ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 31 ᠤ ᠴᠠᠭᠢᠯᠭᠠᠨ ᠮᠡᠳᠡᠭᠡ 6 ᠰᠠᠷ᠎ᠠ ᠶᠢᠨ 1 ᠤ ᠡᠳᠦᠷ | ᠬᠡᠪᠯᠡᠭᠳᠡᠭᠰᠡᠨ 11 ᠳ᠋ᠦ᠋ᠭᠡᠷ ᠬᠤᠭᠤᠴᠠᠭᠠᠨ ᠤ ︽ᠦᠨᠡᠨ︾ ᠰᠡᠳᠬᠦᠯ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ | ᠲᠡᠷᠢᠭᠦᠯᠡᠭᠴᠢ ᠰᠢ ᠶᠢᠨ ᠫᠢᠩ ᠤᠨ ︽ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠲᠦᠷᠭᠡᠳᠬᠡᠨ ᠪᠦᠲᠦᠭᠡᠨ ᠪᠠᠶᠢᠭᠤᠯᠬᠤ | ᠬᠡᠷᠡᠭᠲᠡᠢ︾ ᠭᠡᠬᠦ ᠴᠢᠬᠤᠯᠠ ᠵᠣᠬᠢᠶᠠᠯ ᠢ ᠨᠡᠶᠢᠲᠡᠯᠡᠪᠡ᠃ | ᠵᠣᠬᠢᠶᠠᠯ ᠳᠤ᠂ ᠰᠤᠷᠭᠠᠨ ᠬᠥᠮᠦᠵᠢᠯ ᠪᠣᠯ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ | ᠰᠡᠷᠭᠦᠨ ᠮᠠᠨᠳᠤᠯᠲᠠ ᠶᠢᠨ ᠰᠠᠭᠤᠷᠢ ᠮᠥᠨ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠢᠳᠡ ᠰᠤᠷᠭᠠᠨ | ᠬᠥᠮᠦᠵᠢᠯ ᠢ ᠤᠯᠤᠰ ᠤᠨ ᠶᠡᠭᠡ ᠪᠣᠳᠣᠯᠭ᠎ᠠ᠂ ᠨᠠᠮ ᠤᠨ ᠶᠡᠭᠡ ᠪᠣᠳᠣᠯᠭ᠎ᠠ ᠪᠤᠯᠭᠠᠬᠤ ᠶᠢ ᠪᠠᠷᠢᠮᠲᠠᠯᠠᠵᠤ᠂ ᠨᠠᠮ ᠤᠨ ᠰᠤᠷᠭᠠᠨ | ᠬᠥᠮᠦᠵᠢᠯ ᠤᠨ ᠴᠢᠭᠯᠡᠯᠲᠡ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ | ᠤᠯᠤᠰ ᠢᠶᠠᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠬᠦ᠂ ᠰᠤᠷᠭᠠᠨ ᠬᠥᠮᠦᠵᠢᠯ ᠤᠨ | ᠣᠳᠣᠬᠢᠴᠢᠯᠠᠯᠲᠠ ᠶᠢ ᠲᠦᠷᠭᠡᠳᠬᠡᠬᠦ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠭᠠᠷᠭᠠᠵᠤ᠂ 2035 ᠣᠨ ᠪᠤᠯᠬᠤ ᠳᠤ | ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠲᠡᠮᠡᠴᠡᠯ ᠤᠨ ᠬᠠᠷᠠᠯᠲᠠ ᠶᠢ ᠲᠣᠭᠲᠠᠭᠠᠵᠤ᠂ ᠰᠢᠨ᠎ᠡ | ᠴᠠᠭ ᠦᠶ᠎ᠡ ᠶᠢᠨ ᠰᠤᠷᠭᠠᠨ ᠬᠥᠮᠦᠵᠢᠯ ᠤᠨ ᠦᠢᠯᠡᠰ ᠤᠨ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ ᠣᠯᠵᠤ᠂ | ᠪᠠᠶᠢᠷᠢᠰᠢᠯ ᠤᠨ ᠴᠢᠨᠠᠷᠲᠠᠢ ᠬᠤᠪᠢᠷᠠᠯᠲᠠ ᠭᠠᠷᠬᠤ ᠶᠢ ᠠᠬᠢᠭᠤᠯᠵᠤ ᠪᠠᠶᠢᠨ᠎ᠠ ᠭᠡᠵᠦ ᠴᠢᠬᠤᠯᠠᠴᠢᠯᠠᠪᠠ᠃ | ᠵᠣᠬᠢᠶᠠᠯ ᠳᠤ᠂ ᠪᠢᠳᠡᠨ ᠤ ᠪᠦᠲᠦᠭᠡᠨ ᠪᠠᠶᠢᠭᠤᠯᠬᠤ ᠭᠡᠵᠦ ᠪᠠᠶᠢᠭ᠎ᠠ ᠰᠤᠷᠭᠠᠨ ᠬᠥᠮᠦᠵᠢᠯ ᠤᠨ ᠬᠦᠴᠦᠷᠬᠡᠭ ᠤᠯᠤᠰ ᠪᠣᠯ | ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠰᠤᠷᠭᠠᠨ ᠬᠥᠮᠦᠵᠢᠯ ᠤᠨ ᠬᠦᠴᠦᠷᠬᠡᠭ ᠤᠯᠤᠰ ᠮᠥᠨ᠂ | ᠬᠦᠴᠦᠷᠬᠡᠭ ᠶᠡᠭᠡ ᠦᠵᠡᠯ ᠰᠠᠨᠠᠭ᠎ᠠ ᠤᠯᠤᠰ ᠲᠦᠷᠦ ᠶᠢᠨ ᠬᠥᠲᠥᠯᠥᠨ ᠳᠠᠭᠠᠭᠤᠯᠬᠤ ᠬᠦᠴᠦᠨ᠂ ᠴᠢᠳᠠᠪᠤᠷᠢᠲᠠᠨ ᠤ | ᠥᠷᠢᠰᠦᠯᠳᠦᠬᠦ ᠬᠦᠴᠦᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠬᠤ ᠬᠦᠴᠦᠨ᠂ ᠠᠷᠠᠳ ᠤᠨ | ᠠᠮᠢᠳᠤᠷᠠᠯ ᠤᠨ ᠪᠠᠲᠤᠯᠠᠭ᠎ᠠ ᠶᠢᠨ ᠬᠦᠴᠦᠨ᠂ ᠨᠡᠶᠢᠭᠡᠮ ᠤᠨ ᠬᠠᠮᠵᠢᠯᠴᠠᠬᠤ ᠬᠦᠴᠦᠨ᠂ ᠳᠡᠯᠡᠬᠡᠢ ᠳᠤ ᠨᠥᠯᠥᠭᠡᠯᠡᠬᠦ ᠬᠦᠴᠦᠨ ᠲᠠᠢ | ᠪᠠᠶᠢᠪᠠᠯ ᠵᠣᠬᠢᠨ᠎ᠠ᠃ ᠡᠶᠢᠮᠦᠷᠬᠦᠦ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠳᠤ᠂ ᠡᠷᠬᠡᠪᠰᠢ | ᠦᠨᠳᠦᠰᠦ ᠶᠢ ᠪᠠᠬᠢᠵᠢᠭᠦᠯᠵᠦ ᠰᠦᠭ ᠰᠦᠨᠡᠰᠦ ᠶᠢ ᠱᠤᠭᠤᠬᠤ ᠦᠵᠡᠯ ᠰᠠᠨᠠᠭ᠎ᠠ ᠤᠯᠤᠰ ᠲᠦᠷᠦ ᠶᠢᠨ ᠬᠥᠮᠦᠵᠢᠯ ᠤᠨ | ᠰᠢᠰᠲ᠋ᠧᠮ᠂ ᠲᠥᠪ ᠭᠤᠣᠯᠴᠢ ᠴᠢᠨᠠᠷ ᠰᠠᠶᠢᠲᠠᠢ ᠰᠠᠭᠤᠷᠢ ᠰᠤᠷᠭᠠᠨ ᠬᠥᠮᠦᠵᠢᠯ ᠤᠨ ᠰᠢᠰᠲ᠋ᠧᠮ᠂ ᠥᠪᠡᠷ ᠢ ᠪᠠᠨ | ᠬᠦᠴᠦᠷᠬᠡᠭᠵᠢᠭᠦᠯᠵᠦ ᠭᠠᠷᠮᠠᠭᠠᠢ ᠠᠮᠵᠢᠯᠲᠠ ᠪᠦᠲᠦᠮᠵᠢ ᠣᠯᠣᠭᠰᠠᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠰᠢᠰᠲ᠋ᠧᠮ᠂ | ᠦᠢᠯᠡᠳᠪᠦᠷᠢᠯᠡᠯ ᠵᠢᠭᠠᠨ ᠰᠤᠷᠭᠠᠯᠲᠠ ᠶᠢ ᠠᠭᠤᠰᠤᠯᠴᠠᠭᠤᠯᠤᠭᠰᠠᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ | ᠰᠢᠰᠲ᠋ᠧᠮ᠂ ᠲᠦᠭᠡᠮᠡᠯ ᠬᠠᠷᠠᠭᠠᠯᠵᠠᠯᠲᠤ ᠨᠠᠰᠤᠨ ᠲᠤᠷᠰᠢᠲᠠ ᠶᠢᠨ ᠰᠤᠷᠭᠠᠨ ᠬᠥᠮᠦᠵᠢᠯ ᠤᠨ ᠰᠢᠰᠲ᠋ᠧᠮ᠂ ᠰᠢᠨ᠎ᠡ ᠶᠢ ᠡᠭᠦᠳᠴᠦ | ᠬᠥᠲᠥᠯᠥᠨ ᠳᠠᠭᠠᠭᠤᠯᠬᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠲᠤᠯᠭᠠᠭᠤᠷᠢᠯᠠᠯ ᠤᠨ ᠰᠢᠰᠲ᠋ᠧᠮ᠂ ᠬᠡᠪ ᠪᠣᠯᠪᠠᠰᠤᠷᠠᠯ | ᠰᠢᠯᠢᠳᠡᠭ ᠰᠠᠶᠢᠨ ᠪᠠᠭᠰᠢ ᠶᠢᠨ ᠡᠩᠨᠡᠭᠡ ᠶᠢᠨ ᠰᠢᠰᠲ᠋ᠧᠮ᠂ ᠨᠡᠭᠡᠭᠡᠯᠲᠡᠲᠡᠢ ᠬᠠᠷᠢᠯᠴᠠᠨ ᠲᠣᠯᠢ ᠪᠤᠯᠭᠠᠬᠤ ᠤᠯᠠᠨ ᠤᠯᠤᠰ ᠤᠨ | ᠬᠠᠮᠲᠤᠷᠠᠯᠴᠠᠭᠠᠨ ᠤ ᠰᠢᠰᠲ᠋ᠧᠮ ᠢ ᠪᠦᠭᠦ ᠲᠠᠯ᠎ᠠ ᠪᠠᠷ ᠪᠠᠶᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠵᠣᠬᠢᠶᠠᠯ ᠳᠤ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠪᠣᠯ ᠨᠠᠷᠢᠨ ᠪᠤᠳᠤᠯᠢᠶᠠᠨᠲᠠᠢ | ᠰᠢᠰᠲ᠋ᠧᠮᠲᠦ ᠢᠨᠵᠧᠨᠧᠷᠢᠩ ᠮᠥᠨ᠂ ᠰᠤᠷᠭᠠᠨ ᠬᠥᠮᠦᠵᠢᠯ ᠤᠨ ᠤᠯᠤᠰ ᠲᠦᠷᠦ ᠶᠢᠨ ᠰᠢᠨᠵᠢ ᠴᠢᠨᠠᠷ᠂ ᠠᠷᠠᠳ ᠲᠦᠮᠡᠨ ᠤ | ᠰᠢᠨᠵᠢ ᠴᠢᠨᠠᠷ᠂ ᠪᠠᠶᠢᠯᠳᠤᠬᠤ ᠪᠣᠳᠣᠯᠭ᠎ᠠ ᠶᠢᠨ ᠰᠢᠨᠵᠢ ᠴᠢᠨᠠᠷ ᠢ ᠪᠦᠭᠦ ᠲᠠᠯ᠎ᠠ ᠪᠠᠷ ᠡᠵᠡᠮᠳᠡᠵᠦ᠂ ᠤᠯᠤᠰ ᠤᠨ ᠪᠠᠶᠢᠯᠳᠤᠬᠤ | ᠪᠣᠳᠣᠯᠭ᠎ᠠ ᠶᠢ ᠲᠤᠯᠭᠠᠭᠤᠷᠢᠯᠠᠬᠤ ᠪᠠ ᠠᠷᠠᠳ ᠤᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠶᠢᠨ ᠬᠠᠷᠢᠴᠠᠭ᠎ᠠ᠂ | ᠮᠡᠳᠡᠯᠭᠡ ᠶᠢᠨ ᠰᠤᠷᠤᠯᠴᠠᠯᠭ᠎ᠠ ᠪᠠ ᠪᠦᠭᠦ ᠲᠠᠯ᠎ᠠ ᠶᠢᠨ ᠬᠥᠭᠵᠢᠯᠲᠡ ᠶᠢᠨ ᠬᠠᠷᠢᠴᠠᠭ᠎ᠠ᠂ ᠴᠢᠳᠠᠪᠤᠷᠢᠲᠠᠨ ᠢ ᠬᠥᠮᠥᠵᠢᠭᠦᠯᠬᠦ ᠪᠠ | ᠨᠡᠶᠢᠭᠡᠮ ᠤᠨ ᠬᠡᠷᠡᠭᠴᠡᠭᠡ ᠶᠢ ᠬᠠᠩᠭᠠᠬᠤ ᠶᠢᠨ ᠬᠠᠷᠢᠴᠠᠭ᠎ᠠ᠂ ᠡᠮᠬᠢ ᠵᠢᠷᠤᠮ ᠲᠠᠢ ᠪᠠᠶᠢᠯᠭᠠᠬᠤ ᠪᠠ ᠠᠮᠢᠵᠢᠷᠠᠯ ᠤᠨ ᠬᠦᠴᠦᠨ ᠢ | ᠬᠥᠭᠵᠢᠭᠡᠬᠦ ᠶᠢᠨ ᠬᠠᠷᠢᠴᠠᠭ᠎ᠠ᠂ ᠳᠤᠮᠳᠠᠳᠤ ᠤᠯᠤᠰ ᠤᠨ ᠡᠬᠡ ᠭᠠᠵᠠᠷ ᠲᠤ ᠦᠨᠳᠦᠰᠦᠯᠡᠬᠦ ᠪᠠ ᠤᠯᠠᠨ ᠤᠯᠤᠰ ᠤᠨ | ᠲᠤᠷᠰᠢᠯᠭ᠎ᠠ ᠪᠠᠷ ᠲᠣᠯᠢ ᠪᠤᠯᠭᠠᠬᠤ ᠶᠢᠨ ᠬᠠᠷᠢᠴᠠᠭ᠎ᠠ ᠶᠢ ᠵᠥᠪ ᠰᠢᠢᠳᠪᠦᠷᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠵᠣᠬᠢᠶᠠᠯ ᠳᠤ᠂ ᠲᠣᠭᠲᠠᠭᠰᠠᠨ ᠬᠤᠭᠤᠴᠠᠭᠠᠨ ᠳᠤ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ | ᠪᠠᠶᠢᠭᠤᠯᠬᠤ ᠳᠤ ᠡᠭᠦᠷᠭᠡ ᠬᠦᠨᠳᠦ ᠪᠠᠶᠢᠨ᠎ᠠ᠂ ᠴᠠᠭ ᠪᠢᠳᠡᠨ ᠢ ᠬᠦᠯᠢᠶᠡᠬᠦ ᠦᠭᠡᠢ᠃ ᠨᠢᠭᠡᠳᠦᠭᠡᠷ ᠲᠤ᠂ ᠶᠣᠰᠣ ᠰᠤᠷᠲᠠᠬᠤᠨ ᠢᠶᠠᠷ | ᠬᠥᠮᠥᠨ ᠢ ᠬᠥᠮᠥᠵᠢᠭᠦᠯᠬᠦ ᠦᠨᠳᠦᠰᠦᠨ ᠡᠭᠦᠷᠭᠡ ᠶᠢ ᠡᠷᠡᠰ ᠭᠤᠶᠢᠪᠢᠰᠢ ᠦᠭᠡᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠦᠭ | ᠰᠦᠨᠡᠰᠦ ᠶᠢ ᠱᠤᠭᠤᠵᠤ ᠬᠥᠮᠥᠨ ᠢ ᠬᠥᠮᠥᠵᠢᠭᠦᠯᠬᠦ ᠶᠢ ᠴᠥᠬᠦᠷᠡᠰᠢ ᠦᠭᠡᠢ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠶᠣᠰᠣ | ᠰᠤᠷᠲᠠᠬᠤᠨ ᠢᠶᠠᠷ ᠬᠥᠮᠥᠨ ᠢ ᠬᠥᠮᠥᠵᠢᠭᠦᠯᠬᠦ ᠢᠨᠵᠧᠨᠧᠷᠢᠩ ᠢ ᠬᠡᠷᠡᠭᠵᠢᠭᠦᠯᠵᠦ᠂ ᠦᠵᠡᠯ ᠰᠠᠨᠠᠭ᠎ᠠ ᠤᠯᠤᠰ ᠲᠦᠷᠦ ᠶᠢᠨ | ᠬᠢᠴᠢᠶᠡᠯ ᠤᠨ ᠪᠠᠶᠢᠭᠤᠯᠤᠯᠲᠠ ᠪᠣᠯᠣᠨ ᠨᠠᠮ ᠤᠨ ᠰᠢᠨ᠎ᠡ ᠡᠭᠦᠳᠦᠯᠲᠡ ᠶᠢᠨ ᠤᠨᠤᠯ ᠢᠶᠠᠷ ᠵᠡᠪᠰᠡᠭᠯᠡᠬᠦ ᠶᠢ ᠵᠡᠷᠭᠡ ᠪᠠᠷ | ᠠᠬᠢᠭᠤᠯᠬᠤ ᠶᠢ ᠪᠠᠷᠢᠮᠲᠠᠯᠠᠬᠤ ᠬᠡᠷᠡᠭᠲᠡᠢ᠃ ᠨᠠᠮ ᠤᠨ ᠰᠢᠨ᠎ᠡ ᠡᠭᠦᠳᠦᠯᠲᠡ ᠶᠢᠨ ᠤᠨᠤᠯ ᠤᠨ ᠰᠢᠰᠲ᠋ᠧᠮᠵᠢᠭᠰᠡᠨ ᠣᠨᠣᠯᠵᠢᠨ | ᠶᠣᠰᠣᠵᠢᠭᠰᠠᠨ ᠰᠤᠳᠤᠯᠭᠠᠨ ᠲᠠᠶᠢᠯᠪᠤᠷᠢᠯᠠᠯᠲᠠ ᠶᠢ ᠴᠢᠩᠭᠠᠳᠬᠠᠵᠤ᠂ ᠡᠯ᠎ᠡ ᠰᠢᠨᠵᠢᠯᠡᠭᠡᠨ ᠤ ᠰᠠᠯᠠᠭ᠎ᠠ ᠶᠢᠨ ᠪᠡᠯᠭᠡ ᠲᠡᠮᠳᠡᠭ ᠤᠨ | ᠴᠢᠨᠠᠷᠲᠠᠢ ᠤᠬᠠᠭᠳᠠᠬᠤᠨ᠂ ᠤᠤᠭᠠᠯ ᠡᠭᠦᠳᠦᠯᠲᠡ ᠶᠢᠨ ᠴᠢᠨᠠᠷᠲᠠᠢ ᠤᠨᠤᠯ ᠢᠶᠠᠷ ᠭᠤᠣᠯ ᠪᠤᠯᠭᠠᠬᠰᠠᠨ ᠳᠤᠮᠳᠠᠳᠤ ᠤᠯᠤᠰ ᠤᠨ | ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠰᠢᠰᠲ᠋ᠧᠮ ᠢ ᠪᠠᠶᠢᠭᠤᠯᠬᠤ | ᠬᠡᠷᠡᠭᠲᠡᠢ᠃ ᠦᠢᠯᠡᠳᠦᠯᠭᠡ ᠪᠠᠷ ᠬᠥᠮᠥᠨ ᠢ ᠬᠥᠮᠥᠵᠢᠭᠦᠯᠬᠦ ᠪᠠ ᠰᠦᠯᠵᠢᠶ᠎ᠡ ᠪᠠᠷ ᠬᠥᠮᠥᠨ ᠢ ᠬᠥᠮᠥᠵᠢᠭᠦᠯᠬᠦ ᠣᠷᠣᠨ ᠵᠠᠢ ᠪᠠ | ᠵᠢᠭᠰᠠᠭᠠᠯ ᠤᠨ ᠭᠠᠵᠠᠷ ᠢ ᠲᠠᠰᠤᠷᠠᠯᠲᠠ ᠦᠭᠡᠢ ᠥᠷᠭᠡᠳᠬᠡᠬᠦ ᠬᠡᠷᠡᠭᠲᠡᠢ᠃ ᠬᠤᠶᠠᠳᠤᠭᠠᠷ ᠲᠤ᠂ ᠰᠢᠨᠵᠢᠯᠡᠬᠦ ᠤᠬᠠᠭᠠᠨ ᠲᠸᠭᠨᠢᠭ | ᠮᠡᠷᠭᠡᠵᠢᠯ ᠪᠠ ᠴᠢᠳᠠᠪᠤᠷᠢᠲᠠᠨ ᠳᠤ ᠦᠵᠡᠭᠦᠯᠭᠦ ᠰᠤᠷᠭᠠᠨ ᠬᠥᠮᠦᠵᠢᠯ ᠤᠨ ᠲᠤᠯᠭᠠᠭᠤᠷᠢᠯᠠᠬᠤ ᠦᠢᠯᠡᠳᠦᠯ ᠢ ᠴᠢᠩᠭᠠᠳᠬᠠᠬᠤ | ᠬᠡᠷᠡᠭᠲᠡᠢ᠃ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠴᠢᠳᠠᠪᠤᠷᠢᠲᠠᠨ ᠤ ᠰᠠᠶᠢᠨ ᠣᠷᠴᠢᠯ ᠢ | ᠠᠬᠢᠭᠤᠯᠬᠤ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠤᠯᠤᠰ ᠢᠶᠠᠨ ᠮᠠᠨᠳᠤᠭᠤᠯᠬᠤ ᠪᠠᠶᠢᠯᠳᠤᠬᠤ | ᠪᠣᠳᠣᠯᠭ᠎ᠠ᠂ ᠴᠢᠳᠠᠪᠤᠷᠢᠲᠠᠨ ᠤ ᠬᠦᠴᠦᠷᠬᠡᠭ ᠤᠯᠤᠰ ᠤᠨ ᠪᠠᠶᠢᠯᠳᠤᠬᠤ ᠪᠣᠳᠣᠯᠭ᠎ᠠ᠂ ᠰᠢᠨ᠎ᠡ ᠶᠢ ᠡᠭᠦᠳᠬᠦ ᠪᠠᠷ ᠬᠥᠳᠡᠯᠭᠡᠭᠦᠷ | ᠪᠤᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠨᠢᠭᠡᠳᠦᠯᠲᠡᠢ ᠲᠥᠯᠥᠪᠵᠢᠭᠦᠯᠦᠨ ᠬᠡᠷᠡᠭᠵᠢᠭᠦᠯᠵᠦ᠂ ᠰᠤᠷᠭᠠᠨ | ᠬᠥᠮᠦᠵᠢᠯ ᠤᠨ ᠬᠥᠭᠵᠢᠯᠲᠡ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠴᠢᠳᠠᠪᠤᠷᠢᠲᠠᠨ ᠢ | ᠬᠥᠮᠥᠵᠢᠭᠦᠯᠬᠦ ᠶᠢ ᠨᠢᠭᠡ ᠴᠣᠭᠴᠠᠵᠢᠭᠤᠯᠤᠨ ᠠᠬᠢᠭᠤᠯᠬᠤ ᠬᠡᠷᠡᠭᠲᠡᠢ᠃ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ | ᠬᠥᠭᠵᠢᠯᠲᠡ᠂ ᠤᠯᠤᠰ ᠤᠨ ᠪᠠᠶᠢᠯᠳᠤᠬᠤ ᠪᠣᠳᠣᠯᠭ᠎ᠠ ᠶᠢᠨ ᠬᠡᠷᠡᠭᠴᠡᠭᠡ ᠪᠠᠷ ᠬᠥᠲᠥᠯᠥᠮᠵᠢ ᠪᠤᠯᠭᠠᠵᠤ᠂ ᠶᠡᠭᠡ ᠳᠡᠭᠡᠳᠦ | ᠰᠤᠷᠭᠠᠭᠤᠯᠢ ᠶᠢᠨ ᠬᠢᠴᠢᠶᠡᠯ ᠲᠥᠷᠥᠯ ᠤᠨ ᠪᠠᠶᠢᠷᠢᠯᠠᠭᠤᠯᠤᠯᠲᠠ ᠲᠣᠬᠢᠷᠠᠭᠤᠯᠤᠯᠲᠠ ᠶᠢᠨ ᠲᠣᠭᠲᠠᠴᠠ ᠪᠠ ᠴᠢᠳᠠᠪᠤᠷᠢᠲᠠᠨ | ᠬᠥᠮᠥᠵᠢᠭᠦᠯᠬᠦ ᠵᠠᠭᠪᠤᠷ ᠢ ᠲᠡᠭᠦᠯᠳᠡᠷᠵᠢᠭᠦᠯᠬᠦ ᠬᠡᠷᠡᠭᠲᠡᠢ᠃ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ | ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠤᠯᠤᠰ ᠤᠨ ᠪᠠᠶᠢᠯᠳᠤᠬᠤ ᠪᠣᠳᠣᠯᠭ᠎ᠠ ᠶᠢᠨ ᠴᠢᠳᠠᠪᠤᠷᠢᠲᠠᠨ ᠤ ᠬᠦᠴᠦᠨ ᠢ | ᠪᠣᠶᠢᠵᠢᠭᠤᠯᠤᠨ ᠪᠤᠵᠠᠭᠠᠶᠢᠷᠠᠭᠤᠯᠬᠤ ᠬᠡᠷᠡᠭᠲᠡᠢ᠃ ᠭᠤᠷᠪᠠᠳᠤᠭᠠᠷ ᠲᠤ᠂ ᠰᠤᠷᠭᠠᠨ ᠬᠥᠮᠦᠵᠢᠯ ᠤᠨ ᠤᠯᠠᠨ ᠨᠡᠶᠢᠲᠡ ᠶᠢᠨ | ᠦᠢᠯᠡᠴᠢᠯᠡᠭᠡᠨ ᠤ ᠶᠠᠰᠤ ᠴᠢᠨᠠᠷ ᠪᠠ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ᠃ ᠠᠷᠠᠳ ᠲᠦᠮᠡᠨ ᠢᠶᠠᠷ ᠭᠤᠣᠯ ᠪᠤᠯᠭᠠᠬᠤ ᠶᠢ | ᠪᠠᠷᠢᠮᠲᠠᠯᠠᠵᠤ᠂ ᠰᠤᠷᠭᠠᠨ ᠬᠥᠮᠦᠵᠢᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠦᠭᠡᠮᠡᠯ ᠬᠠᠷᠠᠭᠠᠯᠵᠠᠯᠲᠤ ᠴᠢᠨᠠᠷ᠂ | ᠬᠦᠷᠦᠯᠴᠡᠬᠦ ᠴᠢᠨᠠᠷ᠂ ᠳᠥᠭᠦᠮ ᠳᠥᠲᠡ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠰᠤᠷᠭᠠᠨ ᠬᠥᠮᠦᠵᠢᠯ ᠤᠨ | ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠪᠦᠭᠦ ᠠᠷᠠᠳ ᠲᠦᠮᠡᠨ ᠳᠤ ᠨᠠᠩ ᠣᠯᠠᠨ ᠨᠠᠩ ᠡᠷᠬᠡ ᠲᠡᠭᠰᠢ ᠪᠠᠷ | ᠬᠦᠷᠲᠡᠭᠡᠬᠦ ᠬᠡᠷᠡᠭᠲᠡᠢ᠃ ᠣᠷᠣᠨ ᠪᠦᠰᠡ ᠶᠢᠨ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ | ᠰᠢᠯᠢᠳᠡᠭᠵᠢᠭᠦᠯᠵᠦ᠂ ︽ᠬᠤᠶᠠᠷ ᠢ ᠬᠥᠩᠭᠡᠷᠡᠭᠦᠯᠦᠭᠰᠡᠨ︾ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠤᠯᠤᠰ ᠤᠨ | ᠰᠤᠷᠭᠠᠨ ᠬᠥᠮᠦᠵᠢᠯ ᠤᠨ ᠲᠣᠭᠠᠴᠢᠯᠠᠯᠳᠠ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠨᠠᠰᠤᠨ | ᠲᠤᠷᠰᠢᠲᠠ ᠶᠢᠨ ᠰᠤᠷᠤᠯᠴᠠᠯᠭ᠎ᠠ ᠶᠢᠨ ᠣᠯᠠᠨ ᠨᠡᠶᠢᠲᠡ ᠶᠢᠨ ᠦᠢᠯᠡᠴᠢᠯᠡᠭᠡ ᠶᠢᠨ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ᠃ | ᠳᠥᠷᠪᠡᠳᠦᠭᠡᠷ ᠲᠤ᠂ ᠰᠢᠨ᠎ᠡ ᠴᠠᠭ ᠦᠶ᠎ᠡ ᠶᠢᠨ ᠥᠨᠳᠥᠷ ᠲᠦᠪᠰᠢᠨ ᠪᠦᠬᠦᠢ ᠪᠠᠭᠰᠢ ᠶᠢᠨ ᠡᠩᠨᠡᠭᠡ ᠶᠢ ᠬᠥᠮᠥᠵᠢᠭᠦᠯᠦᠨ | ᠪᠣᠶᠢᠵᠢᠭᠤᠯᠬᠤ ᠬᠡᠷᠡᠭᠲᠡᠢ᠃ ᠰᠤᠷᠭᠠᠨ ᠬᠥᠮᠥᠵᠢᠯᠲᠡᠨ ᠤ ᠵᠣᠷᠢᠭ ᠰᠠᠨᠠᠭ᠎ᠠ ᠪᠠᠷ ᠰᠦᠭ ᠰᠦᠨᠡᠰᠦ ᠶᠢ ᠱᠤᠭᠤᠵᠤ ᠪᠠᠭᠰᠢ ᠶᠢ | ᠬᠦᠴᠦᠷᠬᠡᠭᠵᠢᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢ | ᠴᠢᠩᠭᠠᠳᠬᠠᠵᠤ᠂ ᠪᠠᠭᠰᠢ ᠶᠢ ᠬᠥᠮᠥᠵᠢᠭᠦᠯᠵᠦ ᠪᠤᠯᠪᠠᠰᠤᠷᠠᠭᠤᠯᠬᠤ ᠶᠠᠰᠤ ᠴᠢᠨᠠᠷ ᠢ ᠲᠠᠰᠤᠷᠠᠯᠳᠠ ᠦᠭᠡᠢ ᠳᠡᠭᠡᠭᠰᠢᠯᠡᠭᠦᠯᠵᠦ᠂ | ᠪᠠᠭᠰᠢ ᠶᠢᠨ ᠬᠠᠮᠢᠶᠠᠷᠤᠯᠲᠠ ᠪᠣᠯᠣᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ | ᠰᠢᠯᠢᠳᠡᠭᠵᠢᠭᠦᠯᠬᠦ ᠬᠡᠷᠡᠭᠲᠡᠢ᠃ ᠪᠠᠭᠰᠢ ᠶᠢᠨ ᠤᠯᠤᠰ ᠲᠥᠷᠥ ᠶᠢᠨ ᠪᠠᠶᠢᠷᠢ ᠰᠠᠭᠤᠷᠢ᠂ ᠨᠡᠶᠢᠭᠡᠮ ᠤᠨ ᠪᠠᠶᠢᠷᠢ ᠰᠠᠭᠤᠷᠢ᠂ ᠠᠵᠢᠯ | ᠮᠡᠷᠭᠡᠵᠢᠯ ᠤᠨ ᠪᠠᠶᠢᠷᠢ ᠰᠠᠭᠤᠷᠢ ᠶᠢ ᠳᠡᠭᠡᠭᠰᠢᠯᠡᠭᠦᠯᠵᠦ᠂ ᠪᠠᠭᠰᠢ ᠨᠠᠷ ᠲᠤ ᠡᠷᠬᠢᠮ ᠳᠡᠭᠡᠳᠦ ᠨᠡᠶᠢᠭᠡᠮ ᠤᠨ ᠨᠡᠷ᠎ᠡ ᠬᠦᠨᠳᠦ | ᠬᠦᠷᠲᠡᠭᠡᠵᠦ᠂ ᠨᠡᠶᠢᠭᠡᠮ ᠨᠡᠶᠢᠲᠡ ᠳᠤ ᠬᠠᠮᠤᠭ ᠠᠴᠠ ᠬᠦᠨᠳᠦᠳᠬᠡᠭᠳᠡᠬᠦ ᠠᠵᠢᠯ ᠮᠡᠷᠭᠡᠵᠢᠯ ᠤᠨ ᠨᠢᠭᠡ ᠪᠤᠯᠭᠠᠬᠤ ᠬᠡᠷᠡᠭᠲᠡᠢ᠃ | ᠲᠠᠪᠤᠳᠤᠭᠠᠷ ᠲᠤ᠂ ᠪᠦᠭᠦ ᠪᠥᠮᠪᠥᠷᠴᠡᠭ ᠲᠤ ᠨᠥᠯᠥᠭᠡᠯᠡᠬᠦ ᠬᠦᠴᠦᠨ ᠪᠦᠬᠦᠢ ᠴᠢᠬᠤᠯᠠ ᠰᠤᠷᠭᠠᠨ ᠬᠥᠮᠦᠵᠢᠯ ᠤᠨ ᠲᠥᠪ ᠢ | ᠪᠠᠶᠢᠭᠤᠯᠬᠤ ᠬᠡᠷᠡᠭᠲᠡᠢ᠃ ᠰᠤᠷᠭᠠᠨ ᠬᠥᠮᠦᠵᠢᠯ ᠤᠨ ᠭᠠᠳᠠᠭᠠᠳᠤ ᠨᠡᠭᠡᠭᠡᠯᠲᠡ ᠶᠢ ᠭᠦᠨᠵᠡᠭᠡᠢ ᠠᠬᠢᠭᠤᠯᠵᠤ᠂ ︽ᠭᠠᠳᠠᠭᠠᠳᠤ ᠠᠴᠠ | ᠣᠷᠣᠭᠤᠯᠵᠤ ᠠᠪᠴᠢᠷᠠᠬᠤ︾ ᠪᠠ ︽ᠭᠠᠳᠠᠭᠠᠳᠤ ᠳᠤ ᠭᠠᠷᠴᠤ ᠶᠠᠪᠤᠬᠤ︾ ᠶᠢ ᠨᠢᠭᠡᠳᠦᠯᠲᠡᠢ ᠲᠥᠯᠥᠪᠵᠢᠭᠦᠯᠦᠨ᠂ ᠰᠤᠷᠭᠠᠨ | ᠬᠥᠮᠦᠵᠢᠯ ᠤᠨ ᠳᠡᠯᠡᠬᠡᠢ ᠳᠠᠬᠢ ᠨᠥᠯᠥᠭᠡᠯᠡᠬᠦ ᠬᠦᠴᠦᠨ᠂ ᠥᠷᠢᠰᠦᠯᠳᠦᠬᠦ ᠬᠦᠴᠦᠨ ᠪᠠ ᠦᠭᠡ ᠬᠡᠯᠡᠬᠦ ᠡᠷᠬᠡ ᠶᠢ ᠲᠠᠰᠤᠷᠠᠯᠲᠠ | ᠦᠭᠡᠢ ᠳᠡᠭᠡᠭᠰᠢᠯᠡᠭᠦᠯᠭᠦ ᠬᠡᠷᠡᠭᠲᠡᠢ᠃ ᠪᠦᠭᠦ ᠪᠥᠮᠪᠥᠷᠴᠡᠭ ᠤᠨ ᠰᠤᠷᠭᠠᠨ ᠬᠥᠮᠦᠵᠢᠯ ᠤᠨ ᠵᠠᠰᠠᠯᠲᠠ ᠳᠤ ᠢᠳᠡᠪᠬᠢᠲᠡᠢ | ᠣᠷᠣᠯᠴᠠᠵᠤ᠂ ᠪᠦᠭᠦ ᠪᠥᠮᠪᠥᠷᠴᠡᠭ ᠤᠨ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢ ᠠᠬᠢᠭᠤᠯᠬᠤ ᠳᠤ ᠨᠡᠩ ᠤᠯᠠᠨ | ᠳᠤᠮᠳᠠᠳᠤ ᠤᠯᠤᠰ ᠤᠨ ᠬᠦᠴᠦᠨ ᠢ ᠨᠡᠮᠡᠷᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠵᠣᠬᠢᠶᠠᠯ ᠳᠤ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠪᠣᠯ ᠣᠶᠢᠷ᠎ᠠ ᠦᠶ᠎ᠡ ᠠᠴᠠ | ᠨᠠᠭᠠᠰᠢᠬᠢ ᠳᠤᠮᠳᠠᠳᠤ ᠶᠢᠨ ᠦᠨᠳᠦᠰᠦᠲᠡᠨ ᠤ ᠬᠦᠰᠡᠭᠰᠡᠭᠡᠷ ᠢᠷᠡᠭᠰᠡᠨ ᠰᠠᠶᠢᠨ ᠰᠠᠶᠢᠬᠠᠨ ᠬᠦᠰᠡᠯ ᠡᠷᠡᠮᠡᠯᠵᠡᠯ ᠮᠥᠨ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ | ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠬᠤᠰᠢᠭᠤᠴᠢ ᠡᠭᠦᠷᠭᠡ᠂ | ᠪᠠᠲᠤ ᠪᠠᠬᠢ ᠰᠠᠭᠤᠷᠢ᠂ ᠪᠠᠶᠢᠯᠳᠤᠬᠤ ᠪᠣᠳᠣᠯᠭ᠎ᠠ ᠶᠢᠨ ᠲᠤᠯᠭᠠᠭᠤᠷᠢᠯᠠᠯ ᠮᠥᠨ᠃ ᠢᠲᠡᠭᠡᠯ ᠵᠣᠷᠢᠭ ᠢᠶᠠᠨ ᠪᠠᠲᠤᠳᠬᠠᠵᠤ᠂ | ᠵᠣᠷᠢᠭᠲᠠᠢ ᠤᠷᠤᠭᠰᠢᠯᠠᠵᠤ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠠᠤᠭ᠎ᠠ ᠬᠠᠷᠠᠯᠲᠠ ᠶᠢ | ᠪᠡᠶᠡᠯᠡᠭᠦᠯᠬᠦ ᠶᠢᠨ ᠲᠥᠯᠥᠭᠡ ᠴᠥᠬᠦᠷᠡᠰᠢ ᠦᠭᠡᠢ ᠲᠡᠮᠡᠴᠡᠬᠦ ᠬᠡᠷᠡᠭᠲᠡᠢ ᠭᠡᠵᠦ ᠴᠢᠬᠤᠯᠠᠴᠢᠯᠠᠪᠠ᠃ |