ᠪᠡᠯᠡ ᠮᠥᠩᠭᠦ ᠶᠢᠨ ᠲᠥᠷᠥᠯ ᠵᠦᠢᠯ ᠤᠨ ᠬᠡᠷᠡᠭᠵᠢᠭᠦᠯᠦᠯᠲᠡ ᠶᠢ ᠵᠣᠯᠭᠠᠭᠤᠯᠬᠤ ᠶᠢ ᠲᠦᠷᠭᠡᠳᠬᠡᠨ | ᠠᠬᠢᠭᠤᠯᠬᠤ ᠶᠢᠨ ᠲᠥᠯᠥᠭᠡ᠂ ᠤᠯᠠᠭᠠᠨᠬᠠᠳᠠ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ 2025 | ᠣᠨ ᠤ 5 ᠰᠠᠷ᠎ᠠ ᠶᠢᠨ 30 ᠤ ᠡᠳᠦᠷ ᠪᠥᠬᠦ ᠬᠤᠲᠠ ᠶᠢᠨ ᠪᠡᠯᠡ ᠮᠥᠩᠭᠦ ᠶᠢᠨ ᠲᠥᠷᠥᠯ ᠵᠦᠢᠯ ᠢ ᠵᠣᠯᠭᠠᠭᠤᠯᠬᠤ ᠶᠢ | ᠲᠦᠯᠬᠢᠨ ᠠᠬᠢᠭᠤᠯᠬᠤ ᠸᠢᠳᠢᠤ᠋ ᠬᠤᠷᠠᠯ ᠬᠤᠷᠠᠯᠳᠤᠭᠤᠯᠪᠠ᠃ ᠤᠯᠠᠭᠠᠨᠬᠠᠳᠠ ᠬᠤᠲᠠ ᠶᠢᠨ ᠲᠠᠷᠢᠶᠠᠯᠠᠩ ᠮᠠᠯ ᠠᠵᠤ | ᠠᠬᠤᠢ ᠶᠢᠨ ᠲᠣᠪᠴᠢᠶ᠎ᠠ ᠶᠢᠨ ᠳᠡᠳ᠋ ᠳᠠᠷᠤᠭ᠎ᠠ ᠯᠢᠦ ᠯᠢ ᠨᠠ᠂ ᠲᠦᠯᠦᠪᠯᠡᠭᠡ ᠡᠳ᠋ ᠤᠨ ᠡᠳ᠋ ᠤᠨ ᠶᠠᠪᠤᠳᠠᠯ ᠤᠨ | ᠰᠠᠯᠠᠭᠠᠨ ᠤ ᠪᠥᠬᠦ ᠠᠵᠢᠯᠲᠠᠨ᠂ ᠡᠯ᠎ᠡ ᠬᠤᠰᠢᠭᠤ ᠰᠢᠶᠠᠨ ᠤ ᠬᠤᠪᠢᠶᠠᠷᠢ ᠬᠠᠮᠢᠶᠠᠷᠤᠯᠲᠠ ᠶᠢᠨ ᠬᠠᠷᠢᠭᠤᠴᠠᠯᠭᠠᠲᠠᠨ ᠵᠢᠴᠢ | ᠬᠠᠮᠢᠶ᠎ᠠ ᠪᠦᠬᠦᠢ ᠲᠠᠰᠤᠭ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃ | | | | ᠬᠤᠷᠠᠯ ᠠᠴᠠ ᠪᠦᠬᠦ ᠬᠤᠳᠠ ᠶᠢᠨ ᠪᠡᠯᠡ ᠮᠥᠩᠭᠦ ᠶᠢᠨ ᠲᠦᠷᠦᠯ ᠵᠦᠢᠯ ᠤᠨ ᠠᠵᠢᠯ ᠶᠢ ᠵᠣᠯᠭᠠᠭᠤᠯᠬᠤ ᠠᠵᠢᠯ ᠢ | ᠡᠬᠢᠯᠡᠭᠦᠯᠦᠭᠰᠡᠨ ᠪᠠᠶᠢᠳᠠᠯ ᠪᠣᠯᠣᠨ ᠪᠡᠯᠡ ᠮᠥᠩᠭᠦ ᠰᠠᠯᠭᠠᠨ ᠥᠭᠭᠦᠭᠰᠡᠨ ᠪᠠᠶᠢᠳᠠᠯ ᠢ ᠵᠠᠷᠯᠠᠨ ᠮᠡᠳᠡᠭᠳᠡᠪᠡ᠃ ᠡᠯ᠎ᠡ | ᠬᠤᠰᠢᠭᠤ ᠰᠢᠶᠠᠨ ᠲᠣᠭᠤᠷᠢᠭ ᠤᠨ ᠬᠢᠨ 2025 ᠣᠨ ᠤ ᠪᠡᠯᠡ ᠮᠥᠩᠭᠦ ᠶᠢᠨ ᠲᠥᠷᠥᠯ ᠵᠦᠢᠯ ᠶᠢ ᠵᠣᠯᠭᠠᠭᠤᠯᠬᠤ | ᠠᠬᠢᠴᠠ ᠶᠢᠨ ᠪᠠᠶᠢᠳᠠᠯ᠂ ᠪᠡᠯᠡ ᠮᠥᠩᠭᠦ ᠰᠠᠯᠭᠠᠨ ᠥᠭᠭᠦᠭᠰᠡᠨ ᠪᠠᠶᠢᠳᠠᠯ ᠳᠤ ᠴᠢᠭᠯᠡᠭᠦᠯᠦᠨ ᠨᠢᠭᠡᠳ ᠨᠢᠭᠡ ᠪᠠᠷ ᠶᠠᠷᠢᠶ᠎ᠠ | ᠲᠠᠯᠪᠢᠬᠤ ᠶᠢᠨ ᠬᠠᠮᠲᠤ ᠲᠠᠷᠠᠭᠠᠴᠢ ᠶᠢᠨ ᠠᠯᠬᠤᠮ ᠤᠨ ᠠᠵᠢᠯ ᠤᠨ ᠲᠣᠬᠢᠷᠠᠭᠤᠯᠤᠯᠲᠠ ᠶᠢᠨ ᠲᠤᠬᠠᠢ ᠣᠪᠣᠷ ᠢᠶᠠᠨ | ᠢᠯᠡᠳᠬᠡᠪᠡ᠃ ᠤᠯᠠᠭᠠᠨᠬᠠᠳᠠ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠳᠡᠳ᠋ ᠳᠠᠷᠤᠭ᠎ᠠ | ᠯᠢᠦ ᠯᠢ ᠨᠠ ᠪᠡᠯᠡ ᠮᠥᠩᠭᠦ ᠰᠢᠯᠵᠢᠭᠦᠯᠦᠨ ᠥᠭᠬᠦ᠂ ᠲᠥᠷᠥᠯ ᠵᠦᠢᠯ ᠤᠨ ᠬᠠᠮᠢᠶᠠᠷᠤᠯᠲᠠ ᠵᠡᠷᠭᠡ ᠲᠠᠯ᠎ᠠ ᠪᠠᠷ ᠠᠵᠢᠯ ᠤᠨ | ᠪᠠᠶᠢᠷᠢᠯᠠᠭᠤᠯᠤᠯᠲᠠ ᠬᠢᠪᠡ᠃ | ᠲᠠᠷᠠᠭᠠᠴᠢ ᠶᠢᠨ ᠠᠯᠬᠤᠮ ᠳᠤ᠂ ᠤᠯᠠᠭᠠᠨᠬᠠᠳᠠ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ | ᠠᠴᠠ ᠡᠯ᠎ᠡ ᠬᠤᠰᠢᠭᠤ ᠰᠢᠶᠠᠨ ᠲᠣᠭᠤᠷᠢᠭ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠶᠢ ᠰᠢᠪᠠᠳᠠᠨ ᠵᠢᠯᠤᠭᠤᠳᠴᠤ᠂ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠ ᠪᠡᠯᠡ ᠮᠥᠩᠭᠦ ᠥᠭᠬᠦ ᠶᠢ ᠲᠦᠷᠭᠡᠳᠬᠡᠵᠦ᠂ ᠪᠡᠯᠡ ᠮᠥᠩᠭᠦ ᠶᠢᠨ | ᠲᠥᠷᠥᠯ ᠵᠦᠢᠯ ᠢ ᠵᠣᠯᠭᠠᠭᠤᠯᠬᠤ ᠶᠢ ᠴᠠᠭ ᠲᠤᠬᠠᠢ ᠳᠤᠨᠢ᠂ ᠶᠠᠰᠤ ᠴᠢᠨᠠᠷ᠂ ᠲᠤᠭ᠎ᠠ ᠬᠡᠮᠵᠢᠶ᠎ᠡ ᠶᠣᠰᠣᠭᠠᠷ ᠪᠡᠶᠡᠯᠡᠭᠦᠯᠬᠦ ᠶᠢ | ᠦᠨᠡᠨ ᠬᠦ ᠪᠠᠲᠤᠯᠠᠵᠤ᠂ ᠪᠡᠯᠡ ᠮᠥᠩᠭᠦ ᠥᠭᠬᠦ ᠶᠢ ᠲᠠᠰ ᠳᠠᠷᠠᠭᠠᠯᠠᠯ ᠤᠨ ᠠᠬᠢᠴᠠ ᠶᠢᠨ ᠱᠠᠭᠠᠷᠳᠠᠯᠭ᠎ᠠ ᠳᠤ | ᠬᠦᠷᠦᠭᠦᠯᠦᠨ᠎ᠡ᠃ | ᠬᠤᠷᠠᠯ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠬᠤ ᠪᠡᠯᠡ ᠮᠥᠩᠭᠦ ᠶᠢ ᠲᠤᠰᠬᠠᠢ | ᠴᠡᠭᠴᠡᠯᠡᠨ ᠵᠠᠰᠠᠬᠤ ᠵᠢᠴᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ | ᠬᠢᠵᠡᠢ᠃ | ᠮᠡᠳᠡᠭᠡ ᠵᠠᠩᠭᠢ ᠶᠢᠨ ᠢᠷᠡᠯᠲᠡ᠄ ᠤᠯᠠᠭᠠᠨᠬᠠᠳᠠ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ |