ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠦᠨᠦᠳᠣᠷ᠎ᠤᠨ ᠰᠣᠨᠢᠨ ᠮᠡᠳᠡᠭᠡ
ᠪᠥᠬᠥ ᠤᠯᠤᠰ᠎ᠤᠨ ᠮᠡᠷᠭᠡᠵᠢᠯ᠎ᠦᠨ ᠠᠵᠢᠯᠴᠢᠨ᠎ᠤ ᠳᠡᠭᠡᠳᠦ ᠰᠤᠷᠭᠠᠭᠤᠯᠢ᠎ᠶᠢᠨ ᠰᠤᠷᠤᠭ᠍ᠴᠢᠳ᠎ᠤᠨ ᠦᠢᠯᠡᠰ ᠪᠣᠰᠬᠠᠵᠤ ᠰᠢᠨ᠎ᠡ᠎ᠶᠢ ᠡᠭᠦᠳᠬᠦ ᠤᠷᠤᠯᠳᠤᠭᠠᠨ᠎ᠤ ᠥᠪᠥᠷ ᠮᠣᠩᠭᠣᠯ᠎ᠤᠨ ᠰᠢᠯᠭᠠᠷᠠᠭᠤᠯᠬᠤ ᠤᠷᠤᠯᠳᠤᠭᠠᠨ ᠥᠨᠳᠥᠷᠯᠡᠪᠡ
ᠨᠡᠶ᠋ᠢᠲᠡᠯᠡᠭᠰᠡᠨ ᠴᠠᠭ᠄ 2025-12-16

        12 ᠳ᠋ᠤᠭᠠᠷ ᠰᠠᠷ᠎ᠠ᠎ᠶᠢᠨ 6᠎ᠤ ᠡᠳᠦᠷ᠂ 4 ᠳ᠋ᠦ᠍ᠭᠡᠷ ᠬᠤᠭᠤᠴᠠᠭᠠᠨ᠎ᠤ ᠪᠥᠬᠥ ᠤᠯᠤᠰ᠎ᠤᠨ ᠮᠡᠷᠭᠡᠵᠢᠯ᠎ᠦᠨ ᠠᠵᠢᠯᠴᠢᠨ᠎ᠤ ᠳᠡᠭᠡᠳᠦ ᠰᠤᠷᠭᠠᠭᠤᠯᠢ᠎ᠶᠢᠨ ᠰᠤᠷᠤᠭ᠍ᠴᠢᠳ᠎ᠤᠨ ᠦᠢᠯᠡᠰ ᠪᠣᠰᠬᠠᠵᠤ ᠰᠢᠨ᠎ᠡ᠎ᠶᠢ ᠡᠭᠦᠳᠬᠦ ᠤᠷᠤᠯᠳᠤᠭᠠᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠯᠭᠠᠷᠠᠭᠤᠯᠬᠤ ᠤᠷᠤᠯᠳᠤᠭᠠᠨ ᠤᠯᠠᠭᠠᠨᠬᠠᠳᠠ᠎ᠳᠤ ᠥᠨᠳᠥᠷᠯᠡᠪᠡ᠃ ᠪᠥᠬᠥ ᠣᠷᠣᠨ᠎ᠤ ᠰᠢᠯᠭᠠᠷᠠᠭᠤᠯᠵᠤ ᠭᠠᠷᠭᠠᠭᠰᠠᠨ 33 ᠲᠥᠷᠥᠯ ᠵᠦᠢᠯ ᠲᠣᠰ ᠤᠳᠠᠭᠠᠨ᠎ᠤ ᠤᠷᠤᠯᠳᠤᠭᠠᠨ᠎ᠳᠤ ᠣᠷᠣᠯᠴᠠᠵᠤ᠂ ᠡᠭᠦᠨ᠎ᠳᠦ 3 ᠲᠥᠷᠥᠯ ᠵᠦᠢᠯ ᠨᠢ ᠲᠣᠰ ᠲᠣᠰ ᠨᠢᠭᠡᠳᠦᠭᠡᠷ ᠳᠡᠰ᠎ᠤᠨ ᠱᠠᠩᠨᠠᠯ ᠭᠥᠷᠳᠡᠪᠡ᠃
        ᠨᠢᠭᠡᠳᠦᠭᠡᠷ ᠳᠡᠰ᠎ᠤᠨ ᠱᠠᠩᠨᠠᠯ ᠣᠯᠣᠭᠰᠠᠨ 3 ᠲᠦᠷᠦᠯ ᠵᠦᠢᠯ ᠭᠡᠪᠡᠯ᠄ ᠦᠬᠠᠢ ᠬᠤᠲᠠ᠎ᠶᠢᠨ ᠮᠡᠷᠭᠡᠵᠢᠯ᠎ᠦᠨ ᠠᠵᠢᠯᠴᠢᠨ᠎ᠤ ᠰᠤᠷᠭᠠᠭᠤᠯᠢ᠎ᠶᠢᠨ ᠡᠪᠡᠰᠦ ᠳᠠᠷᠤᠵᠤ ᠡᠯᠡᠰᠦ᠎ᠶᠢ ᠲᠣᠭᠲᠠᠪᠤᠷᠢᠵᠢᠭᠤᠯᠬᠤ ᠪᠦᠷᠢᠨ ᠠᠦ᠋ᠲ᠋ᠣ᠋ ᠳᠥᠷᠪᠡᠯᠵᠢᠨ ᠱᠤᠭᠤᠮᠲᠤ ᠮᠠᠰᠢᠨ ᠲᠡᠷᠭᠡᠨ᠎ᠦ ᠲᠦᠷᠦᠯ ᠵᠦᠢᠯ᠂ ᠪᠤᠭᠤᠲᠤ᠎ᠶᠢᠨ ᠮᠠᠰᠲᠧᠷ᠎ᠦᠨ ᠳᠡᠭᠡᠳᠦ ᠰᠤᠷᠭᠠᠭᠤᠯᠢ᠎ᠶᠢᠨ 《 ᠲᠦᠷᠭᠡᠨ ᠬᠠᠢᠯᠤᠭᠤᠯᠬᠤ 》︱ ᠶᠡᠬᠡ ᠵᠤᠵᠠᠭᠠᠨ᠎ᠤ ᠬᠡᠮᠵᠢᠶ᠎ᠡ᠎ᠲᠠᠢ ᠪᠣᠯᠣᠳ ᠴᠢᠳᠬᠤᠬᠤ ᠣᠶᠤᠨᠴᠢ ᠬᠡᠷᠴᠢᠯᠲᠡ᠎ᠶᠢᠨ ᠰᠢᠰᠲᠧᠮ᠎ᠢ ᠰᠤᠳᠤᠯᠤᠨ ᠨᠡᠭᠡᠭᠡᠬᠦ ᠵᠢᠴᠢ ᠠᠵᠤ ᠦᠢᠯᠡᠰᠵᠢᠭᠦᠯᠬᠦ ᠲᠦᠷᠦᠯ ᠵᠦᠢᠯ᠂ ᠬᠥᠯᠥᠨ ᠪᠤᠢ᠍ᠢᠷ᠎ᠤᠨ ᠮᠠᠰᠲᠧᠷ᠎ᠦᠨ ᠳᠡᠭᠡᠳᠦ ᠰᠤᠷᠭᠠᠭᠤᠯᠢ᠎ᠶᠢᠨ 《 ᠤᠷᠠᠨ ᠳᠠᠷᠬᠠᠨ᠎ᠤ ᠤᠷ᠎ᠠ ᠮᠡᠷᠭᠡᠵᠢᠯ᠎ᠦᠨ ᠰᠢᠨ᠎ᠡ᠎ᠶᠢ ᠡᠭᠦᠳᠬᠦ᠎ᠪᠡᠷ ᠤᠷᠤᠭᠰᠢᠯᠠᠬᠤ 》︱ ᠬᠣᠣᠰ ᠦᠷ᠎ᠡ ᠠᠰᠢᠭ᠋᠎ᠢ ᠨᠢᠭᠡᠳᠬᠡᠭᠰᠡᠨ ᠮᠠᠰᠢᠨ ᠲᠤᠰᠤᠨ᠎ᠤ ᠲᠦᠷᠭᠡᠨ ᠭᠠᠳᠠᠭᠰᠢᠯᠠᠭᠤᠯᠬᠤ ᠲᠥᠬᠦᠭᠡᠷᠦᠮᠵᠢ᠎ᠶᠢᠨ ᠲᠦᠷᠦᠯ ᠵᠦᠢᠯ ᠪᠣᠯᠣᠨ᠎ᠠ᠃ ᠲᠦᠷᠦᠯ ᠵᠦᠢᠯ᠎ᠦᠨ ᠦᠷ᠎ᠡ ᠪᠦᠲᠦᠭᠡᠯ᠎ᠦᠨ ᠬᠤᠪᠢᠷᠠᠭᠤᠯᠤᠯᠲᠠ᠎ᠶᠢᠨ ᠨᠤᠷᠮ᠎ᠠ᠎ᠶᠢ ᠪᠦᠲᠦᠮᠵᠢᠲᠡᠢ ᠳᠡᠭᠡᠭᠰᠢᠯᠡᠭᠦᠯᠬᠦ᠎ᠶᠢᠨ ᠲᠥᠯᠥᠭᠡ᠂ ᠲᠤᠰ ᠤᠳᠠᠭ᠎ᠠ᠎ᠶᠢᠨ ᠤᠷᠤᠯᠳᠤᠭᠠᠨ᠎ᠳᠤ ᠪᠠᠰᠠ ᠲᠦᠷᠦᠯ ᠵᠦᠢᠯ ᠪᠣᠯᠣᠨ ᠬᠥᠷᠥᠩᠭᠡ᠎ᠶᠢ ᠵᠣᠯᠭᠠᠭᠤᠯᠬᠤ ᠬᠥᠭᠥᠷᠭᠡ ᠪᠠᠢᠭᠤᠯᠵᠤ᠂ ᠨᠢᠭᠡᠳᠦᠭᠡᠷ ᠳᠡᠰ᠎ᠤᠨ ᠱᠠᠩᠨᠠᠯ ᠣᠯᠣᠭᠰᠠᠨ ᠲᠦᠷᠦᠯ ᠵᠦᠢᠯ᠎ᠳᠦ ᠪᠡᠯᠡ ᠮᠥᠩᠭᠥ ᠴᠤᠭᠯᠠᠭᠤᠯᠬᠤ ᠲᠠᠪᠴᠠᠩ᠎ᠢ ᠵᠣᠯᠭᠠᠭᠤᠯᠬᠤ ᠦᠢᠯᠡᠴᠢᠯᠡᠭᠡ ᠬᠠᠩᠭᠠᠵᠤ᠂ ᠲᠤᠬᠠᠢ᠎ᠶᠢᠨ ᠲᠠᠯᠠᠪᠤᠷ᠎ᠲᠤ ᠰᠠᠨᠠᠮᠵᠢ ᠲᠣᠬᠢᠷᠠᠯᠴᠠᠭᠰᠠᠨ ᠭᠡᠷ᠎ᠡ ᠲᠣᠭᠲᠠᠵᠠᠢ᠃
        ᠲᠤᠰ ᠤᠳᠠᠭ᠎ᠠ᠎ᠶᠢᠨ ᠤᠷᠤᠯᠳᠤᠭᠠᠨ ᠨᠢ 《ᠤᠷ᠎ᠠ ᠮᠡᠷᠭᠡᠵᠢᠯ᠎ᠢᠶᠡᠷ ᠢᠷᠡᠭᠡᠳᠦᠢ᠎ᠪᠠᠨ ᠭᠡᠷᠡᠯᠳᠦᠬᠦᠯᠵᠦ᠂ ᠦᠢᠯᠡᠰ ᠪᠣᠰᠬᠠᠵᠤ ᠰᠢᠨ᠎ᠡ᠎ᠶᠢ ᠡᠭᠦᠳᠬᠦ ᠬᠦᠰᠡᠯ ᠵᠡᠭᠦᠳᠦ᠎ᠪᠠᠨ ᠲᠡᠷᠭᠡᠯᠰᠢᠭᠦᠯᠬᠦ 》 ᠪᠡᠷ ᠭᠣᠣᠯ ᠰᠡᠳᠦᠪ ᠪᠣᠯᠭᠠᠵᠤ᠂ ᠥᠪᠡᠷᠲᠡᠭᠡᠨ ᠵᠠᠰᠠᠬᠤ ᠣᠷᠣᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠢᠩᠬᠢᠮ᠂ ᠤᠯᠠᠭᠠᠨᠬᠠᠳᠠ ᠬᠤᠳᠠ᠎ᠶᠢᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠣᠪᠴᠢᠶ᠎ᠠ ᠡᠷᠬᠢᠯᠡᠪᠡ᠃ ᠤᠷᠤᠯᠳᠤᠭᠠᠨ᠎ᠳᠤ ᠣᠷᠣᠯᠴᠠᠭᠰᠠᠨ 33 ᠲᠦᠷᠦᠯ ᠵᠦᠢᠯ ᠨᠢ ᠣᠶᠤᠨᠴᠢ ᠦᠢᠯᠡᠳᠬᠡᠯ᠂ ᠲᠣᠭᠠᠴᠢᠯᠠᠭᠰᠠᠨ ᠮᠡᠷᠭᠡᠵᠢᠯ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠂ ᠰᠣᠶᠣᠯ᠎ᠤᠨ ᠪᠦᠲᠦᠭᠡᠯᠴᠢ ᠰᠡᠳᠬᠢᠮᠵᠢ ᠵᠡᠷᠭᠡ ᠤᠯᠠᠨ ᠭᠣᠣᠯᠳᠠᠯᠭ᠎ᠠ᠎ᠲᠠᠢ ᠬᠦᠷᠢᠶ᠎ᠡ᠎ᠶᠢ ᠬᠠᠮᠤᠷᠴᠠᠢ᠃ ᠤᠷᠤᠯᠳᠤᠭ᠍ᠴᠢᠳ ᠲᠦᠷᠦᠯ ᠵᠦᠢᠯ᠎ᠦᠨ ᠵᠠᠳᠠᠭᠠᠢ ᠦᠵᠡᠭᠦᠯᠭᠡ ᠭᠠᠷᠭᠠᠬᠤ᠂ ᠲᠤᠬᠠᠢ᠎ᠶᠢᠨ ᠲᠠᠯᠠᠪᠠᠢ᠎ᠳᠤ ᠨᠣᠮ ᠬᠠᠶᠠᠯᠴᠠᠬᠤ ᠵᠡᠷᠭᠡ ᠭᠣᠭᠴᠣᠭ᠎ᠠ᠎ᠪᠠᠷ ᠳᠠᠮᠵᠢᠭᠤᠯᠵᠤ᠂ ᠮᠡᠷᠭᠡᠵᠢᠯ᠎ᠢ ᠰᠤᠳᠤᠯᠤᠨ ᠨᠡᠭᠡᠭᠡᠬᠦ᠂ ᠬᠤᠳᠠᠯᠳᠤᠭᠠᠨ᠎ᠤ ᠵᠠᠭᠪᠤᠷ᠎ᠢ ᠲᠥᠯᠥᠪᠯᠡᠬᠦ᠂ ᠵᠠᠬ᠎ᠠ ᠳᠡᠯᠭᠡᠭᠦᠷ᠎ᠦᠨ ᠬᠡᠷᠡᠭᠯᠡᠯᠲᠡ᠎ᠶᠢ ᠨᠠᠢᠳᠠᠪᠤᠷᠢᠵᠢᠭᠤᠯᠬᠤ ᠵᠡᠷᠭᠡ ᠲᠠᠯ᠎ᠠ᠎ᠪᠠᠷ ᠬᠢ ᠰᠢᠨ᠎ᠡ᠎ᠶᠢ ᠡᠭᠦᠳᠦᠭᠰᠡᠨ ᠦᠷ᠎ᠡ ᠪᠦᠲᠦᠭᠡᠯ ᠪᠣᠯᠣᠨ ᠦᠢᠯᠡᠳᠦᠯᠭᠡ᠎ᠶᠢᠨ ᠴᠢᠳᠠᠪᠤᠷᠢ᠎ᠶᠢ ᠪᠦᠬᠦ ᠲᠠᠯ᠎ᠠ᠎ᠪᠠᠷ ᠳᠡᠯᠭᠡᠨ ᠦᠵᠡᠭᠦᠯᠵᠡᠢ᠃
        ᠥᠪᠡᠷᠲᠡᠭᠡᠨ ᠵᠠᠰᠠᠬᠤ ᠣᠷᠣᠨ᠎ᠤ ᠮᠡᠷᠭᠡᠵᠢᠯ᠎ᠦᠨ ᠠᠵᠢᠯᠴᠢᠨ᠎ᠤ ᠰᠤᠷᠭᠠᠨ ᠬᠥᠮᠦᠵᠢᠯ᠎ᠦᠨ ᠬᠦᠷᠢᠶᠡᠨ᠎ᠦ ᠴᠢᠬᠤᠯᠠ ᠤᠷᠤᠯᠳᠤᠭᠠᠨ ᠪᠣᠯᠤᠭᠰᠠᠨ᠎ᠤ ᠬᠤᠪᠢ᠎ᠳᠤ᠂ ᠲᠤᠰ ᠤᠳᠠᠭ᠎ᠠ᠎ᠶᠢᠨ ᠰᠢᠯᠭᠠᠷᠠᠭᠤᠯᠬᠤ ᠤᠷᠤᠯᠳᠤᠭᠠᠨ ᠨᠢ ᠪᠦᠬᠦ ᠣᠷᠣᠨ᠎ᠤ ᠮᠡᠷᠭᠡᠵᠢᠯ᠎ᠦᠨ ᠠᠵᠢᠯᠴᠢᠨ᠎ᠤ ᠶᠡᠬᠡ ᠳᠡᠭᠡᠳᠦ ᠰᠤᠷᠭᠠᠭᠤᠯᠢ᠎ᠶᠢᠨ ᠰᠤᠷᠤᠭ᠍ᠴᠢᠳ᠎ᠲᠤ ᠥᠪᠡᠷ᠎ᠢ᠎ᠪᠡᠨ ᠳᠡᠯᠭᠡᠨ ᠦᠵᠡᠭᠦᠯᠬᠦ᠂ ᠵᠥᠪᠳᠡᠯᠴᠡᠵᠦ ᠳᠡᠭᠡᠭᠰᠢᠯᠡᠭᠦᠯᠬᠦ ᠲᠠᠪᠴᠠᠩ ᠬᠠᠩᠭᠠᠭᠰᠠᠨ᠎ᠢᠶᠠᠷ ᠪᠠᠷᠠᠬᠤ ᠦᠭᠡᠢ᠂ ᠨᠡᠩ ᠴᠤ᠌ ᠮᠡᠷᠭᠡᠵᠢᠯ᠎ᠦᠨ ᠠᠵᠢᠯᠴᠢᠨ᠎ᠤ ᠰᠤᠷᠭᠠᠨ ᠬᠥᠮᠦᠵᠢᠯ ᠪᠣᠯᠣᠨ ᠦᠢᠯᠡᠰ ᠪᠣᠰᠬᠠᠵᠤ ᠰᠢᠨ᠎ᠡ᠎ᠶᠢ ᠡᠭᠦᠳᠬᠦ ᠰᠤᠷᠭᠠᠨ ᠬᠥᠮᠦᠵᠢᠯ᠎ᠦᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠥᠪᠥᠷ ᠮᠣᠩᠭᠣᠯ᠎ᠤᠨ ᠠᠵᠤ ᠦᠢᠯᠡᠰ᠎ᠦᠨ ᠳᠡᠰ ᠳᠡᠪᠰᠢᠬᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠵᠠᠯᠠᠭᠤᠴᠤᠳ᠎ᠤᠨ ᠰᠢᠨ᠎ᠡ᠎ᠶᠢ ᠡᠭᠦᠳᠬᠦ ᠠᠮᠢᠵᠢᠷᠠᠯ᠎ᠤᠨ ᠬᠦᠴᠦᠨ᠎ᠢ ᠨᠡᠮᠡᠷᠢᠯᠡᠭᠰᠡᠨ ᠪᠠᠢᠨ᠎ᠠ᠃

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ᠋ ᠪᠠ ᠨᠡᠶ᠋ᠢᠭᠡᠮ᠎ᠦᠨ ᠪᠠᠲᠤᠯᠠᠭ᠎ᠠ᠎ᠶᠢᠨ ᠲᠢᠩᠬᠢᠮ
          
ᠬᠠᠮᠢᠶ᠎ᠡ ᠪᠦᠬᠦᠢ ᠰᠣᠨᠢᠨ
 
            