩ ᠤᠨ ᠭᠤᠣᠯᠯᠠᠬᠤ ᠠᠵᠤ ᠦᠢᠯᠡᠰ ᠪᠣᠯᠵᠤ᠂ ᠣᠶᠢᠷ᠎ᠠ ᠶᠢᠨ | ᠬᠡᠳᠦᠨ ᠵᠢᠯ ᠳᠤ ᠲᠠᠷᠢᠬᠤ ᠬᠡᠪᠴᠢᠶ᠎ᠡ ᠨᠢ ᠲᠠᠰᠤᠷᠠᠯᠲᠠ ᠦᠭᠡᠢ ᠥᠷᠭᠡᠳᠦᠨ᠂ ᠲᠦᠷᠦᠯ ᠲᠡᠮᠳᠡᠭ ᠨᠢ ᠠᠭᠠᠵᠢᠮ ᠢᠶᠠᠷ | ᠠᠯᠳᠠᠷᠰᠢᠬᠤ ᠶᠢ ᠳᠠᠭᠠᠯᠳᠤᠨ᠂ ᠳᠠᠷᠢᠬᠤ᠂ ᠨᠥᠭᠡᠴᠡᠯᠡᠬᠦ᠂ ᠡᠳ᠋ᠰᠢᠭᠦᠯᠬᠦ᠂ ᠪᠣᠷᠣᠯᠠᠭᠤᠯᠬᠤ ᠶᠢ ᠨᠢᠭᠡ ᠴᠣᠭᠴᠠᠵᠢᠭᠤᠯᠤᠭᠰᠠᠨ | ᠨᠡᠯᠢᠶᠡᠳ ᠪᠦᠷᠢᠨ ᠪᠦᠲᠦᠨ ᠠᠵᠤ ᠦᠢᠯᠡᠰ ᠤᠨ ᠬᠡᠯᠬᠢᠶ᠎ᠡ ᠶᠢ ᠪᠦᠷᠢᠯᠳᠦᠭᠦᠯᠵᠦ᠂ ᠲᠠᠷᠢᠮᠠᠯ ᠤᠨ ᠲᠠᠯᠠᠪᠠᠶ ᠶᠢ 8000 | ᠮᠦ ᠣᠷᠴᠢᠮ ᠳᠤ ᠲᠣᠭᠲᠠᠪᠤᠷᠢᠵᠢᠭᠤᠯᠵᠠᠢ᠃ ᠡᠨᠡ ᠵᠢᠯ ᠮᠠᠨ ᠤ ᠰᠢᠶᠠᠩ ᠬᠤᠯᠤᠤᠪᠠᠩ ᠢᠶᠠᠷ ᠭᠤᠣᠯ ᠪᠤᠯᠭᠠᠬᠰᠠᠨ | ᠬᠦᠢᠲᠡᠨ ᠰᠡᠷᠢᠭᠦᠨ ᠢᠳᠡᠰᠢᠨ ᠨᠣᠭᠤᠭ᠎ᠠ ᠶᠢᠨ ᠠᠵᠤ ᠦᠢᠯᠡᠰ ᠢ ᠪᠦᠭᠦ ᠲᠠᠯ᠎ᠠ ᠪᠠᠷ ᠪᠠᠶᠢᠷᠢᠰᠢᠭᠤᠯᠵᠤ᠂ ᠣᠲᠣ | ᠦᠶ᠎ᠡ ᠶᠢᠨ ᠬᠥᠳᠡᠭᠡ ᠲᠣᠰᠬᠤᠨ ᠤ ᠰᠢᠨ᠎ᠡ ᠭᠡᠯᠪᠡᠷᠢ ᠶᠢᠨ ᠠᠵᠤ ᠦᠢᠯᠡᠰ ᠤᠨ ᠬᠥᠭᠵᠢᠯᠲᠡ ᠶᠢᠨ ᠰᠢᠰᠲ᠋ᠧᠮ ᠢ | ᠲᠡᠭᠦᠯᠳᠡᠷᠵᠢᠭᠦᠯᠬᠦ ᠪᠠᠷ ᠬᠦᠴᠦᠯᠡᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠭᠦ ᠬᠦᠴᠦᠨ ᠢᠶᠠᠷ | ᠠᠬᠢᠭᠤᠯᠤᠨ᠎ᠠ︾ ᠭᠡᠵᠦ ᠲᠠᠨᠢᠯᠴᠠᠭᠤᠯᠤᠭᠰᠠᠨ ᠪᠠᠶᠢᠨ᠎ᠠ᠃ |