ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠪᠠ ᠮᠣᠽᠠᠮᠪᠢᠺ᠎ᠤᠨ ᠶᠡᠷᠦᠩᠬᠡᠶ᠋ᠢᠯᠡᠭᠴᠢ ᠴᠠᠫᠤ ᠳᠤᠮᠳᠠᠳᠤ ᠤᠯᠤᠰ ᠪᠠ ᠮᠣᠽᠠᠮᠪᠢᠺ᠎ᠤᠨ ᠬᠠᠷᠢᠯᠴᠠᠭ᠎ᠠ ᠪᠠᠶ᠋ᠢᠭᠤᠯᠤᠭᠳᠠᠭᠰᠠᠨ 50 ᠵᠢᠯ᠎ᠤᠨ ᠤᠢ᠎ᠳᠤ ᠵᠣᠷᠢᠭᠤᠯᠤᠨ ᠬᠠᠷᠢᠯᠴᠠᠨ ᠪᠠᠶᠠᠷ᠎ᠤᠨ ᠴᠠᠬᠢᠯᠭ᠋ᠠᠨ ᠶᠠᠪᠤᠭᠤᠯᠪᠠ
ᠨᠡᠶ᠋ᠢᠲᠡᠯᠡᠭᠰᠡᠨ ᠴᠠᠭ᠄ 2025-06-26

       ᠰᠢᠨᠬᠤᠸᠠ ᠬᠤᠷᠢᠶᠠᠨ᠎ᠤ ᠪᠡᠭᠡᠵᠢᠩ᠎ᠤᠨ 6 ᠳ᠋ᠤᠭ᠋ᠠᠷ ᠰᠠᠷ᠎ᠠ ᠵᠢᠨ 25᠎ᠤ ᠡᠳᠦᠷ᠎ᠤᠨ ᠴᠠᠬᠢᠯᠭ᠋ᠠᠨ 6 ᠳ᠋ᠤᠭ᠋ᠠᠷ ᠰᠠᠷ᠎ᠠ ᠵᠢᠨ 25᠎ᠤ ᠡᠳᠦᠷ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠮᠣᠽᠠᠮᠪᠢᠺ᠎ᠤᠨ ᠶᠡᠷᠦᠩᠬᠡᠶ᠋ᠢᠯᠡᠭᠴᠢ ᠴᠠᠫᠤ᠎ᠯᠤᠭ᠎ᠠ ᠬᠠᠷᠢᠯᠴᠠᠨ ᠪᠠᠶᠠᠷ᠎ᠤᠨ ᠴᠠᠬᠢᠯᠭ᠋ᠠᠨ ᠶᠠᠪᠤᠭᠤᠯᠵᠤ᠂ ᠬᠤᠶᠠᠷ ᠤᠯᠤᠰ᠎ᠤᠨ ᠭᠠᠳᠠᠭ᠋ᠠᠳᠤ ᠬᠠᠷᠢᠯᠴᠠᠭ᠎ᠠ ᠪᠠᠶ᠋ᠢᠭᠤᠯᠤᠭᠳᠠᠭᠰᠠᠨ 50 ᠵᠢᠯ᠎ᠤᠨ ᠤᠢ ᠵᠢ ᠪᠡᠯᠭᠡᠯᠡᠪᠡ᠃
       ᠰᠢ ᠵᠢᠨ ᠫᠢᠩ ᠵᠢᠭ᠋ᠠᠵᠤ ᠭᠠᠷᠭ᠋ᠠᠬᠤ᠎ᠳᠤ᠎ᠪᠠᠨ᠂ ᠭᠠᠳᠠᠭ᠋ᠠᠳᠤ ᠬᠠᠷᠢᠯᠴᠠᠭ᠎ᠠ ᠪᠠᠶ᠋ᠢᠭᠤᠯᠤᠭᠳᠠᠭᠰᠠᠨ 50 ᠵᠢᠯ᠎ᠤᠨ ᠲᠤᠷᠰᠢ᠂ ᠳᠡᠯᠡᠬᠡᠢ ᠵᠢᠨ ᠪᠠᠶ᠋ᠢᠳᠠᠯ᠎ᠳᠤ ᠶᠠᠭ᠋ᠠᠬᠢᠵᠤ ᠬᠤᠪᠢᠷᠠᠯᠲᠠ ᠭᠠᠷᠤᠭᠰᠠᠨ ᠴᠤ᠌᠂ ᠳᠤᠮᠳᠠᠳᠤ ᠤᠯᠤᠰ ᠪᠠ ᠮᠣᠽᠠᠮᠪᠢᠺ᠎ᠤᠨ ᠨᠥᠬᠦᠷᠯᠡᠯ ᠴᠥᠮ ᠬᠠᠷᠢᠯᠴᠠᠨ ᠢᠲᠡᠭᠡᠯᠴᠡᠵᠦ᠂ ᠬᠠᠷᠢᠯᠴᠠᠨ ᠳᠡᠮᠵᠢᠯᠴᠡᠵᠦ᠂ ᠬᠤᠶᠠᠷ ᠤᠯᠤᠰ᠎ᠤᠨ ᠨᠥᠬᠦᠷᠯᠡᠯ ᠡᠪᠳᠡᠷᠡᠰᠢ ᠦᠭᠡᠢ ᠪᠠᠲᠤ ᠪᠠᠬᠢ ᠪᠠᠶ᠋ᠢᠪᠠ᠃ ᠬᠤᠶᠠᠷ ᠲᠠᠯ᠎ᠠ᠎ᠪᠠᠷ ᠵᠶ᠋ᠠᠨ ᠬᠠᠷᠢᠯᠴᠠᠭ᠎ᠠ ᠪᠠᠶ᠋ᠢᠭᠤᠯᠤᠭᠳᠠᠭᠰᠠᠨ ᠤᠭ ᠰᠠᠨᠠᠭ᠎ᠠ᠎ᠪᠠᠨ ᠪᠠᠷᠢᠮᠲᠠᠯᠠᠵᠤ᠂ ᠬᠠᠮᠲᠤᠷᠠᠨ ᠤᠷᠤᠭᠰᠢᠯᠠᠳᠠᠭ ᠯᠠ ᠶᠤᠮ ᠪᠣᠯ ᠬᠤᠶᠠᠷ ᠤᠯᠤᠰ᠎ᠤᠨ ᠬᠠᠷᠢᠯᠴᠠᠭ᠎ᠠ ᠯᠠᠪᠲᠠᠶ᠎ᠠ ᠨᠡᠩ ᠭᠡᠭᠡᠨ ᠰᠠᠷᠠᠭᠤᠯ ᠢᠷᠡᠭᠡᠳᠦᠢ᠎ᠪᠠᠨ ᠤᠭᠲᠤᠬᠤ᠎ᠨᠢ ᠯᠠᠪᠲᠠᠢ ᠶᠤᠮ ᠭᠡᠳᠡᠭ᠎ᠲᠤ ᠪᠢ ᠪᠠᠲᠤ ᠢᠲᠡᠭᠡᠯᠲᠡᠢ ᠪᠠᠶ᠋ᠢᠨ᠎ᠠ᠃ ᠪᠢ ᠳᠤᠮᠳᠠᠳᠤ ᠪᠠ ᠮᠣᠽᠠᠮᠪᠢᠺ᠎ᠤᠨ ᠬᠠᠷᠢᠯᠴᠠᠭ᠋ᠠᠨ᠎ᠤ ᠬᠥᠭᠵᠢᠯᠲᠡ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ ᠳᠤᠷᠠᠲᠠᠶ᠎ᠠ ᠶᠡᠷᠦᠩᠬᠡᠶ᠋ᠢᠯᠡᠭᠴᠢ ᠠᠪᠤᠭ᠋ᠠᠢ᠎ᠯᠤᠭ᠎ᠠ ᠴᠢᠷᠮᠠᠶ᠋ᠢᠵᠤ ᠪᠠᠶ᠋ᠢᠭ᠋ᠠᠳ᠂ ᠭᠠᠳᠠᠭ᠋ᠠᠳᠤ ᠬᠠᠷᠢᠯᠴᠠᠭ᠎ᠠ ᠪᠠᠶ᠋ᠢᠭᠤᠯᠤᠭᠳᠠᠭᠰᠠᠨ 50 ᠵᠢᠯ᠎ᠤᠨ ᠤᠢ᠎ᠪᠠᠷ ᠰᠢᠨ᠎ᠡ ᠭᠠᠷᠤᠭ᠎ᠠ᠎ᠪᠠᠨ ᠪᠣᠯᠭ᠋ᠠᠵᠤ᠂ ᠤᠯᠠᠮᠵᠢᠯᠠᠯᠲᠤ ᠨᠥᠬᠦᠷᠯᠡᠯ ᠵᠶ᠋ᠠᠨ ᠪᠠᠳᠠᠷᠠᠭᠤᠯᠵᠤ᠂ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠴᠢᠨᠠᠷ ᠰᠠᠶ᠋ᠢᠲᠠᠢ ᠪᠠᠶ᠋ᠢᠭᠤᠯᠬᠤ ᠪᠠ ᠳᠤᠮᠳᠠᠳᠤ ᠪᠠ ᠠᠹᠷᠢᠺᠠ ᠵᠢᠨ ᠬᠠᠮᠲᠤᠷᠠᠯᠴᠠᠭ᠋ᠠᠨ᠎ᠤ ᠶᠠᠷᠢᠶᠠᠨ᠎ᠤ ᠲᠠᠪᠴᠠᠩ ᠵᠡᠷᠭᠡ ᠪᠦᠳᠦᠭᠦᠪᠴᠢ ᠵᠥᠪᠯᠡᠯᠴᠡᠭᠡᠷ᠎ᠤᠨ ᠬᠡᠪᠴᠢᠶᠡᠨ᠎ᠳᠤ ᠬᠠᠷᠢᠯᠴᠠᠨ ᠠᠰᠢᠭᠲᠠᠢ ᠬᠠᠮᠲᠤᠷᠠᠯᠴᠠᠭ᠎ᠠ᠎ᠪᠠᠨ ᠭᠦᠨᠵᠡᠭᠡᠶ᠋ᠢᠷᠡᠭᠦᠯᠵᠦ᠂ ᠳᠤᠮᠳᠠᠳᠤ ᠪᠠ ᠮᠣᠽᠠᠮᠪᠢᠺ᠎ᠤᠨ ᠪᠦᠬᠦ ᠲᠠᠯ᠎ᠠ ᠵᠢᠨ ᠪᠠᠶ᠋ᠢᠯᠳᠤᠬᠤ ᠪᠣᠳᠣᠯᠭ᠎ᠠ ᠵᠢᠨ ᠬᠠᠮᠲᠤᠷᠠᠯᠴᠠᠬᠤ ᠬᠠᠨᠢᠲᠠᠨ᠎ᠤ ᠬᠠᠷᠢᠯᠴᠠᠭ᠋ᠠᠨ᠎ᠤ ᠰᠢᠨ᠎ᠡ ᠬᠠᠭᠤᠳᠠᠰᠤ ᠵᠢ ᠪᠢᠴᠢᠭᠯᠡᠵᠡᠭᠡᠶ᠎ᠡ ᠭᠡᠵᠡᠢ᠃
       ᠴᠠᠫᠤ ᠢᠯᠡᠷᠬᠡᠶ᠋ᠢᠯᠡᠬᠦ᠎ᠳᠤ᠎ᠪᠠᠨ᠂ ᠬᠤᠶᠠᠷ ᠤᠯᠤᠰ᠎ᠤᠨ ᠬᠠᠷᠢᠯᠴᠠᠭ᠎ᠠ ᠪᠠᠶ᠋ᠢᠭᠤᠯᠤᠭᠳᠠᠭᠰᠠᠨ 50 ᠵᠢᠯ᠎ᠤᠨ ᠤᠢ᠎ᠨᠢ ᠮᠥᠨ ᠴᠤ᠌ ᠮᠣᠽᠠᠮᠪᠢᠺ᠎ᠤᠨ ᠲᠤᠰᠠᠭ᠋ᠠᠷ ᠲᠣᠭᠲᠠᠨᠢᠭᠰᠠᠨ 50 ᠵᠢᠯ᠎ᠤᠨ ᠤᠢ ᠪᠣᠯᠣᠨ᠎ᠠ᠂ ᠡᠨᠡ᠎ᠨᠢ ᠬᠤᠶᠠᠷ ᠤᠯᠤᠰ᠎ᠤᠨ ᠤᠯᠠᠮᠵᠢᠯᠠᠯᠲᠤ ᠨᠥᠬᠦᠷᠯᠡᠯ ᠪᠠ ᠠᠬ᠎ᠠ ᠳᠡᠭᠦᠦ ᠮᠡᠲᠦ ᠵᠢᠨ ᠰᠡᠳᠬᠢᠯᠭᠡ ᠵᠢ ᠬᠠᠷᠠᠭᠤᠯᠵᠤ ᠪᠠᠶ᠋ᠢᠭ᠎ᠠ ᠶᠤᠮ᠃ ᠲᠤᠰᠠᠭ᠋ᠠᠷ ᠲᠣᠭᠲᠠᠨᠢᠯ ᠵᠶ᠋ᠠᠨ ᠲᠡᠮᠡᠴᠡᠨ ᠣᠯᠣᠭᠰᠠᠨ ᠵᠠᠮ᠎ᠳᠤ ᠦᠵᠡᠭᠦᠯᠦᠭᠰᠡᠨ ᠳᠤᠮᠳᠠᠳᠤ ᠵᠢᠨ ᠲᠠᠯ᠎ᠠ ᠵᠢᠨ ᠨᠥᠬᠦᠴᠡᠯ ᠦᠭᠡᠢ ᠳᠡᠮᠵᠢᠯᠭᠡ᠎ᠳᠤ ᠲᠠᠯᠠᠷᠬᠠᠵᠤ ᠪᠠᠶ᠋ᠢᠨ᠎ᠠ᠃ ᠮᠣᠽᠠᠮᠪᠢᠺ᠎ᠤᠨ ᠲᠠᠯ᠎ᠠ᠎ᠨᠢ ᠨᠢᠭᠡ ᠯᠡ ᠳᠤᠮᠳᠠᠳᠤ ᠤᠯᠤᠰ ᠪᠠᠶ᠋ᠢᠬᠤ ᠵᠠᠷᠴᠢᠮ᠎ᠢ ᠦᠷᠭᠦᠯᠵᠢᠯᠡᠨ ᠵᠢᠷᠤᠮᠯᠠᠵᠤ᠂ ᠳᠤᠮᠳᠠᠳᠤ ᠤᠯᠤᠰ᠎ᠤᠨ ᠵᠠᠰᠠᠭ᠎ᠤᠨ ᠣᠷᠳᠣᠨ᠎ᠤ ᠤᠯᠤᠰ᠎ᠤᠨ ᠨᠢᠭᠡᠳᠦᠯ ᠵᠶ᠋ᠠᠨ ᠪᠡᠶᠡᠯᠡᠭᠦᠯᠬᠦ ᠵᠢᠨ ᠲᠥᠯᠥᠭᠡ ᠭᠠᠷᠭ᠋ᠠᠭᠰᠠᠨ ᠠᠯᠢᠪᠠ ᠴᠢᠷᠮᠠᠶ᠋ᠢᠯᠭ᠎ᠠ ᠵᠢ ᠲᠡᠮᠵᠢᠵᠤ᠂ ᠳᠤᠮᠳᠠᠳᠤ ᠵᠢᠨ ᠲᠠᠯ᠎ᠠ ᠵᠢᠨ ᠴᠢᠬᠤᠯᠠ ᠶᠡᠭᠡ ᠰᠠᠨᠠᠭ᠋ᠠᠴᠢᠯᠠᠭ᠎ᠠ ᠵᠢ ᠲᠡᠮᠵᠢᠵᠤ᠂ ᠳᠤᠷᠠᠲᠠᠶ᠎ᠠ ᠳᠤᠮᠳᠠᠳᠤ ᠵᠢᠨ ᠲᠠᠯ᠎ᠠ᠎ᠯᠤᠭ᠎ᠠ ᠬᠠᠷᠢᠯᠴᠠᠨ ᠬᠦᠨᠳᠦᠳᠬᠡᠬᠦ᠂ ᠬᠠᠷᠢᠯᠴᠠᠨ ᠠᠰᠢᠭᠲᠠᠢ ᠬᠠᠮᠲᠤ᠎ᠪᠠᠷ ᠠᠰᠢᠭ ᠬᠦᠷᠳᠡᠬᠦ ᠰᠠᠭᠤᠷᠢᠨ ᠳᠡᠭᠡᠷ᠎ᠡ ᠬᠤᠶᠠᠷ ᠲᠠᠯ᠎ᠠ ᠵᠢᠨ ᠬᠠᠷᠢᠯᠴᠠᠭ᠎ᠠ᠎ᠪᠠᠨ ᠦᠷᠭᠦᠯᠵᠢᠯᠡᠨ ᠭᠦᠨᠵᠡᠭᠡᠶ᠋ᠢᠷᠡᠭᠦᠯᠵᠦ᠂ ᠪᠣᠳᠠᠲᠠᠢ ᠵᠢ ᠡᠷᠬᠢᠮᠯᠡᠭᠰᠡᠨ ᠬᠠᠮᠲᠤᠷᠠᠯᠴᠠᠭ᠎ᠠ᠎ᠪᠠᠨ ᠥᠷᠭᠡᠳᠬᠡᠵᠦ᠂ ᠤᠯᠠᠨ ᠲᠠᠯᠠᠲᠤ ᠦᠵᠡᠯ᠎ᠢ ᠬᠠᠮᠲᠤ᠎ᠪᠠᠷ ᠬᠠᠮᠠᠭ᠋ᠠᠯᠠᠵᠤ᠂ ᠳᠡᠯᠡᠬᠡᠢ ᠵᠢᠨ ᠡᠩᠬᠡ ᠲᠠᠶ᠋ᠢᠪᠤᠩ᠂ ᠠᠮᠤᠷ ᠲᠦᠪᠰᠢᠨ ᠪᠠ ᠬᠥᠭᠵᠢᠯ ᠴᠡᠴᠡᠭᠯᠡᠯ᠎ᠢ ᠠᠬᠢᠭᠤᠯᠤᠨ᠎ᠠ ᠭᠡᠵᠡᠢ᠃
    

ᠢᠷᠡᠯᠲᠡ᠄ ᠰᠢᠨᠬᠤᠸᠠ ᠬᠤᠷᠢᠶ᠎ᠠ
          
ᠬᠠᠮᠢᠶ᠎ᠡ ᠪᠦᠬᠦᠢ ᠰᠣᠨᠢᠨ
 
            