1. ᠢᠳᠡᠭᠡᠨ ᠤ ᠳᠠᠪᠤᠰᠤᠨ ᠤ ᠠᠭᠤᠯᠤᠭᠳᠠᠴᠠ ᠬᠡᠲᠦ ᠥᠨᠳᠥᠷ᠃ ᠢᠳᠡᠭᠡᠨ ᠤ ᠳᠤᠷᠠᠰᠢᠯ ᠢ ᠨᠡᠮᠡᠭᠳᠡᠭᠦᠯᠦᠨ᠂ | ᠦᠳᠦ ᠲᠣᠩᠰᠢᠬᠤ᠂ ᠬᠤᠰᠬᠢᠨᠠᠭ ᠲᠣᠩᠰᠢᠬᠤ ᠵᠡᠷᠭᠡ ᠦᠵᠡᠭᠳᠡᠯ ᠭᠠᠷᠬᠤ ᠠᠴᠠ ᠰᠡᠷᠭᠡᠶᠢᠯᠡᠬᠦ ᠶᠢᠨ ᠲᠥᠯᠥᠭᠡ᠂ | ᠲᠠᠬᠢᠶᠠᠨ ᠤ ᠲᠡᠵᠢᠭᠡᠯ ᠪᠣᠷᠳᠣᠭᠠᠨ ᠳᠤ ᠳᠠᠪᠤᠰᠤ ᠬᠡᠲᠦᠷᠬᠡᠢ ᠠᠷᠪᠢᠨ ᠨᠡᠮᠡᠵᠦ᠂ ᠲᠠᠬᠢᠶ᠎ᠠ ᠳᠤ ᠬᠡᠲᠦᠷᠡᠲᠡᠯ᠎ᠡ ᠤᠰᠤ | ᠤᠤᠭᠤᠯᠭᠠᠪᠠᠯ᠂ ᠦᠷᠭᠦᠯᠵᠢ ᠰᠦᠷᠡᠬᠡᠢ ᠪᠠᠭᠠᠰᠤ ᠠᠯᠳᠠᠳᠠᠭ᠃ ᠡᠭᠦᠨ ᠠᠴᠠ ᠭᠠᠳᠠᠨ᠎ᠠ᠂ ᠵᠢᠭᠠᠰᠤᠨ ᠲᠠᠯᠬ᠎ᠠ ᠶᠢ | ᠬᠡᠲᠦᠷᠬᠡᠢ ᠶᠡᠭᠡ ᠨᠡᠮᠡᠬᠦ ᠪᠤᠶᠤ ᠵᠢᠭᠠᠰᠤᠨ ᠲᠠᠯᠬ᠎ᠠ ᠶᠢᠨ ᠲᠣᠰ ᠪᠡᠶ᠎ᠡ ᠳᠤᠨᠢ ᠳᠠᠪᠤᠰᠤ ᠠᠷᠪᠢᠨ ᠠᠭᠤᠯᠬᠤ ᠨᠢ ᠲᠡᠵᠢᠭᠡᠯ | ᠪᠣᠷᠳᠣᠭᠠᠨ ᠳᠠᠬᠢ ᠳᠠᠪᠤᠰᠤᠨ ᠤ ᠠᠭᠤᠯᠤᠭᠳᠠᠴᠠ ᠶᠢ ᠬᠡᠲᠦᠷᠬᠡᠢ ᠥᠨᠳᠥᠷ ᠪᠣᠯᠭᠠᠭᠰᠠᠨ ᠠᠴᠠ ᠥᠨᠳᠡᠭᠡᠨ ᠲᠠᠬᠢᠶ᠎ᠠ | ᠪᠠᠭᠠᠰᠤ ᠠᠯᠳᠠᠳᠠᠭ᠃ | 2. ᠴᠢᠯᠠᠭᠤᠨ ᠨᠤᠨᠳᠠᠭ ᠤᠨ ᠨᠡᠮᠡᠯᠲᠡ ᠶᠢᠨ ᠬᠡᠮᠵᠢᠶ᠎ᠡ ᠨᠢ ᠬᠡᠲᠦ ᠥᠨᠳᠥᠷ᠃ ᠡᠳᠦᠷ ᠤᠨ ᠲᠡᠵᠢᠭᠡᠯ ᠳᠠᠬᠢ | ᠴᠢᠯᠠᠭᠤᠨ ᠨᠤᠨᠳᠠᠭ ᠤᠨ ᠨᠡᠮᠡᠬᠦ ᠬᠡᠮᠵᠢᠶ᠎ᠡ ᠨᠢ ᠬᠡᠳᠦ ᠠᠷᠪᠢᠨ ᠪᠤᠶᠤ ᠬᠡᠳᠦ ᠲᠦᠷᠭᠡᠨ ᠪᠣᠯᠪᠠᠯ ᠥᠨᠳᠡᠭᠡᠨ ᠲᠠᠬᠢᠶ᠎ᠠ ᠶᠢᠨ | ᠴᠢᠰᠤᠨ ᠤ ᠺᠠᠯᠼ ᠬᠡᠳᠦ ᠥᠨᠳᠥᠷ ᠪᠣᠯᠵᠤ᠂ ᠪᠥᠭᠡᠷᠡᠨ ᠤ ᠳᠠᠷᠤᠭᠠᠰᠤ ᠶᠢ ᠬᠦᠨᠳᠦᠷᠡᠭᠦᠯᠵᠦ᠂ ᠪᠥᠭᠡᠷ᠎ᠡ ᠶᠢᠨ ᠬᠠᠪᠤᠳᠠᠷ ᠢ | ᠡᠭᠦᠰᠬᠡᠵᠦ᠂ ᠡᠴᠦᠰ ᠲᠡᠭᠡᠨ ᠪᠠᠭᠠᠰᠤ ᠠᠯᠳᠠᠳᠠᠭ᠃ ᠥᠨᠳᠡᠭᠡᠯᠡᠬᠦ ᠬᠡᠷᠡᠭᠴᠡᠭᠡ ᠶᠢ ᠬᠠᠩᠭᠠᠬᠤ ᠶᠢᠨ ᠲᠥᠯᠥᠭᠡ᠂ ᠥᠨᠳᠡᠭᠡᠨ | ᠲᠠᠬᠢᠶ᠎ᠠ ᠶᠢᠨ ᠡᠳᠦᠷ ᠤᠨ ᠲᠡᠵᠢᠭᠡᠯ ᠳᠠᠬᠢ ᠴᠢᠯᠠᠭᠤᠨ ᠨᠤᠨᠳᠠᠭ ᠤᠨ ᠬᠡᠮᠵᠢᠶ᠎ᠡ ᠶᠢ ᠡᠷᠬᠡᠪᠰᠢ ᠥᠨᠳᠡᠭᠡᠯᠡᠬᠦ ᠨᠤᠷᠮ᠎ᠠ ᠶᠢᠨ | ᠳᠡᠭᠡᠭᠰᠢᠯᠡᠬᠦ ᠶᠢ ᠳᠠᠭᠠᠯᠳᠤᠨ ᠢᠳᠡᠭ ᠢᠳᠡᠭ ᠢᠶᠠᠷ ᠨᠡᠮᠡᠭᠳᠡᠭᠦᠯᠦᠨ᠎ᠡ᠃ | 3. ᠪᠦᠳᠦᠭᠦᠯᠢᠭ ᠤᠭᠤᠷᠠᠭ ᠤᠨ ᠬᠡᠮᠵᠢᠶ᠎ᠡ ᠬᠡᠳᠦ ᠥᠨᠳᠥᠷ᠃ ᠵᠠᠷᠢᠮ ᠲᠡᠵᠢᠭᠡᠬᠦ ᠡᠷᠦᠬᠡ ᠲᠠᠬᠢᠶ᠎ᠠ ᠶᠢ ᠢᠯᠡᠭᠦᠦ | ᠥᠨᠳᠡᠭᠡᠯᠡᠭᠦᠯᠬᠦ ᠶᠢᠨ ᠲᠥᠯᠥᠭᠡ᠂ ᠡᠳᠦᠷ ᠤᠨ ᠲᠡᠵᠢᠭᠡᠯ ᠳᠠᠬᠢ ᠪᠤᠷᠴᠠᠭ ᠤᠨ ᠰᠢᠭᠠᠷᠤ ᠶᠢᠨ ᠬᠠᠷᠢᠴᠠᠯ ᠢ ᠨᠡᠮᠡᠭᠳᠡᠭᠦᠯᠳᠡᠭ᠃ | ᠪᠤᠷᠴᠠᠭ ᠤᠨ ᠰᠢᠭᠠᠷᠤ ᠶᠢᠨ ᠠᠭᠤᠯᠤᠭᠳᠠᠴᠠ ᠬᠡᠲᠦᠷᠬᠡᠢ ᠥᠨᠳᠥᠷ᠂ ᠣᠷᠭᠠᠨᠢᠭ ᠪᠡᠶ᠎ᠡ ᠶᠢᠨ ᠰᠢᠩᠭᠡᠭᠡᠯᠲᠡ ᠪᠦᠷᠢᠨ | ᠪᠤᠰᠤ᠂ ᠡᠭᠦᠨ ᠤ ᠤᠯᠠᠮ ᠠᠴᠠ ᠭᠡᠳᠡᠰᠦᠨ ᠳᠤ ᠰᠡᠳᠦᠯᠲᠡ ᠥᠭᠴᠦ᠂ ᠰᠣᠯᠢᠯᠴᠠᠭ᠎ᠠ ᠶᠢ ᠲᠦᠷᠭᠡᠳᠬᠡᠵᠦ᠂ ᠲᠠᠬᠢᠶ᠎ᠠ ᠶᠢᠨ | ᠪᠠᠭᠠᠰᠤ ᠰᠢᠷᠠᠯᠠᠵᠤ ᠰᠢᠩᠭᠡᠷᠡᠵᠦ᠂ ᠲᠡᠵᠢᠭᠡᠯ ᠪᠣᠷᠳᠤᠭ᠎ᠠ ᠶᠢᠨ ᠰᠢᠩᠭᠡᠭᠡᠯᠲᠡ ᠶᠢᠨ ᠨᠣᠷᠮ᠎ᠠ ᠳᠣᠷᠣᠭᠰᠢᠯᠠᠨ᠎ᠠ᠃ | ᠶᠡᠷᠦ ᠳᠡᠭᠡᠨ ᠥᠨᠳᠡᠭᠡᠨ ᠲᠠᠬᠢᠶᠠᠨ ᠰᠦᠷᠦᠭ ᠤᠨ ᠪᠦᠳᠦᠭᠦᠯᠢᠭ ᠤᠭᠤᠷᠠᠭ ᠤᠨ ᠬᠡᠷᠡᠭᠰᠡᠬᠦ ᠬᠡᠮᠵᠢᠶ᠎ᠡ ᠨᠢ 16% | ᠣᠷᠴᠢᠮ ᠪᠠᠶᠢᠵᠤ᠂ ᠤᠭᠤᠷᠠᠭ ᠤᠨ ᠠᠭᠤᠯᠤᠭᠳᠠᠴᠠ ᠨᠢ ᠬᠡᠲᠦ ᠥᠨᠳᠥᠷ ᠪᠤᠶᠤ ᠥᠨᠳᠡᠭᠡ ᠶᠢᠨ ᠬᠠᠷᠢᠴᠠᠯ ᠨᠢ | ᠲᠡᠩᠴᠡᠭᠦᠷᠢ ᠦᠭᠡᠢ ᠠᠴᠠ ᠪᠣᠯᠵᠤ᠂ ᠥᠨᠳᠡᠭᠡᠨ ᠲᠠᠬᠢᠶᠠᠨ ᠤ ᠡᠯᠢᠭᠡ᠂ ᠪᠥᠭᠡᠷ᠎ᠡ ᠶᠢᠨ ᠠᠵᠢᠯᠯᠠᠭ᠎ᠠ ᠨᠢ ᠠᠮᠠᠷᠬᠠᠨ | ᠪᠠᠭᠤᠷᠠᠵᠤ᠂ ᠰᠢᠭᠡᠰᠦᠨ ᠬᠦᠴᠢᠯ ᠤᠨ ᠳᠠᠪᠤᠰᠤ ᠶᠡᠭᠡ ᠬᠡᠮᠵᠢᠶ᠎ᠡ ᠪᠠᠷ ᠬᠤᠷᠠᠵᠤ᠂ ᠴᠢᠨᠠᠭᠰᠢᠯᠠᠪᠠᠯ ᠲᠤᠯᠠᠢ ᠡᠪᠡᠳᠴᠢᠨ | ᠡᠭᠦᠰᠬᠡᠳᠡᠭ᠃ | 4. ᠲᠦᠭᠦᠬᠡᠢ ᠡᠳ᠋ ᠨᠢ ᠸᠠᠯᠠᠵᠤ ᠴᠢᠨᠠᠷ ᠬᠤᠪᠢᠷᠠᠬᠤ᠃ ᠲᠡᠵᠢᠭᠡᠯ ᠪᠣᠷᠳᠣᠭᠠᠨ ᠤ ᠳᠣᠲᠣᠷᠠᠬᠢ ᠲᠦᠭᠦᠬᠡᠢ | ᠮᠠᠲ᠋ᠧᠷᠢᠶᠠᠯ ᠵᠢᠱᠢᠶᠡᠯᠡᠪᠡᠯ ᠡᠷᠳᠡᠨᠢ ᠰᠢᠰᠢ᠂ ᠯᠣᠬᠠᠱᠧᠩ ᠤᠨ ᠰᠢᠭᠠᠷᠤ ᠵᠡᠷᠭᠡ ᠨᠢ ᠸᠠᠯᠠᠵᠤ ᠴᠢᠨᠠᠷ ᠨᠢ ᠬᠤᠪᠢᠷᠠᠪᠠᠯ᠂ | ᠲᠡᠭᠦᠨ ᠤ ᠬᠤᠣᠷᠲᠤ ᠡᠳ᠋ ᠨᠢ ᠥᠨᠳᠡᠭᠡᠨ ᠲᠠᠬᠢᠶ᠎ᠠ ᠶᠢᠨ ᠭᠡᠳᠡᠰᠦᠨ ᠤ ᠰᠠᠯᠢᠰᠤᠲᠤ ᠪᠦᠷᠬᠦᠪᠴᠢ ᠳᠤ ᠰᠡᠳᠦᠯᠲᠡ | ᠥᠭᠬᠦ ᠶᠢᠨ ᠬᠠᠮᠲᠤ ᠡᠪᠳᠡᠯᠡᠵᠦ᠂ ᠭᠡᠳᠡᠰᠦᠨ ᠤ ᠰᠠᠯᠢᠰᠤᠲᠤ ᠪᠦᠷᠬᠦᠪᠴᠢ ᠶᠢᠨ ᠨᠡᠪᠲᠡᠷᠡᠬᠦ ᠴᠢᠨᠠᠷ ᠢ | ᠨᠡᠮᠡᠭᠳᠡᠭᠦᠯᠳᠡᠭ ᠠᠴᠠ ᠪᠣᠯᠵᠤ ᠥᠨᠳᠡᠭᠡᠨ ᠲᠠᠬᠢᠶ᠎ᠠ ᠪᠠᠭᠠᠰᠤ ᠠᠯᠳᠠᠳᠠᠭ᠃ |