2025 ᠣᠨ᠎ᠤ 10 ᠰᠠᠷ᠎ᠠ᠎ᠶᠢᠨ 14᠎ᠦ ᠡᠳᠦᠷ᠂ 《 ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ᠎ᠤᠨ ᠣᠷᠳᠣᠨ ᠪᠣᠯᠣᠨ ᠪᠥᠬᠥᠳᠡ ᠨᠠᠢᠷᠠᠮᠳᠠᠬᠤ ᠺᠢᠷᠬᠢᠽᠰᠲ᠋ᠠᠨ ᠤᠯᠤᠰ᠎ᠤᠨ ᠵᠠᠰᠠᠭ᠎ᠤᠨ ᠣᠷᠳᠣᠨ᠎ᠤ ᠨᠡᠢᠭᠡᠮ᠎ᠦᠨ ᠪᠠᠲᠤᠯᠠᠭ᠎ᠠ᠎ᠶᠢᠨ ᠬᠡᠯᠡᠯᠴᠡᠭᠡᠷ 》 ᠵᠢᠩᠬᠢᠨᠢ᠎ᠪᠡᠷ ᠬᠦᠴᠦᠨ ᠲᠠᠢ ᠪᠣᠯᠪᠠ᠃ ᠬᠡᠯᠡᠯᠴᠡᠭᠡᠷ᠎ᠢ ᠦᠨᠳᠦᠰᠦᠯᠡᠪᠡᠯ᠂ ᠺᠢᠷᠬᠢᠽᠰᠲ᠋ᠠᠠ ᠳᠤᠮᠳᠠᠳᠤ᠎ᠶᠢᠨ ᠲᠠᠯ᠎ᠠ᠎ᠶᠢᠨ ᠲᠣᠮᠢᠯᠠᠭᠰᠠᠨ ᠬᠥᠮᠥᠰ᠂ ᠥᠪᠡᠷ᠎ᠢᠶᠡᠨ ᠬᠥᠯᠥᠰᠦᠯᠡᠭᠰᠡᠨ ᠬᠥᠮᠥᠰ᠂ ᠲᠠᠯᠠᠢ᠎ᠶᠢᠨ ᠠᠶᠠᠯᠠᠯ᠎ᠤᠨ ᠣᠩᠭᠣᠴᠠ ᠰᠠᠯ ᠪᠣᠯᠣᠨ ᠠᠭᠠᠷ᠎ᠤᠨ ᠨᠢᠰᠦᠭᠦᠷ ᠳᠡᠭᠡᠷᠡᠬᠢ ᠬᠥᠯᠥᠰᠦᠨ ᠠᠵᠢᠯᠲᠠᠨ᠂ ᠤᠯᠠᠨ ᠤᠯᠤᠰ᠎ᠤᠨ ᠲᠡᠭᠡᠭᠡᠪᠦᠷᠢ᠎ᠶᠢᠨ ᠠᠵᠤ ᠠᠬᠤᠢᠯᠠᠯ᠎ᠤᠨ ᠠᠵᠢᠯᠲᠠᠨ᠂ ᠠᠯᠪᠠᠳᠠᠨ᠂ ᠭᠠᠳᠠᠭᠠᠳᠤ ᠬᠠᠷᠢᠯᠴᠠᠭᠠᠨ᠎ᠤ ᠡᠯᠴᠢᠨᠦ ᠪᠦᠯᠬᠦᠮ ᠪᠣᠯᠣᠨ ᠺᠣᠨᠰᠦ᠋ᠯ᠎ᠦᠨ ᠭᠠᠵᠠᠷ᠎ᠤᠨ ᠪᠦᠷᠢᠯᠳᠦᠭᠦᠨ᠎ᠦ ᠺᠢᠷᠬᠢᠽᠰᠲ᠋ᠠᠠ᠎ᠳᠠᠬᠢ ᠨᠠᠰᠤᠲᠠᠢᠴᠤᠳ᠂ ᠵᠡᠮᠳᠡᠭᠴᠦᠳ᠂ ᠨᠥᠭᠴᠢᠭᠰᠡᠳ᠎ᠦᠨ ᠭᠡᠷ ᠪᠦᠯᠢ᠎ᠶᠢᠨ ᠳᠠᠭᠠᠳᠬᠠᠯ᠎ᠳᠤ ᠣᠷᠣᠯᠴᠠᠬᠤ ᠡᠭᠦᠷᠭᠡ᠎ᠶᠢ ᠬᠡᠯᠲᠦᠷᠢᠭᠦᠯᠦᠨ᠎ᠡ᠃ ᠮᠠᠨ᠎ᠤ ᠤᠯᠤᠰ ᠺᠢᠷᠬᠢᠽᠰᠲ᠋ᠠᠠ ᠊ᠣ ᠲᠠᠯ᠎ᠠ᠎ᠶᠢᠨ ᠳᠡᠭᠡᠷ᠎ᠡ ᠳᠤᠷᠠᠳᠤᠭᠰᠠᠨ ᠬᠥᠮᠥᠰ᠎ᠦᠨ ᠳᠤᠮᠳᠠᠳᠤ ᠤᠯᠤᠰ᠎ᠲᠠᠬᠢ ᠬᠣᠲᠠ ᠪᠠᠯᠭᠠᠰᠤᠨ᠎ᠤ ᠠᠵᠢᠯᠲᠠᠨ ᠠᠵᠢᠯᠴᠢᠨ᠎ᠤ ᠨᠠᠰᠤᠵᠢᠯ᠎ᠤᠨ ᠦᠨᠳᠦᠰᠦᠨ ᠠᠰᠠᠷᠠᠮᠵᠢ᠎ᠶᠢᠨ ᠳᠠᠭᠠᠳᠬᠠᠯ ᠪᠠ ᠬᠣᠲᠠ ᠬᠥᠳᠡᠭᠡ᠎ᠶᠢᠨ ᠰᠠᠭᠤᠭᠠᠯᠢ ᠠᠷᠠᠳ᠎ᠤᠨ ᠨᠠᠰᠤᠵᠢᠯ᠎ᠤᠨ ᠦᠨᠳᠦᠰᠦᠨ ᠳᠠᠭᠠᠳᠬᠠᠯ᠎ᠳᠤ ᠣᠷᠤᠯᠴᠠᠬᠤ ᠡᠭᠦᠷᠭᠡ᠎ᠶᠢ ᠬᠡᠯᠲᠦᠷᠢᠭᠦᠯᠦᠨ᠎ᠡ᠃
ᠬᠡᠯᠡᠯᠴᠡᠭᠡᠷ ᠬᠦᠴᠦᠨ᠎ᠲᠠᠢ ᠪᠣᠯᠤᠭᠰᠠᠨ᠎ᠤ ᠳᠠᠷᠠᠭ᠎ᠠ ᠬᠣᠶᠠᠷ ᠤᠯᠤᠰ᠎ᠤᠨ ᠨᠥᠭᠥᠭᠡ ᠤᠯᠤᠰ᠎ᠲᠤ ᠠᠵᠢᠯᠯᠠᠵᠤ ᠪᠠᠢᠭ᠎ᠠ ᠬᠥᠮᠥᠰ᠎ᠦᠨ ᠨᠡᠢᠭᠡᠮ᠎ᠦᠨ ᠪᠠᠲᠤᠯᠠᠭ᠎ᠠ᠎ᠶᠢᠨ ᠡᠷᠬᠡ ᠠᠰᠢᠭ᠋᠎ᠢ ᠪᠦᠲᠦᠮᠵᠢᠲᠡᠶ ᠬᠠᠮᠠᠭᠠᠯᠠᠵᠤ᠂ ᠬᠣᠶᠠᠷ ᠲᠠᠯ᠎ᠠ᠎ᠶᠢᠨ ᠠᠵᠤ ᠠᠬᠤᠢᠯᠠᠯ ᠪᠠ ᠬᠥᠮᠥᠰ᠎ᠦᠨ ᠨᠡᠢᠭᠡᠮ᠎ᠦᠨ ᠳᠠᠭᠠᠳᠬᠠᠯ᠎ᠤᠨ ᠰᠦᠢᠳᠬᠡᠯ ᠲᠤᠰᠢᠶᠠᠬᠤ ᠥᠪᠡᠷ᠎ᠦᠨ ᠥᠷᠲᠡᠭ᠎ᠢ ᠪᠠᠭᠤᠷᠠᠭᠤᠯᠵᠤ ᠂ ᠬᠣᠶᠠᠷ ᠤᠯᠤᠰ᠎ᠤᠨ ᠠᠵᠤ ᠠᠬᠤᠢ ᠠᠷᠠᠯᠵᠢᠶᠠᠨ᠎ᠤ ᠬᠠᠷᠢᠴᠠᠭ᠎ᠠ᠎ᠶᠢ ᠤᠯᠠᠮ ᠨᠢᠭᠡ ᠠᠯᠬᠤᠮ ᠠᠬᠢᠭᠤᠯᠵᠤ᠂ ᠬᠥᠮᠥᠰ᠎ᠦᠨ ᠶᠠᠪᠤᠯᠴᠠᠭ᠎ᠠ᠎ᠳᠤ ᠲᠥᠬᠥᠮ ᠦᠵᠡᠭᠦᠯᠦᠨ᠎ᠡ᠃
ᠮᠠᠨ᠎ᠤ ᠤᠯᠤᠰ ᠡᠭᠦᠨ᠎ᠡᠴᠡ ᠡᠮᠦᠨ᠎ᠡ ᠭᠧᠷᠮᠠᠨ᠂ ᠺᠣᠷᠢᠶᠠ᠂ ᠳ᠋ᠸᠨ᠋ᠮᠠᠷᠺ᠂ ᠹᠢᠨᠯᠠᠨᠳ᠋᠂ ᠺᠠᠨᠠᠳᠠ᠂ ᠰᠸᠢᠰ᠂ ᠬᠣᠯᠠᠨᠳ᠋᠂ ᠹᠷᠠᠨᠼᠢ᠂ ᠢᠰᠫᠠᠨᠢ᠂ ᠯᠦᠺᠰᠧᠮᠪᠦ᠋ᠷᠡᠭ᠂ ᠶᠠᠫᠤᠨ᠂ ᠰᠸᠷᠪᠢᠶ᠎ᠠ ᠵᠡᠷᠭᠡ 12 ᠤᠯᠤᠰ᠎ᠲᠠᠢ ᠬᠣᠶᠠᠷ ᠲᠠᠯ᠎ᠠ᠎ᠶᠢᠨ ᠨᠡᠢᠭᠡᠮ᠎ᠦᠨ ᠪᠠᠲᠤᠯᠠᠭ᠎ᠠ᠎ᠶᠢᠨ ᠬᠡᠯᠡᠯᠴᠡᠭᠡᠷ᠎ᠲᠦ ᠭᠠᠷᠤᠨ ᠦᠰᠦᠭ ᠵᠢᠷᠤᠵᠠᠢ᠃