ᠰᠢᠨᠬᠤᠸᠠ ᠬᠣᠷᠢᠶᠠᠨ᠎ᠤ ᠨᠠᠨᠨᠢᠩ᠎ᠤᠨ 11 ᠰᠠᠷ᠎ᠠ᠎ᠶᠢᠨ 18᠎ᠤ ᠴᠠᠬᠢᠯᠭᠠᠨ ᠮᠡᠳᠡᠭᠡ ᠭᠤᠷᠪᠠᠳᠤᠭᠠᠷ ᠬᠤᠭᠤᠴᠠᠭᠠᠨ᠎ᠤ ᠪᠦᠬᠦ ᠤᠯᠤᠰ᠎ᠤᠨ ᠬᠥᠳᠡᠯᠮᠦᠷᠢ ᠦᠢᠯᠡᠴᠢᠯᠡᠭᠡᠨ᠎ᠦ ᠬᠠᠮᠵᠢᠯᠴᠠᠭ᠎ᠠ ᠵᠢᠴᠢ ᠬᠥᠳᠡᠯᠮᠦᠷᠢ ᠦᠢᠯᠡᠴᠢᠯᠡᠭᠡᠨ᠎ᠦ ᠲᠦᠷᠦᠯ ᠲᠡᠮᠳᠡᠭ᠎ᠦᠨ ᠬᠥᠭᠵᠢᠯᠲᠡ᠎ᠶᠢᠨ ᠶᠡᠬᠡ ᠬᠤᠷᠠᠯ 18᠎ᠤ ᠡᠳᠦᠷ ᠭᠤᠸᠠᠩᠰᠢ᠎ᠶᠢᠨ ᠨᠠᠨᠨᠢᠩ᠎ᠳᠤ ᠶᠠᠪᠤᠭᠳᠠᠵᠤ᠂ ᠲᠦᠷᠦ᠎ᠶᠢᠨ ᠶᠠᠪᠤᠳᠠᠯ᠎ᠤᠨ ᠭᠡᠰᠢᠭᠦᠨ ᠴᠧᠨ ᠢ ᠴᠢᠨ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠵᠠᠢ᠃
ᠴᠧᠨ ᠢ ᠴᠢᠨ᠂ ᠣᠢᠷ᠎ᠠ᠎ᠶᠢᠨ ᠵᠢᠯ᠎ᠦᠳ᠎ᠲᠦ᠂ ᠡᠯ᠎ᠡ ᠭᠠᠵᠠᠷ ᠣᠷᠣᠨ᠂ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠦᠨ ᠬᠢᠨ ᠶᠡᠷᠦᠩᠬᠡᠢ ᠱᠦᠵᠢ ᠰᠢ᠎ᠶᠢᠨ ᠫᠢᠩ᠎ᠤᠨ ᠴᠢᠬᠤᠯᠠ ᠵᠢᠭᠠᠪᠤᠷᠢ ᠴᠣᠬᠣᠯᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠵᠤ᠂ ᠨᠠᠮ᠎ᠤᠨ ᠲᠥᠪ ᠬᠣᠷᠢᠶ᠎ᠠ᠂ ᠲᠥᠷᠥ᠎ᠶᠢᠨ ᠶᠠᠪᠤᠳᠠᠯ᠎ᠤᠨ ᠬᠣᠷᠢᠶ᠎ᠠ᠎ᠶᠢᠨ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠬᠢᠨᠠᠮᠠᠭᠠᠢ ᠨᠠᠢᠳᠠᠪᠤᠷᠢᠵᠢᠭᠤᠯᠵᠤ᠂ ᠨᠠᠷᠠᠲᠤ ᠲᠥᠷᠥᠯ ᠲᠡᠮᠳᠡᠭ᠎ᠦᠨ ᠪᠠᠢᠭᠤᠯᠤᠯᠲᠠ᠎ᠪᠠᠷ ᠬᠠᠮᠵᠢᠯᠴᠠᠬᠤ ᠲᠣᠣᠷ ᠰᠦᠯᠵᠢᠶ᠎ᠡ᠎ᠶᠢ ᠨᠢᠭ᠍ᠲᠠ ᠰᠦᠯᠵᠢᠵᠦ᠂ ᠬᠠᠮᠵᠢᠯᠴᠠᠨ ᠪᠠᠭᠲᠠᠭᠠᠮᠵᠢ᠎ᠶᠢ ᠥᠷᠭᠡᠳᠬᠡᠬᠦ᠎ᠪᠡᠷ ᠨᠠᠷᠠᠲᠤ ᠲᠥᠷᠥᠯ ᠲᠡᠮᠳᠡᠭ᠎ᠦᠨ ᠬᠦᠴᠦᠨ᠎ᠢ ᠪᠤᠵᠠᠭᠠᠢᠷᠠᠭᠤᠯᠤᠨ᠂ ᠬᠥᠳᠡᠯᠮᠦᠷᠢ ᠦᠢᠯᠡᠴᠢᠯᠡᠭᠡᠨ᠎ᠦ ᠬᠠᠮᠵᠢᠯᠴᠠᠭ᠎ᠠ ᠬᠢᠭᠡᠳ ᠬᠥᠳᠡᠯᠮᠦᠷᠢ ᠦᠢᠯᠡᠴᠢᠯᠡᠭᠡᠨ᠎ᠦ ᠨᠠᠷᠠᠲᠤ ᠲᠥᠷᠥᠯ ᠲᠡᠮᠳᠡᠭ᠎ᠦᠨ ᠬᠠᠷᠢᠯᠴᠠᠨ ᠠᠬᠢᠭᠤᠯᠵᠤ ᠬᠠᠮᠲᠤ᠎ᠪᠠᠷ ᠤᠷᠤᠭᠰᠢᠯᠠᠬᠤ᠂ ᠠᠭᠤᠰᠤᠯᠴᠠᠨ ᠬᠥᠭᠵᠢᠬᠦ ᠵᠠᠮ᠎ᠢ ᠨᠡᠭᠡᠭᠡᠵᠦ᠂ ᠬᠥᠯᠥᠰᠦᠨ ᠠᠵᠢᠯᠴᠢᠨ᠎ᠤ ᠠᠵᠢᠯ ᠣᠯᠵᠤ ᠣᠷᠣᠯᠭ᠎ᠠ᠎ᠪᠠᠨ ᠨᠡᠮᠡᠭᠳᠡᠭᠦᠯᠬᠦ᠎ᠶᠢ ᠠᠬᠢᠭᠤᠯᠬᠤ᠎ᠳᠤ ᠴᠢᠬᠤᠯᠠ ᠦᠢᠯᠡᠳᠦᠯ ᠦᠵᠡᠭᠦᠯᠵᠡᠢ ᠭᠡᠵᠦ ᠵᠢᠭᠠᠵᠤ ᠭᠠᠷᠭᠠᠪᠠ᠃
ᠴᠧᠨ ᠢ ᠴᠢᠨ᠂ 《 ᠠᠷᠪᠠᠨ ᠲᠠᠪᠤᠳᠤᠭᠠᠷ ᠲᠠᠪᠤᠨ ᠵᠢᠯ 》᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠥᠬᠥᠳᠡ ᠬᠤᠷᠠᠯ᠎ᠤᠨ ᠪᠠᠢᠷᠢᠯᠠᠭᠤᠯᠤᠯᠲᠠ᠎ᠶᠢ ᠬᠢᠨᠠᠮᠠᠭᠠᠢ ᠨᠠᠢᠳᠠᠪᠤᠷᠢᠵᠢᠭᠤᠯᠵᠤ᠂ ᠬᠥᠳᠡᠯᠮᠦᠷᠢ ᠦᠢᠯᠡᠴᠢᠯᠡᠭᠡᠨ᠎ᠦ ᠬᠠᠮᠵᠢᠯᠴᠠᠭ᠎ᠠ ᠪᠠ ᠬᠥᠳᠡᠯᠮᠦᠷᠢ ᠦᠢᠯᠡᠴᠢᠯᠡᠭᠡᠨ᠎ᠦ ᠨᠠᠷᠠᠲᠤ ᠲᠥᠷᠥᠯ ᠲᠡᠮᠳᠡᠭ᠎ᠦᠨ 《 ᠲᠣᠭ᠎ᠠ ᠬᠡᠮᠵᠢᠶᠡᠨ᠎ᠦ ᠬᠤᠷᠠᠮᠳᠤᠭᠤᠯᠤᠯ 》 ᠠᠴᠠ 《 ᠴᠢᠨᠠᠷ᠎ᠤᠨ ᠦᠰᠦᠷᠦᠯᠲᠡ 》 ᠲᠡᠢᠰᠢ ᠰᠢᠯᠵᠢᠬᠦ᠎ᠶᠢ ᠠᠬᠢᠭᠤᠯᠵᠤ᠂ 《 ᠣᠷᠣᠨ ᠪᠦᠰᠡ᠎ᠶᠢᠨ ᠬᠥᠭᠵᠢᠯᠲᠡ 》 ᠠᠴᠠ 《 ᠪᠥᠬᠥ ᠤᠯᠤᠰ᠎ᠤᠨ ᠬᠠᠮᠵᠢᠯᠴᠠᠭ᠎ᠠ 》 ᠲᠡᠢᠰᠢ ᠰᠢᠯᠵᠢᠬᠦ᠎ᠶᠢ ᠠᠬᠢᠭᠤᠯᠬᠤ ᠬᠡᠷᠡᠭᠲᠡᠢ ᠃ 《 ᠠᠷᠪᠠᠨ ᠲᠠᠪᠤᠳᠤᠭᠠᠷ ᠲᠠᠪᠤᠨ ᠵᠢᠯ 》᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠠᠬᠢ ᠬᠠᠷᠠᠯᠲᠠ ᠱᠠᠭᠠᠷᠳᠠᠯᠭ᠎ᠠ᠎ᠶᠢ ᠴᠢᠩᠭ᠎ᠠ ᠠᠩᠬᠠᠷᠴᠤ᠂ ᠬᠥᠳᠡᠯᠮᠦᠷᠢ ᠦᠢᠯᠡᠴᠢᠯᠡᠭᠡᠨ᠎ᠦ ᠬᠠᠮᠵᠢᠯᠴᠠᠭᠠᠨ᠎ᠤ ᠲᠣᠭᠲᠠᠴᠠ᠎ᠶᠢ ᠰᠠᠢᠲᠤᠷ ᠬᠡᠷᠡᠭᠯᠡᠨ᠂ ᠬᠥᠳᠡᠯᠮᠦᠷᠢ ᠦᠢᠯᠡᠴᠢᠯᠡᠭᠡᠨ᠎ᠦ ᠲᠦᠷᠦᠯ ᠲᠡᠮᠳᠡᠭ᠎ᠦᠨ ᠦᠢᠯᠡᠳᠦᠯ᠎ᠢ ᠪᠠᠳᠠᠷᠠᠭᠤᠯᠵᠤ᠂ ᠲᠦᠷᠦ᠎ᠶᠢᠨ ᠪᠣᠳᠣᠯᠭ᠎ᠠ᠎ᠪᠠᠷ ᠲᠡᠳᠬᠦᠨ ᠳᠡᠮᠵᠢᠬᠦ᠂ ᠤᠷ᠎ᠠ ᠮᠡᠷᠭᠡᠵᠢᠯ᠎ᠢ ᠳᠡᠭᠡᠭᠰᠢᠯᠡᠭᠦᠯᠬᠦ᠂ ᠠᠵᠢᠯ᠎ᠤᠨ ᠪᠠᠢᠷᠢ ᠰᠣᠯᠢᠵᠤ ᠦᠢᠯᠡᠴᠢᠯᠡᠬᠦ ᠵᠡᠷᠭᠡ ᠤᠯᠠᠨ ᠵᠦᠢᠯ᠎ᠦᠨ ᠠᠷᠭ᠎ᠠ ᠬᠡᠮᠵᠢᠶ᠎ᠡ᠎ᠶᠢ ᠴᠢᠩᠭᠠᠳᠬᠠᠬᠤ᠎ᠪᠠᠷ ᠳᠠᠮᠵᠢᠭᠤᠯᠤᠨ᠂ ᠠᠵᠢᠯ ᠣᠯᠭᠣᠯᠲᠠ᠎ᠶᠢ ᠨᠡᠩ ᠰᠠᠢᠨ ᠲᠣᠭᠲᠠᠪᠤᠷᠢᠵᠢᠭᠤᠯᠵᠤ ᠣᠷᠣᠯᠭ᠎ᠠ᠎ᠶᠢᠨ ᠨᠡᠮᠡᠭᠳᠡᠯ᠎ᠢ ᠠᠬᠢᠭᠤᠯᠬᠤ ᠬᠡᠷᠡᠭᠲᠡᠢ᠃ ᠣᠳᠣᠬᠢᠴᠢᠯᠠᠭᠰᠠᠨ ᠠᠵᠤ ᠦᠢᠯᠡᠰ᠎ᠦᠨ ᠰᠢᠰᠲᠧᠮ᠎ᠢ ᠪᠠᠶ᠋ᠢᠭᠤᠯᠬᠤ ᠪᠠᠢᠯᠳᠤᠬᠤ ᠪᠣᠳᠣᠯᠭ᠎ᠠ᠎ᠶᠢᠨ ᠡᠭᠦᠷᠭᠡ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠬᠥᠳᠡᠯᠮᠦᠷᠢ ᠦᠢᠯᠡᠴᠢᠯᠡᠭᠡᠨ᠎ᠦ ᠬᠠᠮᠵᠢᠯᠴᠠᠭ᠎ᠠ ᠪᠣᠯᠣᠨ ᠠᠵᠤ ᠦᠢᠯᠡᠰ᠎ᠦᠨ ᠪᠠᠢᠷᠢᠰᠢᠭᠤᠯᠤᠯᠲᠠ᠎ᠶᠢ ᠨᠢᠭ᠍ᠲᠠ ᠤᠶᠠᠯᠳᠤᠭᠤᠯᠵᠤ᠂ ᠠᠵᠤ ᠦᠢᠯᠡᠰ᠎ᠦᠨ ᠬᠥᠭᠵᠢᠯᠲᠡ᠎ᠳᠦ ᠣᠷᠣᠨ ᠪᠦᠰᠡ ᠠᠯᠤᠰᠯᠠᠭᠰᠠᠨ ᠴᠢᠨᠠᠷ ᠰᠠᠢᠲᠠᠢ ᠥᠨᠳᠥᠷ ᠪᠦᠲᠦᠮᠵᠢᠲᠡᠢ ᠬᠥᠮᠥᠨ᠎ᠦ ᠬᠦᠴᠦᠨ᠎ᠦ ᠡᠬᠢ ᠪᠠᠶᠠᠯᠢᠭ᠋᠎ᠢ ᠵᠣᠬᠢᠴᠠᠭᠤᠯᠵᠤ᠂ ᠬᠥᠳᠡᠯᠮᠦᠷᠢ ᠦᠢᠯᠡᠴᠢᠯᠡᠭᠡᠨ᠎ᠦ ᠲᠦᠷᠦᠯ ᠲᠡᠮᠳᠡᠭ ᠪᠣᠯᠣᠨ ᠠᠵᠤ ᠦᠢᠯᠡᠰ᠎ᠦᠨ ᠬᠥᠭᠵᠢᠯᠲᠡ᠎ᠶᠢ ᠭᠦᠨᠵᠡᠭᠡᠢ ᠠᠭᠤᠰᠤᠯᠴᠠᠭᠤᠯᠵᠤ᠂ ᠮᠡᠷᠭᠡᠵᠢᠯ ᠡᠯᠪᠡᠭ᠂ ᠮᠡᠷᠭᠡᠵᠢᠯ ᠪᠣᠯᠪᠠᠰᠤᠷᠠᠩᠭᠤᠢ᠂ ᠪᠠᠷᠢᠮᠵᠢᠶ᠎ᠠ ᠨᠢᠭᠡᠳᠦᠯᠲᠡᠢ᠂ ᠬᠡᠪ ᠴᠢᠨᠠᠷ ᠰᠢᠯᠢᠳᠡᠭ ᠰᠠᠢᠨ ᠬᠥᠳᠡᠯᠮᠦᠷᠢ ᠦᠢᠯᠡᠴᠢᠯᠡᠭᠡᠨ᠎ᠦ ᠲᠦᠷᠦᠯ ᠲᠡᠮᠳᠡᠭ᠎ᠦᠨ ᠶᠡᠬᠡ ᠴᠡᠷᠢᠭ᠎ᠢ ᠪᠠᠶ᠋ᠢᠭᠤᠯᠬᠤ ᠬᠡᠷᠡᠭᠲᠡᠢ᠃ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠰᠢᠯᠵᠢᠯᠲᠡ᠎ᠶᠢᠨ ᠬᠤᠭᠤᠴᠠᠭᠠᠨ᠎ᠤ ᠳᠠᠷᠠᠭᠠᠬᠢ ᠪᠠᠢᠩᠭᠤ᠎ᠶᠢᠨ ᠴᠢᠨᠠᠷᠲᠠᠢ ᠬᠠᠪᠰᠤᠷᠤᠨ ᠲᠡᠳᠬᠦᠬᠦ ᠴᠢᠬᠤᠯᠠ ᠶᠡᠬᠡ ᠰᠡᠳᠦᠪᠲᠦ ᠠᠩᠬᠠᠷᠤᠯ᠎ᠢᠶᠠᠨ ᠬᠠᠨᠳᠤᠭᠤᠯᠵᠤ᠂ ᠡᠷᠴᠢ ᠵᠣᠷᠢᠭ᠋᠎ᠢᠶᠠᠨ ᠰᠤᠯᠠᠷᠠᠭᠤᠯᠬᠤ ᠦᠭᠡᠢ᠂ ᠡᠷᠴᠢᠮ᠎ᠢᠶᠡᠨ ᠰᠤᠯᠠᠷᠠᠭᠤᠯᠬᠤ ᠦᠭᠡᠢ ᠪᠠᠢᠬᠤ᠎ᠶᠢ ᠪᠠᠲᠤᠯᠠᠵᠤ᠂ ᠲᠠᠬᠢᠨ ᠶᠠᠳᠠᠭᠤᠷᠠᠬᠤ᠎ᠡᠴᠡ ᠰᠡᠷᠭᠡᠢᠯᠡᠬᠦ᠎ᠪᠡᠷ ᠭᠣᠣᠯᠳᠠᠯᠭ᠎ᠠ ᠪᠣᠯᠭᠠᠵᠤ᠂ ᠬᠥᠳᠡᠯᠮᠦᠷᠢ ᠦᠢᠯᠡᠴᠢᠯᠡᠭᠡᠨ᠎ᠦ ᠬᠠᠮᠵᠢᠯᠴᠠᠬᠤ ᠠᠷᠭ᠎ᠠ ᠬᠡᠯᠪᠡᠷᠢ᠎ᠶᠢ ᠰᠢᠯᠢᠳᠡᠭᠵᠢᠭᠦᠯᠵᠦ᠂ ᠠᠷᠭ᠎ᠠ ᠪᠦᠬᠦᠨ᠎ᠢ ᠰᠦᠪᠡᠭᠴᠢᠯᠡᠨ ᠠᠵᠢᠯ ᠬᠢᠬᠦ ᠬᠡᠪᠴᠢᠶ᠎ᠡ᠎ᠶᠢ ᠲᠣᠭᠲᠠᠪᠤᠷᠢᠵᠢᠭᠤᠯᠵᠤ᠂ ᠠᠵᠢᠯ ᠬᠢᠬᠦ ᠣᠷᠣᠯᠭ᠎ᠠ᠎ᠶᠢ ᠨᠡᠮᠡᠭᠳᠡᠭᠦᠯᠵᠦ᠂ ᠬᠠᠮᠲᠤ᠎ᠪᠠᠷ ᠴᠢᠨᠡᠭᠡᠯᠢᠭᠵᠢᠬᠦ᠎ᠶᠢ ᠯᠠᠪᠳᠠᠭᠤᠨ᠎ᠢᠶᠠᠷ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃