ᠰᠢᠨᠬᠤᠸᠠ ᠬᠣᠷᠢᠶᠠᠨ᠎ᠤ ᠹᠦᠵᠧᠦ᠎ᠶᠢᠨ 10 ᠰᠠᠷ᠎ᠠ᠎ᠶᠢᠨ 26᠎ᠤ ᠴᠠᠬᠢᠯᠭᠠᠨ ᠮᠡᠳᠡᠭᠡ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠶᠠᠮᠤᠨ ᠪᠣᠯᠣᠨ ᠹᠦᠵᠢᠶᠠᠨ ᠮᠤᠵᠢ᠎ᠶᠢᠨ ᠠᠷᠠᠳ᠎ᠤᠨ ᠵᠠᠰᠠᠭ᠎ᠤᠨ ᠣᠷᠳᠣᠨ᠎ᠠᠴᠠ ᠬᠠᠮᠲᠤᠷᠠᠨ ᠡᠷᠬᠢᠯᠡᠭᠰᠡᠨ ᠭᠤᠷᠪᠠᠳᠤᠭᠠᠷ ᠬᠤᠭᠤᠴᠠᠭᠠᠨ᠎ᠤ ᠪᠦᠬᠦ ᠤᠯᠤᠰ᠎ᠤᠨ ᠫᠤᠰᠲ ᠳ᠋ᠣᠺᠲ᠋ᠣᠷ᠎ᠤᠨ ᠰᠢᠨ᠎ᠡ᠎ᠶᠢ ᠡᠭᠦᠳᠴᠦ ᠦᠢᠯᠡᠰ ᠪᠣᠰᠬᠠᠬᠤ ᠤᠷᠤᠯᠳᠤᠭᠠᠨ 26᠎ᠤ ᠡᠳᠦᠷ ᠹᠦᠵᠢᠶᠠᠨ ᠮᠤᠵᠢ᠎ᠶᠢᠨ ᠴᠢᠤᠸᠠᠨᠵᠧᠤ ᠬᠤᠳᠠ᠎ᠳᠤ ᠡᠬᠢᠯᠡᠪᠡ᠃ ᠡᠨᠡ ᠪᠣᠯ ᠮᠠᠨ᠎ᠤ ᠤᠯᠤᠰ᠎ᠤᠨ ᠬᠡᠪᠴᠢᠶ᠎ᠡ᠎ᠪᠡᠷ ᠬᠠᠮᠤᠭ᠎ᠤᠨ ᠶᠡᠬᠡ᠂ ᠲᠡᠰ ᠳᠠᠪᠬᠤᠷᠭ᠎ᠠ᠎ᠪᠠᠷ ᠬᠠᠮᠤᠭ᠎ᠤᠨ ᠥᠨᠳᠥᠷ᠂ ᠪᠦᠷᠬᠦᠴᠡ᠎ᠪᠡᠷ ᠬᠠᠮᠤᠭ᠎ᠤᠨ ᠥᠷᠭᠡᠨ ᠫᠤᠰᠲ ᠳ᠋ᠣᠺᠲ᠋ᠣᠷ᠎ᠤᠨ ᠤᠷᠤᠯᠳᠤᠭᠠᠨ ᠪᠣᠯᠣᠨ᠎ᠠ᠃ ᠲᠤᠰ ᠬᠤᠭᠤᠴᠠᠭᠠᠨ᠎ᠤ ᠤᠷᠤᠯᠳᠤᠭᠠᠨ᠎ᠳᠤ ᠣᠷᠣᠯᠴᠠᠬᠤ ᠲᠦᠷᠦᠯ ᠵᠦᠢᠯ ᠨᠢ ᠭᠣᠣᠯᠳᠠᠭᠤ ᠵᠣᠬᠢᠶᠠᠮᠠᠯ ᠤᠶᠤᠨ ᠴᠢᠳᠠᠪᠤᠷᠢ᠂ ᠮᠠᠰᠢᠨ ᠬᠥᠮᠥᠨ ᠵᠡᠷᠭᠡ ᠠᠵᠤ ᠦᠢᠯᠡᠰ᠎ᠦᠨ ᠬᠥᠭᠵᠢᠯᠲᠡ᠎ᠶᠢᠨ ᠰᠢᠨ᠎ᠡ ᠬᠡᠷᠡᠭᠴᠡᠭᠡ ᠱᠠᠭᠠᠷᠳᠠᠯᠭ᠎ᠠ᠂ ᠰᠢᠨᠵᠢᠯᠡᠬᠦ ᠤᠬᠠᠭᠠᠨ ᠮᠡᠷᠭᠡᠵᠢᠯ᠎ᠦᠨ ᠰᠢᠨ᠎ᠡ ᠡᠮᠦᠨ᠎ᠡ ᠡᠩᠨᠡᠭᠡᠨ᠎ᠳᠦ ᠲᠥᠪᠯᠡᠷᠡᠪᠡ᠃
ᠣᠢᠯᠠᠭᠠᠭᠰᠠᠨ᠎ᠢᠶᠠᠷ᠂ ᠤᠷᠤᠯᠳᠤᠭᠠᠨ᠎ᠳᠤ ᠰᠢᠨ᠎ᠡ᠎ᠶᠢ ᠡᠭᠦᠳᠬᠦ ᠤᠷᠤᠯᠳᠤᠭᠠᠨ᠂ ᠦᠢᠯᠡᠰ ᠪᠣᠰᠬᠠᠬᠤ ᠤᠷᠤᠯᠳᠤᠭᠠᠨ᠂ ᠭᠠᠳᠠᠭᠠᠳᠤ᠎ᠶᠢᠨ ᠪᠠ ᠬᠢᠯᠢ᠎ᠶᠢᠨ ᠭᠠᠳᠠᠨᠠᠬᠢ ( 《 ᠨᠢᠭᠡ ᠪᠦᠰᠡ ᠨᠢᠭᠡ ᠵᠠᠮ 》 )᠎ᠤᠨ ᠤᠷᠤᠯᠳᠤᠭᠠᠨ ᠪᠠ ᠵᠠᠷᠯᠠᠯ ᠨᠡᠢᠲᠡᠯᠡᠵᠦ ᠰᠡᠳᠦᠪ ᠠᠪᠬᠤ ᠤᠷᠤᠯᠳᠤᠭᠠᠨ ᠵᠡᠷᠭᠡ ᠲᠦᠷᠪᠡᠨ ᠳᠤᠭᠤᠢᠯᠠᠩ ᠲᠣᠬᠢᠷᠠᠭᠤᠯᠵᠠᠢ᠃ ᠰᠢᠨ᠎ᠡ ᠨᠢᠭᠡ ᠦᠶ᠎ᠡ᠎ᠶᠢᠨ ᠮᠡᠳᠡᠭᠡ ᠵᠠᠩᠭᠢ᠎ᠶᠢᠨ ᠮᠡᠷᠭᠡᠵᠢᠯ ᠪᠣᠯᠣᠨ ᠵᠣᠬᠢᠶᠠᠮᠠᠯ ᠤᠶᠤᠨ ᠴᠢᠳᠠᠪᠤᠷᠢ᠂ ᠳᠡᠭᠡᠳᠦ ᠲᠡᠰ᠎ᠤᠨ ᠲᠤᠨᠤᠭ ᠲᠥᠬᠦᠭᠡᠷᠦᠮᠵᠢ ᠦᠢᠯᠡᠳᠬᠦ ᠪᠣᠯᠣᠨ ᠮᠠᠰᠢᠨ ᠬᠥᠮᠥᠨ᠂ ᠰᠢᠨ᠎ᠡ ᠡᠨᠧᠷᠭᠢ ᠪᠣᠯᠣᠨ ᠡᠨᠧᠷᠭᠢ ᠠᠷᠪᠢᠯᠠᠵᠤ ᠣᠷᠴᠢᠨ ᠲᠣᠭᠣᠷᠢᠨ᠎ᠢ ᠬᠠᠮᠠᠭᠠᠯᠠᠬᠤ᠂ ᠰᠢᠨ᠎ᠡ ᠮᠠᠲᠧᠷᠢᠶᠠᠯ ᠪᠣᠯᠣᠨ ᠴᠢᠯᠠᠭᠤᠨ ᠲᠣᠰᠣ᠌ ᠬᠢᠮᠢ᠎ᠶᠢᠨ ᠠᠵᠤ ᠦᠢᠯᠡᠳᠪᠦᠷᠢ᠂ ᠠᠮᠢᠳᠤ ᠪᠣᠳᠠᠰ᠎ᠤᠨ ᠡᠮ ᠡᠮᠨᠡᠯᠭᠡ ᠪᠣᠯᠣᠨ ᠶᠡᠬᠡ ᠡᠷᠡᠭᠦᠯ ᠮᠡᠨᠳᠤ᠂ ᠤᠳᠤ ᠦᠶ᠎ᠡ᠎ᠶᠢᠨ ᠲᠠᠷᠢᠶᠠᠯᠠᠩ ᠪᠣᠯᠣᠨ ᠢᠳᠡᠭᠡᠨ᠎ᠦ ᠵᠦᠢᠯ᠂ ᠪᠤᠰᠤᠳ ᠠᠵᠢᠯ ᠲᠦᠷᠦᠯ ᠵᠡᠷᠭᠡ ᠲᠤᠯᠤᠭᠠᠨ ᠲᠣᠮᠣ᠌ ᠤᠷᠤᠯᠳᠤᠭᠠᠨ᠎ᠳᠤ ᠨᠡᠢ᠍ᠢᠳᠡ 8006 ᠲᠦᠷᠦᠯ ᠵᠦᠢᠯ ( ᠲᠥᠰᠥᠯ )᠎ᠢ ᠲᠠᠲᠠᠵᠤ᠂ 3.6 ᠲᠦᠮᠡᠨ ᠬᠥᠮᠥᠨ ᠤᠷᠤᠯᠳᠤᠭᠠᠨ᠎ᠳᠤ ᠣᠷᠣᠯᠴᠠᠵᠤ᠂ ᠲᠦᠷᠦᠯ ᠵᠦᠢᠯ᠎ᠦᠨ ᠲᠣᠭ᠎ᠠ ᠬᠡᠮᠵᠢᠶ᠎ᠡ᠂ ᠤᠷᠤᠯᠳᠤᠭᠠᠨ᠎ᠳᠤ ᠣᠷᠣᠯᠴᠠᠭᠰᠠᠨ ᠬᠥᠮᠥᠨ᠎ᠦ ᠲᠣᠭ᠎ᠠ ᠴᠥᠮ ᠰᠢᠨ᠎ᠡ ᠲᠡᠮᠳᠡᠭᠯᠡᠯ᠎ᠢ ᠡᠭᠦᠳᠴᠡᠢ᠃ ᠪᠡᠯᠡᠳᠬᠡᠯ ᠰᠣᠩᠭᠣᠭᠤᠯᠢ᠎ᠪᠠᠷ ᠲᠠᠨᠢᠯᠴᠠᠭᠤᠯᠬᠤ ᠪᠠ ᠪᠦᠬᠦ ᠤᠯᠤᠰ᠎ᠤᠨ ᠬᠣᠶᠠᠳᠠᠭᠢ ᠤᠷᠤᠯᠳᠤᠭᠠᠨ᠎ᠢᠶᠠᠷ ᠳᠠᠮᠵᠢᠭᠠᠳ 1700 ᠭᠠᠷᠤᠢ ᠵᠦᠢᠯ ( ᠲᠥᠰᠥᠯ ) ᠨᠢ ᠪᠦᠬᠦ ᠤᠯᠤᠰ᠎ᠤᠨ ᠰᠢᠢᠳᠪᠦᠷᠢᠲᠦ ᠤᠷᠤᠯᠳᠤᠭᠠᠨ᠎ᠳᠤ ᠲᠠᠪᠰᠢᠭ᠍ᠰᠠᠨ ᠪᠠᠢᠨ᠎ᠠ᠃
ᠲᠣᠰ ᠬᠤᠭᠤᠴᠠᠭᠠᠨ᠎ᠤ ᠵᠠᠷᠯᠠᠯ ᠨᠡᠢᠲᠡᠯᠡᠵᠦ ᠰᠡᠳᠦᠪ ᠠᠪᠬᠤ ᠤᠷᠤᠯᠳᠤᠭᠠᠨ᠎ᠳᠤ ᠨᠡᠶ᠋ᠢᠲᠡ 766 ᠵᠦᠢᠯ᠎ᠦᠨ ᠮᠡᠷᠭᠡᠵᠢᠯ᠎ᠦᠨ ᠬᠡᠷᠡᠭᠴᠡᠭᠡ ᠱᠠᠭᠠᠷᠳᠠᠯᠭ᠎ᠠ᠎ᠶᠢ ᠨᠡᠢᠲᠡᠯᠡᠵᠦ᠂ ᠬᠣᠯᠪᠣᠭᠳᠠᠬᠤ ᠲᠥᠷᠥᠯ ᠵᠦᠢᠯᠡᠰ᠎ᠦᠨ ᠪᠥᠬᠥ ᠣᠷᠣᠭᠤᠯᠤᠯᠲᠠ 40 ᠳ᠋ᠦᠩᠰᠢᠭᠤᠷ ᠲᠥᠭᠥᠷᠢᠭ ᠰᠢᠬᠠᠮ ᠪᠠᠢᠵᠤ᠂ ᠰᠢᠯᠭᠠᠯᠲᠠ᠎ᠶᠢᠨ ᠱᠠᠩᠨᠠᠯ ᠬᠥᠬᠢᠭᠦᠯᠦᠯ᠎ᠦᠨ ᠪᠥᠬᠥ ᠲᠣᠭ᠎ᠠ 9000 ᠲᠦᠮᠡᠨ ᠲᠥᠭᠥᠷᠢᠭ ᠬᠦᠷᠴᠦ ᠂ ᠫᠤᠰᠲ ᠳ᠋ᠣᠺᠲ᠋ᠣᠷ᠎ᠤᠨ ᠰᠢᠨᠵᠢᠯᠡᠬᠦ ᠤᠬᠠᠭᠠᠨ᠎ᠤ ᠰᠤᠳᠤᠯᠭᠠᠨ ᠬᠢᠭᠡᠳ ᠠᠵᠤ ᠦᠢᠯᠡᠰ᠎ᠦᠨ ᠭᠦᠨᠵᠡᠭᠡᠢ ᠠᠭᠤᠰᠤᠯᠴᠠᠯ᠎ᠤᠨ ᠲᠠᠪᠴᠠᠩ᠎ᠢ ᠪᠠᠢᠭᠤᠯᠪᠠ᠃
《 ᠫᠤᠰᠲ ᠳ᠋ᠣᠺᠲ᠋ᠣᠷ᠎ᠤᠨ ᠳᠦᠷᠢᠮ ᠪᠣᠯ ᠮᠠᠨ᠎ᠤ ᠤᠯᠤᠰ᠎ᠤᠨ ᠳᠡᠭᠡᠳᠦ ᠳᠡᠰ ᠳᠠᠪᠬᠤᠷᠭ᠎ᠠ᠎ᠶᠢᠨ ᠰᠢᠨ᠎ᠡ᠎ᠶᠢ ᠡᠭᠦᠳᠬᠦ ᠬᠡᠯᠪᠡᠷᠢ᠎ᠶᠢᠨ ᠵᠠᠯᠠᠭᠤ ᠴᠢᠳᠠᠪᠤᠷᠢᠲᠠᠨ᠎ᠢ ᠬᠥᠮᠥᠵᠢᠭᠦᠯᠬᠦ ᠨᠢᠭᠡᠨ ᠴᠢᠬᠤᠯᠠ ᠳᠦᠷᠢᠮ ᠮᠥᠨ ᠂ ᠫᠤᠰᠲ ᠳ᠋ᠣᠺᠲ᠋ᠣᠷ᠎ᠤᠨ ᠰᠢᠨ᠎ᠡ᠎ᠶᠢ ᠡᠭᠦᠳᠬᠦ ᠪᠠ ᠦᠢᠯᠡᠰ ᠪᠣᠰᠬᠠᠬᠤ᠎ᠶᠢ ᠠᠬᠢᠭᠤᠯᠬᠤ ᠪᠣᠯ ᠴᠢᠳᠠᠪᠤᠷᠢᠲᠠᠨ᠎ᠤ ᠡᠬᠢ ᠪᠠᠶᠠᠯᠢᠭ᠋᠎ᠢ ᠨᠡᠭᠡᠭᠡᠨ ᠠᠰᠢᠭ᠍ᠯᠠᠬᠤ᠎ᠶᠢ ᠴᠢᠨᠠᠷ ᠰᠠᠢᠲᠠᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ ᠃ 》 ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠶᠠᠮᠤᠨ᠎ᠤ ᠰᠠᠢᠳ ᠸᠠᠩ ᠰᠢᠶᠣᠣ ᠫᠢᠩ᠂ ᠤᠷᠤᠯᠳᠤᠭᠠᠨ᠎ᠢ ᠰᠠᠢᠲᠤᠷ ᠡᠷᠬᠢᠯᠡᠬᠦ᠎ᠪᠡᠷ ᠳᠠᠮᠵᠢᠭᠤᠯᠵᠤ᠂ ᠵᠠᠯᠠᠭᠤ ᠴᠢᠳᠠᠪᠤᠷᠢᠲᠠᠨ᠎ᠤ ᠰᠢᠨ᠎ᠡ᠎ᠶᠢ ᠡᠭᠦᠳᠴᠦ ᠦᠢᠯᠡᠰ ᠪᠣᠰᠬᠠᠬᠤ ᠥᠨᠳᠥᠷ ᠲᠦᠪᠰᠢᠨ᠎ᠦ ᠰᠣᠯᠢᠯᠴᠠᠭᠠᠨ᠎ᠤ ᠲᠠᠪᠴᠠᠩ᠎ᠢ ᠢᠳᠡᠪᠬᠢᠲᠡᠢ ᠪᠠᠢᠭᠤᠯᠵᠤ᠂ ᠴᠢᠳᠠᠪᠤᠷᠢᠲᠠᠨ᠎ᠤ ᠬᠡᠯᠬᠢᠶ᠎ᠡ ᠪᠣᠯᠣᠨ ᠰᠢᠨ᠎ᠡ᠎ᠶᠢ ᠡᠭᠦᠳᠬᠦ ᠬᠡᠯᠬᠢᠶ᠎ᠡ᠂ ᠠᠵᠤ ᠦᠢᠯᠡᠰ᠎ᠦᠨ ᠬᠡᠯᠬᠢᠶ᠎ᠡ᠂ ᠪᠡᠯᠡ ᠮᠥᠩᠭᠥᠨ᠎ᠦ ᠬᠡᠯᠬᠢᠶ᠎ᠡ᠎ᠶᠢᠨ ᠭᠦᠨᠵᠡᠭᠡᠢ ᠠᠭᠤᠰᠤᠯᠴᠠᠯ᠎ᠢ ᠠᠬᠢᠭᠤᠯᠬᠤ᠎ᠶᠢᠨ ᠬᠠᠮᠲᠤ ᠴᠢᠳᠠᠪᠤᠷᠢᠲᠠᠨ᠎ᠤ ᠬᠥᠭᠵᠢᠯᠲᠡ᠎ᠶᠢᠨ ᠪᠠᠢᠭᠤᠯᠤᠮᠵᠢ ᠲᠣᠭᠲᠠᠴᠠ᠎ᠶᠢᠨ ᠥᠭᠡᠷᠡᠴᠢᠯᠡᠯᠲᠡ᠎ᠶᠢ ᠪᠦᠬᠦ ᠲᠠᠯ᠎ᠠ᠎ᠪᠠᠷ ᠭᠦᠨᠵᠡᠭᠡᠢᠷᠡᠭᠦᠯᠵᠦ᠂ ᠴᠢᠳᠠᠪᠤᠷᠢᠲᠠᠨ᠎ᠤ ᠰᠢᠨ᠎ᠡ᠎ᠶᠢ ᠡᠭᠦᠳᠴᠦ ᠦᠢᠯᠡᠰ ᠪᠣᠰᠬᠠᠬᠤ᠎ᠶᠢ ᠨᠡᠩ ᠶᠡᠬᠡᠪᠡᠷ ᠳᠡᠮᠵᠢᠵᠦ᠂ ᠨᠡᠩ ᠤᠯᠠᠨ ᠰᠢᠯᠢᠳᠡᠭ ᠴᠢᠳᠠᠪᠤᠷᠢᠲᠠᠨ᠎ᠢ ᠬᠥᠮᠥᠵᠢᠭᠦᠯᠦᠨ᠎ᠡ ᠭᠡᠪᠡ᠃
ᠤᠯᠠᠨ ᠵᠢᠯ᠎ᠦᠨ ᠬᠥᠭᠵᠢᠯᠲᠡ᠎ᠪᠡᠷ ᠳᠠᠮᠵᠢᠭᠠᠳ᠂ ᠥᠷᠭᠡᠨ ᠤᠯᠠᠨ ᠫᠤᠰᠲ ᠳ᠋ᠣᠺᠲ᠋ᠣᠷ ᠨᠢᠭᠡᠨᠲᠡ ᠤᠯᠤᠰ᠎ᠤᠨ ᠪᠠᠢᠯᠳᠤᠬᠤ ᠪᠣᠳᠣᠯᠭ᠎ᠠ᠎ᠶᠢᠨ ᠴᠢᠳᠠᠪᠤᠷᠢᠲᠠᠨ᠎ᠤ ᠬᠦᠴᠦᠨ ᠴᠢᠳᠠᠯ᠎ᠤᠨ ᠡᠬᠢ ᠪᠤᠯᠠᠭ ᠪᠠ ᠰᠢᠨᠵᠢᠯᠡᠬᠦ ᠤᠬᠠᠭᠠᠨ ᠮᠡᠷᠭᠡᠵᠢᠯ᠎ᠦᠨ ᠰᠢᠨ᠎ᠡ᠎ᠶᠢ ᠡᠭᠦᠳᠬᠦ ᠰᠢᠨ᠎ᠡ ᠬᠦᠴᠦᠨ ᠪᠣᠯᠤᠭᠰᠠᠨ ᠪᠠᠢᠨ᠎ᠠ᠃ ᠪᠥᠬᠥ ᠤᠯᠤᠰ᠎ᠲᠤ ᠫᠤᠰᠲ ᠳ᠋ᠣᠺᠲ᠋ᠣᠷ᠎ᠤᠨ ᠰᠤᠳᠤᠯᠭᠠᠨ᠎ᠤ ᠨᠡᠭᠦᠳᠡᠯ ᠥᠷᠲᠡᠭᠡ᠎ᠶᠢ ᠨᠡᠶ᠋ᠢᠲᠡ 3862 ᠪᠠᠢᠭᠤᠯᠵᠤ ᠂ ᠰᠤᠳᠤᠯᠭᠠᠨ᠎ᠤ ᠬᠦᠷᠢᠶ᠎ᠡ ᠴᠠᠷᠠᠭ᠎ᠠ᠎ᠳᠤ ᠪᠦᠬᠦᠶ᠋ᠢᠯᠡ 14 ᠰᠢᠨᠵᠢᠯᠡᠭᠡᠨ᠎ᠦ ᠲᠥᠷᠥᠯ᠎ᠢ ᠬᠠᠮᠤᠷᠤᠭᠰᠠᠨ 110 ᠭᠠᠷᠤᠢ ᠨᠢᠭᠡᠳᠦᠭᠡᠷ ᠳᠡᠰ᠎ᠤᠨ ᠰᠢᠨᠵᠢᠯᠡᠭᠡᠨ᠎ᠦ ᠰᠠᠯᠠᠭ᠎ᠠ ᠪᠣᠶ ;4971 ᠠᠵᠢᠯᠯᠠᠬᠤ ᠦᠷᠳᠡᠭᠡ᠎ᠶᠢ ᠪᠠᠢᠭᠤᠯᠵᠤ᠂ ᠮᠠᠨ᠎ᠤ ᠤᠯᠤᠰ᠎ᠤᠨ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠡᠯ᠎ᠡ ᠬᠦᠷᠢᠶ᠎ᠡ᠎ᠶᠢ ᠦᠨᠳᠦᠰᠦᠨ᠎ᠳᠡᠭᠡᠨ ᠬᠠᠮᠤᠷᠤᠭᠤᠯᠪᠠ᠃ ᠣᠳᠣᠬᠠᠨ᠎ᠳᠤ ᠪᠥᠬᠥ ᠤᠯᠤᠰ᠎ᠲᠤ ᠫᠤᠰᠲ ᠳ᠋ᠣᠺᠲ᠋ᠣᠷ᠎ᠢ ᠨᠡᠶ᠋ᠢᠲᠡ 40 ᠭᠠᠷᠤᠢ ᠲᠦᠮᠡ ᠡᠯᠰᠡᠵᠦ᠂ 13.5 ᠲᠦᠮᠡᠨ ᠬᠥᠮᠥᠨ ᠥᠷᠲᠡᠭᠡᠨ᠎ᠳᠦ ᠪᠣᠶ᠃
2021 ᠣᠨ᠎ᠠᠴᠠ ᠨᠠᠭᠠᠰᠢ᠂ ᠪᠦᠬᠦ ᠤᠯᠤᠰ᠎ᠤᠨ ᠫᠤᠰᠲ ᠳ᠋ᠣᠺᠲ᠋ᠣᠷ᠎ᠤᠨ ᠰᠢᠨ᠎ᠡ᠎ᠶᠢ ᠡᠭᠦᠳᠴᠦ ᠦᠢᠯᠡᠰ ᠪᠣᠰᠬᠠᠬᠤ ᠤᠷᠤᠯᠳᠤᠭᠠᠨ᠎ᠢ ᠨᠢᠭᠡᠨᠲᠡ ᠬᠣᠶᠠᠷ ᠬᠤᠭᠤᠴᠠᠭ᠎ᠠ ᠶᠠᠪᠤᠭᠳᠠᠭᠤᠯᠵᠤ᠂ ᠨᠢᠭᠡ ᠪᠦᠯᠦᠭ ᠫᠤᠰᠲ ᠳ᠋ᠣᠺᠲ᠋ᠣᠷ᠎ᠤᠨ 《 ᠬᠠᠲᠠᠭᠤ ᠰᠢᠨᠵᠢᠯᠡᠬᠦ ᠤᠬᠠᠭᠠᠨ ᠮᠡᠷᠭᠡᠵᠢᠯ 》᠎ᠤᠨ ᠦᠷ᠎ᠡ ᠪᠦᠲᠦᠭᠡᠯ᠎ᠢ ᠪᠣᠳᠠᠲᠠᠢ᠎ᠳᠤ ᠨᠠᠢᠳᠠᠪᠤᠷᠢᠵᠢᠭᠤᠯᠤᠨ ᠬᠤᠪᠢᠷᠠᠭᠤᠯᠵᠤ᠂ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭᠵᠢᠭᠦᠯᠬᠦ᠎ᠳᠦ ᠬᠦᠴᠦᠨ ᠴᠢᠳᠠᠯ ᠬᠤᠷᠠᠮᠳᠤᠭᠤᠯᠤᠨ ᠥᠭᠴᠡᠢ᠃ ( ᠵᠠᠩ ᠰᠢᠶᠣᠣ ᠵᠢᠶᠧ᠂ ᠦ᠋ ᠵᠢᠶᠠᠨ ᠹᠧᠩ )