︽ᠤᠮᠠᠷᠠᠲᠤ ᠬᠢᠯᠢ ᠶᠢᠨ ᠰᠢᠨ᠎ᠡ ᠲᠠᠷᠢᠶᠠᠴᠢᠨ︾ ᠬᠦᠰᠡᠯ ᠡᠷᠡᠮᠡᠯᠵᠡᠯ ᠨᠢ ᠴᠦ ᠬᠦᠰᠡᠯ ᠵᠡᠭᠦᠳᠦ ᠶᠢᠨ ᠦᠷ᠎ᠡ ᠪᠣᠯᠳᠠᠭ︱ᠬᠤᠵᠢᠷᠯᠢᠭ ᠭᠠᠵᠠᠷ ᠢ ᠰᠠᠶᠢᠵᠢᠷᠠᠭᠤᠯᠤᠭᠴᠢ
ᠨᠡᠶᠢᠲᠡᠯᠡᠭᠰᠡᠨ ᠴᠠᠭ᠄
2025/6/4
      ᠦ᠋ ᠯᠢ ᠪᠣᠯ ᠥᠪᠥᠷ ᠮᠣᠩᠭᠤᠯ ᠤᠨ ᠰᠢᠩ ᠰᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠪᠣᠯᠣᠨ᠎ᠠ᠃ ᠦᠬᠠᠢ ᠬᠤᠲᠠ ᠶᠢᠨ ᠬᠠᠶᠢᠨᠠᠨ ᠲᠣᠭᠤᠷᠢᠭ ᠤᠨ ᠳᠣᠯᠣᠳᠤᠭᠠᠷ᠂ ᠨᠠᠢᠮᠠᠳᠤᠭᠠᠷ ᠬᠤᠭᠤᠴᠠᠭᠠᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ︔ ᠦᠬᠠᠢ ᠬᠤᠲᠠ ᠶᠢᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ︔ ᠦᠬᠠᠢ ᠬᠤᠲᠠ ᠶᠢᠨ ᠡᠸᠦ᠋ᠷᠦᠫᠡ ᠠᠮᠧᠷᠢᠺᠠ ᠳᠤ ᠰᠤᠷᠤᠯᠴᠠᠵᠤ ᠪᠠᠶᠢᠭ᠎ᠠ ᠰᠤᠷᠤᠭᠴᠢᠳ ᠤᠨ ᠨᠡᠶᠢᠭᠡᠮᠯᠢᠭ ᠤᠨ ᠳᠡᠳ᠋ ᠳᠠᠷᠤᠭ᠎ᠠ︔ ᠬᠤᠶᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠬᠥᠳᠡᠭᠡ ᠲᠣᠰᠬᠤᠨ ᠢ ᠠᠬᠢᠭᠤᠯᠬᠤ ᠲᠤᠰᠢᠶᠠᠯᠲᠠᠨ ᠴᠣᠯᠠ ᠭᠥᠷᠳᠡᠪᠡ︔ 2022 ᠣᠨ ᠤ ᠲᠠᠷᠢᠶᠠᠯᠠᠩ ᠬᠥᠳᠡᠭᠡ ᠲᠣᠰᠬᠤᠨ ᠤ ᠶᠠᠮᠤᠨ᠂ ᠡᠳ᠋ ᠤᠨ ᠵᠠᠰᠠᠭ ᠤᠨ ᠶᠠᠮᠤᠨ ᠤ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠳᠠᠭᠠᠭᠤᠯᠤᠭᠴᠢ ᠶᠢᠨ ︽ᠲᠦᠷᠦᠭᠦᠴᠢ ᠬᠤᠨ︾ ᠪᠣᠶᠢᠵᠢᠭᠤᠯᠬᠤ ᠲᠦᠷᠦᠯ ᠵᠦᠢᠯ ᠳᠤ ᠰᠣᠩᠭᠤᠭᠳᠠᠵᠠᠢ︔ ︽ᠲᠡᠵᠢᠭᠡᠨ ᠦᠷᠡᠵᠢᠭᠦᠯᠬᠦ ᠴᠥᠭᠦᠷᠥᠮ ᠤᠨ ᠤᠰᠤᠨ ᠤ ᠭᠠᠳᠠᠷᠭᠤ ᠶᠢ ᠴᠡᠪᠡᠷᠯᠡᠬᠦ︾ ︽ᠮᠢᠺᠷᠣᠪ ᠤᠨ ᠲᠠᠷᠬᠠᠭᠠᠯᠲᠠ︾ ᠵᠡᠷᠭᠡ 4 ᠵᠦᠢᠯ ᠤᠨ ᠲᠤᠰᠬᠠᠢ ᠠᠰᠢᠭ ᠤᠨ ᠦᠷ᠎ᠡ ᠪᠦᠲᠦᠭᠡᠯ ᠢ ᠭᠥᠷᠳᠡᠪᠡ᠃      ᠣᠯᠠᠨ ᠵᠢᠯ ᠤᠨ ᠲᠤᠷᠰᠢ᠂ ︽ᠬᠤᠵᠢᠷᠯᠢᠭ ᠭᠠᠵᠠᠷ ᠢ ᠰᠠᠶᠢᠵᠢᠷᠠᠭᠤᠯᠬᠤ︾ ᠨᠢ ᠲᠤᠬᠠᠢ ᠶᠢᠨ ᠭᠠᠵᠠᠷ ᠤᠨ ᠬᠥᠮᠥᠰ ᠤᠨ ᠬᠠᠮᠲᠤ ᠶᠢᠨ ᠬᠦᠰᠡᠯ ᠡᠷᠡᠮᠡᠯᠵᠡᠯ ᠪᠤᠯᠤᠭᠰᠠᠨ ᠪᠠᠶᠢᠳᠠᠭ᠃ ᠬᠠᠷᠠᠬᠠᠨ ᠪᠠᠭ᠎ᠠ ᠠᠴᠠ ᠪᠠᠨ ᠬᠤᠵᠢᠷᠯᠢᠭ ᠭᠠᠵᠠᠷ ᠤᠨ ᠣᠶᠢᠷᠠᠯᠴᠠᠭ᠎ᠠ ᠠᠮᠢᠳᠤᠷᠠᠵᠤ ᠪᠠᠶᠢᠭᠰᠠᠨ ᠦ᠋ ᠯᠢ ᠬᠤᠵᠢᠷᠯᠢᠭ ᠭᠠᠵᠠᠷ ᠢ ᠪᠦᠲᠦᠮᠵᠢᠲᠡᠶ ᠪᠠᠷ ᠨᠡᠭᠡᠭᠡᠨ ᠠᠰᠢᠭᠯᠠᠬᠤ ᠭᠡᠰᠡᠨ ᠬᠦᠰᠡᠯ ᠨᠢ ᠴᠦ ᠬᠦᠰᠡᠯ ᠮᠥᠷᠥᠭᠡᠳᠦᠯ ᠤᠨ ᠦᠷ᠎ᠡ ᠪᠣᠯᠵᠤ ᠲᠡᠭᠦᠨ ᠤ ᠰᠡᠳᠬᠢᠯ ᠳᠤ ᠬᠠᠳᠠᠩᠰᠢᠵᠠᠢ᠃      ︽ᠬᠤᠵᠢᠷᠯᠢᠭ ᠭᠠᠵᠠᠷ ᠤᠨ ᠤᠰᠤᠨ ᠤ ᠴᠢᠨᠠᠷ ᠨᠢ ᠳᠠᠯᠠᠢ ᠶᠢᠨ ᠤᠰᠤ ᠲᠠᠢ ᠮᠠᠰᠢ ᠣᠶᠢᠷᠠᠯᠴᠠᠭ᠎ᠠ ᠪᠣᠯᠬᠤᠷ ᠳᠠᠯᠠᠢ ᠶᠢᠨ ᠢᠳᠡᠭᠡᠨ ᠢ ᠲᠡᠵᠢᠭᠡᠨ ᠦᠷᠡᠵᠢᠭᠦᠯᠬᠦ ᠳᠤ ᠲᠣᠬᠢᠷᠠᠨ᠎ᠠ᠃︾ ᠡᠨᠡᠬᠦ ᠵᠠᠩᠭᠢᠯᠠᠭ᠎ᠠ ᠶᠢᠨ ᠮᠡᠳᠡᠭᠡ ᠵᠠᠩᠭᠢ ᠨᠢ ᠦ᠋ ᠯᠢ ᠶᠢᠨ ᠤᠯᠠᠨ ᠵᠢᠯ ᠤᠨ ᠬᠦᠰᠡᠯ ᠵᠡᠭᠦᠳᠦ ᠶᠢ ᠲᠡᠷᠭᠡᠯᠰᠢᠭᠦᠯᠵᠦ᠂ ᠲᠡᠷᠡ ᠪᠡᠭᠡᠵᠢᠩ ᠤᠨ ᠲᠣᠭᠲᠠᠭᠤᠨ ᠠᠵᠢᠯ ᠪᠣᠯᠣᠨ ᠣᠷᠣᠯᠭ᠎ᠠ ᠠᠴᠠ ᠪᠠᠨ ᠪᠠᠭᠤᠵᠤ᠂ ᠨᠤᠲᠤᠭ ᠲᠠᠭᠠᠨ ᠪᠤᠴᠠᠵᠤ ᠠᠳᠠᠯ ᠦᠢᠯᠡᠰ ᠪᠣᠰᠬᠠᠬᠤ ᠠᠶᠠᠨ ᠳᠠᠭᠠᠨ ᠮᠣᠷᠳᠠᠵᠠᠢ᠃ 2020 ᠣᠨ ᠳᠤ᠂ ᠦ᠋ ᠯᠢ ᠦᠬᠠᠢ ᠬᠤᠳᠠ ᠶᠢᠨ ᠬᠠᠶᠢᠨᠠᠨ ᠲᠣᠭᠤᠷᠢᠭ ᠤᠨ ᠪᠠᠶᠠᠨᠳᠤᠬᠠᠢ ᠪᠠᠯᠭᠠᠰᠤᠨ ᠤ 1600 ᠭᠠᠷᠤᠢ ᠮᠦ ᠬᠤᠵᠢᠷᠯᠢᠭ ᠭᠠᠵᠠᠷ ᠢ ᠳᠠᠭᠠᠭᠠᠴᠢᠯᠠᠵᠤ᠂ ᠬᠡᠪᠴᠢᠶᠡᠵᠢᠭᠰᠡᠨ ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠢ ᠡᠬᠢᠯᠡᠨ ᠪᠦᠲᠦᠭᠡᠨ ᠪᠠᠶᠢᠭᠤᠯᠪᠠ᠃ ᠡᠭᠦᠨ ᠤ ᠬᠠᠮᠲᠤ ᠠᠩᠭᠢ ᠳᠠᠭᠠᠭᠤᠯᠤᠨ ᠤᠷᠢᠳ ᠬᠤᠵᠢᠳ ᠭᠤᠸᠠᠩᠵᠸᠦ᠂ ᠪᠤᠭᠤᠲᠤ᠂ ᠨᠢᠩᠰᠢᠶᠠ᠂ ᠱᠠᠨᠳᠦ᠋ᠩ ᠵᠡᠷᠭᠡ ᠭᠠᠵᠠᠷ ᠲᠤ ᠬᠦᠷᠴᠦ ᠳᠠᠯᠠᠢ ᠶᠢᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠮᠡᠷᠭᠡᠵᠢᠯ ᠢ ᠰᠤᠷᠤᠯᠴᠠᠵᠤ᠂ ᠰᠤᠷᠤᠯᠴᠠᠯᠭ᠎ᠠ ᠪᠠᠷ ᠳᠠᠮᠵᠢᠨ ᠲᠡᠭᠦᠨ ᠢ ︽ᠰᠠᠮ ᠬᠤᠷᠣᠬᠠᠢ ᠲᠡᠵᠢᠭᠡᠬᠦ︾ ᠪᠠᠶᠢᠭᠰᠠᠨ ᠠᠴᠠ ᠨᠢ ᠲᠡᠵᠢᠭᠡᠨ ᠦᠷᠡᠵᠢᠭᠦᠯᠬᠦ ᠲᠤᠰᠬᠠᠢ ᠡᠷᠦᠬᠡ ᠳᠤ ᠬᠦᠷᠭᠡᠪᠡ᠃ 2021 ᠣᠨ ᠳᠤ᠂ 8600 ᠲᠦᠮᠡᠨ ᠲᠥᠭᠦᠷᠢᠭ ᠤᠨ ᠪᠡᠯᠡ ᠣᠷᠣᠭᠤᠯᠵᠤ᠂ 8000 ᠲᠡᠭᠰᠢ ᠳᠥᠷᠪᠡᠯᠵᠢᠨ ᠮᠧᠲᠷ ᠤᠨ ᠰᠠᠮ ᠬᠤᠷᠣᠬᠠᠢ ᠲᠡᠵᠢᠭᠡᠨ ᠦᠷᠡᠵᠢᠭᠦᠯᠬᠦ ᠦᠢᠯᠡᠳᠪᠦᠷᠢ ᠶᠢᠨ ᠲᠠᠰᠤᠭ᠂ 43 ᠭᠡᠷ ᠤᠨ ᠭᠠᠳᠠᠨᠠᠬᠢ ᠲᠡᠵᠢᠭᠡᠨ ᠦᠷᠡᠵᠢᠭᠦᠯᠬᠦ ᠴᠥᠭᠦᠷᠥᠮ᠂ 9 ᠭᠡᠷ ᠤᠨ ᠭᠠᠳᠠᠨᠠᠬᠢ ᠳᠤᠯᠠᠭᠠᠨ ᠢ ᠬᠠᠮᠠᠭᠠᠯᠠᠬᠤ ᠰᠠᠷᠠᠪᠴᠢ᠂ 72 ᠦᠢᠯᠡᠳᠪᠦᠷᠢ ᠶᠢᠨ ᠲᠠᠰᠤᠭ ᠤᠨ ᠲᠡᠵᠢᠭᠡᠨ ᠦᠷᠡᠵᠢᠭᠦᠯᠬᠦ ᠴᠥᠭᠦᠷᠥᠮ᠂ ᠣᠷᠴᠢᠯ ᠤᠰᠤᠨ ᠤ ᠰᠢᠰᠲ᠋ᠧᠮ᠂ ᠢᠯᠴᠢ ᠬᠠᠩᠭᠠᠬᠤ᠂ ᠴᠠᠬᠢᠯᠭᠠᠨ ᠬᠠᠩᠭᠠᠬᠤ ᠵᠡᠷᠭᠡ ᠲᠡᠵᠢᠭᠡᠨ ᠦᠷᠡᠵᠢᠭᠦᠯᠬᠦ ᠲᠥᠬᠦᠭᠡᠷᠦᠮᠵᠢ ᠶᠢ ᠪᠠᠶᠢᠭᠤᠯᠪᠠ᠃ 7 ᠰᠠᠷ᠎ᠠ ᠳᠤ ᠡᠮᠦᠨᠡᠲᠦ ᠠᠮᠧᠷᠢᠺᠠ ᠶᠢᠨ ᠴᠠᠭᠠᠨ ᠵᠦᠢᠷᠡᠢ ᠰᠠᠮ ᠬᠤᠷᠣᠬᠠᠢ ᠶᠢ ᠲᠤᠷᠰᠢᠨ ᠲᠡᠵᠢᠭᠡᠨ ᠦᠷᠡᠵᠢᠭᠦᠯᠦᠭᠡᠳ ᠠᠮᠵᠢᠯᠲᠠ ᠣᠯᠵᠤ᠂ ᠨᠡᠯᠦᠭᠡᠷ ᠴᠠᠭᠠᠨ ᠬᠤᠵᠢᠷᠯᠢᠭ ᠭᠠᠵᠠᠷ ᠠᠴᠠ ᠤᠰᠤᠨ ᠤ ᠭᠠᠷᠤᠯᠲᠠ ᠶᠢ ᠲᠡᠵᠢᠭᠡᠨ ᠦᠷᠡᠵᠢᠭᠦᠯᠬᠦ ᠰᠢᠨ᠎ᠡ ᠵᠠᠮ ᠢ ᠨᠡᠭᠡᠭᠡᠵᠦ᠂ ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ ᠳᠤ ᠰᠢᠨ᠎ᠡ ᠠᠷᠭ᠎ᠠ ᠵᠠᠮ ᠢ ᠨᠡᠭᠡᠭᠡᠭᠰᠡᠨ ᠪᠠᠶᠢᠨ᠎ᠠ᠃ ᠬᠠᠮᠤᠭ ᠠᠩᠬᠠᠨ ᠤ ᠮᠥᠬᠦᠯᠢᠭ ᠠᠮᠤ ᠴᠦ ᠬᠤᠷᠢᠶᠠᠬᠤ ᠦᠭᠡᠢ ᠰᠤᠯᠠ ᠲᠠᠯᠪᠢᠵᠤ ᠪᠠᠶᠢᠭᠰᠠᠨ ᠬᠤᠵᠢᠷᠯᠢᠭ ᠭᠠᠵᠠᠷ᠂ ᠬᠤᠵᠢᠷᠯᠢᠭ ᠤᠰᠤ ᠪᠠᠶᠢᠭᠰᠠᠨ ᠠᠴᠠ ᠪᠠᠨ ᠣᠳᠣ ᠬᠠᠶᠠᠭᠳᠠᠮᠠᠯ ᠢ ᠡᠷᠳᠡᠨᠢ ᠪᠣᠯᠭᠠᠭᠰᠠᠨ ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠪᠣᠯᠤᠭᠰᠠᠨ ᠪᠠᠶᠢᠨ᠎ᠠ᠃ ᠡᠭᠦᠨ ᠤ ᠲᠤᠯᠠᠳᠠ ᠪᠠᠰᠠ ᠬᠤᠲᠠ ᠶᠢᠨ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ ᠳᠠᠭᠠᠭᠤᠯᠤᠭᠴᠢ ᠠᠵᠤ ᠠᠬᠤᠶᠢᠯᠠᠯ ᠤᠨ ᠴᠣᠯᠠ ᠭᠥᠷᠳᠡᠪᠡ᠃      ᠰᠠᠮ ᠬᠤᠷᠣᠬᠠᠢ ᠲᠡᠵᠢᠭᠡᠬᠦ ᠠᠵᠢᠯ ᠲᠥᠷᠥᠯ ᠤᠨ ᠬᠢᠨ ᠳᠤ ︽ᠪᠦᠲᠦᠭᠰᠡᠨ ᠴᠦ ᠰᠠᠮ ᠬᠤᠷᠣᠬᠠᠢ ᠶᠢᠨ ᠴᠢᠬᠢ᠂ ᠢᠯᠠᠭᠳᠠᠭᠰᠠᠨ ᠴᠤ ᠰᠠᠮ ᠬᠤᠷᠣᠬᠠᠢ ᠶᠢᠨ ᠴᠢᠬᠢ︾ ᠭᠡᠳᠡᠭ ᠦᠭᠡ ᠪᠠᠶᠢᠳᠠᠭ᠃ ᠱᠠᠨᠳᠦ᠋ᠩ᠂ ᠬᠠᠶᠢᠨᠠᠨ᠂ ᠭᠤᠸᠠᠩᠵᠸᠦ ᠵᠡᠷᠭᠡ ᠭᠠᠵᠠᠷ ᠠᠴᠠ ᠡᠳᠦᠷ ᠤᠨ ᠬᠦᠨᠳᠦ ᠶᠢᠨ ᠨᠡᠮᠡᠭᠳᠡᠯ ᠤᠨ ᠨᠣᠷᠮ᠎ᠠ ᠪᠠᠷ ᠥᠨᠳᠥᠷ᠂ ᠡᠪᠡᠳᠴᠢᠨ ᠢ ᠡᠰᠡᠷᠭᠦᠴᠡᠬᠦ ᠴᠢᠨᠠᠷ ᠢᠶᠠᠷ ᠴᠢᠩᠭ᠎ᠠ᠂ ᠣᠷᠴᠢᠨ ᠲᠣᠭᠤᠷᠢᠨ ᠳᠤ ᠵᠣᠬᠢᠴᠠᠬᠤ ᠴᠢᠳᠠᠪᠤᠷᠢ ᠪᠠᠷ ᠰᠠᠶᠢᠨ ᠰᠠᠮ ᠬᠤᠷᠣᠬᠠᠢ ᠶᠢᠨ ᠵᠤᠯᠵᠠᠭ᠎ᠠ ᠪᠡᠶ᠎ᠡ ᠶᠢ ᠣᠷᠣᠭᠤᠯᠤᠨ ᠠᠪᠴᠢᠷᠠᠵᠤ ᠲᠤᠷᠰᠢᠨ ᠲᠡᠵᠢᠭᠡᠨ ᠦᠷᠡᠵᠢᠭᠦᠯᠦᠭᠰᠡᠨ ᠪᠠᠶᠢᠨ᠎ᠠ᠃ ᠠᠭᠠᠷ ᠤᠨ ᠳᠤᠯᠠᠭᠠᠨ ᠤ ᠬᠤᠪᠢᠷᠠᠯᠲᠠ ᠶᠡᠬᠡᠲᠡᠢ ᠪᠠᠶᠢᠳᠠᠯ ᠳᠤ ᠴᠢᠭᠯᠡᠭᠦᠯᠦᠨ᠂ ᠲᠡᠷᠡ ᠬᠦᠯᠡᠮᠵᠢ ᠳᠤ ᠲᠡᠵᠢᠭᠡᠨ ᠦᠷᠡᠵᠢᠭᠦᠯᠬᠦ ᠮᠡᠷᠭᠡᠵᠢᠯ ᠪᠣᠯᠣᠨ ᠴᠢᠬᠢ ᠪᠣᠶᠢᠵᠢᠭᠤᠯᠬᠤ ᠮᠡᠷᠭᠡᠵᠢᠯ ᠢ ᠬᠠᠶᠢᠨ ᠰᠦᠪᠡᠭᠴᠢᠯᠡᠵᠦ᠂ 2022 ᠣᠨ ᠤ 4 ᠰᠠᠷ᠎ᠠ ᠳᠤ᠂ ᠲᠡᠷᠡ ︽ᠴᠢᠬᠢ ᠶᠢᠨ ᠲᠠᠰᠤᠭ + ᠪᠠᠷᠢᠮᠵᠢᠶᠠᠵᠢᠭᠰᠠᠨ ᠲᠡᠵᠢᠭᠡᠨ ᠦᠷᠡᠵᠢᠭᠦᠯᠬᠦ ᠲᠠᠰᠤᠭ + ᠡᠩ ᠤᠨ ᠬᠦᠯᠡᠮᠵᠢ︾ ᠶᠢᠨ ᠵᠠᠭᠪᠤᠷ ᠢ ᠬᠡᠷᠡᠭᠯᠡᠨ᠂ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠶᠢ ᠪᠡᠶᠡᠯᠡᠭᠦᠯᠵᠦ᠂ ᠨᠢᠭᠡ ᠵᠢᠯ ᠤᠨ ᠳᠣᠲᠣᠷᠠᠬᠢ 6 ᠰᠠᠷ᠎ᠠ ᠰᠢᠬᠠᠮ ᠤᠨ ᠬᠤᠭᠤᠴᠠᠭᠠᠨ ᠳᠤ ᠲᠡᠷᠡ ᠴᠥᠮ ᠰᠠᠭᠤᠷᠢᠨ ᠭᠠᠵᠠᠷ ᠢᠶᠠᠨ ᠰᠠᠬᠢᠵᠤ᠂ ᠰᠠᠮ ᠬᠤᠷᠣᠬᠠᠢ ᠶᠢᠨ ᠡᠳᠡᠭᠡᠷᠡᠯᠲᠡ ᠶᠢᠨ ᠨᠤᠷᠮ᠎ᠠ ᠶᠢ 85% ᠠᠴᠠ ᠳᠡᠭᠡᠭᠰᠢ ᠲᠣᠭᠲᠠᠭᠤᠨ ᠪᠠᠶᠢᠯᠭᠠᠵᠤ᠂ ᠰᠠᠮ ᠬᠤᠷᠣᠬᠠᠢ ᠶᠢᠨ ᠡᠳᠡᠭᠡᠷᠡᠯᠲᠡ ᠶᠢᠨ ᠨᠤᠷᠮ᠎ᠠ ᠶᠢ ᠶᠡᠭᠡ ᠪᠠᠷ ᠳᠡᠭᠡᠭᠰᠢᠯᠡᠭᠦᠯᠵᠦ᠂ ᠵᠢᠯ ᠤᠨ ᠭᠠᠷᠤᠯᠲᠠ ᠶᠢ 5 ᠲᠦᠮᠡ ᠭᠠᠷᠤᠢ ᠵᠢᠩ ᠳᠤ ᠬᠦᠷᠭᠡᠬᠦ ᠶᠢᠨ ᠬᠠᠮᠲᠤ ︽ᠪᠠ ᠶᠤᠶᠧ ᠪᠠ︾ ᠵᠦᠢᠷᠡᠢ ᠰᠠᠮ ᠬᠤᠷᠣᠬᠠᠢ ᠶᠢᠨ ᠨᠡᠷᠡᠲᠦ ᠲᠡᠮᠳᠡᠭᠲᠦ ᠶᠢ ᠳᠠᠩᠰᠠᠯᠠᠭᠤᠯᠵᠤ᠂ ᠦᠬᠠᠢ ᠬᠤᠲᠠ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠤᠰᠤᠨ ᠭᠠᠷᠤᠯᠲᠠ ᠶᠢᠨ ᠵᠠᠬ᠎ᠠ ᠳᠡᠯᠭᠡᠭᠦᠷ ᠲᠤ ᠠᠯᠬᠤᠮ ᠠᠯᠬᠤᠮ ᠢᠶᠠᠷ ᠯᠠᠪᠳᠠᠭᠤᠨ ᠵᠣᠭᠰᠣᠵᠤ᠂ ᠥᠪᠥᠷ ᠮᠣᠩᠭᠤᠯ ᠤᠨ ᠨᠠᠷᠠᠲᠠᠢ ᠤᠰᠤᠨ ᠭᠠᠷᠤᠯᠲᠠ ᠶᠢᠨ ᠨᠡᠷᠡᠲᠦ ᠲᠡᠮᠳᠡᠭᠲᠦ ᠪᠣᠯᠤᠭᠰᠠᠨ ᠪᠠᠶᠢᠨ᠎ᠠ᠃ ᠪᠠᠰᠠ ᠡᠷᠬᠢᠨ ᠲᠣᠭᠤᠷᠢᠨ ᠤ ᠲᠠᠷᠢᠶᠠᠴᠢᠨ ᠡᠷᠤᠭᠡ ᠳᠤ ᠲᠡᠵᠢᠭᠡᠨ ᠦᠷᠡᠵᠢᠭᠦᠯᠬᠦ ᠮᠡᠷᠭᠡᠵᠢᠯ ᠤᠨ ᠵᠢᠯᠣᠭᠤᠳᠤᠯᠭ᠎ᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠣᠯᠪᠠᠰᠤᠷᠠᠯ ᠢ ᠢᠳᠡᠪᠬᠢᠲᠡᠢ ᠬᠠᠩᠭᠠᠵᠤ᠂ ᠲᠠᠷᠢᠶᠠᠴᠢᠨ ᠡᠷᠤᠭᠡ ᠶᠢᠨ ᠦᠢᠯᠡᠳᠪᠦᠷᠢᠯᠡᠯ ᠤᠨ ᠬᠡᠷᠡᠭᠰᠡᠯ᠂ ᠲᠡᠵᠢᠭᠡᠨ ᠦᠷᠡᠵᠢᠭᠦᠯᠬᠦ᠂ ᠪᠣᠷᠣᠯᠠᠭᠤᠯᠬᠤ᠂ ᠪᠣᠯᠪᠠᠰᠤᠷᠠᠭᠤᠯᠬᠤ᠂ ᠮᠡᠳᠡᠭᠡ ᠵᠠᠩᠭᠢ᠂ ᠮᠡᠷᠭᠡᠵᠢᠯ ᠵᠡᠷᠭᠡ ᠡᠯ᠎ᠡ ᠲᠠᠯ᠎ᠠ ᠶᠢᠨ ᠠᠰᠠᠭᠤᠳᠠᠯ ᠢ ᠰᠢᠢᠳᠪᠦᠷᠢᠯᠡᠵᠡᠢ᠃ 2022 ᠣᠨ ᠤ ᠪᠦᠬᠦ ᠤᠯᠤᠰ ᠤᠨ ᠤᠯᠠᠨ ᠢᠶᠠᠷ ᠢᠶᠠᠨ ᠠᠳᠠᠯ ᠦᠢᠯᠡᠰ ᠪᠣᠰᠬᠠᠵᠤ ᠨᠡᠶᠢᠲᠡ ᠪᠠᠷ ᠢᠶᠠᠨ ᠰᠢᠨ᠎ᠡ ᠶᠢ ᠡᠭᠦᠳᠬᠦ ᠠᠵᠢᠯᠯᠠᠭ᠎ᠠ ᠳᠤᠮᠳᠠ᠂ ᠬᠤᠵᠢᠷᠯᠢᠭ ᠤᠰᠤᠨ ᠳᠤ ᠴᠠᠭᠠᠨ ᠵᠦᠢᠷᠡᠢ ᠰᠠᠮ ᠬᠤᠷᠣᠬᠠᠢ ᠲᠡᠵᠢᠭᠡᠨ ᠦᠷᠡᠵᠢᠭᠦᠯᠬᠦ ᠲᠦᠷᠦᠯ ᠵᠦᠢᠯ ᠨᠢ ᠪᠦᠬᠦ ᠤᠯᠤᠰ ᠤᠨ ᠰᠢᠨ᠎ᠡ ᠶᠢ ᠡᠭᠦᠳᠴᠦ ᠠᠳᠠᠯ ᠦᠢᠯᠡᠰ ᠪᠣᠰᠬᠠᠭᠰᠠᠨ ᠨᠡᠶᠢᠲᠡᠯᠢᠭ ᠬᠡᠷᠡᠭ ᠤᠨ ᠵᠢᠱᠢᠶ᠎ᠡ ᠳᠤ ᠰᠣᠩᠭᠤᠭᠳᠠᠵᠤ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ᠂ ᠡᠳ᠋ ᠤᠨ ᠵᠠᠰᠠᠭ ᠤᠨ ᠶᠠᠮᠤᠨ ᠤ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠳᠠᠭᠠᠭᠤᠯᠤᠭᠴᠢ ᠶᠢᠨ ︽ᠲᠦᠷᠦᠭᠦᠴᠢ ᠬᠤᠨ︾ ᠪᠣᠶᠢᠵᠢᠭᠤᠯᠬᠤ ᠲᠦᠷᠦᠯ ᠵᠦᠢᠯ ᠳᠤ ᠰᠣᠩᠭᠤᠭᠳᠠᠵᠤ᠂ ᠵᠧᠵᠢᠶᠠᠩ ᠶᠡᠭᠡ ᠰᠤᠷᠭᠠᠭᠤᠯᠢ ᠶᠢᠨ ᠲᠤᠰᠬᠠᠢ ᠮᠡᠷᠭᠡᠵᠢᠯ ᠤᠨ ᠪᠣᠯᠪᠠᠰᠤᠷᠠᠯ ᠳᠤ ᠣᠷᠣᠯᠴᠠᠵᠤ᠂ ᠨᠢᠭᠡ ᠵᠢᠯ ᠤᠨ ᠬᠥᠮᠥᠵᠢᠭᠦᠯᠬᠦ ᠡᠭᠦᠷᠭᠡ ᠪᠠᠨ ᠪᠡᠶᠡᠯᠡᠭᠦᠯᠦᠭᠰᠡᠨ ᠪᠥᠭᠡᠳ ᠰᠤᠷᠤᠯᠭ᠎ᠠ ᠲᠡᠭᠦᠰᠦᠭᠰᠡᠨ ᠦᠨᠡᠮᠯᠡᠯ ᠣᠯᠵᠠᠢ᠃      ᠬᠤᠵᠢᠷᠯᠢᠭ ᠭᠠᠵᠠᠷ  ᠢ ᠶᠡᠷᠦᠩᠬᠡᠶᠢᠯᠡᠨ ᠠᠰᠢᠭᠯᠠᠬᠤ ᠦᠷᠳᠡᠭ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠤᠳᠤ ᠪᠠᠶᠢᠭ᠎ᠠ ᠬᠤᠵᠢᠷᠯᠢᠭ ᠤᠰᠤᠨ ᠤ ᠰᠠᠮ ᠬᠤᠷᠣᠬᠠᠢ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠤᠨ ᠰᠠᠭᠤᠷᠢᠨ ᠳᠡᠭᠡᠷ᠎ᠡ᠂ ᠦ᠋ ᠯᠢ ᠡᠩ ᠲᠡᠷᠢᠭᠦᠨ ᠳᠤ ᠠᠵᠤ ᠠᠬᠤᠶᠢᠯᠠᠯ ᠢᠶᠠᠨ ᠳᠠᠭᠠᠭᠤᠯᠵᠤ᠂ ᠨᠡᠷᠡᠲᠦ ᠳᠡᠮᠳᠡᠭᠴᠢᠯᠡᠭᠰᠡᠨ᠂ ᠠᠵᠤ ᠦᠢᠯᠡᠰᠵᠢᠭᠰᠡᠨ᠂ ᠠᠮᠢ ᠠᠬᠤᠶᠢᠵᠢᠭᠰᠠᠨ ᠲᠡᠵᠢᠭᠡᠨ ᠦᠷᠡᠵᠢᠭᠦᠯᠬᠦ ᠰᠡᠳᠬᠢᠴᠡ ᠪᠠᠷ ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠦᠢᠯᠡᠰ ᠢ ᠬᠥᠭᠵᠢᠭᠦᠯᠵᠦ᠂ ᠵᠢᠭᠠᠰᠤ᠂ ᠰᠠᠮ ᠬᠤᠷᠣᠬᠠᠢ᠂ ᠭᠠᠯᠠᠭᠤ᠂ ᠨᠠᠢᠮᠠᠯᠵᠢ ᠤᠯᠠᠨ ᠡᠰᠢᠴᠢᠯᠡᠨ ᠬᠠᠮᠲᠤ ᠣᠷᠣᠰᠢᠬᠤ ᠲᠡᠵᠢᠭᠡᠨ ᠦᠷᠡᠵᠢᠭᠦᠯᠬᠦ ᠵᠠᠭᠪᠤᠷ ᠢ ᠪᠠᠶᠢᠭᠤᠯᠪᠠ᠃ ︽ᠵᠢᠭᠠᠰᠤ ᠭᠠᠯᠠᠭᠤ ᠶᠢ ᠬᠤᠯᠢᠯᠳᠤᠭᠤᠯᠤᠨ ᠲᠡᠵᠢᠭᠡᠬᠦ︾ ᠨᠢ ᠤᠰᠤᠨ ᠤ ᠬᠦᠴᠢᠯᠲᠥ᠋ᠷᠥᠭᠴᠢ ᠶᠢᠨ ᠠᠭᠤᠯᠤᠭᠳᠠᠴᠠ ᠶᠢ ᠨᠡᠮᠡᠭᠳᠡᠭᠦᠯᠬᠦ ᠳᠤ ᠠᠰᠢᠭᠲᠠᠢ ᠪᠠᠶᠢᠵᠤ᠂ ᠭᠠᠯᠠᠭᠤᠨ ᠤ ᠢᠯᠭᠠᠳᠠᠰᠤ  ᠨᠢ ᠵᠢᠭᠠᠰᠤᠨ ᠤ ᠪᠠᠶᠢᠭᠠᠯᠢ ᠶᠢᠨ ᠪᠣᠷᠳᠣᠭᠤᠷ ᠪᠣᠯᠵᠤ᠂ ᠪᠦᠬᠦ᠋ᠢᠯᠡ ᠠᠮᠢ ᠠᠬᠤᠢ ᠶᠢᠨ ᠰᠢᠰᠲ᠋ᠧᠮ ᠤᠨ ᠪᠣᠳᠠᠰ ᠤᠨ ᠣᠷᠴᠢᠯ ᠪᠠ ᠡᠨᠧᠷᠭᠢ ᠶᠢᠨ ᠰᠢᠯᠵᠢᠯᠲᠡ ᠶᠢ ᠠᠬᠢᠭᠤᠯᠵᠤ᠂ ᠤᠰᠤᠨ ᠤ ᠡᠬᠢ ᠪᠠᠶᠠᠯᠢᠭ ᠢ ᠬᠠᠮᠤᠭ ᠤᠨ ᠶᠡᠭᠡ ᠪᠠᠷ ᠠᠰᠢᠭᠯᠠᠬᠤ ᠪᠠ ᠡᠬᠢ ᠪᠠᠶᠠᠯᠢᠭ ᠢ ᠣᠷᠴᠢᠯᠳᠤᠭᠤᠯᠤᠨ ᠠᠰᠢᠭᠯᠠᠬᠤ ᠶᠢ ᠪᠡᠶᠡᠯᠡᠭᠦᠯᠵᠦ᠂ ᠤᠰᠤᠨ ᠤ ᠡᠬᠢ ᠪᠠᠶᠠᠯᠢᠭ ᠢ ᠠᠰᠢᠭᠯᠠᠬᠤ ᠬᠡᠮᠵᠢᠶ᠎ᠡ ᠶᠢ ᠪᠠᠭᠠᠰᠬᠠᠵᠤ᠂ ᠭᠠᠵᠠᠷ ᠰᠢᠷᠣᠢ ᠶᠢᠨ ᠡᠬᠢ ᠪᠠᠶᠠᠯᠢᠭ ᠤᠨ ᠠᠰᠢᠭᠯᠠᠯᠲᠠ ᠶᠢᠨ ᠨᠤᠷᠮ᠎ᠠ ᠶᠢ ᠳᠡᠭᠡᠭᠰᠢᠯᠡᠭᠦᠯᠵᠦ᠂ ᠠᠵᠤ ᠠᠬᠤᠢ ᠶᠢᠨ ᠣᠷᠣᠯᠭ᠎ᠠ ᠶᠢ ᠨᠡᠮᠡᠭᠳᠡᠭᠦᠯᠦᠨ᠂ ᠲᠡᠵᠢᠭᠡᠨ ᠦᠷᠡᠵᠢᠭᠦᠯᠬᠦ ᠰᠢᠰᠲ᠋ᠧᠮ ᠤᠨ ᠠᠶᠤᠯ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠶᠢ ᠨᠡᠮᠡᠭᠳᠡᠭᠦᠯᠵᠦ᠂ ᠦᠢᠯᠡᠳᠪᠦᠷᠢᠯᠡᠯ ᠤᠨ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠪᠡ᠃ ᠡᠨᠡ ᠬᠦ ᠰᠢᠨ᠎ᠡ ᠡᠭᠦᠳᠦᠯᠲᠡ ᠨᠢ ᠡᠲᠡᠭᠡᠷ ᠡᠭᠦᠯᠳᠡᠷ ᠤᠨ ᠲᠤᠬᠠᠢ ᠶᠢᠨ ᠭᠠᠵᠠᠷ ᠤᠨ ᠬᠤᠵᠢᠷᠯᠢᠭ ᠤᠰᠤᠨ ᠤ ᠨᠥᠬᠦᠴᠡᠯ ᠳᠣᠣᠷᠠᠬᠢ ᠣᠷᠣᠰᠢᠨ ᠠᠮᠢᠳᠤᠷᠠᠬᠤ ᠪᠠ ᠦᠰᠦᠨ ᠪᠣᠶᠢᠵᠢᠬᠤ ᠶᠢᠨ ᠬᠦᠴᠢᠷ ᠠᠰᠠᠭᠤᠳᠠᠯ ᠢ ᠰᠢᠢᠳᠪᠦᠷᠢᠯᠡᠵᠦ᠂ ︽ᠨᠢᠭᠡ ᠭᠠᠵᠠᠷ ᠲᠤ ᠬᠤᠶᠠᠷ ᠵᠦᠢᠯ ᠢᠶᠠᠷ ᠬᠡᠷᠡᠭᠯᠡᠵᠦ᠂ ᠨᠢᠭᠡ ᠤᠰᠤᠨ ᠳᠤ ᠬᠤᠶᠠᠷ ᠵᠦᠢᠯ ᠲᠡᠵᠢᠭᠡᠬᠦ︾ ᠶᠢ ᠪᠡᠶᠡᠯᠡᠭᠦᠯᠵᠦ᠂ ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ ᠳᠤ ᠰᠢᠨ᠎ᠡ ᠠᠷᠭ᠎ᠠ ᠵᠠᠮ ᠢ ᠨᠡᠭᠡᠭᠡᠨ ᠥᠭᠴᠦ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠢᠳᠡᠰᠢᠨ ᠨᠣᠭᠤᠭ᠎ᠠ ᠶᠢᠨ ᠰᠠᠭᠰᠤ ᠶᠢ ᠴᠤ ᠶᠡᠭᠡ ᠪᠠᠷ ᠪᠠᠶᠠᠯᠢᠭᠵᠢᠭᠤᠯᠤᠭᠰᠠᠨ ᠪᠠᠶᠢᠨ᠎ᠠ᠃     ᠡᠭᠦᠨ ᠤ ᠬᠠᠮᠲᠤ ᠦ᠋ ᠯᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠯᠡ ᠣᠷᠣᠭᠤᠯᠤᠯᠲᠠ ᠪᠠᠨ ᠲᠠᠰᠤᠷᠠᠯᠲᠠ ᠦᠭᠡᠢ ᠨᠡᠮᠡᠭᠳᠡᠭᠦᠯᠵᠦ᠂ ᠪᠡᠶ᠎ᠡ ᠪᠠᠷ ᠢᠶᠠᠨ ᠪᠦᠯᠬᠦᠮ ᠳᠠᠭᠠᠭᠤᠯᠤᠨ ᠲᠦᠷᠦᠯ ᠵᠦᠢᠯ ᠤᠨ ᠰᠢᠨ᠎ᠡ ᠶᠢ ᠡᠭᠦᠳᠴᠦ᠂ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ ᠬᠢᠵᠡᠢ᠃ 2023 ᠣᠨ ᠳᠤ ︽ᠡᠮᠦᠨᠡᠲᠦ ᠠᠮᠧᠷᠢᠺᠠ ᠶᠢᠨ ᠴᠠᠭᠠᠨ ᠵᠦᠢᠷᠡᠢ ᠰᠠᠮ ᠬᠤᠷᠣᠬᠠᠢ ᠲᠡᠵᠢᠭᠡᠨ ᠦᠷᠡᠵᠢᠭᠦᠯᠬᠦ ᠳᠤ ᠬᠡᠷᠡᠭᠯᠡᠬᠦ ᠲᠡᠵᠢᠭᠡᠨ ᠦᠷᠡᠵᠢᠭᠦᠯᠬᠦ ᠴᠥᠭᠦᠷᠥᠮ︾ ︽ᠡᠮᠦᠨᠡᠲᠦ ᠠᠮᠧᠷᠢᠺᠠ ᠶᠢᠨ ᠴᠠᠭᠠᠨ ᠵᠦᠢᠷᠡᠢ ᠰᠠᠮ ᠬᠤᠷᠣᠬᠠᠢ ᠲᠡᠵᠢᠭᠡᠨ ᠦᠷᠡᠵᠢᠭᠦᠯᠬᠦ ᠳᠤ ᠬᠡᠷᠡᠭᠯᠡᠬᠦ ᠴᠤᠭᠯᠠᠭᠤᠯᠬᠤ ᠪᠠᠭᠠᠵᠢ︾ ︽ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠳᠤ ᠬᠡᠷᠡᠭᠯᠡᠬᠦ ᠲᠡᠵᠢᠭᠡᠨ ᠦᠷᠡᠵᠢᠭᠦᠯᠬᠦ ᠴᠥᠭᠦᠷᠥᠮ ᠤᠨ ᠤᠰᠤᠨ ᠤ ᠭᠠᠳᠠᠷᠭᠤ ᠶᠢ ᠴᠡᠪᠡᠷᠯᠡᠬᠦ ᠲᠥᠬᠦᠭᠡᠷᠦᠮᠵᠢ︾ ︽ᠨᠠᠢᠮᠠᠯᠵᠢ ᠲᠡᠵᠢᠭᠡᠨ ᠦᠷᠡᠵᠢᠭᠦᠯᠬᠦ ᠴᠥᠭᠦᠷᠥᠮ ᠤᠨ ᠤᠰᠤᠨ ᠤ ᠴᠢᠨᠠᠷ ᠢ ᠰᠠᠶᠢᠵᠢᠷᠠᠭᠤᠯᠬᠤ ᠮᠢᠺᠷᠣᠪ ᠲᠠᠯᠪᠢᠬᠤ ᠲᠥᠬᠦᠭᠡᠷᠦᠮᠵᠢ︾ ᠵᠡᠷᠭᠡ 4 ᠵᠦᠢᠯ ᠤᠨ ᠡᠭᠦᠳᠦᠯᠲᠡ ᠶᠢᠨ ᠲᠤᠰᠬᠠᠢ ᠠᠰᠢᠭ ᠢ ᠭᠥᠷᠳᠡᠪᠡ᠃ ᠡᠳᠡᠭᠡᠷ ᠲᠤᠰᠬᠠᠢ ᠠᠰᠢᠭ ᠤᠨ ᠡᠭᠦᠳᠦᠯᠲᠡ ᠨᠢ ᠤᠰᠤ ᠰᠣᠯᠢᠬᠤ ᠤᠳᠠᠭ᠎ᠠ ᠶᠢ ᠪᠠᠭᠠᠰᠬᠠᠵᠤ᠂ ᠤᠰᠤᠨ ᠤ ᠡᠬᠢ ᠪᠠᠶᠠᠯᠢᠭ ᠢ ᠠᠷᠪᠢᠯᠠᠨ᠂ ᠠᠵᠢᠯᠴᠢᠨ ᠤ ᠬᠥᠳᠡᠯᠮᠦᠷᠢ ᠶᠢᠨ ᠡᠷᠴᠢᠮ ᠢ ᠪᠠᠭᠠᠰᠬᠠᠵᠤ᠂ ᠤᠰᠤᠨ ᠤ ᠴᠢᠨᠠᠷ ᠤᠨ ᠬᠤᠪᠢᠷᠠᠯᠲᠠ ᠶᠢ ᠴᠠᠭ ᠲᠤᠬᠠᠢ ᠳᠤᠨᠢ ᠣᠨᠣᠪᠴᠢᠲᠠᠶ ᠲᠤᠰᠬᠠᠬᠤ ᠶᠢ ᠪᠡᠶᠡᠯᠡᠭᠦᠯᠵᠦ᠂ ᠤᠷᠢᠳᠴᠢᠯᠠᠨ ᠰᠡᠷᠡᠮᠵᠢᠯᠡᠭᠦᠯᠵᠦ᠂ ᠤᠰᠤᠨ ᠤ ᠴᠢᠨᠠᠷ ᠤᠨ ᠠᠰᠠᠭᠤᠳᠠᠯ ᠠᠴᠠ ᠪᠣᠯᠵᠤ ᠦᠷ᠎ᠡ ᠵᠢᠷᠠᠭᠠᠬᠠᠢ ᠶᠢ ᠶᠡᠭᠡ ᠬᠡᠪᠴᠢᠶ᠎ᠡ ᠪᠠᠷ ᠦᠬᠦᠭᠦᠯᠵᠦ ᠰᠢᠷᠬᠠᠲᠤᠭᠤᠯᠬᠤ ᠠᠴᠠ ᠵᠠᠶᠢᠯᠠᠰᠬᠢᠵᠦ᠂ ᠲᠡᠵᠢᠭᠡᠨ ᠦᠷᠡᠵᠢᠭᠦᠯᠬᠦ ᠦᠢᠯᠡᠰ ᠤᠨ ᠠᠶᠤᠯ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠶᠢ ᠶᠡᠭᠡ ᠪᠠᠷ ᠨᠡᠮᠡᠭᠳᠡᠭᠦᠯᠵᠡᠢ᠃      ᠤᠰᠤᠨ ᠭᠠᠷᠤᠯᠲᠠ ᠶᠢᠨ ᠦᠢᠯᠡᠰ ᠢ ᠬᠥᠭᠵᠢᠭᠦᠯᠬᠦ ᠶᠢᠨ ᠬᠠᠮᠲᠤ᠂ ᠲᠠᠷᠢᠶᠠᠯᠠᠩ ᠰᠣᠶᠣᠯ ᠵᠢᠭᠤᠯᠴᠢᠯᠠᠯ ᠳᠤ ᠭᠦᠨᠵᠡᠭᠡᠢ ᠠᠭᠤᠰᠤᠯᠴᠠᠭ᠎ᠠ ᠬᠢᠵᠦ᠂ ᠪᠠᠶᠠᠨᠳᠤᠬᠠᠢ ᠪᠠᠯᠭᠠᠰᠤᠨ ᠤ 15 ᠢᠵᠢ ᠰᠤᠯᠠ ᠪᠠᠶᠢᠭ᠎ᠠ ᠲᠠᠷᠢᠶᠠᠴᠢᠨ ᠠᠶᠢᠯ ᠤᠨ ᠵᠢᠵᠢᠭ ᠬᠦᠷᠢᠶ᠎ᠡ ᠶᠢ ᠳᠠᠭᠠᠭᠠᠴᠢᠯᠠᠨ ᠠᠪᠴᠤ᠂ 100 ᠭᠠᠷᠤᠢ ᠲᠦᠮᠡᠨ ᠲᠥᠭᠦᠷᠢᠭ ᠤᠨ ᠪᠡᠯᠡ ᠣᠷᠣᠭᠤᠯᠵᠤ ᠥᠭᠡᠷᠡᠴᠢᠯᠡᠨ ᠲᠡᠰ ᠳᠡᠪᠰᠢᠭᠦᠯᠵᠦ᠂ ᠠᠷᠠᠳ ᠤᠨ ᠣᠷᠣᠨ ᠰᠠᠭᠤᠴᠠ ᠪᠣᠯᠣᠨ ᠲᠠᠷᠢᠶᠠᠴᠢᠨ ᠠᠶᠢᠯ ᠤᠨ ᠵᠤᠭᠠᠴᠠᠯ᠂ ᠵᠢᠭᠠᠰᠤ ᠭᠥᠬᠢᠳᠡᠬᠦ ᠵᠡᠷᠭᠡ ᠵᠤᠭᠠᠴᠠᠯ ᠤᠨ ᠲᠦᠷᠦᠯ ᠵᠦᠢᠯ ᠢ ᠬᠥᠭᠵᠢᠭᠦᠯᠵᠦ᠂ ᠬᠥᠳᠡᠭᠡ ᠲᠣᠰᠬᠤᠨ ᠤ ᠵᠤᠭᠠᠴᠠᠯ ᠤᠨ ᠦᠢᠯᠡᠰ ᠤᠨ ᠬᠡᠯᠪᠡᠷᠢ ᠶᠢ ᠪᠠᠶᠠᠯᠢᠭᠵᠢᠭᠤᠯᠵᠤ᠂ ᠨᠡᠩ ᠤᠯᠠᠨ ᠵᠤᠭᠠᠴᠠᠭᠰᠠᠳ ᠢ ᠲᠠᠲᠠᠨ ᠵᠤᠭᠠᠴᠠᠭᠤᠯᠵᠤ᠂ ᠤᠰᠤᠨ ᠭᠠᠷᠤᠯᠲᠠ ᠶᠢ ᠲᠡᠵᠢᠭᠡᠨ ᠦᠷᠡᠵᠢᠭᠦᠯᠬᠦ᠂ ᠰᠡᠯᠡᠭᠦᠴᠡᠨ ᠵᠤᠭᠠᠴᠠᠬᠤ᠂ ᠵᠢᠭᠠᠰᠤ ᠭᠥᠬᠢᠳᠡᠵᠦ ᠰᠢᠷᠠᠵᠤ ᠢᠳᠡᠬᠦ ᠵᠡᠷᠭᠡ ᠤᠯᠠᠨ ᠡᠰᠢᠲᠦ ᠨᠢᠭᠡ ᠴᠣᠭᠴᠠᠵᠢᠭᠤᠯᠤᠭᠰᠠᠨ ᠰᠢᠨ᠎ᠡ ᠡᠵᠡᠩᠨᠡᠯᠲᠡ ᠶᠢᠨ ᠬᠡᠯᠪᠡᠷᠢ ᠶᠢ ᠪᠦᠷᠢᠯᠳᠦᠭᠦᠯᠵᠦ᠂ ᠲᠤᠬᠠᠢ ᠶᠢᠨ ᠭᠠᠵᠠᠷ ᠤᠨ ᠲᠣᠰᠬᠤᠨ ᠤ ᠠᠷᠠᠳ ᠲᠤ 80 ᠭᠠᠷᠤᠢ ᠠᠵᠢᠯ ᠤᠨ ᠪᠠᠶᠢᠷᠢ ᠬᠠᠩᠭᠠᠵᠤ᠂ ᠲᠤᠬᠠᠢ ᠶᠢᠨ ᠭᠠᠵᠠᠷ ᠤᠨ ᠲᠣᠰᠬᠤᠨ ᠤ ᠬᠠᠮᠲᠤ ᠨᠡᠶᠢᠳᠡ ᠪᠣᠯᠣᠨ ᠰᠠᠭᠤᠭᠠᠯᠢ ᠠᠷᠠᠳ ᠤᠨ ᠣᠷᠣᠯᠭ᠎ᠠ ᠶᠢ 200 ᠲᠦᠮᠡ ᠭᠠᠷᠤᠢ ᠲᠥᠭᠦᠷᠢᠭ ᠲᠠᠶᠢᠴᠢᠯᠠᠵᠠᠢ᠃      ᠬᠤᠳᠠ ᠶᠢᠨ ᠴᠠᠭᠠᠨ ᠵᠠᠭᠠᠮᠠᠳᠠᠨ ᠪᠠᠶᠢᠭᠰᠠᠨ ᠠᠴᠠ ᠪᠠᠨ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠲᠦᠷᠦᠭᠦᠴᠢ ᠬᠤᠨ ᠪᠤᠯᠤᠭᠰᠠᠨ ᠦ᠋ ᠯᠢ ᠤᠳᠤ ᠦᠶ᠎ᠡ ᠶᠢᠨ ᠬᠤᠵᠢᠷᠯᠢᠭ ᠤᠰᠤᠨ ᠳᠤ ᠲᠡᠵᠢᠭᠡᠨ ᠦᠷᠡᠵᠢᠭᠦᠯᠬᠦ ᠮᠡᠷᠭᠡᠵᠢᠯ ᠢ ᠣᠷᠣᠭᠤᠯᠤᠨ ᠠᠪᠴᠢᠷᠠᠬᠤ ᠪᠠᠷ ᠳᠠᠮᠵᠢᠭᠤᠯᠵᠤ᠂ ᠬᠤᠵᠢᠷᠯᠢᠭ ᠭᠠᠵᠠᠷ ᠤᠨ ᠣᠳᠣᠬᠢ ᠪᠠᠶᠢᠳᠠᠯ ᠢ ᠪᠦᠲᠦᠮᠵᠢᠲᠡᠢ ᠰᠠᠶᠢᠵᠢᠷᠠᠭᠤᠯᠵᠤ᠂ ᠬᠤᠵᠢᠷᠯᠢᠭ ᠭᠠᠵᠠᠷ ᠣᠷᠣᠨ ᠤ ᠭᠠᠵᠠᠷ ᠰᠢᠷᠣᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠨᠤᠷᠮ᠎ᠠ ᠶᠢ ᠲᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ᠂ ᠪᠠᠰᠠ ᠤᠯᠤᠰ ᠤᠨ ᠬᠤᠵᠢᠷᠯᠢᠭ ᠭᠠᠵᠠᠷ ᠢ ᠥᠭᠡᠷᠡᠴᠢᠯᠡᠬᠦ ᠳᠤ ᠦᠢᠯᠡᠳᠦᠯᠭᠡ ᠶᠢᠨ ᠵᠢᠱᠢᠶ᠎ᠡ ᠪᠠ ᠰᠡᠳᠬᠢᠴᠡ ᠶᠢᠨ ᠯᠠᠪᠯᠠᠯᠲᠠ ᠬᠠᠩᠭᠠᠬᠤ ᠶᠢᠨ ᠬᠠᠮᠲᠤ ᠦᠬᠠᠢ ᠬᠤᠳᠠ ᠶᠢᠨ ᠪᠣᠬᠢᠷᠲᠤᠯ ᠦᠭᠡᠢ ᠦᠷᠭᠦᠯᠵᠢᠯᠡᠬᠦᠶᠢᠴᠡ ᠣᠨᠴᠠᠯᠢᠭᠲᠤ ᠲᠠᠷᠢᠶᠠᠯᠠᠩ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠡᠮᠦᠨ᠎ᠡ ᠹᠷᠤᠨᠲ ᠲᠤ ᠴᠤᠴᠠᠯᠳᠠ ᠦᠭᠡᠢ ᠭᠠᠪᠰᠢᠭᠠᠶᠢᠯᠠᠭᠰᠠᠭᠠᠷ ᠁
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号