ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ᠎ᠤᠨ ᠬᠥᠳᠡᠯᠮᠦᠷᠢ ᠵᠢᠨ ᠬᠠᠷᠢᠴᠠᠭ᠎ᠠ ᠵᠢ ᠵᠥᠪᠳᠡᠯᠴᠡᠨ ᠵᠣᠬᠢᠴᠠᠭᠤᠯᠬᠤ ᠲᠣᠭᠲᠠᠴᠠ ᠵᠢ ᠲᠡᠭᠦᠯᠳᠡᠷᠵᠢᠭᠦᠯᠵᠦ᠂ ᠬᠥᠳᠡᠯᠮᠦᠷᠢᠴᠢᠳ᠎ᠤᠨ ᠡᠷᠬᠡ ᠠᠰᠢᠭ᠎ᠤᠨ ᠪᠠᠲᠤᠯᠠᠭ᠎ᠠ ᠵᠢ ᠴᠢᠩᠭ᠋ᠠᠳᠬᠠᠬᠤ ᠲᠤᠬᠠᠶ ᠴᠢᠬᠤᠯᠠ ᠪᠠᠶ᠋ᠢᠷᠢᠯᠠᠭᠤᠯᠤᠯᠲᠠ ᠵᠢ ᠭᠦᠨᠵᠡᠭᠡᠶ ᠲᠤᠭᠤᠰᠢᠯᠠᠭᠤᠯᠵᠤ᠂ ᠬᠥᠳᠡᠯᠮᠦᠷᠢ ᠠᠵᠢᠯᠲᠠᠨ᠎ᠤ ᠶᠠᠪᠤᠳᠠᠯ᠎ᠤᠨ ᠮᠠᠷᠭᠤᠯᠳᠤᠭ᠋ᠠᠨ᠎ᠢ ᠬᠥᠨᠳᠡᠯᠡᠨ᠎ᠠᠴᠠ ᠲᠠᠰᠤᠯᠬᠤ ᠵᠢᠨ ᠥᠪᠡᠷᠮᠢᠴᠡ ᠳᠠᠪᠠᠭᠤᠯᠢᠭ ᠪᠠ ᠬᠠᠥᠯᠢ ᠴᠠᠭ᠋ᠠᠵᠠ ᠵᠢᠨ ᠬᠥᠲᠥᠯᠦᠨ ᠳᠠᠭ᠋ᠠᠭᠤᠯᠬᠤ᠂ ᠠᠬᠢᠭᠤᠯᠬᠤ᠂ ᠪᠠᠲᠤᠯᠠᠬᠤ ᠦᠢᠯᠡᠳᠦᠯ᠎ᠢ ᠭᠦᠢᠴᠡᠳ ᠪᠠᠳᠠᠷᠠᠭᠤᠯᠵᠤ᠂ ᠲᠡᠰᠦᠯᠦᠨ ᠬᠢᠨᠠᠬᠤ ᠦᠢᠯᠡᠳᠦᠯᠭᠡ ᠵᠢ ᠪᠦᠲᠦᠮᠵᠢᠲᠡᠶ ᠵᠢᠯᠣᠭᠣᠳᠬᠤ ᠵᠢᠨ ᠲᠥᠯᠥᠭᠡ᠂ ᠣᠶ᠋ᠢᠷ᠎ᠠ᠎ᠳᠤ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠶᠠᠮᠤᠨ᠂ ᠠᠷᠠᠳ᠎ᠤᠨ ᠳᠡᠭᠡᠳᠦ ᠰᠢᠭᠦᠬᠦ ᠬᠣᠷᠢᠶ᠎ᠠ ᠬᠠᠮᠲᠤᠷᠠᠨ ᠳᠥᠷᠪᠡᠳᠦᠭᠡᠷ ᠪᠦᠯᠦᠭ᠎ᠤᠨ ᠬᠥᠳᠡᠯᠮᠦᠷᠢ ᠠᠵᠢᠯᠲᠠᠨ᠎ᠤ ᠶᠠᠪᠤᠳᠠᠯ᠎ᠤᠨ ᠮᠠᠷᠭᠤᠯᠳᠤᠭ᠋ᠠᠨ᠎ᠤ ᠨᠡᠶ᠋ᠢᠲᠡᠯᠢᠭ ᠬᠡᠷᠡᠭ᠎ᠤᠨ ᠵᠢᠱ᠌ᠢᠶ᠎ᠡ ᠵᠢ ᠨᠡᠶ᠋ᠢᠲᠡᠯᠡᠪᠡ᠃
ᠣᠶ᠋ᠢᠷ᠎ᠠ ᠵᠢᠨ ᠵᠢᠯ᠎ᠤᠳ᠎ᠲᠤ᠂ ᠬᠣᠶᠠᠷ ᠰᠠᠯᠠᠭ᠎ᠠ ᠮᠥᠴᠢᠷ ᠨᠢᠭᠲᠠ ᠬᠠᠮᠳᠤᠷᠠᠨ ᠬᠠᠮᠵᠢᠯᠴᠠᠵᠤ᠂ 《ᠬᠥᠳᠡᠯᠮᠦᠷᠢ ᠠᠵᠢᠯᠲᠠᠨ᠎ᠤ ᠶᠠᠪᠤᠳᠠᠯ᠎ᠤᠨ ᠮᠠᠷᠭᠤᠯᠳᠤᠭ᠋ᠠᠨ᠎ᠢ ᠬᠥᠨᠳᠡᠯᠡᠨ᠎ᠠᠴᠠ ᠲᠠᠰᠤᠯᠬᠤ ᠪᠠ ᠵᠠᠷᠭᠤ ᠵᠢ ᠵᠣᠯᠭ᠋ᠠᠭᠤᠯᠬᠤ ᠲᠣᠭᠲᠠᠴᠠ ᠵᠢᠨ ᠪᠠᠶ᠋ᠢᠭᠤᠯᠤᠯᠲᠠ ᠵᠢ ᠴᠢᠩᠭ᠋ᠠᠳᠬᠠᠬᠤ ᠲᠤᠬᠠᠶ ᠰᠠᠨᠠᠯ》 (ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠶᠠᠮᠤᠨ ᠲᠠᠷᠬᠠᠭ᠋ᠠᠭᠰᠠᠨ [2017] 70 ᠳ᠋ᠤᠭ᠋ᠠᠷ ᠲᠣᠭ᠋ᠠᠲᠤ)᠎ᠳᠤ ᠳᠤᠷᠠᠳᠤᠭᠰᠠᠨ 《ᠲᠥᠷᠥᠯ᠎ᠤᠨ ᠬᠡᠷᠡᠭ᠎ᠢ ᠵᠠᠳᠠᠯᠬᠤ᠂ ᠬᠠᠮᠲᠤᠷᠠᠨ ᠰᠢᠯᠢᠨ ᠰᠣᠩᠭᠣᠬᠤ ᠪᠠ ᠨᠡᠶ᠋ᠢᠲᠡᠯᠢᠭ ᠬᠡᠷᠡᠭ᠎ᠤᠨ ᠵᠢᠱ᠌ᠢᠶ᠎ᠡ ᠵᠢ ᠨᠡᠶ᠋ᠢᠲᠡᠯᠡᠬᠦ》 ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠤᠨ᠂ ᠴᠠᠭ ᠨᠡᠮᠡᠵᠦ ᠠᠵᠢᠯᠯᠠᠬᠤ᠂ ᠠᠵᠢᠯ ᠣᠯᠭᠣᠯᠲᠠ ᠵᠢᠨ ᠰᠢᠨ᠎ᠡ ᠬᠡᠯᠪᠡᠷᠢ ᠪᠠᠶ᠋ᠢᠳᠠᠯ ᠵᠡᠷᠭᠡ ᠬᠠᠯᠠᠮᠰᠢᠯ ᠪᠠ ᠲᠦᠪᠡᠭᠲᠡᠶ ᠠᠰᠠᠭᠤᠳᠠᠯ᠎ᠤᠨ ᠲᠣᠭᠣᠷᠢᠨ᠎ᠳᠤ ᠨᠢᠭᠡᠨᠲᠡ ᠭᠤᠷᠪᠠᠨ ᠪᠦᠯᠦᠭ ᠨᠡᠶ᠋ᠢᠲᠡ 31 ᠨᠡᠶ᠋ᠢᠲᠡᠯᠢᠭ ᠬᠡᠷᠡᠭ᠎ᠤᠨ ᠵᠢᠱ᠌ᠢᠶ᠎ᠡ ᠵᠢ ᠬᠠᠮᠲᠤᠷᠠᠨ ᠨᠡᠶ᠋ᠢᠲᠡᠯᠡᠪᠡ᠃ ᠨᠡᠶ᠋ᠢᠲᠡᠯᠢᠭ ᠬᠡᠷᠡᠭ᠎ᠤᠨ ᠵᠢᠱ᠌ᠢᠶ᠎ᠡ ᠵᠢ ᠬᠠᠮᠲᠤᠷᠠᠨ ᠨᠡᠶ᠋ᠢᠲᠡᠯᠡᠬᠦ᠎ᠪᠠᠷ ᠳᠠᠮᠵᠢᠭᠤᠯᠤᠨ ᠨᠡᠶ᠋ᠢᠭᠡᠮ᠎ᠤᠨ ᠠᠩᠬᠠᠷᠤᠯ᠎ᠳᠤ ᠬᠠᠷᠢᠭᠤ ᠥᠭᠴᠦ᠂ ᠬᠠᠥᠯᠢ ᠴᠠᠭ᠋ᠠᠵᠠ ᠵᠢᠨ ᠬᠡᠷᠡᠭᠯᠡᠯᠲᠡ ᠵᠢ ᠵᠢᠷᠤᠮᠵᠢᠭᠤᠯᠤᠨ᠂ ᠲᠡᠰᠦᠯᠦᠨ ᠰᠢᠭᠦᠬᠦ ᠪᠠᠷᠢᠮᠵᠢᠶ᠎ᠠ ᠵᠢ ᠨᠢᠭᠡᠳᠬᠡᠬᠦ᠎ᠨᠢ ᠨᠢᠭᠡᠨᠲᠡ ᠬᠣᠶᠠᠷ ᠰᠠᠯᠠᠭ᠎ᠠ ᠮᠥᠴᠢᠷ᠎ᠤᠨ ᠪᠠᠶ᠋ᠢᠩᠭᠤ ᠵᠢᠨ ᠠᠵᠢᠯ᠎ᠤᠨ ᠲᠣᠭᠲᠠᠴᠠ ᠪᠣᠯᠤᠭᠰᠠᠨ ᠪᠠᠶ᠋ᠢᠨ᠎ᠠ᠃ ᠲᠤᠰ ᠪᠦᠯᠦᠭ᠎ᠤᠨ ᠬᠡᠷᠡᠭ᠎ᠤᠨ ᠵᠢᠱ᠌ᠢᠶ᠎ᠡ᠎ᠨᠢ ᠨᠡᠶ᠋ᠢᠭᠡᠮ᠎ᠤᠨ ᠳᠠᠭ᠋ᠠᠳᠬᠠᠯ᠂ ᠠᠵᠢᠯ ᠲᠥᠷᠥᠯ᠎ᠤᠨ ᠥᠷᠢᠰᠥᠯᠳᠦᠭᠡᠨ᠎ᠤ ᠬᠢᠵᠠᠭ᠋ᠠᠷᠯᠠᠯ ᠵᠡᠷᠭᠡ ᠠᠰᠠᠭᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠬᠥᠮᠦᠨ ᠬᠡᠷᠡᠭᠯᠡᠬᠦ ᠨᠢᠭᠡᠴᠢ ᠬᠡᠯᠪᠡᠷᠢ ᠵᠢ᠎ᠨᠢ ᠥᠭᠡᠷᠡᠲᠦᠭᠦᠯᠦᠨ ᠠᠵᠢᠯ᠎ᠤᠨ ᠪᠠᠶ᠋ᠢᠷᠢ᠎ᠪᠠᠨ ᠲᠣᠬᠢᠷᠠᠭᠤᠯᠬᠤ᠎ᠪᠠᠷ ᠳᠠᠮᠵᠢᠭᠤᠯᠤᠨ ᠵᠢᠷᠮᠦᠰᠦᠨ ᠡᠮᠡᠭᠲᠡᠶ ᠠᠵᠢᠯᠲᠠᠨ ᠠᠵᠢᠯᠴᠢᠨ᠎ᠤ ᠴᠠᠯᠢᠩ ᠵᠢᠴᠢ ᠠᠰᠠᠷᠠᠮᠵᠢ ᠵᠢᠨ ᠬᠠᠷᠠᠭ᠋ᠠᠯᠵᠠᠯ᠎ᠢ ᠪᠠᠭᠤᠷᠠᠭᠤᠯᠵᠤ ᠪᠣᠯᠬᠤ ᠥᠬᠡᠶ᠂ ᠬᠥᠮᠦᠨ ᠬᠡᠷᠡᠭᠯᠡᠬᠦ ᠨᠢᠭᠡᠴᠢ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠰᠦᠢ᠍ᠳᠭᠡᠯ ᠵᠶ᠋ᠠᠨ ᠬᠠᠥᠯᠢ ᠶᠣᠰᠣᠭ᠋ᠠᠷ ᠲᠤᠰᠢᠶᠠᠭᠰᠠᠨ ᠥᠬᠡᠶ ᠪᠠᠶ᠋ᠢᠪᠠᠯ ᠠᠰᠠᠷᠠᠮᠵᠢ ᠵᠢᠨ ᠮᠥᠩᠭᠥ ᠵᠢᠨ ᠵᠥᠷᠢᠶᠡᠲᠦ ᠲᠣᠭ᠎ᠠ ᠵᠢ ᠭᠦᠢᠴᠡᠳ ᠨᠥᠬᠥᠪᠥᠷᠢᠯᠡᠬᠦ ᠬᠡᠷᠡᠭᠲᠡᠶ᠂ ᠭᠣᠣᠯ ᠴᠣᠭᠴᠠ᠎ᠨᠢ ᠬᠢᠷᠢ ᠬᠡᠮ᠎ᠳᠤ ᠥᠯᠥ ᠨᠡᠶ᠋ᠢᠴᠡᠬᠦ ᠠᠵᠢᠯ ᠲᠥᠷᠥᠯ᠎ᠤᠨ ᠥᠷᠢᠰᠥᠯᠳᠦᠭᠡᠨ᠎ᠤ ᠬᠢᠵᠠᠭ᠋ᠠᠷᠯᠠᠯ᠎ᠤᠨ ᠬᠡᠯᠡᠯᠴᠡᠭᠡᠷ᠎ᠲᠤ ᠬᠢᠵᠠᠭ᠋ᠠᠷᠯᠠᠬᠤ ᠬᠦᠴᠦᠨ ᠥᠬᠡᠶ ᠵᠡᠷᠭᠡ ᠬᠠᠥᠯᠢ ᠴᠠᠭ᠋ᠠᠵᠠ ᠵᠢᠨ ᠬᠡᠷᠡᠭᠯᠡᠬᠦ ᠪᠠᠷᠢᠮᠵᠢᠶ᠎ᠠ ᠵᠢ ᠭᠣᠥᠯᠳᠠᠯᠭ᠎ᠠ᠎ᠲᠠᠢ ᠲᠣᠳᠣᠷᠬᠠᠢ᠌ᠯᠠᠵᠠᠢ᠃ ᠡᠨᠡ᠎ᠨᠢ ᠬᠥᠳᠡᠯᠮᠦᠷᠢ ᠠᠵᠢᠯᠲᠠᠨ᠎ᠤ ᠶᠠᠪᠤᠳᠠᠯ᠎ᠤᠨ ᠮᠠᠷᠭᠤᠯᠳᠤᠭ᠋ᠠᠨ᠎ᠤ ᠬᠡᠷᠡᠭ᠎ᠢ ᠰᠢᠢᠳᠪᠦᠷᠢᠯᠡᠬᠦ ᠶᠠᠰᠤ ᠴᠢᠨᠠᠷ ᠦᠷ᠎ᠡ ᠠᠰᠢᠭ᠎ᠢ ᠳᠡᠭᠡᠭᠰᠢᠯᠡᠭᠦᠯᠬᠦ᠂ ᠬᠥᠳᠡᠯᠮᠦᠷᠢᠴᠢᠳ᠎ᠤᠨ ᠠᠵᠢᠯ ᠤᠯᠬᠤ ᠡᠷᠬᠡ ᠠᠰᠢᠭ᠎ᠢ ᠪᠠᠲᠤᠯᠠᠬᠤ ᠬᠢᠷᠢ ᠲᠦᠪᠰᠢᠨ᠎ᠢ ᠳᠡᠭᠡᠭᠰᠢᠯᠡᠭᠦᠯᠬᠦ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ᠃
ᠳᠠᠷᠠᠭ᠋ᠠᠴᠢ ᠵᠢᠨ ᠠᠯᠬᠤᠮ᠎ᠳᠤ᠂ ᠬᠣᠶᠠᠷ ᠰᠠᠯᠠᠭ᠎ᠠ ᠮᠥᠴᠢᠷ ᠬᠥᠳᠡᠯᠮᠦᠷᠢ ᠠᠵᠢᠯᠲᠠᠨ᠎ᠤ ᠶᠠᠪᠤᠳᠠᠯ᠎ᠤᠨ ᠮᠠᠷᠭᠤᠯᠳᠤᠭ᠋ᠠᠨ᠎ᠢ ᠬᠥᠨᠳᠡᠯᠡᠨ᠎ᠠᠴᠠ ᠲᠠᠰᠤᠯᠬᠤ ᠪᠠ ᠵᠠᠷᠭᠤᠯᠳᠤᠬᠤ ᠵᠢ ᠵᠣᠯᠭ᠋ᠠᠭᠤᠯᠬᠤ ᠲᠣᠭᠲᠠᠴᠠ ᠵᠢᠨ ᠪᠠᠶ᠋ᠢᠭᠤᠯᠤᠯᠲᠠ ᠵᠢ ᠢᠳᠡᠪᠬᠢᠲᠡᠶ ᠴᠢᠩᠭ᠋ᠠᠳᠬᠠᠵᠤ᠂ ᠨᠡᠶ᠋ᠢᠲᠡᠯᠢᠭ ᠬᠡᠷᠡᠭ᠎ᠤᠨ ᠵᠢᠱ᠌ᠢᠶ᠎ᠡ ᠵᠢ ᠬᠠᠮᠲᠤᠷᠠᠨ ᠨᠡᠶ᠋ᠢᠲᠡᠯᠡᠬᠦ ᠵᠢ ᠦᠷᠭᠦᠯᠵᠢᠯᠡᠨ ᠠᠬᠢᠭᠤᠯᠵᠤ᠂ ᠬᠢᠨᠠᠨ ᠲᠠᠰᠤᠯᠤᠯᠲᠠ ᠵᠢ ᠵᠣᠯᠭ᠋ᠠᠭᠤᠯᠬᠤ ᠰᠠᠨᠠᠯ᠎ᠢ ᠲᠣᠭᠲᠠᠭ᠋ᠠᠵᠤ᠂ ᠬᠢᠨᠠᠨ ᠲᠠᠰᠤᠯᠤᠯᠲᠠ ᠵᠢᠨ ᠮᠡᠳᠡᠭᠡ ᠵᠠᠩᠭᠢ ᠵᠢᠨ ᠠᠳᠠᠯᠢᠳᠬᠠᠯᠢ ᠠᠳᠠᠯᠢ ᠲᠡᠭᠰᠢ ᠪᠠᠶ᠋ᠢᠯᠭ᠋ᠠᠬᠤ ᠠᠵᠢᠯ᠎ᠢ ᠥᠷᠨᠢᠭᠦᠯᠵᠦ᠂ ᠡᠯ᠎ᠡ ᠱᠠᠲᠤᠨ᠎ᠤ ᠬᠢᠨᠠᠨ ᠰᠢᠭᠦᠬᠦ ᠪᠠᠶ᠋ᠢᠭᠤᠯᠤᠮᠵᠢ ᠵᠢᠨ ᠬᠡᠷᠡᠭ ᠰᠢᠢᠳᠪᠦᠷᠢᠯᠡᠬᠦ ᠠᠵᠢᠯ᠎ᠢ ᠵᠢᠯᠣᠭᠣᠳᠬᠤ ᠡᠷᠴᠢᠮ ᠵᠶ᠋ᠡᠨ ᠤᠯᠠᠮ ᠨᠢᠭᠡ ᠠᠯᠬᠤᠮ ᠴᠢᠩᠭ᠋ᠠᠷᠠᠭᠤᠯᠵᠤ᠂ ᠬᠥᠮᠦᠨ ᠬᠡᠷᠡᠭᠯᠡᠬᠦ ᠨᠢᠭᠡᠴᠢ ᠵᠢ ᠵᠢᠭ᠋ᠠᠨ ᠵᠢᠯᠣᠭᠣᠳᠴᠤ ᠪᠠᠶ᠋ᠢᠭ᠋ᠠᠳ ᠠᠵᠢᠯᠴᠢᠨ ᠬᠡᠷᠡᠭᠯᠡᠬᠦ ᠵᠢ ᠬᠠᠤᠯᠢ ᠶᠣᠰᠣᠭ᠋ᠠᠷ ᠵᠢᠷᠤᠮᠵᠢᠭᠤᠯᠵᠤ᠂ ᠬᠥᠳᠡᠯᠮᠦᠷᠢᠴᠢᠨ᠎ᠤ ᠬᠠᠤᠯᠢ ᠶᠣᠰᠣᠨ᠎ᠤ ᠪᠥᠭᠡᠳ ᠣᠶᠤᠨᠴᠢ᠎ᠪᠠᠷ ᠡᠷᠬᠡ᠎ᠪᠠᠨ ᠬᠠᠮᠠᠭ᠋ᠠᠯᠠᠬᠤ ᠵᠢ ᠬᠥᠲᠥᠯᠥᠨ ᠵᠢᠯᠣᠭᠣᠳᠴᠤ᠂ ᠬᠥᠳᠡᠯᠮᠦᠷᠢ ᠵᠢᠨ ᠬᠦᠷᠢᠶᠡᠨ᠎ᠳᠠᠬᠢ ᠵᠥᠷᠢᠴᠡᠯ ᠵᠢᠭᠤᠷᠠᠯᠳᠤᠭ᠋ᠠᠨ᠎ᠢ ᠲᠣᠬᠢᠲᠠᠶ ᠠᠷᠢᠯᠭ᠋ᠠᠵᠤ᠂ ᠬᠥᠳᠡᠯᠮᠦᠷᠢ ᠠᠵᠢᠯᠳᠠᠨ᠎ᠤ ᠶᠠᠪᠤᠳᠠᠯ᠎ᠤᠨ ᠮᠠᠷᠭᠤᠯᠳᠤᠭ᠋ᠠᠨ᠎ᠤ ᠬᠡᠷᠡᠭ᠎ᠢ ᠰᠢᠢᠳᠪᠦᠷᠢᠯᠡᠬᠦ ᠤᠯᠤᠰ ᠲᠦᠷᠦ ᠵᠢᠨ ᠦᠷ᠎ᠡ ᠪᠦᠲᠦᠮᠵᠢ᠂ ᠬᠠᠤᠯᠢ ᠴᠠᠭ᠋ᠠᠵᠠ ᠵᠢᠨ ᠦᠷ᠎ᠡ ᠪᠦᠲᠦᠮᠵᠢ ᠬᠢᠭᠡᠳ ᠨᠡᠶ᠋ᠢᠭᠡᠮ᠎ᠤᠨ ᠦᠷ᠎ᠡ ᠪᠦᠲᠦᠮᠵᠢ ᠵᠢᠨ ᠣᠷᠭ᠋ᠠᠨᠢᠭ ᠨᠢᠭᠡᠳᠦᠯ᠎ᠢ ᠨᠡᠩ ᠰᠠᠶ᠋ᠢᠲᠤᠷ ᠪᠡᠶᠡᠯᠡᠭᠦᠯᠵᠦ᠂ ᠬᠥᠳᠡᠯᠮᠦᠷᠢ ᠵᠢᠨ ᠬᠠᠷᠢᠴᠠᠭ᠎ᠠ ᠵᠢᠨ ᠡᠶ᠎ᠡ ᠵᠣᠬᠢᠴᠠᠯ ᠬᠢᠭᠡᠳ ᠨᠡᠶ᠋ᠢᠭᠡᠮ᠎ᠤᠨ ᠲᠣᠭᠲᠠᠭᠤᠨ ᠪᠠᠶ᠋ᠢᠳᠠᠯ᠎ᠢ ᠦᠨᠡᠨ ᠬᠦ᠌ ᠬᠠᠮᠠᠭ᠋ᠠᠯᠠᠨ᠎ᠠ᠃