ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠦᠨᠦᠳᠣᠷ᠎ᠤᠨ ᠰᠣᠨᠢᠨ ᠮᠡᠳᠡᠭᠡ
ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠶᠠᠮᠤᠨ ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠦᠢᠯᠡᠴᠢᠯᠡᠭᠡᠨ᠎ᠦ ᠪᠠᠢᠭᠤᠯᠤᠮᠵᠢ᠎ᠶᠢᠨ ᠠᠵᠢᠯ ᠣᠯᠭᠣᠯᠲᠠ᠎ᠶᠢ ᠠᠬᠢᠭᠤᠯᠬᠤ᠎ᠳᠤ ᠬᠦᠴᠦ ᠨᠡᠮᠡᠬᠦ ᠠᠵᠢᠯᠯᠠᠭᠠᠨ᠎ᠢ ᠪᠠᠢᠷᠢᠯᠠᠭᠤᠯᠤᠨ ᠥᠷᠨᠢᠭᠦᠯᠪᠡ
ᠨᠡᠶ᠋ᠢᠲᠡᠯᠡᠭᠰᠡᠨ ᠴᠠᠭ᠄ 2025-11-20

      ᠣᠢᠷ᠎ᠠ᠎ᠳᠤ᠂ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠶᠠᠮᠤᠨ ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠦᠢᠯᠡᠴᠢᠯᠡᠭᠡᠨ᠎ᠦ ᠪᠠᠢᠭᠤᠯᠤᠮᠵᠢ᠎ᠶᠢᠨ ᠠᠵᠢᠯ ᠣᠯᠭᠣᠯᠲᠠ᠎ᠶᠢ ᠠᠬᠢᠭᠤᠯᠬᠤ᠎ᠳᠤ ᠬᠦᠴᠦ ᠨᠡᠮᠡᠬᠦ ᠠᠵᠢᠯᠯᠠᠭᠠᠨ᠎ᠢ ᠪᠠᠢᠷᠢᠯᠠᠭᠤᠯᠤᠨ ᠥᠷᠨᠢᠭᠦᠯᠵᠦ᠂ 10 ᠰᠠᠷ᠎ᠠ᠎ᠶᠢᠨ ᠳᠤᠮᠳᠠᠴᠢ᠎ᠠᠴᠠ 12 ᠰᠠᠷ᠎ᠠ᠎ᠶᠢᠨ ᠰᠡᠭᠦᠯᠴᠢ ᠪᠣᠯᠲᠠᠯ᠎ᠠ ᠦᠷᠭᠦᠯᠵᠢᠯᠡᠵᠦ᠂ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ᠂ ᠬᠥᠯᠥᠰᠦᠨ ᠠᠵᠢᠯᠴᠢᠨ ᠵᠡᠷᠭᠡ ᠭᠣᠣᠯᠳᠠᠯᠭ᠎ᠠ᠎ᠲᠠᠢ ᠬᠥᠮᠥᠰ ᠪᠠ ᠦᠢᠯᠡᠳᠬᠦ ᠦᠢᠯᠡᠰ᠂ ᠭᠠᠳᠠᠭᠠᠳᠤ ᠠᠷᠠᠯᠵᠢᠶᠠᠨ᠎ᠤ ᠠᠵᠤ ᠠᠬᠤᠢᠯᠠᠯ ᠵᠡᠷᠭᠡ ᠭᠣᠣᠯᠳᠠᠯᠭ᠎ᠠ᠎ᠲᠠᠢ ᠬᠦᠷᠢᠶᠡᠨ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠦᠢᠯᠡᠴᠢᠯᠡᠭᠡᠨ᠎ᠦ ᠪᠠᠢᠭᠤᠯᠤᠮᠵᠢ᠂ ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠦᠢᠯᠡᠴᠢᠯᠡᠭᠡᠨ᠎ᠦ ᠨᠡᠢᠭᠡᠮᠯᠢᠭ ᠪᠠ ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠦᠢᠯᠡᠴᠢᠯᠡᠭᠡᠨ᠎ᠦ ᠠᠵᠤ ᠦᠢᠯᠡᠰ᠎ᠦᠨ ᠬᠦᠷᠢᠶᠡᠯᠡᠩ᠎ᠢ ᠵᠣᠬᠢᠶᠠᠨ ᠪᠠᠢᠭᠤᠯᠵᠤ᠂ ᠠᠵᠢᠯ ᠣᠯᠭᠣᠯᠲᠠ᠎ᠶᠢ ᠠᠬᠢᠭᠤᠯᠬᠤ ᠰᠢᠷᠢᠰ ᠠᠵᠢᠯᠯᠠᠭ᠎ᠠ ᠥᠷᠨᠢᠭᠦᠯᠬᠦ ᠪᠣᠯᠣᠨ᠎ᠠ᠃
      ᠠᠵᠢᠯᠯᠠᠭ᠎ᠠ᠎ᠶᠢᠨ ᠬᠤᠭᠤᠴᠠᠭᠠᠨ᠎ᠳᠤ ᠂ ᠡᠯ᠎ᠡ ᠭᠠᠵᠠᠷ᠎ᠤᠨ ᠬᠢᠨ ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠦᠢᠯᠡᠴᠢᠯᠡᠭᠡᠨ᠎ᠦ ᠪᠠᠢᠭᠤᠯᠤᠮᠵᠢ᠎ᠶᠢ ᠳᠠᠶ᠋ᠢᠴᠢᠯᠠᠨ ᠲᠤᠰᠬᠠᠢ ᠮᠡᠷᠭᠡᠵᠢᠯ᠎ᠦᠨ ᠳᠠᠪᠠᠭᠤᠯᠢᠭ᠋᠎ᠢ ᠨᠢ ᠪᠠᠳᠠᠷᠠᠭᠤᠯᠵᠤ᠂ ᠵᠠᠬ᠎ᠠ ᠳᠡᠯᠭᠡᠭᠦᠷ᠎ᠦᠨ ᠠᠵᠢᠯ ᠣᠯᠭᠣᠯᠲᠠ᠎ᠶᠢᠨ ᠠᠵᠢᠯ᠎ᠤᠨ ᠪᠠᠢᠷᠢ᠎ᠶᠢ ᠥᠷᠭᠡᠨ᠎ᠢᠶᠡᠷ ᠴᠤᠭᠯᠠᠭᠤᠯᠤᠨ ᠂ ᠠᠵᠢᠯ ᠡᠷᠢᠬᠦ ᠪᠠ ᠤᠷᠢᠵᠤ ᠬᠡᠷᠡᠭᠯᠡᠬᠦ ᠮᠡᠳᠡᠭᠡ ᠵᠠᠩᠭᠢ᠎ᠶᠢ ᠣᠨᠣᠪᠴᠢᠲᠠᠶ ᠪᠥᠭᠡᠳ ᠬᠠᠨᠳᠤᠯᠭ᠎ᠠ᠎ᠲᠠᠢ᠎ᠪᠠᠷ ᠲᠠᠷᠬᠠᠭᠠᠵᠤ᠂ 《 ᠵᠢᠵᠢᠭ ᠮᠥᠷᠲᠡᠭᠡᠨ ᠭᠣᠶᠣ᠌ 》 《 ᠲᠤᠰᠬᠠᠢ ᠮᠥᠷᠲᠡᠭᠡᠨ ᠨᠠᠷᠢᠯᠢᠭ᠋ 》 ᠤᠷᠢᠵᠤ ᠬᠡᠷᠡᠭᠯᠡᠬᠦ ᠠᠵᠢᠯᠯᠠᠭ᠎ᠠ᠎ᠶᠢ ᠺᠣᠳ᠋ᠯᠠᠨ ᠡᠷᠭᠢᠯᠡᠵᠦ ᠂ ᠲᠣᠭᠠᠴᠢᠯᠠᠨ ᠣᠶᠤᠨᠴᠢᠯᠠᠭᠰᠠᠨ ᠠᠵᠢᠯ ᠣᠯᠭᠣᠯᠲᠠ᠎ᠶᠢᠨ ᠦᠢᠯᠡᠴᠢᠯᠡᠭᠡᠨ᠎ᠦ ᠵᠠᠭᠪᠤᠷ᠎ᠢ ᠰᠢᠨᠡᠴᠢᠯᠡᠨ ᠪᠠᠢᠭᠤᠯᠵᠤ᠂ ᠵᠢᠷᠤᠮᠵᠢᠭ᠍ᠰᠠᠨ ᠦᠨᠡᠨᠴᠢ ᠢᠲᠡᠭᠡᠮᠵᠢᠲᠡᠢ ᠦᠢᠯᠡᠴᠢᠯᠡᠭᠡ᠎ᠶᠢ ᠬᠦᠴᠦᠯᠡᠨ ᠴᠢᠩᠭᠠᠳᠬᠠᠵᠤ᠂ ᠴᠢᠨᠠᠷ ᠰᠠᠢᠲᠠᠢ ᠪᠥᠭᠡᠳ ᠭᠦᠢᠴᠡᠳ ᠠᠵᠢᠯ ᠣᠯᠭᠣᠯᠲᠠ᠎ᠶᠢ ᠠᠬᠢᠭᠤᠯᠬᠤ᠎ᠳᠤ ᠲᠤᠰᠬᠠᠢ ᠮᠡᠷᠭᠡᠵᠢᠯ᠎ᠦᠨ ᠬᠦᠴᠦᠨ ᠴᠢᠳᠠᠯ᠎ᠢᠶᠠᠨ ᠨᠡᠮᠡᠷᠢᠯᠡᠨ᠎ᠡ᠃ ᠡᠭᠦᠨ᠎ᠦ ᠬᠠᠮᠲᠤ ᠂ ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠦᠢᠯᠡᠴᠢᠯᠡᠭᠡᠨ᠎ᠦ ᠠᠵᠢᠯ ᠲᠥᠷᠥᠯ᠎ᠦᠨ ᠨᠡᠢᠭᠡᠮᠯᠢᠭ᠂ ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠦᠢᠯᠡᠴᠢᠯᠡᠭᠡᠨ᠎ᠦ ᠠᠵᠤ ᠦᠢᠯᠡᠰ᠎ᠦᠨ ᠬᠦᠷᠢᠶᠡᠯᠡᠩ᠂ ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠦᠢᠯᠡᠴᠢᠯᠡᠭᠡᠨ᠎ᠦ ᠭᠣᠣᠯᠯᠠᠭ᠍ᠴᠢ ᠠᠵᠤ ᠠᠬᠤᠢᠯᠠᠯ᠎ᠤᠳ ᠬᠠᠮᠲᠤᠷᠠᠭᠰᠠᠨ ᠰᠠᠨᠠᠭᠠᠴᠢᠯᠠᠭ᠎ᠠ᠎ᠶᠢ ᠲᠥᠪᠯᠡᠷᠡᠭᠦᠯᠦᠨ ᠨᠡᠢᠲᠡᠯᠡᠵᠦ᠂ ᠰᠠᠢᠨ ᠰᠠᠢᠬᠠᠨ ᠠᠵᠢᠯ ᠣᠯᠭᠣᠯᠲᠠ᠎ᠶᠢᠨ ᠣᠷᠴᠢᠨ ᠨᠥᠬᠥᠴᠡᠯ᠎ᠢ ᠬᠠᠮᠲᠤ᠎ᠪᠠᠷ ᠪᠣᠢ ᠪᠣᠯᠭᠠᠨ᠎ᠠ᠃

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ᠋ ᠪᠠ ᠨᠡᠶ᠋ᠢᠭᠡᠮ᠎ᠦᠨ ᠪᠠᠲᠤᠯᠠᠭ᠎ᠠ᠎ᠶᠢᠨ ᠲᠢᠩᠬᠢᠮ
          
ᠬᠠᠮᠢᠶ᠎ᠡ ᠪᠦᠬᠦᠢ ᠰᠣᠨᠢᠨ
 
            