ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠦᠨᠦᠳᠣᠷ᠎ᠤᠨ ᠰᠣᠨᠢᠨ ᠮᠡᠳᠡᠭᠡ
23 ᠳ᠋ᠤᠭᠠᠷ ᠬᠤᠭᠤᠴᠠᠭᠠᠨ᠎ᠤ ᠳᠤᠮᠳᠠᠳᠤ ᠤᠯᠤᠰ᠎ᠤᠨ ᠣᠯᠠᠨ ᠤᠯᠤᠰ᠎ᠤᠨ ᠴᠢᠳᠠᠪᠤᠷᠢᠲᠠᠨ᠎ᠤ ᠰᠣᠯᠢᠯᠴᠠᠭᠠᠨ᠎ᠤ ᠶᠡᠬᠡ ᠬᠤᠷᠠᠯ ᠡᠬᠢᠯᠡᠪᠡ ᠴᠧᠨ ᠢ ᠴᠢᠨ ᠸᠢᠳᠢᠤ᠋᠎ᠪᠠᠷ ᠦᠭᠡ ᠬᠡᠯᠡᠪᠡ
ᠨᠡᠶ᠋ᠢᠲᠡᠯᠡᠭᠰᠡᠨ ᠴᠠᠭ᠄ 2025-11-20

      ᠰᠢᠨᠬᠤᠸᠠ ᠬᠣᠷᠢᠶᠠᠨ᠎ᠤ ᠱᠠᠩᠬᠠᠢ᠎ᠶᠢᠨ 10 ᠰᠠᠷ᠎ᠠ᠎ᠶᠢᠨ 21᠎ᠤ ᠴᠠᠬᠢᠯᠭᠠᠨ ᠮᠡᠳᠡᠭᠡ ᠲᠦᠷᠦ᠎ᠶᠢᠨ ᠶᠠᠪᠤᠳᠠᠯ᠎ᠤᠨ ᠭᠡᠰᠢᠭᠦᠨ ᠴᠧᠨ ᠢ ᠴᠢᠨ 21᠎ᠦ ᠡᠳᠦᠷ ᠸᠢᠳᠢᠤ᠋᠎ᠶᠢᠨ ᠬᠡᠯᠪᠡᠷᠢ᠎ᠪᠡᠷ 23 ᠳ᠋ᠤᠭᠠᠷ ᠬᠤᠭᠤᠴᠠᠭᠠᠨ᠎ᠤ ᠳᠤᠮᠳᠠᠳᠤ ᠤᠯᠤᠰ᠎ᠤᠨ ᠤᠯᠠᠨ ᠤᠯᠤᠰ᠎ᠤᠨ ᠴᠢᠳᠠᠪᠤᠷᠢᠲᠠᠨ᠎ᠤ ᠰᠣᠯᠢᠯᠴᠠᠭᠠᠨ᠎ᠤ ᠶᠡᠬᠡ ᠬᠤᠷᠠᠯ᠎ᠤᠨ ᠡᠬᠢᠯᠡᠯᠲᠡ᠎ᠶᠢᠨ ᠶᠣᠰᠣᠯᠠᠯ᠎ᠳᠤ ᠪᠠᠶᠠᠷ᠎ᠤᠨ ᠦᠭᠡ ᠬᠡᠯᠡᠭᠰᠡᠨ ᠪᠥᠭᠡᠳ ᠬᠤᠷᠠᠯ ᠡᠬᠢᠯᠡᠭᠰᠡᠨ᠎ᠢ ᠵᠠᠷᠯᠠᠪᠠ᠃
      ᠴᠧᠨ ᠢ ᠴᠢᠨ᠂ ᠰᠢᠨ᠎ᠡ ᠴᠠᠭ ᠦᠶ᠎ᠡ᠎ᠡᠴᠡ ᠨᠠᠭᠠᠰᠢ᠂ ᠰᠢ᠎ᠶᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ᠎ᠶᠢᠨ ᠳᠣᠣᠷ᠎ᠠ᠂ ᠳᠤᠮᠳᠠᠳᠤ ᠤᠯᠤᠰ᠎ᠤᠨ ᠬᠢᠨ ᠠᠨᠠᠪᠠᠳ ᠲᠠᠯᠠᠢ᠎ᠳᠤ ᠵᠠᠭᠤᠨ ᠮᠥᠷᠡᠨ᠎ᠢ ᠪᠠᠭᠲᠠᠭᠠᠬᠤ ᠬᠡᠬᠦᠳᠡᠭ ᠴᠡᠭᠡᠵᠢ᠎ᠪᠡᠷ ᠳᠡᠯᠡᠬᠡᠢ ᠳ᠋ᠠᠬᠢᠨ᠎ᠤ ᠡᠷᠳᠡᠮᠲᠡᠨ ᠴᠢᠳᠠᠪᠤᠷᠢᠲᠠᠨ᠎ᠢ ᠥᠷᠭᠡᠨ᠎ᠢᠶᠡᠷ ᠴᠤᠭᠯᠠᠷᠠᠭᠤᠯᠪᠠ᠃ ᠥᠷᠭᠡᠨ ᠤᠯᠠᠨ ᠭᠠᠳᠠᠭᠠᠳᠤ᠎ᠶᠢᠨ ᠲᠤᠰᠬᠠᠢ ᠮᠡᠷᠭᠡᠵᠢᠯᠲᠡᠨ ᠪᠠ ᠰᠢᠯᠢᠳᠡᠭ ᠴᠢᠳᠠᠪᠤᠷᠢᠲᠠᠨ ᠡᠯ᠎ᠡ ᠵᠦᠢᠯ᠎ᠦᠨ ᠠᠷᠭ᠎ᠠ ᠮᠠᠶᠢᠭ᠋᠎ᠢᠶᠠᠷ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠬᠤ ᠪᠦᠲᠦᠭᠡᠨ ᠪᠠᠢᠭᠤᠯᠤᠯᠲᠠ ᠪᠠ ᠳᠤᠮᠳᠠᠳᠤ ᠭᠠᠳᠠᠭᠠᠳᠤ᠎ᠶᠢᠨ ᠨᠥᠬᠥᠷᠰᠡᠭ ᠰᠣᠯᠢᠯᠴᠠᠭ᠎ᠠ ᠬᠠᠮᠲᠤᠷᠠᠯᠴᠠᠭ᠎ᠠ᠎ᠳᠤ ᠴᠢᠬᠤᠯᠠ ᠬᠤᠪᠢ ᠨᠡᠮᠡᠷᠢ ᠦᠵᠡᠭᠦᠯᠵᠡᠢ ᠭᠡᠵᠦ ᠵᠢᠭᠠᠵᠤ ᠭᠠᠷᠭᠠᠪᠠ᠃
      ᠴᠧᠨ ᠢ ᠴᠢᠨ ᠢᠯᠡᠷᠬᠡᠢᠯᠡᠬᠦ᠎ᠳᠡᠭᠡᠨ᠂  《ᠠᠷᠪᠠᠨ ᠲᠠᠪᠤᠳᠤᠭᠠᠷ ᠲᠠᠪᠤᠨ ᠵᠢᠯ 》᠎ᠦᠨ ᠲᠥᠯᠦᠪᠵᠢᠭᠦᠯᠭᠡ᠎ᠶᠢᠨ ᠬᠤᠭᠤᠴᠠᠭ᠎ᠠ ᠪᠣᠯ ᠳᠤᠮᠳᠠᠳᠤ ᠤᠯᠤᠰ᠎ᠤᠨ ᠨᠡᠢᠭᠡᠮ ᠵᠢᠷᠤᠮ᠎ᠤᠨ ᠣᠳᠣᠬᠢᠴᠢᠯᠠᠯᠲᠠ᠎ᠶᠢ ᠦᠨᠳᠦᠰᠦᠨ᠎ᠳᠡᠭᠡᠨ ᠪᠡᠶᠡᠯᠡᠭᠦᠯᠵᠦ ᠰᠠᠭᠤᠷᠢ᠎ᠪᠠᠨ ᠪᠠᠲᠤᠳᠬᠠᠬᠤ᠂ ᠪᠥᠬᠥ ᠲᠠᠯ᠎ᠠ᠎ᠪᠠᠷ ᠬᠦᠴᠦᠯᠡᠬᠦ ᠵᠠᠩᠭᠢᠯᠠᠭ᠎ᠠ᠎ᠶᠢᠨ ᠬᠤᠭᠤᠴᠠᠭ᠎ᠠ ᠮᠥᠨ᠂ ᠪᠢᠳᠡ ᠥᠨᠳᠥᠷ ᠬᠢᠷᠢ ᠲᠦᠪᠰᠢᠨ ᠪᠦᠬᠦᠢ ᠨᠡᠭᠡᠭᠡᠯᠲᠡ᠎ᠶᠢ ᠡᠷᠡᠰ ᠭᠤᠢᠪᠢᠰᠢ ᠦᠭᠡᠢ᠎ᠪᠡᠷ ᠥᠷᠭᠡᠳᠬᠡᠨ᠂ ᠴᠢᠳᠠᠪᠤᠷᠢᠲᠠᠨ᠎ᠤ ᠬᠥᠭᠵᠢᠯᠲᠡ᠎ᠶᠢᠨ ᠣᠷᠴᠢᠨ ᠨᠥᠬᠥᠴᠡᠯ᠎ᠢ ᠦᠷᠭᠦᠯᠵᠢᠯᠡᠨ ᠰᠢᠯᠢᠳᠡᠭᠵᠢᠭᠦᠯᠵᠦ᠂ ᠡᠯ᠎ᠡ ᠤᠯᠤᠰ᠎ᠤᠨ ᠴᠢᠳᠠᠪᠤᠷᠢᠲᠠᠨ᠎ᠳᠤ ᠨᠠᠩ ᠰᠠᠢᠨ ᠬᠥᠭᠵᠢᠯᠲᠡ᠎ᠶᠢᠨ ᠲᠠᠪᠴᠠᠩ ᠪᠠ ᠦᠢᠯᠡᠴᠢᠯᠡᠭᠡᠨ᠎ᠦ ᠪᠠᠲᠤᠯᠠᠭ᠎ᠠ ᠬᠠᠩᠭᠠᠵᠤ᠂ ᠭᠠᠳᠠᠭᠠᠳᠤ᠎ᠶᠢᠨ ᠨᠠᠩ ᠣᠯᠠᠨ ᠳᠡᠭᠡᠳᠦ ᠲᠠᠰ᠎ᠤᠨ ᠴᠢᠳᠠᠪᠤᠷᠢᠲᠠᠨ᠎ᠤ ᠳᠤᠮᠳᠠᠳᠤ ᠤᠯᠤᠰ᠎ᠲᠤ ᠢᠷᠡᠵᠦ ᠬᠥᠭᠵᠢᠬᠦ᠂ ᠰᠢᠨ᠎ᠡ᠎ᠶᠢ ᠡᠭᠦᠳᠦᠨ ᠦᠢᠯᠡᠰ ᠪᠣᠰᠬᠠᠬᠤ᠎ᠶᠢ ᠲᠡᠮᠵᠢᠨ᠎ᠡ᠃ ᠡᠯ᠎ᠡ ᠤᠯᠤᠰ᠎ᠤᠨ ᠴᠢᠳᠠᠪᠤᠷᠢᠲᠠᠨ᠎ᠤ ᠳᠤᠮᠳᠠᠳᠤ ᠤᠯᠤᠰ᠎ᠤᠨ ᠠᠷᠠᠳ ᠲᠦᠮᠡᠨ᠎ᠲᠠᠢ ᠬᠠᠮᠲᠤ᠎ᠪᠠᠷ ᠠᠵᠢᠯ ᠦᠢᠯᠡᠰ᠎ᠦᠨ ᠬᠥᠭᠵᠢᠯᠲᠡ᠎ᠶᠢ ᠬᠠᠮᠲᠤ᠎ᠪᠠᠷ ᠡᠷᠢᠯᠬᠢᠯᠡᠵᠦ᠂ ᠰᠠᠢᠨ ᠰᠠᠢᠬᠠᠨ ᠢᠷᠡᠭᠡᠳᠦᠢ᠎ᠶᠢ ᠬᠠᠮᠲᠤ᠎ᠪᠠᠷ ᠴᠣᠭᠴᠠᠯᠠᠬᠤ᠎ᠶᠢ ᠬᠠᠯᠠᠭᠤᠨ᠎ᠢᠶᠠᠷ ᠤᠭᠲᠤᠵᠤ ᠪᠠᠢᠨ᠎ᠠ᠃ ᠭᠠᠳᠠᠭᠠᠳᠤ᠎ᠶᠢᠨ ᠲᠤᠰᠬᠠᠢ ᠮᠡᠷᠭᠡᠵᠢᠯᠲᠡᠨ ᠪᠣᠯᠣᠨ ᠬᠥᠮᠥᠨ ᠬᠡᠷᠡᠭᠯᠡᠬᠦ ᠨᠢᠭᠡᠴᠢ᠎ᠶᠢᠨ ᠬᠢᠨ ᠭᠦᠨᠵᠡᠭᠡᠢ ᠰᠣᠯᠢᠯᠴᠠᠭ᠎ᠠ ᠬᠠᠮᠲᠤᠷᠠᠯᠴᠠᠭ᠎ᠠ ᠬᠢᠵᠦ᠂ ᠪᠣᠳᠠᠲᠠᠢ᠎ᠶᠢ ᠡᠷᠬᠢᠮᠯᠡᠭᠰᠡᠨ ᠦᠷ᠎ᠡ ᠪᠦᠲᠦᠭᠡᠯ ᠣᠯᠵᠤ᠂ ᠪᠦᠬᠦ ᠬᠥᠮᠥᠨ ᠲᠥᠷᠥᠯᠬᠢᠲᠡᠨ᠎ᠦ ᠪᠤᠶᠠᠨ ᠵᠢᠷᠭᠠᠯ᠎ᠢ ᠨᠡᠮᠡᠭᠳᠡᠭᠦᠯᠬᠦ᠂ ᠪᠦᠬᠦ ᠪᠥᠮᠪᠥᠷᠴᠡᠭ᠎ᠦᠨ ᠴᠢᠨᠠᠷᠲᠠᠢ ᠥᠷᠢᠰᠦᠯᠳᠦᠭᠡᠨ᠎ᠢ ᠠᠷᠭᠠᠴᠠᠬᠤ᠎ᠳᠤ ᠨᠡᠩ ᠶᠡᠬᠡ ᠬᠤᠪᠢ ᠨᠡᠮᠡᠷᠢ ᠦᠵᠡᠭᠦᠯᠬᠦ᠎ᠶᠢ ᠬᠦᠰᠡᠵᠦ ᠪᠠᠢᠨ᠎ᠠ ᠭᠡᠪᠡ᠃
      ᠲᠣᠰ ᠤᠳᠠᠭᠠᠨ᠎ᠤ ᠶᠡᠬᠡ ᠬᠤᠷᠠᠯ ᠨᠢ 《 ᠳᠡᠯᠡᠬᠡᠢ ᠳ᠋ᠠᠬᠢᠨ᠎ᠤ ᠡᠷᠳᠡᠮᠲᠡᠨ ᠴᠢᠳᠠᠪᠤᠷᠢᠲᠠᠨ ᠎ᠢ ᠴᠤᠭᠯᠠᠷᠠᠭᠤᠯᠵᠤ ᠂ ᠬᠠᠮᠲᠤᠷᠠᠨ ᠠᠵᠢᠯᠯᠠᠵᠤ ᠬᠠᠮᠲᠤ᠎ᠪᠠᠷ ᠠᠰᠢᠭ᠋ ᠭᠥᠷᠳᠡᠬᠦ 》᠎ᠪᠡᠷ ᠭᠣᠣᠯ ᠰᠡᠳᠦᠪ ᠪᠣᠯᠭᠠᠵᠤ᠂ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠶᠠᠮᠤᠨ ( ᠤᠯᠤᠰ᠎ᠤᠨ ᠭᠠᠳᠠᠭᠠᠳᠤ᠎ᠶᠢᠨ ᠲᠤᠰᠬᠠᠢ ᠮᠡᠷᠭᠡᠵᠢᠯᠲᠡᠨ᠎ᠦ ᠲᠣᠪᠴᠢᠶ᠎ᠠ ) ᠪᠣᠯᠣᠨ ᠱᠠᠩᠬᠠᠢ ᠬᠣᠲᠠ᠎ᠶᠢᠨ ᠠᠷᠠᠳ᠎ᠤᠨ ᠵᠠᠰᠠᠭ᠎ᠤᠨ ᠣᠷᠳᠣᠨ ᠬᠠᠮᠲᠤᠷᠠᠨ ᠡᠷᠭᠢᠯᠡᠵᠦ᠂ 110 ᠭᠠᠷᠤᠢ ᠤᠯᠤᠰ ᠪᠠ ᠭᠠᠵᠠᠷ ᠣᠷᠣᠨ᠎ᠠᠴᠠ ᠢᠷᠡᠭᠰᠡᠨ 2600 ᠭᠠᠷᠤᠢ ᠭᠠᠳᠠᠭᠠᠳᠤ᠎ᠶᠢᠨ ᠲᠤᠰᠬᠠᠢ ᠮᠡᠷᠭᠡᠵᠢᠯᠲᠡᠨ ᠡᠬᠢᠯᠡᠯᠲᠡ᠎ᠶᠢᠨ ᠶᠣᠰᠣᠯᠠᠯ᠎ᠳᠤ ᠣᠷᠣᠯᠴᠠᠵᠠᠢ᠃

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ᠋ ᠪᠠ ᠨᠡᠶ᠋ᠢᠭᠡᠮ᠎ᠦᠨ ᠪᠠᠲᠤᠯᠠᠭ᠎ᠠ᠎ᠶᠢᠨ ᠲᠢᠩᠬᠢᠮ
          
ᠬᠠᠮᠢᠶ᠎ᠡ ᠪᠦᠬᠦᠢ ᠰᠣᠨᠢᠨ
 
            