ᠪᠥᠬᠦ ᠣᠷᠣᠨ ᠤ ᠬᠥᠷᠥᠰᠥ ᠰᠢᠷᠣᠢ ᠶᠢᠨ ᠡᠬᠢ ᠪᠠᠶᠠᠯᠢᠭ ᠤᠨ ᠰᠠᠭᠤᠷᠢ ᠶᠢ ᠣᠨᠣᠪᠴᠢᠲᠠᠶ ᠣᠶᠢᠯᠠᠭᠠᠵᠤ᠂ ᠠᠮᠢ | ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠵᠦ᠂ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠳᠤ | ᠦᠢᠯᠡᠴᠢᠯᠡᠵᠦ᠂ ᠥᠪᠥᠷ ᠮᠣᠩᠭᠤᠯ ᠤᠨ ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠬᠥᠷᠥᠰᠥ ᠰᠢᠷᠣᠢ ᠶᠢᠨ | ᠨᠡᠶᠢᠳᠡᠮ ᠤᠨ ᠪᠠᠶᠢᠴᠠᠭᠠᠯᠲᠠ ᠶᠢᠨ ᠠᠵᠢᠯ ᠢ ᠥᠨᠳᠥᠷ ᠪᠦᠲᠦᠮᠵᠢᠲᠡᠶ ᠪᠠᠷ ᠲᠦᠯᠬᠢᠨ ᠠᠬᠢᠭᠤᠯᠬᠤ ᠶᠢᠨ ᠲᠥᠯᠥᠭᠡ᠂ 5 | ᠰᠠᠷ᠎ᠠ ᠶᠢᠨ 18 ᠤ ᠡᠳᠦᠷ ᠠᠴᠠ 19 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ | ᠤᠳᠠᠭᠠᠨ ᠤ ᠨᠡᠶᠢᠳᠡᠮ ᠤᠨ ᠪᠠᠶᠢᠴᠠᠭᠠᠯᠲᠠ ᠶᠢᠨ ᠠᠯᠪᠠᠨ ᠭᠡᠷ ᠠᠴᠠ ᠤᠯᠤᠰ ᠤᠨ ᠬᠡᠭᠡᠷ᠎ᠡ ᠶᠢᠨ ᠠᠵᠢᠯ ᠤᠨ | ᠳᠤᠭᠤᠶᠢᠯᠠᠩ ᠤᠨ ᠫᠷᠤᠹᠧᠰᠰᠤᠷ ᠸᠠᠩ ᠴᠢᠦ ᠪᠢᠩ᠂ ᠫᠷᠤᠹᠧᠰᠰᠤᠷ ᠦ᠋ ᠺᠧ ᠨᠢᠩ᠂ ᠫᠷᠤᠹᠧᠰᠰᠤᠷ ᠰᠦᠨ ᠹᠦ᠋ ᠵᠢᠶᠦ᠋ᠨ | ᠵᠢᠴᠢ ᠥᠪᠡᠷᠲᠡᠭᠡᠨ ᠵᠠᠰᠠᠬᠤ ᠣᠷᠣᠨ ᠤ ᠬᠥᠷᠥᠰᠥ ᠰᠢᠷᠣᠢ ᠶᠢᠨ ᠲᠥᠷᠥᠯ ᠬᠡᠯᠪᠡᠷᠢ ᠶᠢᠨ ᠬᠠᠮᠢᠶ᠎ᠠ ᠪᠦᠬᠦᠢ ᠣᠷᠣᠨ | ᠪᠦᠰᠡ ᠶᠢᠨ ᠲᠤᠰᠬᠠᠢ ᠮᠡᠷᠭᠡᠵᠢᠯᠲᠡᠨ ᠫᠷᠤᠹᠧᠰᠰᠤᠷ ᠪᠦᠦ ᠰᠢᠶᠠᠩ᠂ ᠫᠷᠤᠹᠧᠰᠰᠤᠷ ᠰᠦ ᠭᠧᠨ ᠴᠧᠩ ᠢ ᠤᠷᠢᠵᠤ᠂ ᠪᠥᠬᠦ | ᠣᠷᠣᠨ ᠤ ᠬᠥᠷᠥᠰᠥ ᠰᠢᠷᠣᠢ ᠶᠢᠨ ᠣᠭᠲᠣᠯᠣᠭᠠᠰᠤ ᠶᠢᠨ ᠪᠠᠶᠢᠴᠠᠭᠠᠯᠲᠠ ᠶᠢ ᠡᠭᠦᠷᠭᠡᠯᠡᠭᠰᠡᠨ ᠭᠤᠷᠪᠠᠨ ᠮᠡᠷᠭᠡᠵᠢᠯ ᠤᠨ | ᠲᠤᠯᠭᠠᠭᠤᠷᠢᠯᠠᠬᠤ ᠨᠢᠭᠡᠴᠡ ᠳᠤ ᠪᠥᠬᠦ ᠲᠠᠯ᠎ᠠ ᠶᠢᠨ ᠰᠢᠯᠭᠠᠨ ᠠᠪᠬᠤ ᠠᠵᠢᠯ ᠬᠢᠵᠦ᠂ ᠥᠪᠥᠷ ᠮᠣᠩᠭᠤᠯ ᠤᠨ | ᠲᠠᠷᠢᠶᠠᠯᠠᠩ ᠤᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ | ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ᠂ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ | ᠬᠦᠷᠢᠶᠡᠯᠡᠩ ᠤᠨ ᠲᠠᠯ᠎ᠠ ᠨᠤᠲᠤᠭ ᠤᠨ ᠰᠤᠳᠤᠯᠭᠠᠨ ᠤ ᠭᠠᠵᠠᠷ ᠥᠨᠳᠥᠷ ᠪᠠᠷᠢᠮᠵᠢᠶ᠎ᠠ ᠪᠠᠷ ᠥᠪᠡᠷᠲᠡᠭᠡᠨ ᠵᠠᠰᠠᠬᠤ | ᠣᠷᠣᠨ ᠤ ᠲᠠᠰ ᠤᠨ ᠬᠢᠨᠠᠨ ᠰᠢᠯᠭᠠᠯᠲᠠ ᠳᠤ ᠬᠢᠷᠢ ᠲᠡᠩᠴᠡᠪᠡ᠃ | | | | ᠥᠪᠥᠷ ᠮᠣᠩᠭᠤᠯ ᠭᠤᠷᠪᠠᠨ ᠤᠮᠠᠷᠠᠲᠤ ᠶᠢ ᠰᠤᠨᠳᠠᠯᠠᠵᠤ᠂ ᠵᠡᠭᠦᠨ ᠬᠤᠶᠢᠲᠤ ᠣᠷᠣᠨ ᠠᠴᠠ ᠪᠠᠷᠠᠭᠤᠨ ᠡᠮᠦᠨᠡᠰᠢ | ᠵᠢᠰᠢᠭᠦᠦ ᠰᠤᠨᠵᠤ᠂ ᠵᠡᠭᠦᠨᠰᠢ ᠪᠠᠷᠠᠭᠤᠨᠰᠢ 2400 ᠭᠠᠷᠤᠢ ᠺᠢᠯᠣᠮᠧᠲᠷ ᠤᠷᠲᠤ᠂ ᠡᠮᠦᠨᠡᠰᠢ ᠤᠮᠠᠷᠠᠰᠢ ᠬᠠᠮᠤᠭ ᠤᠨ | ᠶᠡᠭᠡ ᠠᠯᠭᠠᠰᠠᠯ ᠨᠢ 1700 ᠤᠨ ᠭᠠᠷᠤᠢ ᠺᠢᠯᠣᠮᠧᠲᠷ ᠪᠠᠶᠢᠵᠤ᠂ ᠭᠠᠵᠠᠷ ᠰᠢᠷᠣᠢ ᠶᠢᠨ ᠶᠡᠷᠦᠩᠬᠡᠢ ᠲᠠᠯᠠᠪᠠᠶ ᠨᠢ 118. | 3 ᠲᠦᠮᠡᠨ ᠲᠡᠭᠰᠢ ᠳᠥᠷᠪᠡᠯᠵᠢᠨ ᠺᠢᠯᠣᠮᠧᠲᠷ ᠪᠣᠯᠣᠨ᠎ᠠ᠃ ᠭᠠᠵᠠᠷ ᠣᠷᠣᠨ ᠤ ᠠᠯᠭᠠᠰᠠᠯ ᠶᠡᠭᠡ᠂ ᠪᠥᠬᠦ ᠣᠷᠣᠨ ᠤ | ᠭᠠᠵᠠᠷ ᠤᠨ ᠲᠥᠷᠬᠦ ᠶᠢᠨ ᠲᠥᠷᠥᠯ ᠵᠦᠢᠯ ᠪᠤᠳᠤᠯᠢᠶᠠᠨᠲᠠᠢ᠂ ᠬᠥᠷᠥᠰᠥ ᠰᠢᠷᠣᠢ ᠶᠢᠨ ᠲᠥᠷᠥᠯ ᠵᠦᠢᠯ ᠣᠯᠠᠨ | ᠶᠠᠩᠵᠤ ᠶᠢᠨ ᠤᠴᠢᠷ ᠠᠴᠠ ᠬᠤᠶᠠᠳᠤᠭᠠᠷ ᠤᠳᠠᠭ᠎ᠠ ᠶᠢᠨ ᠬᠦᠷᠦᠰᠦ ᠰᠢᠷᠤᠢ ᠶᠢᠨ ᠨᠡᠶᠢᠳᠡᠮ ᠤᠨ ᠪᠠᠶᠢᠴᠠᠭᠠᠯᠲᠠ ᠨᠢ | ᠪᠥᠬᠦ ᠣᠷᠣᠨ ᠤ ᠲᠠᠷᠢᠶᠠᠨ ᠭᠠᠵᠠᠷ ᠢ 30 ᠰᠢᠷᠣᠢ ᠶᠢᠨ ᠲᠥᠷᠥᠯ᠂ 87 ᠳᠡᠳ᠋ ᠲᠥᠷᠥᠯ᠂ 293 ᠰᠢᠷᠣᠢ ᠶᠢᠨ | ᠲᠥᠷᠥᠯ᠂ 720 ᠰᠢᠷᠣᠢ ᠶᠢᠨ ᠲᠥᠷᠥᠯ ᠪᠣᠯᠭᠠᠨ ᠬᠤᠪᠢᠶᠠᠵᠤ᠂ ᠪᠥᠬᠦ ᠣᠷᠣᠨ ᠳᠤ ᠭᠤᠣᠯᠳᠠᠭᠤ ᠺᠠᠯᠼ ᠤᠨ | ᠬᠤᠷᠠᠮᠳᠤᠯᠳᠤ ᠰᠢᠷᠣᠢ ᠪᠠᠷ ᠭᠤᠣᠯᠯᠠᠬᠤ ᠶᠢᠨ ᠬᠠᠮᠲᠤ ᠪᠠᠰᠠ ᠵᠡᠭᠦᠨ ᠬᠤᠶᠢᠲᠤ ᠶᠢᠨ ᠨᠡᠶᠢᠲᠡᠯᠢᠭ ᠬᠠᠷ᠎ᠠ ᠬᠥᠷᠥᠰᠥ ᠪᠠ | ᠪᠠᠷᠠᠭᠤᠨ ᠬᠤᠶᠢᠲᠤ ᠶᠢᠨ ᠰᠠᠯᠬᠢᠨ ᠤ ᠡᠯᠡᠰᠦᠷᠬᠡᠭ ᠬᠥᠷᠥᠰᠥ᠂ ᠤᠯᠠᠪᠤᠷ ᠴᠦᠯ ᠤᠨ ᠬᠥᠷᠥᠰᠥ ᠵᠡᠷᠭᠡ ᠭᠠᠵᠠᠷ | ᠣᠷᠣᠨ ᠤ ᠣᠨᠴᠠᠯᠢᠭᠲᠤ ᠬᠥᠷᠥᠰᠥ ᠰᠢᠷᠣᠢ ᠪᠠᠶᠢᠵᠤ᠂ ᠰᠤᠳᠤᠯᠭᠠᠨ ᠤ ᠦᠨ᠎ᠡ ᠥᠷᠲᠡᠭ ᠢᠶᠠᠷ ᠲᠤᠶᠢᠯ ᠤᠨ ᠶᠡᠭᠡ | ᠪᠠᠶᠢᠳᠠᠭ᠃ 2022 ᠣᠨ ᠤ ᠬᠡᠭᠡᠷ᠎ᠡ ᠶᠢᠨ ᠠᠵᠢᠯ ᠤᠨ ᠪᠠᠶᠢᠴᠠᠭᠠᠯᠲᠠ ᠶᠢᠨ ᠦᠯᠢᠭᠡᠷ ᠡᠳ᠋ ᠠᠪᠬᠤ ᠠᠵᠢᠯ ᠢ | ᠵᠢᠩᠬᠢᠨᠢ ᠪᠠᠷ ᠡᠬᠢᠯᠡᠭᠦᠯᠦᠭᠰᠡᠨ ᠠᠴᠠ ᠰᠢᠯᠭᠠᠨ ᠠᠪᠬᠤ ᠶᠢ ᠪᠡᠶᠡᠯᠡᠭᠦᠯᠬᠦ ᠪᠣᠯᠲᠠᠯ᠎ᠠ᠂ ᠭᠤᠷᠪᠠᠨ ᠵᠢᠯ ᠤᠨ | ᠬᠤᠭᠤᠴᠠᠭ᠎ᠠ ᠶᠢ ᠥᠩᠭᠡᠷᠡᠭᠡᠭᠡᠳ᠂ ᠪᠦᠬᠦ ᠣᠷᠣᠨ ᠳᠤ ᠨᠡᠶᠢᠳᠡ 3174 ᠣᠭᠲᠣᠯᠣᠭᠠᠰᠤ ᠶᠢᠨ ᠪᠠᠶᠢᠴᠠᠭᠠᠯᠲᠠ ᠶᠢᠨ | ᠦᠯᠢᠭᠡᠷ ᠡᠳ᠋ ᠠᠪᠬᠤ ᠠᠵᠢᠯ ᠢ ᠪᠡᠶᠡᠯᠡᠭᠦᠯᠵᠦ᠂ 882 ᠪᠦᠬᠦᠯᠢ ᠬᠡᠰᠡᠭ ᠤᠨ ᠦᠯᠢᠭᠡᠷ ᠡᠳ᠋ ᠠᠪᠬᠤ ᠠᠵᠢᠯ ᠢ | ᠪᠡᠶᠡᠯᠡᠭᠦᠯᠪᠡ᠃ | | | | | | ᠣᠭᠲᠣᠯᠣᠭᠠᠰᠤ ᠶᠢ ᠰᠢᠯᠭᠠᠨ ᠠᠪᠬᠤ ᠠᠵᠢᠯ ᠬᠤᠶᠠᠷ ᠡᠳᠦᠷ ᠶᠠᠪᠤᠭᠳᠠᠵᠤ᠂ ᠤᠯᠤᠰ ᠵᠢᠴᠢ ᠥᠪᠡᠷᠲᠡᠭᠡᠨ | ᠵᠠᠰᠠᠬᠤ ᠣᠷᠣᠨ ᠤ ᠬᠤᠶᠠᠷ ᠱᠠᠲᠤᠨ ᠤ ᠲᠤᠰᠬᠠᠢ ᠮᠡᠷᠭᠡᠵᠢᠯᠲᠡᠨ ᠤ ᠳᠤᠭᠤᠶᠢᠯᠠᠩ ᠠᠴᠠ ᠥᠪᠥᠷ ᠮᠣᠩᠭᠤᠯ ᠤᠨ | ᠭᠤᠷᠪᠠᠳᠤᠭᠠᠷ ᠤᠳᠠᠭᠠᠨ ᠤ ᠨᠡᠶᠢᠳᠡᠮ ᠤᠨ ᠪᠠᠶᠢᠴᠠᠭᠠᠯᠲᠠ ᠶᠢᠨ ᠣᠭᠲᠣᠯᠣᠭᠠᠰᠤ ᠳᠤ ᠲᠠᠪᠤᠨ ᠬᠡᠮᠵᠢᠯ ᠤᠨ ᠪᠦᠬᠦ | ᠲᠠᠯ᠎ᠠ ᠶᠢᠨ ᠬᠢᠨᠠᠨ ᠪᠠᠶᠢᠴᠠᠭᠠᠯᠲᠠ ᠬᠢᠵᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠢᠲᠡᠭᠦᠦ ᠴᠠᠭᠠᠷᠢᠭ ᠤᠨ | ᠲᠣᠭᠲᠠᠴᠠ ᠶᠢ ᠪᠠᠶᠢᠭᠤᠯᠵᠤ᠂ ︽ᠰᠠᠶᠢᠵᠠᠳᠠᠬᠤ ᠮᠠᠶ᠋ᠢᠭ︾ ᠤᠨ ᠰᠢᠯᠭᠠᠨ ᠠᠪᠬᠤ ᠠᠵᠢᠯ ᠢ ᠥᠷᠨᠢᠭᠦᠯᠵᠡᠢ᠃ ︽ᠴᠡᠭ | ᠰᠣᠩᠭᠤᠬᠤ ᠨᠡᠶᠢᠲᠡᠯᠢᠭ ᠴᠢᠨᠠᠷ᠂ ᠠᠵᠢᠭᠯᠠᠯᠲᠠ ᠶᠢᠨ ᠯᠣᠭᠢᠭ ᠴᠢᠨᠠᠷ᠂ ᠲᠥᠷᠥᠯ ᠬᠤᠪᠢᠶᠠᠬᠤ ᠰᠢᠨᠵᠢᠯᠡᠬᠦ ᠤᠬᠠᠭᠠᠨᠴᠢ | ᠴᠢᠨᠠᠷ᠂ ᠥᠯᠢᠭᠡᠷ ᠡᠳ᠋ ᠠᠪᠬᠤ ᠵᠢᠷᠤᠮᠵᠢᠯᠳᠤ ᠴᠢᠨᠠᠷ᠂ ᠲᠤᠭ᠎ᠠ ᠪᠠᠷᠢᠮᠲᠠ ᠶᠢᠨ ᠪᠦᠷᠢᠨ ᠪᠦᠲᠦᠨ ᠴᠢᠨᠠᠷ︾ ᠤᠨ ᠲᠠᠪᠤᠨ | ᠶᠡᠭᠡ ᠬᠡᠮᠵᠢᠶ᠎ᠡ ᠶᠢᠨ ᠲᠣᠭᠤᠷᠢᠨ ᠳᠤ ᠵᠦᠢᠯ ᠳᠠᠷᠠᠭᠠᠯᠠᠨ ᠬᠠᠷᠭᠤᠭᠤᠯᠤᠨ ᠪᠠᠶᠢᠴᠠᠭᠠᠵᠤ᠂ ᠠᠰᠠᠭᠤᠳᠠᠯ ᠤᠨ ᠨᠠᠷᠢᠨ | ᠬᠠᠭᠤᠳᠠᠰᠤ ᠪᠠ ᠪᠢᠲᠡᠭᠦᠦ ᠴᠠᠭᠠᠷᠢᠭ ᠤᠨ ᠴᠡᠭᠴᠡᠯᠡᠨ ᠰᠠᠶᠢᠵᠢᠷᠠᠭᠤᠯᠬᠤ ᠲᠣᠭᠲᠠᠴᠠ ᠶᠢ ᠬᠠᠮᠲᠤ ᠳᠤᠨᠢ ᠪᠠᠶᠢᠭᠤᠯᠵᠤ᠂ | ᠪᠥᠬᠦ ᠣᠷᠣᠨ ᠤ ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠨᠠᠷᠢᠯᠢᠭ | ᠣᠨᠣᠴᠠᠲᠠᠢ ᠴᠢᠨᠠᠷ ᠲᠤ ︽ᠬᠤᠣᠰ ᠳᠠᠭᠠᠳᠬᠠᠯ︾ ᠢ ᠨᠡᠮᠡᠵᠦ ᠤᠭᠰᠠᠷᠠᠪᠠ᠃ ᠤᠯᠠᠨ ᠲᠠᠯ᠎ᠠ ᠠᠴᠠ ᠰᠢᠯᠭᠠᠨ ᠪᠠᠶᠢᠴᠠᠭᠠᠵᠤ | ᠰᠢᠯᠭᠠᠨ ᠦᠨᠡᠯᠡᠬᠦ ᠪᠠᠷ ᠲᠠᠮᠵᠢᠨ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ᠂ | ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠠᠯ᠎ᠠ ᠨᠤᠲᠤᠭ ᠤᠨ | ᠰᠤᠳᠤᠯᠭᠠᠨ ᠤ ᠭᠠᠵᠠᠷ ᠬᠠᠮᠵᠢᠯᠴᠠᠨ ᠪᠣᠭᠤᠮᠲᠠ ᠰᠢᠪᠲᠤᠯᠵᠤ᠂ ᠴᠢᠨᠠᠷ ᠰᠠᠶᠢᠲᠠᠢ ᠰᠢᠯᠭᠠᠨ ᠪᠠᠶᠢᠴᠠᠭᠠᠯᠲᠠ ᠳᠤ ᠬᠢᠷᠢ | ᠲᠡᠩᠴᠡᠪᠡ᠂ ᠡᠨᠡ ᠨᠢ ᠥᠪᠡᠷᠲᠡᠭᠡᠨ ᠵᠠᠰᠠᠬᠤ ᠣᠷᠣᠨ ᠤ ᠬᠡᠭᠡᠷ᠎ᠡ ᠶᠢᠨ ᠦᠢᠯᠡᠰ ᠤᠨ ᠪᠠᠶᠢᠴᠠᠭᠠᠯᠲᠠ ᠶᠢᠨ ᠦᠯᠢᠭᠡᠷ ᠡᠳ᠋ | ᠠᠪᠬᠤ ᠠᠵᠢᠯ ᠠᠮᠵᠢᠯᠲᠠ ᠲᠠᠢ ᠲᠡᠭᠦᠰᠴᠦ᠂ ᠲᠤᠭ᠎ᠠ ᠪᠠᠷᠢᠮᠲᠠ ᠶᠢ ᠬᠤᠷᠠᠮᠳᠤᠭᠤᠯᠬᠤ ᠪᠠ ᠦᠷ᠎ᠡ ᠪᠦᠲᠦᠭᠡᠯ ᠢ | ᠬᠤᠷᠢᠶᠠᠩᠭᠤᠶᠢᠯᠠᠬᠤ ᠰᠢᠨ᠎ᠡ ᠱᠠᠲᠤᠨ ᠳᠤ ᠪᠦᠬᠦ ᠲᠠᠯ᠎ᠠ ᠪᠠᠷ ᠣᠷᠣᠭᠰᠠᠨ ᠢ ᠬᠠᠷᠠᠭᠤᠯᠵᠤ ᠪᠠᠶᠢᠨ᠎ᠠ᠃ | | | | | | ᠥᠪᠡᠷᠲᠡᠭᠡᠨ ᠵᠠᠰᠠᠬᠤ ᠣᠷᠣᠨ ᠠᠴᠠ ᠲᠣᠰ ᠤᠳᠠᠭᠠᠨ ᠤ ᠰᠢᠯᠢᠳᠡᠭ ᠬᠢᠷᠢ ᠪᠦᠲᠦᠮᠵᠢ ᠪᠠᠷ ᠰᠢᠨ᠎ᠡ ᠡᠬᠢᠯᠡᠯᠲᠡ | ᠪᠣᠯᠭᠠᠵᠤ᠂ ᠪᠥᠬᠦ ᠣᠷᠣᠨ ᠤ ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢᠨ | ᠠᠵᠢᠯ ᠢ ᠦᠷᠭᠦᠯᠵᠢᠯᠡᠨ ᠯᠠᠪᠳᠠᠭᠤᠨ ᠢᠶᠠᠷ ᠠᠬᠢᠭᠤᠯᠤᠨ᠎ᠠ᠃ ᠳᠣᠲᠣᠭᠠᠳᠤ ᠦᠢᠯᠡᠰ ᠢ ᠰᠢᠯᠭᠠᠨ ᠠᠪᠬᠤ ᠪᠠ ᠦᠷ᠎ᠡ | ᠪᠦᠲᠦᠭᠡᠯ ᠢ ᠬᠤᠷᠢᠶᠠᠩᠭᠤᠶᠢᠯᠠᠬᠤ ᠠᠵᠢᠯ ᠢ ᠲᠦᠷᠭᠡᠳᠬᠡᠨ ᠠᠬᠢᠭᠤᠯᠵᠤ᠂ ᠪᠥᠬᠦ ᠣᠷᠣᠨ ᠤ ᠬᠥᠷᠥᠰᠥ ᠰᠢᠷᠣᠢ ᠶᠢᠨ | ᠡᠬᠢ ᠪᠠᠶᠠᠯᠢᠭ ᠤᠨ ︽ᠨᠢᠭᠡ ᠯᠡ ᠵᠢᠷᠤᠭ︾ ᠢ ᠴᠠᠭ ᠲᠤᠬᠠᠢ ᠳᠤᠨᠢ ᠪᠥᠬᠦ ᠲᠠᠯ᠎ᠠ ᠪᠠᠷ ᠪᠡᠶᠡᠯᠡᠭᠦᠯᠬᠦ ᠶᠢ ᠦᠨᠡᠨᠬᠦ | ᠪᠠᠲᠤᠯᠠᠵᠤ᠂ ᠮᠡᠷᠭᠡᠵᠢᠯ ᠤᠨ ᠵᠢᠯᠣᠭᠤᠳᠤᠯᠭ᠎ᠠ ᠪᠠ ᠶᠠᠰᠤ ᠴᠢᠨᠠᠷ ᠤᠨ ᠡᠵᠡᠮᠳᠡᠯ ᠢ ᠴᠢᠩᠭᠠᠳᠬᠠᠨ᠂ ᠡᠬᠢ ᠡᠭᠦᠰᠦᠯ ᠠᠴᠠ | ᠨᠢ ᠡᠵᠡᠮᠳᠡᠬᠦ᠂ ᠶᠠᠪᠤᠴᠠ ᠶᠢ ᠨᠢ ᠡᠵᠡᠮᠳᠡᠬᠦ ᠶᠢ ᠪᠡᠶᠡᠯᠡᠭᠦᠯᠵᠦ᠂ ᠪᠦᠬᠦ᠋ᠢᠯᠡ ᠨᠡᠶᠢᠳᠡᠮ ᠤᠨ ᠪᠠᠶᠢᠴᠠᠭᠠᠯᠲᠠ ᠶᠢᠨ ᠦᠷ᠎ᠡ | ᠪᠦᠲᠦᠭᠡᠯ ᠤᠨ ᠶᠠᠰᠤ ᠴᠢᠨᠠᠷ ᠢ ᠪᠠᠲᠤᠯᠠᠨ᠂ ᠨᠡᠶᠢᠳᠡᠮ ᠤᠨ ᠪᠠᠶᠢᠴᠠᠭᠠᠯᠲᠠ ᠶᠢᠨ ᠦᠷ᠎ᠡ ᠪᠦᠲᠦᠭᠡᠯ ᠤᠨ ᠬᠡᠷᠡᠭᠯᠡᠯᠲᠡ ᠶᠢ | ᠭᠦᠨᠵᠡᠭᠡᠶᠢᠷᠡᠭᠦᠯᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ᠂ | ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠰᠢᠨᠵᠢᠯᠡᠬᠦ ᠤᠬᠠᠭᠠᠨᠴᠢ ᠲᠤᠯᠭᠠᠭᠤᠷᠢᠯᠠᠯ | ᠬᠠᠩᠭᠠᠨ᠎ᠠ᠃ | ᠮᠡᠳᠡᠭᠡ ᠵᠠᠩᠭᠢ ᠶᠢᠨ ᠢᠷᠡᠯᠲᠡ᠄ ᠥᠪᠥᠷ ᠮᠣᠩᠭᠤᠯ ᠤᠨ ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ | ᠨᠡᠶᠢᠳᠡᠮ ᠤᠨ ᠪᠠᠶᠢᠴᠠᠭᠠᠯᠲᠠ ᠶᠢᠨ ᠠᠯᠪᠠᠨ ᠭᠡᠷ |