ᠰᠢᠨᠬᠤᠸᠠ ᠬᠣᠷᠢᠶᠠᠨ᠎ᠤ ᠪᠡᠭᠡᠵᠢᠩ᠎ᠦᠨ 10 ᠰᠠᠷ᠎ᠠ᠎ᠶᠢᠨ 27᠎ᠤ ᠡᠳᠦᠷ᠎ᠦᠨ ᠴᠠᠬᠢᠯᠭᠠᠨ ᠮᠡᠳᠡᠭᠡ ᠬᠥᠮᠥᠨ᠎ᠦ ᠬᠦᠴᠦᠨ᠎ᠤ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠶᠠᠮᠤᠨ᠎ᠠᠴᠠ ᠵᠣᠬᠢᠶᠠᠨ ᠪᠠᠢᠭᠤᠯᠵᠤ ᠨᠠᠢᠷᠠᠭᠤᠯᠤᠭᠰᠠᠨ 《 ᠨᠡᠢᠭᠡᠮ᠎ᠦᠨ ᠪᠠᠲᠤᠯᠠᠭ᠎ᠠ᠎ᠶᠢᠨ ᠲᠤᠬᠠᠢ ᠰᠢ᠎ᠶᠢᠨ ᠫᠢᠩ᠎ᠤᠨ ᠴᠢᠬᠤᠯᠠ ᠥᠭᠦᠯᠡᠯᠲᠡ᠎ᠶᠢ ᠭᠦᠨᠵᠡᠭᠡᠢ ᠰᠤᠷᠤᠯᠴᠠᠶ᠎ᠠ 》 ᠭᠡᠬᠦ ᠨᠣᠮ᠎ᠢ ᠣᠷᠴᠢᠮᠬᠠᠨ ᠠᠷᠠᠳ᠎ᠤᠨ ᠬᠡᠪᠯᠡᠯ᠎ᠦᠨ ᠬᠣᠷᠢᠶ᠎ᠠ᠎ᠠᠴᠠ ᠬᠡᠪᠯᠡᠵᠦ ᠪᠥᠬᠥ ᠤᠯᠤᠰ᠎ᠲᠤ ᠲᠠᠷᠬᠠᠭᠠᠪᠠ᠃
ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠠᠴᠠ ᠨᠠᠭᠠᠰᠢ ᠂ ᠰᠢ᠎ᠶᠢᠨ ᠫᠢᠩ ᠨᠥᠬᠥᠷ᠎ᠢᠶᠡᠷ ᠭᠣᠣᠯᠯᠠᠭᠤᠯᠤᠭᠰᠠᠨ ᠨᠠᠮ᠎ᠤᠨ ᠲᠥᠪ ᠬᠣᠷᠢᠶ᠎ᠠ ᠨᠡᠢᠭᠡᠮ᠎ᠦᠨ ᠪᠠᠲᠤᠯᠠᠭ᠎ᠠ᠎ᠶᠢᠨ ᠠᠵᠢᠯ᠎ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠪᠦᠬᠦ ᠠᠷᠠᠳ᠎ᠢ ᠬᠠᠮᠤᠷᠤᠭᠰᠠᠨ᠂ ᠬᠤᠳᠠ ᠬᠥᠳᠡᠭᠡ᠎ᠶᠢ ᠨᠢᠭᠡᠳᠦᠯᠲᠡᠢ ᠲᠥᠯᠥᠪᠵᠢᠭᠦᠯᠦᠭᠰᠡᠨ᠂ ᠡᠷᠬᠡ ᠲᠡᠭᠰᠢ ᠨᠢᠭᠡᠳᠦᠯᠲᠡᠢ᠂ ᠠᠮᠤᠷ ᠲᠦᠪᠰᠢᠨ ᠪᠥᠭᠡᠳ ᠵᠢᠷᠤᠮᠵᠢᠯ᠎ᠲᠠᠢ᠂ ᠦᠷᠭᠦᠯᠵᠢᠯᠡᠬᠦ ᠤᠯᠠᠨ ᠲᠡᠰ ᠳᠠᠪᠬᠤᠷᠭ᠎ᠠ᠎ᠶᠢᠨ ᠨᠡᠢᠭᠡᠮ᠎ᠦᠨ ᠪᠠᠲᠤᠯᠠᠭ᠎ᠠ᠎ᠶᠢᠨ ᠰᠢᠰᠲᠧᠮ᠎ᠢ ᠲᠡᠭᠦᠯᠳᠡᠷᠵᠢᠭᠦᠯᠬᠦ᠎ᠶᠢ ᠲᠦᠯᠬᠢᠨ ᠠᠬᠢᠭᠤᠯᠵᠤ᠂ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ᠂ ᠨᠡᠢᠭᠡᠮ᠎ᠦᠨ ᠲᠥᠪ ᠭᠣᠣᠯᠴᠢ᠎ᠶᠢ ᠬᠠᠮᠠᠭᠠᠯᠠᠬᠤ᠂ ᠠᠷᠠᠳ ᠲᠦᠮᠡᠨ᠎ᠦ ᠠᠵᠠ ᠵᠢᠷᠭᠠᠯ᠎ᠢ ᠨᠡᠮᠡᠭᠳᠡᠭᠦᠯᠬᠦ ᠵᠡᠷᠭᠡ ᠲᠠᠯ᠎ᠠ᠎ᠪᠠᠷ ᠬᠢ ᠨᠡᠢᠭᠡᠮ᠎ᠦᠨ ᠪᠠᠲᠤᠯᠠᠭ᠎ᠠ᠎ᠶᠢᠨ ᠴᠢᠬᠤᠯᠠ ᠦᠢᠯᠡᠳᠦᠯ᠎ᠢ ᠪᠦᠲᠦᠮᠵᠢᠲᠡᠶ ᠪᠠᠳᠠᠷᠠᠭᠤᠯᠪᠠ᠃ ᠶᠡᠷᠦᠩᠬᠡᠢ ᠱᠦᠵᠢ ᠰᠢ᠎ᠶᠢᠨ ᠫᠢᠩ᠎ᠤᠨ ᠨᠡᠢᠭᠡᠮ᠎ᠦᠨ ᠪᠠᠲᠤᠯᠠᠭ᠎ᠠ᠎ᠶᠢᠨ ᠲᠤᠬᠠᠢ ᠴᠢᠬᠤᠯᠠ ᠥᠭᠦᠯᠡᠯᠲᠡ ᠨᠢ ᠨᠡᠢᠭᠡᠮ᠎ᠦᠨ ᠪᠠᠲᠤᠯᠠᠭ᠎ᠠ᠎ᠶᠢᠨ ᠦᠢᠯᠡᠰ᠎ᠦᠨ ᠬᠥᠭᠵᠢᠯᠲᠡ᠎ᠶᠢᠨ ᠵᠢᠮ᠎ᠡ ᠶᠣᠰᠣᠴᠢ ᠴᠢᠨᠠᠷᠲᠠᠢ ᠲᠠᠨᠢᠯᠲᠠ᠎ᠶᠢ ᠭᠦᠨᠵᠡᠭᠡᠢᠷᠡᠭᠦᠯᠵᠦ᠂ ᠰᠢᠨ᠎ᠡ ᠴᠠᠭ ᠦᠶ᠎ᠡ᠎ᠶᠢᠨ ᠮᠠᠨ᠎ᠤ ᠤᠯᠤᠰ᠎ᠤᠨ ᠨᠡᠢᠭᠡᠮ᠎ᠦᠨ ᠪᠠᠲᠤᠯᠠᠭ᠎ᠠ᠎ᠶᠢᠨ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠳᠦ ᠤᠷᠤᠭᠰᠢᠯᠠᠯᠲᠠ᠎ᠶᠢᠨ ᠴᠢᠭᠯᠡᠯ᠎ᠢ ᠵᠢᠭᠠᠨ ᠥᠭᠴᠦ᠂ ᠦᠨᠳᠦᠰᠦᠨ ᠵᠢᠷᠤᠮᠯᠠᠯ ᠬᠠᠩᠭᠠᠵᠠᠢ᠃ ᠲᠤᠰ ᠨᠣᠮ ᠨᠡᠢ᠍ᠢᠳᠡ 15 ᠪᠦᠯᠦᠭ᠎ᠲᠠᠢ᠂ ᠲᠡᠦᠬᠡ᠎ᠶᠢᠨ ᠲᠤᠷᠰᠢᠯᠭ᠎ᠠ᠂ ᠪᠠᠢᠳᠠᠯ ᠡᠭᠦᠷᠭᠡ᠂ ᠥᠭᠡᠷᠡᠴᠢᠯᠡᠯᠲᠡ᠎ᠶᠢᠨ ᠠᠷᠭ᠎ᠠ ᠬᠡᠮᠵᠢᠶ᠎ᠡ ᠵᠡᠷᠭᠡ ᠲᠠᠯ᠎ᠠ᠎ᠠᠴᠠ ᠶᠡᠷᠦᠩᠬᠡᠢ ᠱᠦᠵᠢ ᠰᠢ᠎ᠶᠢᠨ ᠫᠢᠩ᠎ᠤᠨ ᠨᠡᠢᠭᠡᠮ᠎ᠤᠨ ᠪᠠᠲᠤᠯᠠᠭ᠎ᠠ᠎ᠶᠢᠨ ᠲᠤᠬᠠᠢ ᠴᠢᠬᠤᠯᠠ ᠥᠭᠦᠯᠡᠯᠲᠡ᠎ᠶᠢᠨ ᠭᠣᠣᠯ ᠠᠭᠤᠯᠭ᠎ᠠ᠂ ᠵᠣᠷᠢᠭ᠋ ᠰᠠᠨᠠᠭᠠᠨ᠎ᠤ ᠮᠥᠨ ᠴᠢᠨᠠᠷ᠂ ᠪᠠᠶᠠᠯᠢᠭ᠋ ᠠᠭᠤᠯᠤᠭᠳᠠᠬᠤᠨ ᠪᠠ ᠦᠢᠯᠡᠳᠦᠯᠭᠡ᠎ᠶᠢᠨ ᠱᠠᠭᠠᠷᠳᠠᠯᠭ᠎ᠠ᠎ᠶᠢᠨ ᠲᠤᠬᠠᠢ ᠲᠠᠢᠯᠪᠤᠷᠢᠯᠠᠯᠲᠠ ᠬᠢᠵᠡᠢ᠃
ᠲᠣᠰ ᠨᠣᠮ᠎ᠤᠨ ᠬᠡᠪᠯᠡᠭᠳᠡᠭᠰᠡᠨ ᠨᠢ ᠥᠷᠭᠡᠨ ᠣᠯᠠᠨ ᠨᠠᠮ᠎ᠤᠨ ᠭᠡᠰᠢᠭᠦᠨ ᠺᠠᠳ᠋ᠷᠴᠤᠳ᠎ᠤᠨ ᠨᠡᠢᠭᠡᠮ᠎ᠦᠨ ᠪᠠᠲᠤᠯᠠᠭ᠎ᠠ᠎ᠶᠢᠨ ᠲᠤᠬᠠᠢ ᠶᠡᠷᠦᠩᠬᠡᠢ ᠱᠦᠵᠢ ᠰᠢ᠎ᠶᠢᠨ ᠫᠢᠩ᠎ᠤᠨ ᠴᠢᠬᠤᠯᠠ ᠥᠭᠦᠯᠡᠯᠲᠡ᠎ᠶᠢ ᠭᠦᠨᠵᠡᠭᠡᠢ ᠰᠤᠷᠤᠯᠴᠠᠵᠤ᠂ ᠨᠡᠢᠭᠡᠮ᠎ᠦᠨ ᠪᠠᠲᠤᠯᠠᠭ᠎ᠠ᠎ᠶᠢᠨ ᠳᠦᠷᠢᠮ᠎ᠦᠨ ᠥᠭᠡᠷᠡᠴᠢᠯᠡᠯᠲᠡ᠎ᠶᠢ ᠦᠷᠭᠦᠯᠵᠢᠯᠡᠨ ᠭᠦᠨᠵᠡᠭᠡᠢᠷᠡᠭᠦᠯᠦᠨ᠂ ᠠᠷᠠᠳ ᠣᠯᠠᠨ᠎ᠳᠤ ᠨᠠᠩ ᠪᠦᠷᠢᠨ ᠭᠦᠢᠴᠡᠳ᠂ ᠨᠠᠩ ᠨᠠᠢᠳᠠᠪᠤᠷᠢᠲᠠᠢ᠂ ᠨᠠᠩ ᠲᠥᠪ ᠭᠣᠥᠯᠴᠢ ᠨᠡᠢᠭᠡᠮ᠎ᠦᠨ ᠪᠠᠲᠤᠯᠠᠭ᠎ᠠ᠎ᠶᠢᠨ ᠦᠢᠯᠡᠴᠢᠯᠡᠭᠡ ᠬᠠᠩᠭᠠᠵᠤ᠂ ᠥᠭᠡᠷᠡᠴᠢᠯᠡᠯᠲᠡ ᠬᠥᠭᠵᠢᠯᠲᠡ᠎ᠶᠢᠨ ᠦᠷ᠎ᠡ ᠪᠦᠲᠦᠭᠡᠯ᠎ᠢ ᠨᠠᠩ ᠰᠠᠢᠲᠤᠷ ᠬᠠᠮᠲᠤ᠎ᠪᠠᠷ ᠡᠳ᠋ᠯᠡᠬᠦ᠎ᠳᠦ ᠠᠰᠢᠭ᠍ᠲᠠᠢ ᠶᠤᠮ᠃