ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ 2025 ᠣᠨ ᠤ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠪᠦᠭᠡᠮᠨᠡᠷᠡᠯ ᠢ ᠳᠡᠮᠵᠢᠬᠦ ᠲᠥᠷᠥᠯ ᠵᠦᠢᠯ ᠤᠨ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2025/6/1
      ︽ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠠᠯᠪᠠᠨ ᠲᠢᠩᠬᠢᠮ ᠤᠨ 2025 ᠣᠨ ᠤ ᠲᠠᠷᠢᠶᠠᠯᠠᠩ ᠤᠨ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠲᠥᠷᠥᠯ ᠵᠦᠢᠯ ᠤᠨ ᠨᠡᠷᠡᠰ ᠢ ᠨᠡᠶᠢᠲᠡᠯᠡᠬᠦ ᠲᠤᠬᠠᠢ ᠮᠡᠳᠡᠭᠳᠡᠯ︾ ︵ᠲᠠᠷᠢᠶᠠᠯᠠᠩ ᠠᠯᠪᠠᠨ ᠲᠦᠯᠦᠪᠯᠡᠭᠡ ᠡᠳ᠋ ﹇2025﹈ 11 ᠳ᠋ᠤᠭᠡᠷ ᠲᠣᠭᠠᠲᠤ︶᠂ ︽︿ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠪᠦᠭᠡᠮᠨᠡᠷᠡᠯ ᠤᠨ ᠲᠥᠷᠥᠯ ᠵᠦᠢᠯ ᠤᠨ ᠬᠠᠮᠢᠶᠠᠷᠤᠯᠲᠠ ᠶᠢᠨ ᠠᠵᠢᠯ ᠤᠨ ᠳᠦᠷᠢᠮ ︵ᠲᠤᠷᠰᠢᠨ ᠬᠡᠷᠡᠭᠵᠢᠭᠦᠯᠬᠦ︶﹀ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ︵ᠲᠠᠷᠢᠶᠠᠯᠠᠩ ᠠᠵᠤ ᠶᠡᠷᠦᠩᠬᠡᠢ ᠵᠠᠬᠢᠳᠠᠯ ﹇2025﹈ 9 ᠳ᠋ᠤᠭᠡᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠨᠢᠭᠡᠨᠲᠡ ᠬᠢᠨᠠᠨ ᠲᠣᠭᠲᠠᠭᠠᠭᠰᠠᠨ ᠰᠠᠨᠠᠯ ᠤᠨ ᠶᠣᠰᠣᠭᠠᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠬᠠᠳᠠ ᠶᠢᠨ ᠲᠦᠭᠦᠭᠡᠷᠦᠮᠵᠢᠲᠦ ᠢᠳᠡᠰᠢᠨ ᠨᠣᠭᠤᠭ᠎ᠠ ᠶᠢᠨ ᠠᠵᠤ ᠦᠢᠯᠡᠰ ᠤᠨ ᠪᠦᠭᠡᠮᠨᠡᠷᠡᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠪᠤᠷ ᠤᠨ ᠪᠤᠭᠤᠳᠠᠢ ᠶᠢᠨ ᠠᠵᠤ ᠦᠢᠯᠡᠰ ᠤᠨ ᠪᠦᠭᠡᠮᠨᠡᠷᠡᠯ ᠢ ᠪᠦᠲᠦᠭᠡᠨ ᠪᠠᠶᠢᠭᠤᠯᠬᠤ ᠲᠥᠰᠥᠯ ᠵᠢᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠠᠭᠤᠨ ᠣᠷᠣᠨ ᠤ ᠨᠤᠤᠯᠤᠭᠤᠷ ᠤᠨ ᠢᠮᠠᠭᠠᠨ ᠤ ᠠᠵᠤ ᠦᠢᠯᠡᠰ ᠤᠨ ᠪᠦᠭᠡᠮᠨᠡᠷᠡᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠤᠮᠳᠠ ᠪᠠᠷᠠᠭᠤᠨ ᠣᠷᠣᠨ ᠤ ᠰᠦ ᠶᠢᠨ ᠦᠢᠯᠡᠰ ᠤᠨ ᠪᠦᠭᠡᠮᠨᠡᠷᠡᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠣᠨᠢ ᠠᠭᠤᠯᠠ ᠶᠢᠨ ᠲᠦᠮᠦᠰᠦ ᠶᠢᠨ ᠠᠵᠤ ᠦᠢᠯᠡᠰ ᠤᠨ ᠪᠦᠭᠡᠮᠨᠡᠷᠡᠯ ᠢ ᠦᠷᠭᠦᠯᠵᠢᠯᠡᠨ ᠪᠠᠶᠢᠭᠤᠯᠬᠤ ᠲᠦᠰᠦᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠡᠳᠦᠭᠡ ᠲᠥᠪ ᠤᠨ ᠡᠳ᠋ ᠤᠨ ᠵᠠᠰᠠᠭ ᠤᠨ ᠱᠠᠩᠨᠠᠵᠤ ᠨᠥᠬᠦᠪᠦᠷᠢᠯᠡᠬᠦ ᠪᠡᠯᠡ ᠮᠥᠩᠭᠦ ᠪᠠᠷ ᠳᠡᠮᠵᠢᠬᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠭᠤᠣᠯ ᠴᠣᠭᠴᠠ᠂ ᠪᠦᠲᠦᠭᠡᠨ ᠪᠠᠶᠢᠭᠤᠯᠤᠯᠲᠠ ᠶᠢᠨ ᠠᠭᠤᠯᠭ᠎ᠠ ᠪᠠ ᠪᠡᠯᠡ ᠮᠥᠩᠭᠦ ᠶᠢᠨ ᠬᠤᠪᠢᠶᠠᠷᠢᠯᠠᠯᠲᠠ ᠵᠡᠷᠭᠡ ᠵᠦᠢᠯᠡᠰ ᠢ ᠵᠠᠷᠯᠠᠨ ᠨᠡᠶᠢᠲᠡᠯᠵᠤ ᠪᠠᠶᠢᠨ᠎ᠠ᠃       ᠵᠠᠷᠯᠠᠨ ᠨᠡᠶᠢᠲᠡᠯᠡᠬᠦ ᠬᠤᠭᠤᠴᠠᠭ᠎ᠠ ᠨᠢ 5 ᠰᠠᠷ᠎ᠠ ᠶᠢᠨ 30 ᠤ ᠡᠳᠦᠷ ᠠᠴᠠ 6 ᠰᠠᠷ᠎ᠠ ᠶᠢᠨ 4 ᠤ ᠡᠳᠦᠷ ᠪᠣᠯᠲᠠᠯ᠎ᠠ᠃ ᠬᠡᠷᠪᠡ ᠣᠨᠳᠣᠣ ᠰᠠᠨᠠᠯ ᠲᠠᠢ ᠪᠣᠯ ᠦᠨᠡᠨ ᠨᠡᠷ᠎ᠡ ᠪᠠᠷ ᠢᠶᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠪᠣᠯᠣᠨ ᠠᠲᠠᠷ ᠬᠠᠭᠠᠯᠪᠤᠷᠢᠯᠠᠯᠲᠠ ᠶᠢᠨ ᠭᠠᠵᠠᠷ ᠲᠤ ᠲᠤᠰᠬᠠᠵᠤ᠂ ᠪᠠᠶᠢᠳᠠᠯ ᠢᠶᠠᠨ ᠲᠤᠰᠬᠠᠬᠤ ᠳᠠᠭᠠᠨ ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠬᠤ ᠶᠢᠨ ᠬᠠᠮᠲᠤ ᠭᠡᠷᠡᠴᠢᠯᠡᠬᠦ ᠮᠠᠲ᠋ᠧᠷᠢᠶᠠᠯ ᠬᠠᠩᠭᠠᠬᠤ ᠬᠡᠷᠡᠭᠲᠡᠢ᠃      ᠬᠠᠷᠢᠯᠴᠠᠬᠤ ᠬᠥᠮᠥᠨ᠄ ᠼᠤᠤ ᠽᠢ ᠬᠠᠩ      ᠬᠠᠷᠢᠯᠴᠠᠬᠤ ᠤᠲᠠᠰᠤ᠄ 0471-6652210      ᠢᠮᠧᠯ᠄ nmtcynkc@163.com      ᠳᠠᠭᠠᠯᠳᠤᠭᠤᠯᠤᠯ᠄ 1.ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠬᠠᠳᠠ ᠶᠢᠨ ᠲᠦᠭᠦᠭᠡᠷᠦᠮᠵᠢᠲᠦ ᠢᠳᠡᠰᠢᠨ ᠨᠣᠭᠤᠭᠠᠨ ᠤ ᠠᠵᠤ ᠦᠢᠯᠡᠰ ᠤᠨ ᠪᠦᠭᠡᠮᠨᠡᠷᠡᠯ ᠤᠨ ᠪᠡᠯᠡ ᠮᠥᠩᠭᠦ ᠬᠡᠷᠡᠭᠯᠡᠬᠦ ᠬᠤᠪᠢᠶᠠᠷᠢᠯᠠᠯᠲᠠ ᠶᠢᠨ ᠬᠦᠰᠦᠨᠦᠭᠲᠦ      2.ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠪᠤᠷ ᠤᠨ ᠪᠤᠭᠤᠳᠠᠢ ᠶᠢᠨ ᠠᠵᠤ ᠦᠢᠯᠡᠰ ᠤᠨ ᠪᠥᠭᠡᠮᠨᠡᠷᠡᠯ ᠤᠨ ᠪᠡᠯᠡ ᠮᠥᠩᠭᠦ ᠬᠡᠷᠡᠭᠯᠡᠬᠦ ᠬᠤᠪᠢᠶᠠᠷᠢᠯᠠᠯᠲᠠ ᠶᠢᠨ ᠬᠦᠰᠦᠨᠦᠭᠲᠦ      3.ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠠᠭᠤᠨ ᠣᠷᠣᠨ ᠤ ᠨᠤᠤᠯᠤᠭᠤᠷ ᠤᠨ ᠢᠮᠠᠭᠠᠨ ᠤ ᠠᠵᠤ ᠦᠢᠯᠡᠰ ᠤᠨ ᠪᠥᠭᠡᠮᠨᠡᠷᠡᠯ ᠤᠨ 2025 ᠣᠨ ᠤ ᠦᠷᠭᠦᠯᠵᠢᠯᠡᠨ ᠪᠠᠶᠢᠭᠤᠯᠬᠤ ᠲᠥᠷᠥᠯ ᠵᠦᠢᠯ ᠤᠨ ᠪᠡᠯᠡ ᠮᠥᠩᠭᠦ ᠬᠡᠷᠡᠭᠯᠡᠬᠦ ᠬᠤᠪᠢᠶᠠᠷᠢᠯᠠᠯᠲᠠ ᠶᠢᠨ ᠬᠦᠰᠦᠨᠦᠭᠲᠦ      4.ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠤᠮᠳᠠ ᠪᠠᠷᠠᠭᠤᠨ ᠣᠷᠣᠨ ᠤ ᠰᠦ ᠶᠢᠨ ᠦᠢᠯᠡᠰ ᠤᠨ ᠠᠵᠤ ᠦᠢᠯᠡᠰ ᠤᠨ ᠪᠥᠭᠡᠮᠨᠡᠷᠡᠯ ᠤᠨ 2025 ᠣᠨ ᠤ ᠦᠷᠭᠦᠯᠵᠢᠯᠡᠨ ᠪᠠᠶᠢᠭᠤᠯᠬᠤ ᠲᠥᠷᠥᠯ ᠵᠦᠢᠯ ᠤᠨ ᠪᠡᠯᠡ ᠮᠥᠩᠭᠦ ᠬᠡᠷᠡᠭᠯᠡᠬᠦ ᠬᠤᠪᠢᠶᠠᠷᠢᠯᠠᠯᠲᠠ ᠶᠢᠨ ᠬᠦᠰᠦᠨᠦᠭᠲᠦ      5.ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠤᠨᠢ ᠠᠭᠤᠯᠠ ᠶᠢᠨ ᠲᠦᠮᠦᠰᠦ ᠶᠢᠨ ᠠᠵᠤ ᠦᠢᠯᠡᠰ ᠤᠨ ᠪᠥᠭᠡᠮᠨᠡᠷᠡᠯ ᠤᠨ 2025 ᠣᠨ ᠤ ᠦᠷᠭᠦᠯᠵᠢᠯᠡᠨ ᠪᠠᠶᠢᠭᠤᠯᠬᠤ ᠲᠥᠷᠥᠯ ᠵᠦᠢᠯ ᠤᠨ ᠪᠡᠯᠡ ᠮᠥᠩᠭᠦ ᠬᠡᠷᠡᠭᠯᠡᠬᠦ ᠬᠤᠪᠢᠶᠠᠷᠢᠯᠠᠯᠲᠠ ᠶᠢᠨ ᠬᠦᠰᠦᠨᠦᠭᠲᠦ                       ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ                       ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ                              2025 ᠣᠨ ᠤ 5 ᠰᠠᠷ᠎ᠠ ᠶᠢᠨ 30 ᠤ ᠡᠳᠦᠷ
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号