ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠦᠨᠦᠳᠣᠷ᠎ᠤᠨ ᠰᠣᠨᠢᠨ ᠮᠡᠳᠡᠭᠡ
ᠠᠵᠢᠯ᠎ᠠᠴᠠ ᠪᠣᠯᠤᠭᠰᠠᠨ ᠭᠡᠮᠲᠦᠯ᠎ᠦᠨ ᠤᠷᠢᠳᠴᠢᠯᠠᠨ ᠰᠡᠷᠭᠡᠢᠯᠡᠯᠲᠡ᠎ᠶᠢ ᠠᠵᠤ ᠠᠬᠤᠢᠯᠠᠯ᠎ᠳᠤ ᠣᠷᠣᠭᠤᠯᠵᠤ ᠤᠷᠢᠳᠴᠢᠯᠠᠨ ᠰᠡᠷᠭᠡᠢᠯᠡᠬᠦ ᠮᠡᠳᠡᠯᠭᠡ᠎ᠶᠢ 《 ᠭᠠᠷ᠎ᠲᠤ ᠪᠠᠷᠢᠭ᠍ᠳᠠᠮ᠎ᠠ 》 ᠪᠣᠯᠭᠠᠪᠠ ︱ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠬᠢᠨ ᠠᠵᠢᠯ᠎ᠠᠴᠠ ᠪᠣᠯᠤᠭᠰᠠᠨ ᠭᠡᠮᠲᠦᠯ᠎ᠤᠨ ᠤᠷᠢᠳᠴᠢᠯᠠᠨ ᠰᠡᠷᠭᠡᠢᠯᠡᠯᠲᠡ᠎ᠶᠢ ᠠᠵᠤ ᠠᠬᠤᠢᠯᠠᠯ᠎ᠳᠤ ᠣᠷᠣᠭᠤᠯᠬᠤ ᠤᠬᠠᠭᠤᠯᠭ᠎ᠠ᠎ᠶᠢᠨ ᠠᠵᠢᠯᠯᠠᠭ᠎ᠠ ᠥᠷᠨᠢᠭᠦᠯᠪᠡ
ᠨᠡᠶ᠋ᠢᠲᠡᠯᠡᠭᠰᠡᠨ ᠴᠠᠭ᠄ 2025-11-20

      《 ᠡᠨᠡ ᠤᠳᠠᠭᠠᠨ᠎ᠤ ᠠᠵᠢᠯᠯᠠᠭ᠎ᠠ ᠦᠨᠡᠬᠡᠷ ᠮᠠᠰᠢ ᠶᠡᠬᠡ ᠠᠰᠢᠭ᠋ ᠲᠤᠰᠠ᠎ᠲᠠᠢ᠂ ᠠᠵᠢᠯ᠎ᠠᠴᠠ ᠪᠣᠯᠤᠭᠰᠠᠨ ᠭᠡᠮᠲᠦᠯ᠎ᠦᠨ ᠡᠨᠳᠡᠯ᠎ᠦᠨ ᠣᠯᠠᠩᠬᠢ ᠨᠢ ᠴᠥᠮ ᠵᠢᠷᠤᠮᠵᠢᠭᠤᠨ ᠪᠤᠰᠤ ᠠᠵᠢᠯᠯᠠᠭ᠎ᠠ᠎ᠠᠴᠠ ᠪᠣᠯᠤᠭᠰᠠᠨ ᠶᠤᠮ᠂ ᠭᠡᠬᠦ᠎ᠳᠡᠭᠡᠨ ᠠᠵᠢᠯ᠎ᠠᠴᠠ ᠪᠣᠯᠤᠭᠰᠠᠨ ᠭᠡᠮᠲᠦᠯ᠎ᠦᠨ ᠬᠡᠷᠡᠭ᠎ᠦᠨ ᠵᠢᠱ᠌ᠢᠶ᠎ᠡ ᠨᠢᠭᠡᠪᠦᠷᠢ ᠨᠢ ᠴᠥᠮ ᠠᠵᠢᠯ᠎ᠠᠴᠠ ᠪᠣᠯᠵᠤ ᠭᠡᠮᠲᠦᠭᠰᠡᠨ ᠠᠵᠢᠯᠲᠠᠨ ᠠᠵᠢᠯᠴᠢᠨ ᠪᠣᠯᠣᠨ ᠲᠡᠳᠡᠨ᠎ᠦ ᠲᠥᠷᠥᠯ ᠰᠠᠳᠤᠨ᠎ᠳᠤ ᠬᠦᠨᠳᠦ ᠴᠣᠬᠢᠯᠲᠠ ᠠᠪᠴᠢᠷᠠᠳᠠᠭ᠂ ᠡᠢᠮᠦ᠎ᠠᠴᠠ ᠠᠵᠢᠯ᠎ᠠᠴᠠ ᠪᠣᠯᠤᠭᠰᠠᠨ ᠭᠡᠮᠲᠦᠯ᠎ᠢ ᠰᠡᠷᠭᠡᠢᠯᠡᠬᠦ ᠠᠵᠢᠯ᠎ᠢ ᠨᠠᠷᠢᠨ ᠵᠦᠢᠯ᠎ᠡᠴᠡ ᠡᠬᠢᠯᠡᠨ ᠠᠳᠬᠤᠵᠤ᠂ ᠡᠳᠦᠷ ᠲᠤᠲᠤᠮ᠎ᠤᠨ ᠠᠵᠢᠯ᠎ᠠᠴᠠ ᠡᠬᠢᠯᠡᠨ ᠠᠳᠬᠤᠵᠤ᠂ ᠬᠥᠮᠥᠨ ᠨᠢᠭᠡᠪᠦᠷᠢ᠎ᠡᠴᠡ ᠡᠬᠢᠯᠡᠨ ᠠᠳᠬᠤᠬᠤ ᠬᠡᠷᠡᠭᠲᠡᠢ᠃ 》 ᠡᠨᠡ ᠪᠣᠯ ᠤᠬᠠᠭᠤᠯᠭ᠎ᠠ᠎ᠶᠢᠨ ᠠᠵᠢᠯᠯᠠᠭ᠎ᠠ᠎ᠳᠤ ᠣᠷᠣᠯᠴᠠᠭᠰᠠᠨ᠎ᠤ ᠳᠠᠷᠠᠭ᠎ᠠ᠂ ᠥᠪᠥᠷ ᠮᠣᠩᠭᠣᠯ᠎ᠤᠨ ᠴᠠᠬᠢᠯᠭᠠᠨ ᠬᠦᠴᠦᠨ( ᠪᠦᠯᠦᠭᠯᠡᠯ ) ᠎ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠎ᠶᠢᠨ ᠬᠥᠬᠡᠬᠣᠲᠠ᠎ᠶᠢᠨ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ᠎ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ᠎ᠤ ᠦᠨᠡᠨ ᠪᠣᠳᠠᠲᠠᠢ ᠣᠢᠯᠠᠭᠠᠯᠲᠠ ᠪᠣᠯᠣᠨ᠎ᠠ᠃
      ᠠᠵᠢᠯ᠎ᠠᠴᠠ ᠪᠣᠯᠤᠭᠰᠠᠨ ᠭᠡᠮᠲᠦᠯ᠎ᠢ ᠰᠡᠷᠭᠡᠢᠯᠡᠬᠦ ᠲᠠᠪᠤᠨ ᠵᠢᠯ᠎ᠦᠨ ᠠᠵᠢᠯᠯᠠᠭ᠎ᠠ᠎ᠶᠢᠨ ᠲᠥᠯᠥᠪᠯᠡᠭᠡ᠎ᠶᠢ ᠯᠠᠪᠳᠠᠭᠤᠨ ᠪᠠᠲᠤᠲᠠᠢ ᠠᠬᠢᠭᠤᠯᠵᠤ᠂ ᠠᠵᠤ ᠠᠬᠤᠢᠯᠠᠯ᠎ᠤᠨ ᠠᠵᠢᠯ᠎ᠠᠴᠠ ᠪᠣᠯᠤᠭᠰᠠᠨ ᠭᠡᠮᠲᠦᠯ᠎ᠢ ᠤᠷᠢᠳᠴᠢᠯᠠᠨ ᠰᠡᠷᠭᠡᠢᠯᠡᠬᠦ ᠭᠣᠣᠯ ᠴᠣᠭᠴᠠ᠎ᠶᠢᠨ ᠬᠠᠷᠢᠭᠤᠴᠠᠯᠭ᠎ᠠ᠎ᠶᠢ ᠨᠠᠢᠳᠠᠪᠤᠷᠢᠵᠢᠭᠤᠯᠬᠤ᠎ᠶᠢ ᠠᠬᠢᠭᠤᠯᠵᠤ᠂ ᠬᠥᠮᠥᠨ ᠬᠡᠷᠡᠭᠯᠡᠬᠦ ᠨᠢᠭᠡᠴᠢ ᠪᠣᠯᠣᠨ ᠠᠵᠢᠯᠲᠠᠨ ᠠᠵᠢᠯᠴᠢᠨ᠎ᠤ ᠠᠮᠤᠷ ᠲᠦᠪᠰᠢᠨ᠎ᠦ ᠤᠬᠠᠮᠰᠠᠷ᠂ ᠬᠠᠤᠯᠢᠵᠢᠯ᠎ᠤᠨ ᠤᠬᠠᠮᠰᠠᠷ᠎ᠢ ᠴᠢᠩᠭᠠᠳᠬᠠᠬᠤ᠎ᠶᠢᠨ ᠲᠥᠯᠥᠭᠡ᠂ ᠣᠢᠷ᠎ᠠ᠎ᠶᠢᠨ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠢᠭᠡᠮ᠎ᠦᠨ ᠳᠠᠭᠠᠳᠬᠠᠯ᠎ᠤᠨ ᠦᠢᠯᠡᠰ᠎ᠦᠨ ᠦᠢᠯᠡᠴᠢᠯᠡᠭᠡᠨ᠎ᠦ ᠲᠥᠪ ᠥᠪᠥᠷ ᠮᠣᠩᠭᠣᠯ᠎ᠤᠨ ᠴᠠᠬᠢᠯᠭᠠᠨ ᠬᠦᠴᠦᠨ ( ᠪᠦᠯᠦᠭᠯᠡᠯ )᠎ᠤ ᠬᠢᠵᠠᠭᠠᠷᠲᠤ ᠺᠣᠮᠫᠠᠨᠢ᠎ᠶᠢᠨ ᠬᠥᠬᠡᠬᠣᠲᠠ᠎ᠶᠢᠨ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ᠎ᠳᠤ ᠬᠦᠷᠴᠦ᠂ ᠠᠵᠢᠯ᠎ᠠᠴᠠ ᠪᠣᠯᠤᠭᠰᠠᠨ ᠭᠡᠮᠲᠦᠯ᠎ᠢ ᠤᠷᠢᠳᠴᠢᠯᠠᠨ ᠰᠡᠷᠭᠡᠢᠯᠡᠯᠲᠡ᠎ᠶᠢ ᠠᠵᠤ ᠠᠬᠤᠢᠯᠠᠯ᠎ᠳᠤ ᠣᠷᠣᠭᠤᠯᠬᠤ ᠠᠵᠢᠯᠯᠠᠭ᠎ᠠ ᠥᠷᠨᠢᠭᠦᠯᠪᠡ᠃
      ᠲᠣᠰ ᠤᠳᠠᠭᠠᠨ᠎ᠤ ᠠᠵᠢᠯᠯᠠᠭ᠎ᠠ ᠨᠢ 《 ᠠᠵᠢᠯ᠎ᠠᠴᠠ ᠪᠣᠯᠤᠭᠰᠠᠨ ᠭᠡᠮᠲᠦᠯ᠎ᠢ ᠤᠷᠢᠳᠴᠢᠯᠠᠨ ᠰᠡᠷᠭᠡᠢᠯᠡᠬᠦ᠂ ᠠᠵᠤ ᠠᠬᠤᠢᠯᠠᠯ᠎ᠢ ᠬᠠᠪᠰᠤᠷᠤᠨ ᠴᠢᠨᠠᠷ ᠰᠠᠢᠲᠠᠢ ᠬᠥᠭᠵᠢᠭᠦᠯᠬᠦ᠎ᠶᠢ ᠰᠠᠢᠲᠤᠷ ᠬᠢᠬᠦ 》 ᠪᠡᠷ ᠭᠣᠣᠯ ᠰᠡᠳᠦᠪ ᠪᠣᠯᠭᠠᠵᠤ᠂ ᠴᠠᠬᠢᠯᠭᠠᠨ ᠬᠦᠴᠦᠨ᠎ᠦ ᠠᠵᠢᠯ ᠲᠥᠷᠥᠯ᠎ᠦᠨ ᠠᠵᠢᠯ᠎ᠠᠴᠠ ᠪᠣᠯᠤᠭᠰᠠᠨ ᠭᠡᠮᠲᠦᠯ᠎ᠦᠨ ᠠᠶᠤᠯ ᠲᠦᠭᠰᠢᠭᠦᠷᠢ᠎ᠶᠢᠨ ᠬᠡᠮ ᠰᠣᠭᠣᠭ᠎ᠲᠤ ᠠᠩᠬᠠᠷᠤᠯ᠎ᠢᠶᠠᠨ ᠲᠥᠪᠯᠡᠷᠡᠭᠦᠯᠦᠨ ᠂ ᠲᠥᠷᠥ᠎ᠶᠢᠨ ᠪᠣᠳᠣᠯᠭ᠎ᠠ᠎ᠶᠢ ᠤᠬᠠᠭᠤᠯᠤᠨ ᠲᠠᠢᠯᠪᠤᠷᠢᠯᠠᠬᠤ᠂ ᠲᠤᠬᠠᠢ᠎ᠶᠢᠨ ᠲᠠᠯᠠᠪᠤᠷ᠎ᠲᠤ ᠮᠠᠳᠠᠭ᠎ᠲᠠᠢ ᠠᠰᠠᠭᠤᠳᠠᠯ᠎ᠢ ᠬᠠᠷᠢᠭᠤᠯᠬᠤ᠂ ᠬᠡᠷᠡᠭ᠎ᠦᠨ ᠵᠢᠱ᠌ᠢᠶ᠎ᠡ᠎ᠶᠢ ᠬᠤᠪᠢᠶᠠᠯᠴᠠᠨ ᠡᠳ᠋ᠯᠡᠬᠦ᠂ ᠪᠣᠳᠠᠲᠠᠢ ᠪᠣᠯᠪᠠᠰᠤᠷᠠᠯ ᠬᠢᠬᠦ᠂ VR ᠳᠠᠭᠤᠷᠢᠶᠠᠮᠠᠯ ᠰᠣᠷᠢᠯᠲᠠ ᠬᠢᠬᠦ ᠵᠡᠷᠭᠡ ᠣᠯᠠᠨ ᠵᠦᠢᠯ᠎ᠦᠨ ᠬᠡᠯᠪᠡᠷᠢ᠎ᠪᠡᠷ ᠳᠠᠮᠵᠢᠭᠤᠯᠤᠨ᠂ ᠠᠵᠢᠯᠲᠠᠨ ᠠᠵᠢᠯᠴᠢᠨ᠎ᠢ ᠬᠥᠲᠥᠯᠥᠨ ᠵᠢᠯᠤᠭᠣᠳᠴᠤ ᠪᠠᠢᠭᠠᠳ ᠠᠵᠢᠯ᠎ᠠᠴᠠ ᠪᠣᠯᠤᠭᠰᠠᠨ ᠭᠡᠮᠲᠦᠯ᠎ᠢ ᠤᠷᠢᠳᠴᠢᠯᠠᠨ ᠰᠡᠷᠭᠡᠢᠯᠡᠬᠦ ᠮᠡᠳᠡᠯᠭᠡ᠎ᠶᠢ ᠣᠢᠯᠠᠭᠠᠭᠤᠯᠤᠨ ᠡᠵᠡᠮᠰᠢᠭᠦᠯᠵᠦ᠂ ᠠᠮᠤᠷ ᠲᠦᠪᠰᠢᠨ᠎ᠢᠶᠡᠷ ᠠᠵᠢᠯᠯᠠᠬᠤ᠎ᠶᠢ ᠤᠮᠳᠤᠭᠠᠢᠯᠠᠬᠤ᠂ ᠤᠷᠢᠳᠴᠢᠯᠠᠨ ᠰᠡᠷᠭᠡᠢᠯᠡᠬᠦ ᠤᠬᠠᠮᠰᠠᠷ᠎ᠢᠶᠠᠷ ᠳᠤᠲᠠᠮᠠᠭ ᠪᠠᠢᠬᠤ᠎ᠠᠴᠠ ᠪᠣᠯᠤᠭᠰᠠᠨ ᠬᠦᠨᠳᠦ ᠨᠣᠴᠢᠲᠠᠢ ᠬᠣᠣᠷ ᠬᠥᠨᠥᠭᠡᠯ᠎ᠢ ᠭᠦᠨᠵᠡᠭᠡᠢ ᠲᠠᠨᠢᠭᠤᠯᠬᠤ ᠪᠣᠯᠣᠨ᠎ᠠ᠃
      ᠠᠮᠤᠷ ᠲᠦᠪᠰᠢᠨ ᠭᠡᠳᠡᠭ ᠨᠢ ᠤᠷᠢᠶ᠎ᠠ ᠲᠡᠳᠦᠢ ᠪᠢᠰᠢ᠂ ᠡᠷᠬᠡᠪᠰᠢ ᠠᠵᠢᠯᠯᠠᠭ᠎ᠠ ᠳᠡᠭᠡᠷ᠎ᠡ᠎ᠪᠡᠨ ᠨᠠᠢᠳᠠᠪᠤᠷᠢᠵᠢᠭᠤᠯᠬᠤ ᠬᠡᠷᠡᠭᠲᠡᠢ;ᠤᠷᠢᠳᠴᠢᠯᠠᠨ ᠰᠡᠷᠭᠡᠢᠯᠡᠬᠦ ᠨᠢ ᠴᠦ᠍ ᠬᠡᠯᠪᠡᠷᠢ᠎ᠶᠢᠨ ᠲᠡᠳᠦᠢ ᠪᠢᠰᠢ᠂ ᠬᠠᠷᠢᠨ ᠠᠵᠤ ᠠᠬᠤᠢᠯᠠᠯ᠎ᠤᠨ ᠠᠵᠢᠯᠲᠠᠨ ᠠᠵᠢᠯᠴᠢᠨ ᠨᠢᠭᠡᠪᠦᠷᠢ᠎ᠶᠢᠨ ᠨᠠᠰᠤᠨ ᠲᠤᠷᠰᠢᠲᠠ᠎ᠶᠢᠨ ᠵᠠᠪᠠᠯ ᠰᠤᠷᠬᠤ ᠬᠢᠴᠢᠶᠡᠯ ᠪᠣᠯᠣᠨ᠎ᠠ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠢᠭᠡᠮ᠎ᠦᠨ ᠳᠠᠭᠠᠳᠬᠠᠯ᠎ᠤᠨ ᠦᠢᠯᠡᠰ᠎ᠦᠨ ᠦᠢᠯᠡᠴᠢᠯᠡᠭᠡᠨ᠎ᠦ ᠲᠥᠪ᠎ᠦᠨ ᠬᠠᠮᠢᠶ᠎ᠠ ᠪᠦᠬᠦᠢ ᠬᠠᠷᠢᠭᠤᠴᠠᠯᠭᠠᠲᠠᠨ᠄ 《 ᠪᠢᠳᠡ ᠠᠵᠤ ᠠᠬᠤᠢᠯᠠᠯ᠎ᠤᠨ ᠠᠵᠢᠯ᠎ᠠᠴᠠ ᠪᠣᠯᠤᠭᠰᠠᠨ ᠭᠡᠮᠲᠦᠯ᠎ᠢ ᠰᠡᠷᠭᠡᠢᠯᠡᠬᠦ ᠬᠡᠷᠡᠭᠴᠡᠭᠡ᠎ᠳᠦ ᠦᠷᠭᠦᠯᠵᠢᠯᠡᠨ ᠠᠩᠬᠠᠷᠤᠯ᠎ᠢᠶᠠᠨ ᠲᠥᠪᠯᠡᠷᠡᠭᠦᠯᠵᠦ᠂ ᠤᠬᠠᠭᠤᠯᠬᠤ ᠬᠡᠯᠪᠡᠷᠢ᠎ᠶᠢᠨ ᠲᠠᠯ᠎ᠠ᠎ᠪᠠᠷ ᠲᠠᠰᠤᠷᠠᠯᠲᠠ ᠦᠭᠡᠢ ᠰᠢᠨ᠎ᠡ᠎ᠶᠢ ᠡᠭᠦᠳᠴᠦ᠂ ᠤᠬᠠᠭᠤᠯᠬᠤ ᠠᠭᠤᠯᠭ᠎ᠠ᠎ᠪᠠᠨ ᠤᠯᠠᠮ ᠨᠢᠭᠡ ᠠᠯᠬᠤᠮ ᠪᠠᠶᠠᠯᠢᠭ᠍ᠵᠢᠭᠤᠯᠤᠨ᠂ ᠠᠵᠢᠯ᠎ᠠᠴᠠ ᠪᠣᠯᠤᠭᠰᠠᠨ ᠭᠡᠮᠲᠦᠯ᠎ᠢ ᠰᠡᠷᠭᠡᠢᠯᠡᠬᠦ ᠤᠬᠠᠭᠤᠯᠭ᠎ᠠ᠎ᠶᠢᠨ ᠠᠵᠢᠯ᠎ᠤᠨ ᠬᠠᠨᠳᠤᠯᠭᠠᠲᠤ ᠴᠢᠨᠠᠷ ᠪᠣᠯᠣᠨ ᠪᠣᠳᠠᠲᠤ ᠪᠦᠲᠦᠮᠵᠢᠲᠦ ᠴᠢᠨᠠᠷ᠎ᠢ ᠦᠨᠡᠨ ᠬᠦ᠌ ᠳᠡᠭᠡᠭᠰᠢᠯᠡᠭᠦᠯᠵᠦ᠂ ᠠᠵᠢᠯᠲᠠᠨ ᠠᠵᠢᠯᠴᠢᠨ᠎ᠤ ᠠᠮᠢ ᠨᠠᠰᠤᠨ᠎ᠤ ᠠᠮᠤᠷ ᠲᠦᠪᠰᠢᠨ᠎ᠢ ᠪᠠᠲᠤᠯᠠᠬᠤ᠂ ᠠᠵᠤ ᠠᠬᠤᠢᠯᠠᠯ᠎ᠤᠨ ᠴᠢᠨᠠᠷ ᠰᠠᠢᠲᠠᠢ ᠬᠥᠭᠵᠢᠯᠲᠡ᠎ᠶᠢ ᠳᠡᠮᠵᠢᠬᠦ᠎ᠳᠦ ᠨᠡᠢᠭᠡᠮ᠎ᠦᠨ ᠪᠠᠲᠤᠯᠠᠭ᠎ᠠ᠎ᠶᠢᠨ ᠬᠦᠴᠦᠨ ᠨᠡᠮᠡᠷᠢᠯᠡᠨ᠎ᠡ 》 ᠭᠡᠵᠦ ᠢᠯᠡᠷᠬᠡᠢᠯᠡᠪᠡ᠃ ᠲᠤᠰ ᠤᠳᠠᠭᠠᠨ᠎ᠤ ᠠᠵᠢᠯᠯᠠᠭ᠎ᠠ᠎ᠳᠤ ᠡᠮᠦᠨ᠎ᠡ ᠹᠷᠣᠨᠲ᠎ᠤᠨ 120 ᠭᠠᠷᠤᠢ ᠠᠵᠢᠯᠲᠠᠨ ᠠᠵᠢᠯᠴᠢᠨ ᠣᠷᠣᠯᠴᠠᠵᠤ᠂ ᠠᠵᠢᠯ᠎ᠠᠴᠠ ᠪᠣᠯᠤᠭᠰᠠᠨ ᠭᠡᠮᠲᠦᠯ᠎ᠢ ᠰᠡᠷᠭᠡᠢᠯᠡᠬᠦ ᠤᠬᠠᠭᠤᠯᠭ᠎ᠠ᠎ᠶᠢᠨ ᠮᠠᠲᠧᠷᠢᠶᠠᠯ᠎ᠢ 300 ᠭᠠᠷᠤᠢ ᠬᠤᠪᠢ ᠲᠠᠷᠬᠠᠭᠠᠵᠠᠢ᠃

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ᠋ ᠪᠠ ᠨᠡᠶ᠋ᠢᠭᠡᠮ᠎ᠦᠨ ᠪᠠᠲᠤᠯᠠᠭ᠎ᠠ᠎ᠶᠢᠨ ᠲᠢᠩᠬᠢᠮ
          
ᠬᠠᠮᠢᠶ᠎ᠡ ᠪᠦᠬᠦᠢ ᠰᠣᠨᠢᠨ
 
            