ᠠᠵᠢᠯ ᠣᠯᠭᠣᠯᠲᠠ᠎ᠨᠢ ᠣᠷᠣᠯᠭ᠎ᠠ᠎ᠲᠠᠢ ᠬᠣᠯᠪᠣᠭᠳᠠᠵᠤ᠂ ᠲᠦᠭ ᠲᠦᠮᠡᠨ ᠠᠢ᠌ᠯ ᠡᠷᠤᠭᠡ᠎ᠲᠠᠢ ᠬᠣᠯᠪᠣᠭᠳᠠᠵᠤ ᠪᠠᠢ᠌ᠳᠠᠭ᠃
ᠭᠠᠳᠠᠭ᠋ᠠᠳᠤ ᠣᠷᠴᠢᠨ ᠪᠠ ᠤᠯᠤᠰ᠎ᠤᠨ ᠳᠣᠲᠣᠭ᠋ᠠᠳᠤ ᠵᠢᠨ ᠠᠵᠤ ᠠᠬᠤᠢ ᠵᠢᠨ ᠡᠷᠭᠢᠯᠲᠡ ᠵᠢᠨ ᠬᠤᠪᠢᠷᠠᠯᠲᠠ ᠵᠢᠨ ᠠᠵᠢᠯ ᠣᠯᠭᠣᠯᠲᠠ᠎ᠳᠤ ᠦᠵᠡᠭᠦᠯᠬᠦ ᠨᠥᠯᠥᠭᠡ ᠵᠢ ᠪᠦᠲᠦᠮᠵᠢᠲᠡᠶ ᠠᠷᠭ᠋ᠠᠴᠠᠵᠤ᠂ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠳ᠂ ᠶᠠᠳᠠᠭᠤ᠎ᠠᠴᠠ ᠠᠩᠭᠢᠵᠢᠷᠠᠭᠰᠠᠨ ᠬᠥᠮᠥᠨ ᠠᠮᠠ᠂ ᠬᠥᠯᠥᠰᠦᠨ ᠠᠵᠢᠯᠴᠢᠨ᠂ ᠴᠡᠷᠢᠭ᠎ᠠᠴᠠ ᠬᠠᠯᠠᠭᠳᠠᠭᠰᠠᠳ ᠵᠡᠷᠭᠡ ᠭᠣᠣᠯᠳᠠᠯᠭ᠎ᠠ᠎ᠲᠠᠢ ᠬᠥᠮᠥᠰ᠎ᠤᠨ ᠠᠵᠢᠯ ᠣᠯᠭᠣᠯᠲᠠ ᠵᠢ ᠠᠬᠢᠭᠤᠯᠬᠤ ᠵᠢᠨ ᠲᠥᠯᠥᠭᠡ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠵᠢᠯ ᠣᠯᠭᠣᠯᠲᠠ ᠵᠢ ᠠᠬᠢᠭᠤᠯᠬᠤ ᠪᠠ ᠬᠥᠳᠡᠯᠮᠦᠷᠢ ᠵᠢᠨ ᠬᠠᠮᠠᠭ᠋ᠠᠯᠠᠯᠲᠠ ᠵᠢᠨ ᠠᠵᠢᠯ᠎ᠤᠨ ᠤᠳᠤᠷᠢᠳᠬᠤ ᠳᠤᠭᠤᠢ᠌ᠯᠠᠩ 3 ᠰᠠᠷ᠎ᠠ ᠵᠢᠨ 27᠎ᠤ ᠡᠳᠦᠷ ᠲᠥᠰᠥᠯ ᠨᠡᠢ᠌ᠲᠡᠯᠡᠵᠦ᠂ ᠠᠯᠢ ᠣᠯᠠᠨ ᠠᠷᠭ᠎ᠠ ᠬᠡᠮᠵᠢᠶ᠎ᠡ ᠠᠪᠴᠤ ᠠᠵᠢᠯ᠎ᠤᠨ ᠪᠠᠢ᠌ᠷᠢ ᠵᠢᠨ ᠳᠠᠯᠳᠠ ᠬᠦᠴᠦᠨ᠎ᠢ ᠠᠭᠤᠳᠠᠯᠤᠨ ᠪᠠᠭᠲᠠᠭ᠋ᠠᠮᠵᠢ ᠵᠢ ᠥᠷᠭᠡᠳᠬᠡᠵᠦ᠂ ᠭᠣᠣᠯᠳᠠᠯᠭ᠎ᠠ᠎ᠲᠠᠢ ᠬᠥᠮᠥᠰ᠎ᠤᠨ ᠠᠵᠢᠯ ᠣᠯᠵᠤ ᠦᠢ᠍ᠯᠡᠰ ᠪᠣᠰᠬᠠᠬᠤ ᠵᠢ ᠳᠡᠮᠵᠢᠪᠡ᠃
《ᠲᠥᠰᠥᠯ᠎ᠨᠢ ᠠᠵᠤ ᠠᠬᠤᠢ ᠵᠢᠨ ᠬᠥᠭᠵᠢᠯᠲᠡ ᠪᠣᠯᠣᠨ ᠠᠵᠢᠯ ᠣᠯᠭᠣᠯᠲᠠ ᠵᠢᠨ ᠠᠬᠢᠭᠤᠯᠤᠯᠲᠠ ᠵᠢᠨ ᠣᠷᠭ᠋ᠠᠨᠢᠭ ᠤᠶᠠᠯᠳᠤᠯ᠎ᠢ ᠭᠦᠢ᠍ᠴᠡᠳ ᠬᠠᠷᠠᠭᠤᠯᠵᠤ᠂ ᠠᠵᠤ ᠦᠢ᠍ᠯᠡᠰ᠎ᠤᠨ ᠲᠥᠷᠥ ᠵᠢᠨ ᠪᠣᠳᠣᠯᠭ᠎ᠠ᠂ ᠴᠢᠬᠤᠯᠠ ᠶᠡᠬᠡ ᠲᠥᠷᠥᠯ ᠵᠦᠢ᠍ᠯᠡᠰ ᠪᠣᠯᠣᠨ ᠠᠵᠢᠯ ᠣᠯᠭᠣᠯᠲᠠ ᠵᠢᠨ ᠲᠥᠷᠥ ᠵᠢᠨ ᠪᠣᠳᠣᠯᠭ᠎ᠠ ᠵᠢᠨ ᠣᠷᠭ᠋ᠠᠨᠢᠭ ᠤᠶᠠᠯᠳᠤᠯ᠎ᠢ ᠬᠠᠷᠠᠭᠤᠯᠵᠠᠢ》 ᠭᠡᠵᠦ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠎ᠤ ᠠᠵᠢᠯ ᠣᠯᠭᠣᠯᠲᠠ ᠵᠢ ᠠᠬᠢᠭᠤᠯᠬᠤ ᠵᠤᠷᠭ᠋ᠠᠨ᠎ᠤ ᠳᠡᠳ᠋ ᠳᠠᠷᠤᠭ᠎ᠠ ᠴᠧᠨ ᠶᠥᠩ ᠵᠢᠶᠠ ᠢᠯᠡᠷᠬᠡᠢ᠌ᠯᠡᠪᠡ᠃
ᠨᠢᠭᠡ ᠲᠠᠯ᠎ᠠ᠎ᠪᠠᠷ᠂ ᠠᠵᠢᠯ᠎ᠤᠨ ᠪᠠᠢ᠌ᠷᠢ ᠵᠢ ᠨᠡᠭᠡᠭᠡᠨ ᠬᠥᠭᠵᠢᠭᠦᠯᠬᠦ ᠲᠠᠯ᠎ᠠ᠎ᠪᠠᠷ ᠠᠵᠤ ᠦᠢ᠍ᠯᠡᠰ᠎ᠤᠨ ᠬᠥᠭᠵᠢᠯᠲᠡ᠎ᠳᠤ ᠭᠣᠣᠯᠳᠠᠯᠭ᠎ᠠ᠎ᠲᠠᠢ᠎ᠪᠠᠷ ᠠᠩᠬᠠᠷᠤᠯ ᠵᠶ᠋ᠠᠨ ᠲᠥᠪᠯᠡᠷᠡᠭᠦᠯᠵᠦ᠂ ᠬᠡᠷᠡᠭᠯᠡᠭᠡ᠂ ᠴᠢᠬᠤᠯᠠ ᠶᠡᠬᠡ ᠲᠥᠷᠥᠯ ᠵᠦᠢ᠍ᠯᠡᠰ ᠪᠠ ᠠᠷᠠᠳ᠎ᠤᠨ ᠠᠮᠢᠳᠤᠷᠠᠯ᠎ᠤᠨ ᠦᠢ᠍ᠯᠡᠴᠢᠯᠡᠭᠡᠨ᠎ᠤ ᠬᠦᠷᠢᠶ᠎ᠡ ᠵᠢ ᠥᠷᠭᠡᠳᠬᠡᠵᠦ᠂ ᠬᠥᠳᠡᠯᠮᠦᠷᠢᠴᠢᠳ᠎ᠲᠤ ᠠᠵᠢᠯ ᠣᠯᠭᠣᠬᠤ ᠠᠷᠭ᠎ᠠ ᠵᠠᠮ᠎ᠢ ᠥᠷᠭᠡᠨ ᠵᠶ᠋ᠡᠷ ᠨᠡᠭᠡᠭᠡᠵᠦ ᠥᠭᠭᠦᠨ᠎ᠡ᠃ ᠨᠥᠭᠥᠭᠡ ᠲᠠᠯ᠎ᠠ᠎ᠪᠠᠷ᠂ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢᠨ ᠲᠠᠯ᠎ᠠ᠎ᠪᠠᠷ ᠳᠠᠷᠤᠭ᠋ᠠᠰᠤ ᠵᠢ ᠬᠥᠩᠭᠡᠯᠡᠵᠦ ᠠᠵᠢᠯ᠎ᠤᠨ ᠪᠠᠢ᠌ᠷᠢ ᠵᠢ ᠲᠣᠭᠲᠠᠪᠤᠷᠢᠵᠢᠭᠤᠯᠬᠤ᠂ ᠠᠵᠢᠯ᠎ᠤᠨ ᠪᠠᠢ᠌ᠷᠢ ᠵᠢ ᠥᠷᠭᠡᠳᠬᠡᠨ ᠤᠷᠮᠠᠰᠢᠭᠤᠯᠬᠤ᠂ ᠦᠢ᠍ᠯᠡᠰ ᠪᠣᠰᠬᠠᠬᠤ ᠵᠢ ᠳᠡᠮᠵᠢᠬᠦ ᠪᠠ ᠬᠥᠮᠥᠨ ᠪᠠ ᠠᠵᠢᠯ᠎ᠤᠨ ᠪᠠᠢ᠌ᠷᠢ ᠵᠢ ᠵᠣᠬᠢᠴᠠᠭᠤᠯᠬᠤ ᠵᠡᠷᠭᠡ ᠵᠢ ᠭᠣᠣᠯᠳᠠᠯᠭ᠎ᠠ᠎ᠲᠠᠢ ᠴᠢᠩᠭ᠋ᠠᠳᠬᠠᠵᠤ᠂ ᠭᠣᠣᠯᠳᠠᠯᠭ᠎ᠠ᠎ᠲᠠᠢ ᠬᠥᠮᠥᠰ᠎ᠤᠨ ᠠᠵᠢᠯ ᠣᠯᠵᠤ ᠦᠢ᠍ᠯᠡᠰ ᠪᠣᠰᠬᠠᠬᠤ ᠵᠢ ᠠᠬᠢᠭᠤᠯᠤᠨ᠎ᠠ᠃
《ᠨᠡᠩ ᠢᠳᠡᠪᠬᠢᠲᠡᠢ᠂ ᠨᠡᠩ ᠴᠢᠩᠭ᠎ᠠ ᠬᠠᠨᠳᠤᠯᠭ᠋ᠠᠲᠤ ᠴᠢᠨᠠᠷᠲᠠᠢ ᠠᠯᠢ ᠣᠯᠠᠨ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ᠎ᠨᠢ ᠭᠦᠢ᠍ᠴᠡᠳ ᠠᠵᠢᠯ ᠣᠯᠭᠣᠯᠲᠠ ᠵᠢ ᠠᠬᠢᠭᠤᠯᠬᠤ ᠪᠠ ᠠᠵᠢᠯ ᠣᠯᠭᠣᠯᠲᠠ ᠵᠢᠨ ᠶᠠᠰᠤ ᠴᠢᠨᠠᠷ᠎ᠢ ᠳᠡᠭᠡᠭᠰᠢᠯᠡᠭᠦᠯᠬᠦ ᠶᠡᠷᠦᠩᠬᠡᠢ᠌ᠯᠡᠭᠰᠡᠨ ᠲᠥᠷᠥ ᠵᠢᠨ ᠪᠣᠳᠣᠯᠭ᠎ᠠ ᠵᠢᠨ ᠰᠢᠰᠲ᠋ᠧᠮ᠎ᠢ ᠪᠦᠷᠢᠯᠳᠦᠭᠦᠯᠵᠦ᠂ ᠴᠢᠨᠠᠷ ᠰᠠᠢ᠌ᠲᠠᠢ ᠪᠥᠭᠡᠳ ᠭᠦᠢ᠍ᠴᠡᠳ ᠠᠵᠢᠯ ᠣᠯᠭᠣᠯᠲᠠ ᠵᠢ ᠬᠦᠴᠦ᠎ᠪᠠᠨ ᠬᠠᠮᠲᠤᠳᠬᠠᠨ ᠠᠬᠢᠭᠤᠯᠬᠤ ᠪᠣᠯᠣᠨ᠎ᠠ》ᠭᠡᠵᠦ ᠭᠠᠳᠠᠭ᠋ᠠᠳᠤ ᠠᠵᠤ ᠠᠬᠤᠢ ᠠᠷᠠᠯᠵᠢᠶᠠᠨ᠎ᠤ ᠶᠡᠬᠡ ᠰᠤᠷᠭ᠋ᠠᠭᠤᠯᠢ ᠵᠢᠨ ᠤᠯᠤᠰ᠎ᠤᠨ ᠭᠠᠳᠠᠭ᠋ᠠᠳᠤ ᠨᠡᠭᠡᠭᠡᠯᠲᠡ ᠵᠢᠨ ᠰᠤᠳᠤᠯᠭ᠋ᠠᠨ᠎ᠤ ᠬᠦᠷᠢᠶᠡᠯᠡᠩ᠎ᠤᠨ ᠰᠤᠳᠤᠯᠤᠭᠴᠢ ᠯᠢ ᠴᠠᠩ ᠠᠨ ᠬᠡᠯᠡᠪᠡ᠃
ᠦᠢ᠍ᠯᠡᠳᠬᠦ ᠦᠢ᠍ᠯᠡᠰ ᠪᠣᠯ ᠠᠵᠢᠯ ᠣᠯᠭᠣᠯᠲᠠ ᠵᠢᠨ ᠦᠨᠳᠦᠰᠦᠨ ᠦᠨ᠎ᠡ ᠵᠢ ᠲᠣᠭᠲᠠᠪᠤᠷᠢᠵᠢᠭᠤᠯᠬᠤ ᠪᠠ ᠠᠵᠢᠯ ᠣᠯᠭᠣᠯᠲᠠ ᠵᠢᠨ ᠰᠢᠨ᠎ᠡ ᠨᠡᠮᠡᠭᠳᠡᠯ᠎ᠤᠨ ᠴᠡᠭ᠎ᠢ ᠥᠷᠭᠡᠳᠬᠡᠬᠦ ᠵᠢᠨ ᠴᠢᠬᠤᠯᠠ ᠲᠠᠯ᠎ᠠ ᠮᠥᠨ᠃
ᠲᠥᠰᠥᠯ᠎ᠢ ᠦᠨᠳᠦᠰᠦᠯᠡᠪᠡᠯ᠂ ᠮᠠᠨ᠎ᠤ ᠤᠯᠤᠰ ᠰᠢᠨ᠎ᠡ ᠨᠢᠭᠡ ᠡᠭᠡᠯᠵᠢ ᠵᠢᠨ ᠠᠷᠪᠠᠨ ᠶᠡᠬᠡ ᠭᠣᠣᠯᠳᠠᠯᠭ᠎ᠠ᠎ᠲᠠᠢ ᠠᠵᠢᠯ ᠲᠥᠷᠥᠯ᠎ᠤᠨ ᠨᠡᠮᠡᠭᠳᠡᠯ᠎ᠢ ᠲᠣᠭᠲᠠᠪᠤᠷᠢᠵᠢᠭᠤᠯᠬᠤ ᠠᠵᠢᠯ᠎ᠤᠨ ᠲᠥᠰᠥᠯ᠎ᠢ ᠬᠡᠷᠡᠭᠵᠢᠭᠦᠯᠵᠦ᠂ ᠦᠢ᠍ᠯᠡᠳᠬᠦ ᠦᠢ᠍ᠯᠡᠰ᠎ᠤᠨ ᠵᠦᠢ ᠵᠣᠬᠢᠰᠲᠠᠢ ᠬᠤᠪᠢ ᠵᠢᠨ ᠵᠢᠩ᠎ᠤᠨ ᠣᠷᠣᠭᠤᠯᠤᠯᠲᠠ ᠵᠢᠨ ᠲᠣᠭᠲᠠᠴᠠ ᠵᠢ ᠪᠠᠲᠤᠯᠠᠬᠤ ᠲᠤᠬᠠᠢ ᠰᠤᠳᠤᠯᠵᠤ᠂ ᠦᠢ᠍ᠯᠡᠳᠬᠦ ᠦᠢ᠍ᠯᠡᠰ᠎ᠤᠨ ᠠᠵᠢᠯ ᠣᠯᠭᠣᠯᠲᠠ ᠵᠢᠨ ᠬᠡᠪᠴᠢᠶ᠎ᠡ ᠵᠢ ᠲᠣᠭᠲᠠᠪᠤᠷᠢᠵᠢᠭᠤᠯᠤᠨ᠎ᠠ; ᠲᠡᠷᠢᠭᠦᠨ᠎ᠤ ᠦᠢ᠍ᠯᠡᠳᠬᠦ ᠦᠢ᠍ᠯᠡᠰ᠎ᠤᠨ ᠠᠵᠢᠯ ᠣᠯᠭᠣᠯᠲᠠ ᠵᠢ ᠠᠬᠢᠭᠤᠯᠬᠤ ᠠᠵᠢᠯᠯᠠᠭ᠎ᠠ ᠵᠢ ᠦᠷᠭᠦᠯᠵᠢᠯᠡᠨ ᠥᠷᠨᠢᠭᠦᠯᠵᠦ᠂ ᠣᠶᠤᠨᠴᠢ ᠲᠣᠨᠣᠭᠯᠠᠯ᠂ ᠡᠯᠧᠺᠲᠷᠣᠨ ᠮᠡᠳᠡᠭᠡ ᠵᠠᠩᠭᠢ᠂ ᠠᠮᠢᠳᠤ ᠪᠣᠳᠠᠰ᠎ᠤᠨ ᠡᠮ ᠡᠮᠨᠡᠯᠭᠡ᠂ ᠣᠢ᠌ᠷ᠎ᠠ ᠣᠭᠲᠠᠷᠭᠤᠢ ᠵᠢᠨ ᠠᠵᠤ ᠠᠬᠤᠢ ᠵᠡᠷᠭᠡ ᠠᠵᠢᠯ ᠣᠯᠭᠣᠯᠲᠠ ᠵᠢᠨ ᠰᠢᠨ᠎ᠡ ᠣᠷᠣᠨ ᠵᠠᠢ ᠵᠢ ᠪᠣᠢ᠌ᠵᠢᠭᠤᠯᠤᠨ᠎ᠠ; 《ᠵᠣᠬᠢᠶᠠᠮᠠᠯ ᠤᠶᠤᠨ ᠴᠢᠳᠠᠪᠤᠷᠢ +》 ᠠᠵᠢᠯᠯᠠᠭ᠎ᠠ ᠵᠢ ᠬᠡᠷᠡᠭᠵᠢᠭᠦᠯᠵᠦ᠂ ᠰᠢᠨ᠎ᠡ᠎ᠪᠠᠷ ᠬᠥᠭᠵᠢᠭᠰᠡᠨ ᠮᠡᠷᠭᠡᠵᠢᠯ᠎ᠤᠨ ᠡᠭᠦᠳᠦᠨ ᠪᠦᠲᠦᠭᠡᠬᠦ ᠠᠵᠢᠯ ᠣᠯᠭᠣᠯᠲᠠ ᠵᠢᠨ ᠦᠢ᠍ᠯᠡᠳᠦᠯ᠎ᠢ ᠴᠢᠩᠭ᠋ᠠᠳᠬᠠᠨ᠎ᠠ᠃
ᠬᠡᠷᠡᠭᠯᠡᠭᠡ ᠵᠢ ᠥᠷᠭᠡᠳᠬᠡᠬᠦ ᠲᠠᠯ᠎ᠠ᠎ᠪᠠᠷ᠂ ᠲᠥᠰᠥᠯ᠎ᠳᠤ ᠬᠡᠷᠡᠭᠯᠡᠭᠡ ᠵᠢᠨ ᠰᠢᠨ᠎ᠡ ᠬᠠᠯᠠᠭᠤᠨ ᠴᠡᠭ᠎ᠢ ᠠᠵᠢᠯ ᠣᠯᠭᠣᠯᠲᠠ ᠵᠢᠨ ᠰᠢᠨ᠎ᠡ ᠠᠷᠭ᠎ᠠ ᠵᠠᠮ ᠪᠣᠯᠭ᠋ᠠᠨ ᠬᠤᠪᠢᠷᠠᠭᠤᠯᠬᠤ ᠵᠢ ᠠᠬᠢᠭᠤᠯᠤᠨ᠎ᠠ ᠭᠡᠵᠦ ᠳᠤᠷᠠᠳᠴᠠᠢ᠃ ᠡᠭᠦᠨ᠎ᠤ ᠵᠡᠷᠭᠡᠴᠡᠭᠡᠪᠡᠷ ᠴᠢᠬᠤᠯᠠ ᠶᠡᠬᠡ ᠢᠨᠵᠧᠨᠧᠷᠢᠩ᠎ᠤᠨ ᠲᠥᠷᠥᠯ ᠵᠦᠢ᠍ᠯᠡᠰ᠎ᠤᠨ ᠪᠦᠲᠦᠭᠡᠨ ᠪᠠᠢ᠌ᠭᠤᠯᠤᠯᠲᠠ ᠵᠢᠨ ᠠᠵᠢᠯ ᠣᠯᠭᠣᠯᠲᠠ ᠵᠢᠨ ᠨᠡᠮᠡᠭᠳᠡᠯ᠎ᠤᠨ ᠬᠡᠮᠵᠢᠶ᠎ᠡ ᠵᠢ ᠶᠡᠬᠡᠰᠬᠡᠬᠦ ᠲᠠᠯ᠎ᠠ᠎ᠪᠠᠷ᠂ ᠠᠵᠢᠯ ᠣᠯᠭᠣᠬᠤ᠎ᠪᠠᠷ ᠲᠡᠳᠬᠦᠮᠵᠢ ᠵᠢ ᠣᠷᠣᠯᠠᠭᠤᠯᠬᠤ ᠵᠢ ᠬᠡᠷᠡᠭᠵᠢᠭᠦᠯᠬᠦ ᠡᠷᠴᠢᠮ ᠵᠶ᠋ᠡᠨ ᠴᠢᠩᠭ᠋ᠠᠷᠠᠭᠤᠯᠵᠤ᠂ ᠠᠵᠢᠯ ᠣᠯᠭᠣᠬᠤ᠎ᠪᠠᠷ ᠲᠡᠳᠬᠦᠮᠵᠢ ᠵᠢ ᠣᠷᠣᠯᠠᠭᠤᠯᠬᠤ ᠲᠥᠪ᠎ᠤᠨ ᠲᠥᠰᠥᠪ᠎ᠤᠨ ᠳᠣᠲᠣᠷᠠᠬᠢ ᠪᠡᠯᠡ ᠣᠷᠣᠭᠤᠯᠤᠯᠲᠠ ᠵᠢᠨ ᠬᠡᠪᠴᠢᠶ᠎ᠡ ᠵᠢ ᠨᠡᠮᠡᠭᠳᠡᠭᠦᠯᠵᠦ᠂ ᠨᠡᠩ ᠤᠯᠠᠨ ᠣᠷᠣᠯᠭ᠎ᠠ ᠪᠠᠭ᠋ᠠᠲᠠᠢ ᠤᠯᠠᠨ ᠲᠦᠮᠡᠨ᠎ᠢ ᠰᠢᠩᠭᠡᠬᠡᠨ ᠠᠪᠴᠤ ᠲᠤᠬᠠᠢ ᠵᠢᠨ ᠭᠠᠵᠠᠷ᠎ᠲᠤᠨᠢ ᠪᠤᠶᠤ ᠣᠢ᠌ᠷ᠎ᠠ ᠬᠠᠪᠢ᠎ᠳᠤᠨᠢ ᠠᠵᠢᠯ ᠣᠯᠭᠣᠨ᠎ᠠ᠃
ᠠᠷᠠᠳ᠎ᠤᠨ ᠠᠮᠢᠳᠤᠷᠠᠯ᠎ᠤᠨ ᠭᠣᠣᠯᠳᠠᠯᠭ᠎ᠠ᠎ᠲᠠᠢ ᠦᠢ᠍ᠯᠡᠴᠢᠯᠡᠭᠡ ᠵᠢ ᠪᠠᠲᠤᠯᠠᠵᠤ ᠠᠵᠢᠯ ᠣᠯᠭᠣᠯᠲᠠ ᠵᠢ ᠠᠬᠢᠭᠤᠯᠬᠤ ᠵᠢᠨ ᠲᠣᠭᠣᠷᠢᠨ᠎ᠳᠤ᠂ ᠲᠥᠰᠥᠯ᠎ᠳᠤ ᠨᠠᠰᠤᠵᠢᠯ᠎ᠤᠨ ᠦᠢ᠍ᠯᠡᠴᠢᠯᠡᠭᠡᠨ᠎ᠤ ᠠᠵᠤ ᠦᠢ᠍ᠯᠡᠰ᠎ᠢ ᠪᠤᠵᠠᠭ᠋ᠠᠢ᠌ᠷᠠᠭᠤᠯᠵᠤ᠂ ᠨᠠᠰᠤᠵᠢᠯ᠎ᠤᠨ ᠦᠢ᠍ᠯᠡᠴᠢᠯᠡᠭᠡᠨ᠎ᠤ ᠦᠢ᠍ᠯᠡᠴᠢᠯᠡᠭᠴᠢ ᠵᠢᠨ ᠠᠵᠢᠯ ᠮᠡᠷᠭᠡᠵᠢᠯ᠎ᠤᠨ ᠬᠢᠷᠢ ᠬᠡᠮ ᠵᠡᠷᠭᠡ ᠡᠮᠴᠢᠯᠡᠭᠡ ᠡᠷᠡᠭᠦᠯ ᠬᠠᠮᠠᠭ᠋ᠠᠯᠠᠯ᠎ᠤᠨ ᠰᠠᠭᠤᠷᠢ ᠵᠢ ᠴᠢᠩᠭ᠋ᠠᠳᠬᠠᠬᠤ ᠢᠨᠵᠧᠨᠧᠷᠢᠩ᠎ᠢ ᠠᠬᠢᠭᠤᠯᠵᠤ᠂ ᠰᠤᠪᠢᠯᠠᠭᠴᠢ ᠵᠢᠨ ᠡᠩᠨᠡᠭᠡ ᠵᠢᠨ ᠪᠠᠢ᠌ᠭᠤᠯᠤᠯᠲᠠ ᠵᠢ ᠴᠢᠩᠭ᠋ᠠᠳᠬᠠᠨ᠂ ᠡᠯ᠎ᠡ ᠲᠥᠷᠥᠯ᠎ᠤᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠴᠢᠳᠠᠪᠤᠷᠢᠲᠠᠨ᠎ᠢ ᠰᠢᠩᠭᠡᠬᠡᠨ ᠠᠪᠤᠨ᠎ᠠ᠃ ᠨᠡᠢ᠌ᠳᠡᠮ ᠠᠰᠢᠭ ᠬᠦᠷᠲᠡᠭᠡᠬᠦ ᠨᠠᠢ᠌ᠳᠠᠨ ᠬᠥᠮᠥᠵᠢᠭᠦᠯᠬᠦ ᠦᠢ᠍ᠯᠡᠴᠢᠯᠡᠭᠡ ᠵᠢ ᠨᠡᠮᠡᠭᠳᠡᠭᠦᠯᠵᠦ᠂ ᠠᠵᠢᠯ ᠣᠯᠭᠣᠯᠲᠠ ᠵᠢ ᠨᠡᠩ ᠢᠯᠡᠭᠦᠦ ᠰᠢᠩᠭᠡᠬᠡᠨ ᠠᠪᠤᠨ᠎ᠠ᠃
ᠬᠥᠳᠡᠯᠮᠦᠷᠢᠴᠢᠳ᠎ᠤᠨ ᠬᠣᠲᠠ ᠬᠥᠳᠡᠭᠡ ᠵᠢᠨ ᠦᠨᠳᠦᠰᠦᠨ ᠱᠠᠲᠤᠨ᠎ᠤ ᠦᠢ᠍ᠯᠡᠴᠢᠯᠡᠭᠡᠨ᠎ᠤ ᠣᠷᠣᠨ ᠵᠠᠢ ᠵᠢ ᠥᠷᠭᠡᠳᠬᠡᠬᠦ ᠵᠢ ᠪᠣᠳᠣᠯᠬᠢᠯᠠᠨ᠂ ᠲᠥᠰᠥᠯ᠎ᠳᠤ ᠨᠡᠢ᠌ᠭᠡᠮ ᠲᠣᠭᠣᠷᠢᠭ᠎ᠤᠨ ᠲᠤᠰᠬᠠᠢ ᠲᠤᠰᠢᠶᠠᠯᠲᠤ ᠠᠵᠢᠯᠲᠠᠨ᠎ᠤ ᠠᠵᠢᠯ᠎ᠤᠨ ᠪᠠᠢ᠌ᠷᠢ ᠵᠢᠨ 《ᠭᠤᠷᠪᠠ ᠵᠢ ᠲᠡᠮᠵᠢᠵᠦ ᠨᠢᠭᠡ ᠵᠢ ᠲᠡᠳᠬᠦᠬᠦ》 ᠲᠥᠯᠥᠪᠯᠡᠭᠡ᠂ 《ᠪᠠᠷᠠᠭᠤᠨ ᠣᠷᠣᠨ᠎ᠤ ᠲᠥᠯᠥᠪᠯᠡᠭᠡ》 ᠵᠢᠨ ᠡᠯᠰᠡᠬᠦ ᠬᠡᠪᠴᠢᠶ᠎ᠡ ᠵᠢ ᠵᠣᠬᠢᠰᠲᠠᠢ᠎ᠪᠠᠷ ᠥᠷᠭᠡᠳᠬᠡᠨ᠎ᠡ; ᠬᠠᠤᠯᠢ ᠵᠢᠨ ᠤᠬᠠᠭ᠋ᠠᠨ᠎ᠤ ᠲᠤᠰᠬᠠᠢ ᠮᠡᠷᠭᠡᠵᠢᠯ᠎ᠠᠴᠠ ᠲᠡᠭᠦᠰᠦᠭᠰᠡᠳ᠂ ᠬᠠᠤᠯᠢᠴᠢ ᠵᠢᠨ ᠠᠵᠢᠯ ᠮᠡᠷᠭᠡᠵᠢᠯ᠎ᠤᠨ ᠳᠠᠳᠤᠯᠭ᠎ᠠ ᠵᠢᠨ ᠬᠥᠮᠥᠰ᠎ᠢ ᠬᠥᠲᠥᠯᠥᠨ ᠵᠢᠯᠤᠭᠣᠳᠴᠤ ᠪᠠᠢ᠌ᠭ᠋ᠠᠳ ᠪᠠᠷᠠᠭᠤᠨ ᠬᠡᠰᠡᠭ᠎ᠤᠨ ᠭᠠᠵᠠᠷ ᠣᠷᠣᠨ᠎ᠤ ᠦᠨᠳᠦᠰᠦᠨ ᠱᠠᠲᠤᠨ᠎ᠳᠤ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠦᠢ᠍ᠯᠡᠴᠢᠯᠡᠭᠡ ᠦᠵᠡᠬᠦᠯᠬᠦ ᠵᠢ ᠬᠥᠲᠥᠯᠥᠨ ᠵᠢᠯᠣᠭᠣᠳᠤᠨ᠎ᠠ᠃
ᠠᠯᠢ ᠣᠯᠠᠨ ᠠᠵᠢᠯ ᠡᠷᠢᠭᠰᠡᠳ᠎ᠤᠨ ᠠᠩᠬᠠᠷᠤᠯ ᠲᠠᠯᠪᠢᠵᠤ ᠪᠠᠢ᠌ᠭ᠎ᠠ ᠠᠯᠪᠠᠨ ᠪᠠᠢ᠌ᠭᠤᠯᠭ᠎ᠠ ᠠᠵᠢᠯ ᠦᠢ᠍ᠯᠡᠰ᠎ᠤᠨ ᠨᠢᠭᠡᠴᠢ ᠪᠣᠯᠣᠨ ᠤᠯᠤᠰ᠎ᠤᠨ ᠥᠮᠴᠢᠯᠡᠯᠲᠦ ᠠᠵᠤ ᠠᠬᠤᠢ᠌ᠯᠠᠯ᠎ᠤᠨ ᠠᠵᠢᠯᠲᠠᠨ ᠡᠯᠰᠡᠬᠦ ᠠᠵᠢᠯ᠎ᠳᠤ ᠴᠢᠭᠯᠡᠭᠦᠯᠦᠨ᠂ ᠲᠥᠰᠥᠯ᠎ᠳᠤ ᠡᠯ᠎ᠡ ᠭᠠᠵᠠᠷ᠎ᠤᠨ ᠰᠤᠷᠭ᠋ᠠᠨ ᠬᠥᠮᠦᠵᠢᠯ᠎ᠤᠨ ᠲᠥᠷᠥᠯ᠂ ᠡᠷᠡᠭᠦᠯ ᠬᠠᠮᠠᠭ᠋ᠠᠯᠠᠯ᠎ᠤᠨ ᠲᠥᠷᠥᠯ ᠵᠡᠷᠭᠡ ᠠᠵᠢᠯ ᠦᠢ᠍ᠯᠡᠰ᠎ᠤᠨ ᠨᠢᠭᠡᠴᠢ ᠵᠢᠨ ᠣᠷᠣᠨ ᠲᠣᠭ᠎ᠠ ᠵᠢᠨ ᠡᠬᠢ ᠪᠠᠶᠠᠯᠢᠭ᠎ᠢ ᠠᠮᠢᠳᠤᠯᠢᠭ ᠪᠣᠯᠭ᠋ᠠᠵᠤ᠂ ᠠᠵᠢᠯᠲᠠᠨ ᠡᠯᠰᠡᠬᠦ ᠵᠣᠬᠢᠶᠠᠨ ᠪᠠᠢ᠌ᠭᠤᠯᠤᠯᠲᠠ ᠵᠢ ᠲᠦᠷᠭᠡᠳᠬᠡᠬᠦ ᠵᠢ ᠪᠠᠭᠲᠠᠭ᠋ᠠᠭᠰᠠᠨ ᠠᠯᠢ ᠣᠯᠠᠨ ᠰᠢᠨ᠎ᠡ ᠠᠷᠭ᠎ᠠ ᠬᠡᠮᠵᠢᠶ᠎ᠡ ᠵᠢ ᠳᠤᠷᠠᠳᠤᠨ ᠭᠠᠷᠭ᠋ᠠᠪᠠ; ᠳᠡᠭᠡᠳᠦ ᠵᠡᠷᠭᠡ ᠵᠢᠨ ᠰᠤᠷᠭ᠋ᠠᠭᠤᠯᠢ ᠵᠢᠨ ᠰᠤᠷᠤᠯᠭ᠎ᠠ ᠵᠢ ᠲᠡᠳᠬᠦᠬᠦ ᠬᠠᠮᠢᠶᠠᠷᠤᠯᠲᠠ ᠵᠢ ᠲᠤᠰᠠᠯᠠᠬᠤ ᠠᠵᠢᠯ᠎ᠤᠨ ᠪᠠᠢ᠌ᠷᠢ ᠪᠤᠶᠤ ᠠᠵᠢᠯ ᠣᠯᠭᠣᠯᠲᠠ ᠵᠢᠨ ᠳᠠᠳᠤᠯᠭ᠎ᠠ ᠵᠢᠨ ᠠᠵᠢᠯ᠎ᠤᠨ ᠪᠠᠢ᠌ᠷᠢ ᠭᠠᠷᠭ᠋ᠠᠬᠤ ᠵᠢ ᠠᠬᠢᠭᠤᠯᠵᠤ᠂ ᠬᠠᠮᠢᠶ᠎ᠠ ᠪᠦᠬᠦᠢ ᠨᠢᠭᠡᠴᠢ ᠵᠢᠨ ᠡᠷᠳᠡᠮ ᠰᠢᠨᠵᠢᠯᠡᠭᠡᠨ᠎ᠤ ᠲᠤᠰᠠᠯᠠᠭᠴᠢ ᠵᠢᠨ ᠠᠵᠢᠯ᠎ᠤᠨ ᠪᠠᠢ᠌ᠷᠢ ᠵᠢ ᠨᠡᠭᠡᠭᠡᠨ ᠬᠥᠭᠵᠢᠭᠦᠯᠬᠦ ᠡᠷᠴᠢᠮ ᠵᠶ᠋ᠡᠨ ᠴᠢᠩᠭ᠋ᠠᠷᠠᠭᠤᠯᠬᠤ ᠵᠢ ᠲᠡᠮᠵᠢᠨ᠎ᠡ; ᠤᠯᠤᠰ᠎ᠤᠨ ᠥᠮᠴᠢᠯᠡᠯᠲᠦ ᠠᠵᠤ ᠠᠬᠤᠢ᠌ᠯᠠᠯ᠎ᠤᠨ ᠲᠦᠷᠦᠭᠦᠯᠡᠨ ᠠᠵᠢᠯ ᠣᠯᠭᠣᠯᠲᠠ ᠵᠢ ᠰᠢᠩᠭᠡᠬᠡᠨ ᠠᠪᠬᠤ ᠵᠢ ᠵᠣᠷᠢᠭᠵᠢᠭᠤᠯᠤᠨ᠎ᠠ᠃
1.9 ᠳ᠋ᠦᠩᠰᠢᠭᠤᠷ ᠰᠢᠬᠠᠮ ᠡᠷᠦᠬᠡ ᠡᠵᠡᠩᠨᠡᠯᠲᠡ ᠵᠢᠨ ᠭᠣᠣᠯ ᠴᠣᠭᠴᠠ᠎ᠨᠢ ᠬᠡᠳᠦᠨ ᠳ᠋ᠦᠩᠰᠢᠭᠤᠷ ᠬᠥᠮᠥᠨ᠎ᠤ ᠠᠵᠢᠯ ᠣᠯᠵᠤ ᠦᠢ᠍ᠯᠡᠰ ᠪᠣᠰᠬᠠᠬᠤ ᠵᠢ ᠠᠴᠢᠶᠠᠯᠠᠵᠤ᠂ ᠠᠵᠢᠯ ᠣᠯᠭᠣᠯᠲᠠ ᠵᠢ ᠲᠣᠭᠲᠠᠭᠤᠨ ᠪᠠᠢ᠌ᠯᠭ᠋ᠠᠬᠤ ᠵᠢᠨ ᠵᠠᠩᠭᠢᠯᠠᠭ᠎ᠠ ᠵᠢᠨ ᠭᠣᠭᠴᠣᠭ᠎ᠠ ᠮᠥᠨ᠃
ᠠᠵᠢᠯ ᠠᠯᠳᠠᠯᠲᠠ᠂ ᠠᠵᠢᠯ᠎ᠤᠨ ᠬᠠᠷᠠᠭ᠎ᠠ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ᠎ᠤᠨ ᠰᠦᠢ᠍ᠳᠬᠡᠯ᠎ᠤᠨ ᠨᠤᠷᠮ᠎ᠠ ᠵᠢ ᠱᠠᠲᠤᠯᠠᠨ ᠪᠠᠭᠤᠷᠠᠭᠤᠯᠬᠤ ᠲᠥᠷᠥ ᠵᠢᠨ ᠪᠣᠳᠣᠯᠭ᠎ᠠ ᠵᠢ ᠦᠷᠬᠦᠯᠵᠢᠯᠡᠨ ᠬᠡᠷᠡᠭᠵᠢᠭᠦᠯᠦᠨ᠎ᠡ; ᠬᠥᠮᠥᠨ ᠬᠠᠰᠤᠭᠰᠠᠨ ᠦᠭᠡᠢ ᠪᠤᠶᠤ ᠬᠥᠮᠥᠨ ᠴᠥᠭᠡᠨ ᠬᠠᠰᠤᠭᠰᠠᠨ ᠬᠥᠳᠡᠯᠮᠦᠷᠢ ᠨᠢᠭᠲᠠᠷᠠᠭᠰᠠᠨ ᠬᠡᠯᠪᠡᠷᠢ ᠵᠢᠨ ᠠᠵᠤ ᠠᠬᠤᠢ᠌ᠯᠠᠯ ᠵᠡᠷᠭᠡ ᠲᠣᠭᠲᠠᠭᠤᠨ ᠠᠵᠢᠯ ᠣᠯᠭᠣᠯᠲᠠ ᠵᠢ ᠠᠬᠢᠭᠤᠯᠤᠭᠰᠠᠨ ᠠᠵᠤ ᠠᠬᠤᠢ᠌ᠯᠠᠯ᠎ᠳᠤ ᠮᠥᠩᠭᠥᠨ ᠭᠦᠢ᠍ᠯᠭᠡᠭᠡᠨ᠎ᠤ ᠳᠡᠮᠵᠢᠯᠭᠡ ᠦᠵᠡᠭᠦᠯᠬᠦ ᠡᠷᠴᠢᠮ᠎ᠢ ᠴᠢᠩᠭ᠋ᠠᠷᠠᠭᠤᠯᠤᠨ᠎ᠠ; ᠨᠥᠬᠥᠴᠡᠯ᠎ᠳᠤ ᠨᠡᠢ᠌ᠴᠡᠬᠦ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢ ᠨᠢᠭᠡ ᠤᠳᠠᠭ᠎ᠠ ᠵᠢᠨ ᠴᠢᠨᠠᠷᠲᠠᠢ ᠠᠵᠢᠯ᠎ᠤᠨ ᠪᠠᠢ᠌ᠷᠢ ᠵᠢ ᠥᠷᠭᠡᠳᠬᠡᠬᠦ ᠨᠥᠬᠥᠪᠦᠷᠢ ᠵᠢᠨ ᠲᠥᠷᠥ ᠵᠢᠨ ᠪᠣᠳᠣᠯᠭ᠎ᠠ ᠵᠢᠨ ᠬᠡᠪᠴᠢᠶᠡᠨ᠎ᠳᠤ ᠣᠷᠣᠭᠤᠯᠬᠤ ᠵᠢ ᠰᠤᠳᠤᠯᠤᠨ ᠲᠣᠭᠲᠠᠭ᠋ᠠᠨ᠎ᠠ; ᠤᠯᠤᠰ᠎ᠤᠨ ᠥᠮᠴᠢᠯᠡᠯᠲᠦ ᠠᠵᠤ ᠠᠬᠤᠢ᠌ᠯᠠᠯ᠎ᠤᠨ ᠨᠢᠭᠡ ᠤᠳᠠᠭ᠎ᠠ ᠵᠢᠨ ᠴᠢᠨᠠᠷᠲᠠᠢ ᠬᠥᠮᠥᠨ ᠪᠠ ᠪᠡᠯᠡ ᠮᠥᠩᠭᠥ ᠵᠢ ᠨᠡᠮᠡᠭᠳᠡᠭᠦᠯᠬᠦ ᠲᠦᠷᠦ ᠵᠢᠨ ᠪᠣᠳᠣᠯᠭ᠎ᠠ ᠵᠢ ᠬᠡᠷᠡᠭᠵᠢᠭᠦᠯᠬᠦ ᠬᠤᠭᠤᠴᠠᠭ᠎ᠠ ᠵᠢ 2026 ᠣᠨ᠎ᠤ ᠡᠴᠦᠰ ᠪᠣᠯᠲᠠᠯ᠎ᠠ ᠤᠷᠲᠤᠳᠬᠠᠨ᠎ᠠ; ᠨᠥᠬᠥᠴᠡᠯ᠎ᠲᠠᠢ ᠭᠠᠵᠠᠷ ᠣᠷᠣᠨ᠎ᠤ᠎ᠬᠢᠨ᠎ᠤ ᠦᠢ᠍ᠯᠡᠰ ᠪᠣᠰᠬᠠᠬᠤ ᠲᠠᠭ᠋ᠠᠭ᠋ᠠᠠᠯᠳᠠᠳᠤ ᠵᠢᠭᠡᠯᠡᠯᠭᠡ ᠵᠢᠨ ᠲᠣᠭ᠎ᠠ ᠬᠡᠮᠵᠢᠶ᠎ᠡ᠎ᠪᠠᠨ ᠳᠡᠭᠡᠭᠰᠢᠯᠡᠭᠦᠯᠬᠦ ᠵᠢ ᠵᠣᠷᠢᠭᠵᠢᠭᠤᠯᠤᠨ᠎ᠠ ᠁ ᠲᠥᠰᠥᠯ᠎ᠳᠤ ᠠᠯᠢ ᠣᠯᠠᠨ ᠪᠣᠳᠠᠲᠠᠢ ᠵᠢ ᠡᠷᠬᠢᠮᠯᠡᠬᠦ ᠠᠷᠭ᠎ᠠ ᠬᠡᠮᠵᠢᠶ᠎ᠡ᠎ᠪᠠᠷ ᠳᠠᠷᠤᠭ᠋ᠠᠰᠤ ᠵᠢ ᠬᠥᠩᠭᠡᠯᠡᠵᠦ ᠠᠵᠢᠯ᠎ᠤᠨ ᠪᠠᠢ᠌ᠷᠢ ᠵᠢ ᠲᠣᠭᠲᠠᠪᠤᠷᠢᠵᠢᠭᠤᠯᠬᠤ ᠵᠢ ᠳᠡᠮᠵᠢᠬᠦ ᠡᠷᠴᠢᠮ ᠵᠶ᠋ᠡᠨ ᠴᠢᠩᠭ᠋ᠠᠷᠠᠭᠤᠯᠵᠤ᠂ ᠦᠢ᠍ᠯᠡᠰ ᠪᠣᠰᠬᠠᠬᠤ᠎ᠪᠠᠷ ᠠᠵᠢᠯ ᠣᠯᠭᠣᠯᠲᠠ ᠵᠢ ᠳᠠᠢ᠌ᠴᠢᠯᠠᠬᠤ ᠳᠠᠬᠢᠨ ᠵᠶ᠋ᠠᠷ ᠨᠡᠮᠡᠭᠳᠡᠭᠦᠯᠬᠦ ᠦᠢ᠍ᠯᠡᠳᠦᠯ᠎ᠢ ᠪᠠᠳᠠᠷᠠᠭᠤᠯᠤᠨ᠎ᠠ᠃
《ᠡᠨᠡ ᠵᠢᠯ᠎ᠠᠴᠠ ᠨᠠᠭ᠋ᠠᠰᠢ᠂ ᠮᠠᠨ᠎ᠤ ᠤᠯᠤᠰ᠎ᠤᠨ ᠠᠵᠢᠯ ᠣᠯᠭᠣᠯᠲᠠ ᠵᠢᠨ ᠪᠠᠢ᠌ᠳᠠᠯ ᠶᠡᠷᠦᠩᠬᠡᠢ᠎ᠳᠡᠭᠡᠨ ᠲᠣᠭᠲᠠᠭᠤᠨ ᠪᠠᠢ᠌ᠨ᠎ᠠ᠂ ᠡᠭᠦᠨ᠎ᠤ ᠵᠡᠷᠭᠡ᠎ᠳᠤ ᠪᠠᠰᠠ ᠨᠠᠷᠢᠨ ᠪᠤᠳᠤᠯᠢᠶᠠᠨᠲᠠᠢ ᠪᠥᠭᠡᠳ ᠬᠦᠨᠳᠦ ᠬᠡᠴᠡᠭᠦᠦ ᠭᠠᠳᠠᠭ᠋ᠠᠳᠤ ᠣᠷᠴᠢᠨ ᠨᠥᠬᠥᠴᠡᠯ᠎ᠤᠨ ᠡᠮᠦᠨ᠎ᠡ᠂ ᠬᠡᠰᠡᠭ ᠠᠵᠤ ᠠᠬᠤᠢ᠌ᠯᠠᠯ᠎ᠤᠨ ᠡᠵᠡᠩᠨᠡᠯᠲᠡ᠎ᠳᠤ ᠪᠠᠰᠠ ᠵᠣᠬᠢᠬᠤ ᠬᠦᠴᠢᠷᠳᠡᠯ ᠣᠷᠣᠰᠢᠵᠤ ᠪᠠᠢ᠌ᠬᠤ ᠵᠢ ᠣᠯᠵᠤ ᠬᠠᠷᠠᠬᠤ ᠬᠡᠷᠡᠭᠲᠡᠢ᠂ ᠵᠠᠰᠠᠭ᠎ᠤᠨ ᠣᠷᠳᠣᠨ᠎ᠠᠴᠠ 〈ᠦᠨᠡᠨ ᠮᠥᠩᠭᠥ〉 ᠭᠠᠷᠭ᠋ᠠᠵᠤ᠂ ᠭᠠᠢ᠌ᠯᠢ ᠲᠠᠲᠠᠪᠤᠷᠢ ᠵᠢᠨ ᠬᠠᠷᠠᠭ᠋ᠠᠯᠵᠠᠯ᠂ ᠲᠠᠭ᠋ᠠᠭ᠋ᠠᠯᠳᠠ᠎ᠳᠤ ᠵᠢᠭᠡᠯᠡᠯᠭᠡ᠂ ᠠᠵᠢᠯ ᠣᠯᠭᠣᠯᠲᠠ ᠵᠢᠨ ᠨᠥᠬᠥᠪᠦᠷᠢ ᠵᠡᠷᠭᠡ ᠡᠯ᠎ᠡ ᠵᠦᠢ᠍ᠯ᠎ᠤᠨ ᠲᠥᠷᠥ ᠵᠢᠨ ᠪᠣᠳᠣᠯᠭ᠎ᠠ ᠵᠢ ᠴᠠᠭ ᠲᠤᠬᠠᠢᠳᠤᠨᠢ ᠬᠡᠷᠡᠭᠵᠢᠭᠦᠯᠵᠦ᠂ ᠠᠵᠤ ᠠᠬᠤᠢ᠌ᠯᠠᠯ᠎ᠤᠨ ᠠᠵᠢᠯ ᠣᠯᠭᠣᠯᠲᠠ ᠵᠢ ᠨᠡᠩ ᠢᠯᠡᠭᠦᠦ ᠰᠢᠩᠭᠡᠬᠡᠨ ᠠᠪᠬᠤ ᠵᠢ ᠵᠣᠷᠢᠭᠵᠢᠭᠤᠯᠬᠤ ᠪᠣᠯᠣᠨ᠎ᠠ》 ᠭᠡᠵᠦ ᠯᠢ ᠴᠠᠩ ᠠᠨ ᠬᠡᠯᠡᠪᠡ᠃
ᠡᠨᠡ ᠵᠢᠯ ᠲᠤᠰ ᠬᠤᠭᠤᠴᠠᠭ᠋ᠠᠨ᠎ᠤ ᠳᠡᠭᠡᠳᠦ ᠰᠤᠷᠭ᠋ᠠᠭᠤᠯᠢ᠎ᠠᠴᠠ ᠲᠡᠭᠦᠰᠦᠭᠰᠡᠨ ᠰᠤᠷᠤᠭᠴᠢ 1222 ᠲᠦᠮᠡ᠎ᠳᠤ ᠬᠦᠷᠴᠦ᠂ ᠶᠠᠳᠠᠭᠤ᠎ᠠᠴᠠ ᠠᠩᠭᠢᠵᠢᠷᠠᠭᠰᠠᠨ ᠬᠥᠮᠥᠨ ᠠᠮᠠ ᠵᠢᠨ ᠠᠵᠢᠯ ᠬᠢᠬᠦ ᠬᠡᠪᠴᠢᠶ᠎ᠡ ᠵᠢ 3000 ᠲᠦᠮᠡ᠎ᠠᠴᠠ ᠳᠡᠭᠡᠭᠰᠢ ᠪᠠᠢ᠌ᠯᠭ᠋ᠠᠬᠤ ᠴᠢᠬᠤᠯᠠᠲᠠᠢ ᠪᠥᠭᠡᠳ ᠪᠠᠰᠠ ᠬᠥᠳᠡᠭᠡ ᠲᠣᠰᠬᠣᠨ᠎ᠠᠴᠠ ᠰᠢᠯᠵᠢᠭᠰᠡᠨ ᠨᠡᠯᠢᠶᠡᠳ ᠲᠣᠭ᠋ᠠᠨ᠎ᠤ ᠬᠥᠳᠡᠯᠮᠦᠷᠢ ᠵᠢᠨ ᠬᠦᠴᠦᠨ᠎ᠤ ᠲᠣᠭᠲᠠᠭᠤᠨ ᠵᠶ᠋ᠠᠷ ᠠᠵᠢᠯ ᠣᠯᠬᠤ ᠵᠢ ᠪᠠᠲᠤᠯᠠᠬᠤ ᠴᠢᠬᠤᠯᠠᠲᠠᠢ ᠶᠤᠮ᠃ ᠶᠡᠷᠦᠩᠬᠡᠢ᠎ᠳᠤ᠎ᠨᠢ ᠠᠪᠴᠤ ᠦᠵᠡᠪᠡᠯ᠂ ᠠᠵᠢᠯ ᠣᠯᠭᠣᠯᠲᠠ ᠵᠢᠨ ᠶᠡᠷᠦᠩᠬᠡᠢ ᠬᠡᠮᠵᠢᠶᠡᠨ᠎ᠤ ᠳᠠᠷᠤᠯᠲᠠ ᠪᠠᠭᠤᠷᠠᠬᠤ ᠦᠭᠡᠢ᠂ ᠪᠦᠲᠦᠴᠡ ᠵᠢᠨ ᠴᠢᠨᠠᠷᠲᠠᠢ ᠵᠥᠷᠢᠴᠡᠯ ᠨᠡᠩ ᠲᠣᠪᠣᠢ᠌ᠮ᠎ᠠ ᠪᠣᠯᠵᠤ ᠪᠠᠢ᠌ᠨ᠎ᠠ᠃
ᠯᠢ ᠴᠠᠩ ᠠᠨ᠎ᠤ ᠦᠵᠡᠬᠦ᠎ᠪᠠᠷ᠂ ᠲᠥᠰᠥᠯ᠎ᠳᠤ ᠶᠡᠬᠡ ᠬᠡᠪᠴᠢᠶᠡᠨ᠎ᠤ ᠠᠵᠢᠯ ᠮᠡᠷᠭᠡᠵᠢᠯ᠎ᠤᠨ ᠤᠷ᠎ᠠ ᠮᠡᠷᠭᠡᠵᠢᠯ᠎ᠤᠨ ᠪᠣᠯᠪᠠᠰᠤᠷᠠᠯ᠎ᠢ ᠪᠠᠢ᠌ᠷᠢᠯᠠᠭᠤᠯᠤᠨ ᠥᠷᠨᠢᠭᠦᠯᠬᠦ᠎ᠨᠢ ᠪᠦᠲᠦᠴᠡ ᠵᠢᠨ ᠴᠢᠨᠠᠷᠲᠠᠢ ᠠᠵᠢᠯ ᠣᠯᠭᠣᠯᠲᠠ ᠵᠢᠨ ᠵᠥᠷᠢᠴᠡᠯ᠎ᠢ ᠰᠢᠢ᠍ᠳᠪᠦᠷᠢᠯᠡᠬᠦ᠎ᠳᠤ ᠲᠤᠢ᠌ᠯ᠎ᠤᠨ ᠴᠢᠬᠤᠯᠠ ᠶᠤᠮ᠃ 《ᠠᠵᠤ ᠦᠢ᠍ᠯᠡᠰ᠎ᠤᠨ ᠬᠡᠯᠪᠡᠷᠢ ᠵᠢ ᠬᠤᠪᠢᠷᠠᠭᠤᠯᠤᠨ ᠳᠡᠰ ᠳᠡᠪᠰᠢᠬᠦ ᠵᠢᠨ ᠲᠦᠷᠭᠡᠳᠬᠦ ᠵᠢ ᠳᠠᠭ᠋ᠠᠯᠳᠤᠨ᠂ ᠠᠵᠤ ᠠᠬᠤᠢ᠌ᠯᠠᠯ᠎ᠤᠨ ᠬᠥᠮᠥᠨ ᠬᠡᠷᠡᠭᠯᠡᠬᠦ ᠱᠠᠭ᠋ᠠᠷᠳᠠᠯᠭ᠎ᠠ ᠴᠤ᠌ ᠬᠤᠪᠢᠷᠠᠵᠤ ᠳᠡᠭᠡᠭᠰᠢᠯᠡᠵᠦ ᠪᠠᠢ᠌ᠨ᠎ᠠ᠂ ᠬᠥᠳᠡᠯᠮᠦᠷᠢᠴᠢᠳ᠎ᠤᠨ ᠬᠡᠪ ᠴᠢᠨᠠᠷ ᠪᠣᠯᠣᠨ ᠤᠷ᠎ᠠ ᠮᠡᠷᠭᠡᠵᠢᠯ᠎ᠤᠨ ᠬᠢᠷᠢ ᠲᠦᠪᠰᠢᠨ᠎ᠢ ᠳᠡᠭᠡᠭᠰᠢᠯᠡᠭᠦᠯᠪᠡᠯ ᠰᠠᠶᠢ ᠬᠥᠳᠡᠯᠮᠦᠷᠢᠴᠢᠳ᠎ᠤᠨ ᠥᠷᠢᠰᠦᠯᠳᠦᠬᠦ ᠬᠦᠴᠦᠨ ᠪᠣᠯᠣᠨ ᠠᠵᠢᠯ ᠣᠯᠭᠣᠯᠲᠠ ᠵᠢᠨ ᠴᠢᠨᠠᠷ ᠴᠢᠨᠰᠠᠭ᠎ᠠ ᠵᠢ ᠦᠨᠡᠨ ᠬᠦ᠌ ᠳᠡᠭᠡᠭᠰᠢᠯᠡᠭᠦᠯᠵᠦ ᠴᠢᠳᠠᠨ᠎ᠠ ᠃ 》
ᠲᠥᠰᠥᠯ᠎ᠳᠤ ᠪᠠᠰᠠ᠂ ᠨᠠᠭ᠋ᠠᠲᠤ ᠵᠠᠬ᠎ᠠ ᠵᠢᠨ ᠴᠠᠯᠢᠩ᠎ᠤᠨ ᠪᠠᠷᠢᠮᠵᠢᠶ᠎ᠠ᠎ᠳᠤ ᠵᠣᠬᠢᠰᠲᠠᠢ ᠲᠣᠬᠢᠷᠠᠭᠤᠯᠤᠯᠲᠠ ᠬᠢᠵᠦ᠂ ᠣᠷᠣᠯᠭ᠎ᠠ ᠪᠠᠭ᠋ᠠᠲᠠᠢ ᠬᠥᠳᠡᠯᠮᠦᠷᠢᠴᠢᠳ᠎ᠤᠨ ᠬᠥᠳᠡᠯᠮᠦᠷᠢ ᠵᠢᠨ ᠬᠥᠯᠥᠰᠦ ᠣᠯᠭᠣᠮᠵᠢ ᠵᠢᠨ ᠡᠷᠬᠡ ᠠᠰᠢᠭ᠎ᠢ ᠪᠠᠲᠤᠯᠠᠨ᠎ᠠ᠃ ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠵᠠᠬ᠎ᠠ ᠳᠡᠯᠭᠡᠭᠦᠷ᠎ᠤᠨ ᠡᠮᠬᠢ ᠳᠢᠭᠯᠢᠮ᠎ᠢ ᠢᠯᠭ᠋ᠠᠷᠠᠭᠤᠯᠤᠨ ᠴᠡᠭᠴᠡᠯᠡᠬᠦ ᠲᠤᠰᠬᠠᠢ ᠠᠵᠢᠯᠯᠠᠭ᠎ᠠ ᠵᠢ ᠦᠷᠭᠦᠯᠵᠢᠯᠡᠨ ᠥᠷᠨᠢᠭᠦᠯᠵᠦ᠂ ᠠᠵᠢᠯ ᠣᠯᠭᠣᠯᠲᠠ ᠵᠢᠨ ᠭᠠᠳᠠᠭᠤᠷᠴᠢᠯᠠᠯ᠂ ᠬᠠᠷ᠎ᠠ ᠠᠵᠢᠯ ᠮᠡᠷᠭᠡᠵᠢᠯ᠎ᠤᠨ ᠲᠠᠨᠢᠯᠴᠠᠭᠤᠯᠭ᠎ᠠ᠂ ᠤᠷᠢᠵᠤ ᠬᠡᠷᠡᠭᠯᠡᠬᠦ ᠮᠡᠬᠡᠯᠡᠯ ᠵᠡᠷᠭᠡ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠬᠠᠤᠯᠢ ᠶᠣᠰᠣᠭ᠋ᠠᠷ ᠪᠠᠢ᠌ᠴᠠᠭ᠋ᠠᠨ ᠰᠢᠢ᠍ᠳᠪᠦᠷᠢᠯᠡᠨ᠎ᠡ ᠭᠡᠵᠦ ᠳᠤᠷᠠᠳᠴᠠᠢ᠃ ᠲᠤᠰᠬᠠᠢ ᠮᠡᠷᠭᠡᠵᠢᠯᠲᠡᠨ ᠢᠯᠡᠷᠬᠡᠢ᠌ᠯᠡᠬᠦ᠎ᠳᠡᠭᠡᠨ᠂ ᠬᠣᠯᠪᠣᠭᠳᠠᠯ ᠪᠦᠬᠦᠢ ᠠᠷᠭ᠎ᠠ ᠬᠡᠮᠵᠢᠶ᠎ᠡ᠎ᠨᠢ ᠬᠥᠳᠡᠯᠮᠦᠷᠢᠴᠢᠳ᠎ᠤᠨ ᠬᠠᠤᠯᠢ ᠶᠣᠰᠣᠨ᠎ᠤ ᠡᠷᠬᠡ ᠠᠰᠢᠭ᠎ᠤᠨ ᠪᠠᠲᠤᠯᠠᠭ᠎ᠠ ᠵᠢ ᠠᠬᠢᠭᠤᠯᠵᠤ᠂ ᠴᠢᠨᠠᠷ ᠰᠠᠢ᠌ᠲᠠᠢ ᠪᠥᠭᠡᠳ ᠭᠦᠢ᠍ᠴᠡᠳ ᠠᠵᠢᠯ ᠣᠯᠭᠣᠯᠲᠠ᠎ᠳᠤ ᠬᠦᠴᠦᠨ ᠨᠡᠮᠡᠷᠢᠯᠡᠬᠦ ᠪᠣᠯᠣᠨ᠎ᠠ ᠭᠡᠵᠡᠢ᠃ (ᠵᠢᠶᠠᠩ ᠯᠢᠨ)