4 ᠰᠠᠷ᠎ᠠ ᠵᠢᠨ 21᠎ᠤ ᠡᠳᠦᠷ᠎ᠤᠨ ᠦᠳᠡ ᠵᠢᠨ ᠬᠣᠶ᠋ᠢᠨ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠬᠡᠷ 《〈ᠵᠢᠷᠭᠤᠭ᠋ᠠᠨ ᠠᠵᠢᠯᠯᠠᠭ᠎ᠠ〉 ᠵᠢ ᠭᠦᠨᠵᠡᠭᠡᠶ ᠥᠷᠨᠢᠭᠦᠯᠵᠦ ᠠᠵᠤ ᠠᠬᠤᠶ ᠨᠡᠶ᠋ᠢᠭᠡᠮ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠤᠶ᠎ᠠ》 ᠭᠡᠬᠦ ᠰᠢᠷᠢᠰ ᠭᠣᠥᠯ ᠰᠡᠳᠦᠪᠲᠦ ᠰᠣᠨᠢᠨ ᠮᠡᠳᠡᠭᠡ ᠨᠡᠶ᠋ᠢᠲᠡᠯᠡᠬᠦ ᠬᠤᠷᠠᠯ — 《ᠠᠵᠢᠯ ᠣᠯᠭᠣᠯᠲᠠ ᠵᠢ ᠠᠬᠢᠭᠤᠯᠬᠤ ᠠᠵᠢᠯᠯᠠᠭ᠎ᠠ》 ᠭᠡᠬᠦ ᠲᠤᠰᠬᠠᠶ ᠰᠣᠨᠢᠨ ᠮᠡᠳᠡᠭᠡ ᠨᠡᠶ᠋ᠢᠲᠡᠯᠡᠬᠦ ᠬᠤᠷᠠᠯ ᠬᠢᠪᠠ᠃ ᠰᠣᠨᠢᠨ ᠮᠡᠳᠡᠭᠡ ᠨᠡᠶ᠋ᠢᠲᠡᠯᠡᠬᠦ ᠬᠤᠷᠠᠯ ᠳᠡᠭᠡᠷ᠎ᠡ᠂ ᠬᠠᠮᠢᠶ᠎ᠠ ᠪᠥᠬᠥᠶ ᠬᠠᠷᠢᠭᠤᠴᠠᠯᠭ᠋ᠠᠲᠠᠨ᠎ᠤ ᠲᠠᠨᠢᠯᠴᠠᠭᠤᠯᠤᠭᠰᠠᠨ ᠵᠶ᠋ᠠᠷ᠂ ᠨᠢᠭᠡᠳᠦᠭᠡᠷ ᠤᠯᠠᠷᠢᠯ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠬᠣᠲᠠ ᠪᠠᠯᠭ᠋ᠠᠰᠤᠨ᠎ᠤ 5.03 ᠲᠦᠮᠡᠨ ᠬᠥᠮᠦᠨ᠎ᠳᠤ ᠰᠢᠨ᠎ᠡ᠎ᠪᠠᠷ ᠠᠵᠢᠯ ᠣᠯᠭᠣᠵᠤ᠂ 3 ᠳ᠋ᠤᠭ᠋ᠠᠷ ᠰᠠᠷ᠎ᠠ᠎ᠳᠤ ᠬᠣᠲᠠ ᠪᠠᠯᠭ᠋ᠠᠰᠤᠨ᠎ᠤ ᠪᠠᠶ᠋ᠢᠴᠠᠭ᠋ᠠᠯᠲᠠ ᠵᠢᠨ ᠠᠵᠢᠯ ᠠᠯᠳᠠᠯᠲᠠ ᠵᠢᠨ ᠨᠣᠷᠮ᠎ᠠ ᠠᠳᠠᠯᠢ ᠬᠤᠭᠤᠴᠠᠭ᠋ᠠᠨ᠎ᠤ᠎ᠬᠢ᠎ᠠᠴᠠ ᠴᠥᠮ ᠪᠠᠭᠤᠷᠠᠵᠤ᠂ ᠠᠵᠢᠯ ᠣᠯᠭᠣᠯᠲᠠ ᠵᠢᠨ ᠪᠠᠶ᠋ᠢᠳᠠᠯ ᠲᠣᠭᠲᠠᠭᠤᠨ ᠪᠠᠶ᠋ᠢᠬᠤ ᠵᠢᠨ ᠵᠡᠷᠭᠡ᠎ᠳᠤ ᠰᠠᠶ᠋ᠢᠵᠢᠷᠠᠪᠠ᠃ ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠠᠴᠠ 《ᠠᠵᠢᠯ ᠣᠯᠭᠣᠯᠲᠠ ᠵᠢ ᠠᠬᠢᠭᠤᠯᠬᠤ ᠠᠶᠠᠯᠠᠯ》᠎ᠤᠨ ᠠᠵᠢᠯᠯᠠᠭ᠋ᠠᠨ᠎ᠤ ᠪᠣᠳᠠᠲᠠᠶ ᠠᠵᠢᠯ ᠵᠢᠴᠢ ᠲᠠᠷᠠᠭ᠋ᠠᠴᠢ ᠵᠢᠨ ᠠᠯᠬᠤᠮ᠎ᠤᠨ ᠠᠵᠢᠯ᠎ᠤᠨ ᠭᠣᠥᠯᠳᠠᠯᠭᠠ ᠵᠢ ᠲᠠᠨᠢᠯᠴᠠᠭᠤᠯᠪᠠ᠃
ᠠᠵᠢᠯ᠎ᠤᠨ ᠨᠡᠢ᠌ᠯᠡᠯ ᠬᠦᠴᠦᠨ᠎ᠢ ᠨᠢᠭᠲᠠᠷᠠᠭᠤᠯᠵᠤ ᠠᠵᠢᠯ ᠣᠯᠭᠣᠯᠲᠠ ᠵᠢ ᠠᠬᠢᠭᠤᠯᠤᠨ᠎ᠠ
ᠠᠵᠢᠯ ᠣᠯᠭᠣᠬᠤ ᠠᠵᠢᠯ᠎ᠤᠨ ᠲᠣᠭᠲᠠᠴᠠ ᠵᠢ ᠲᠡᠭᠦᠯᠳᠡᠷᠵᠢᠭᠦᠯᠬᠦ᠎ᠪᠠᠷ ᠭᠣᠣᠯᠯᠠᠭᠤᠯᠤᠨ᠎ᠠ᠃ ᠰᠠᠯᠠᠭ᠎ᠠ ᠮᠥᠴᠢᠷ᠎ᠤᠳ᠎ᠤᠨ ᠠᠵᠢᠯ ᠣᠯᠭᠣᠯᠲᠠ ᠵᠢ ᠠᠬᠢᠭᠤᠯᠬᠤ ᠬᠠᠷᠢᠭᠤᠴᠠᠯᠭ᠎ᠠ ᠵᠢᠨ ᠨᠠᠷᠢᠨ ᠲᠠᠩᠰᠠ ᠵᠢ ᠪᠠᠶ᠋ᠢᠭᠤᠯᠵᠤ᠂ ᠰᠠᠷ᠎ᠠ᠎ᠪᠠᠷ ᠳᠣᠭᠢᠷᠠᠭᠤᠯᠬᠤ ᠠᠵᠢᠯ᠎ᠤᠨ ᠲᠣᠭᠲᠠᠴᠠ ᠵᠢ ᠬᠡᠷᠡᠭᠵᠢᠭᠦᠯᠦᠨ᠂ ᠠᠵᠢᠯ ᠣᠯᠭᠣᠯᠲᠠ ᠵᠢᠨ ᠲᠥᠷᠥ ᠵᠢᠨ ᠪᠣᠳᠣᠯᠭ᠎ᠠ ᠵᠢᠨ ᠬᠣᠯᠪᠣᠭ᠋ᠠᠯᠠᠨ ᠬᠥᠳᠡᠯᠦᠯᠴᠡᠬᠦ᠂ ᠤᠷ᠎ᠠ ᠮᠡᠷᠭᠡᠵᠢᠯ᠎ᠤᠨ ᠪᠣᠯᠪᠠᠰᠤᠷᠠᠯ᠎ᠢ ᠨᠢᠭᠡᠳᠦᠯᠲᠡᠶ ᠲᠥᠯᠥᠪᠯᠡᠬᠦ᠂ ᠡᠬᠢ ᠪᠠᠶᠠᠯᠢᠭ ᠮᠡᠳᠡᠭᠡ ᠵᠠᠩᠭᠢ ᠵᠢ ᠬᠠᠮᠳᠤ᠎ᠪᠠᠷ ᠭᠥᠷᠳᠡᠬᠦ ᠵᠢ ᠠᠬᠢᠭᠤᠯᠵᠤ᠂ ᠰᠠᠯᠠᠭ᠎ᠠ ᠮᠥᠴᠢᠷ᠎ᠤᠳ᠎ᠤᠨ ᠨᠡᠢ᠌ᠯᠡᠯ ᠬᠦᠴᠦᠨ᠎ᠢ ᠤᠯᠠᠮ ᠨᠢᠭᠡ ᠠᠯᠬᠤᠮ ᠨᠢᠭᠲᠠᠷᠠᠭᠤᠯᠤᠨ ᠠᠵᠢᠯ ᠣᠯᠭᠣᠯᠲᠠ ᠵᠢ ᠠᠬᠢᠭᠤᠯᠤᠨ᠎ᠠ᠃
ᠠᠵᠢᠯ ᠣᠯᠭᠣᠬᠤ ᠪᠠᠭᠲᠠᠭ᠋ᠠᠮᠵᠢ ᠵᠢ ᠥᠷᠭᠡᠳᠬᠡᠬᠦ᠎ᠪᠠᠷ ᠭᠣᠣᠯᠯᠠᠭᠤᠯᠤᠨ᠎ᠠ᠃ ᠥᠪᠥᠷ ᠮᠣᠩᠭᠣᠯ 3352 ᠴᠢᠬᠤᠯᠠ ᠶᠡᠬᠡ ᠲᠥᠷᠥᠯ ᠵᠦᠢᠯ᠎ᠤᠨ ᠪᠥᠲᠥᠭᠡᠨ ᠪᠠᠶ᠋ᠢᠭᠤᠯᠤᠯᠲᠠ ᠵᠢ ᠳᠥᠯᠭᠢᠨ ᠠᠬᠢᠭᠤᠯᠵᠤ᠂ ᠬᠤᠳᠠᠯᠳᠤᠭ᠋ᠠᠴᠢᠨ ᠤᠷᠢᠵᠤ ᠪᠠᠯᠠ ᠣᠷᠣᠭᠤᠯᠬᠤ 210 ᠲᠥᠷᠥᠯ ᠵᠦᠢᠯ᠎ᠢ ᠨᠠᠶ᠋ᠢᠳᠠᠪᠤᠷᠢᠵᠢᠭᠤᠯᠤᠨ᠂ ᠠᠵᠢᠯ ᠣᠯᠭᠣᠬᠤ᠎ᠪᠠᠷ ᠲᠡᠳᠬᠦᠮᠵᠢ ᠵᠢ ᠣᠷᠣᠯᠠᠭᠤᠯᠬᠤ 99 ᠲᠥᠷᠥᠯ ᠵᠦᠢᠯ᠎ᠢ ᠨᠥᠭᠡᠴᠡᠯᠡᠨ ᠬᠡᠷᠡᠭᠵᠢᠭᠦᠯᠵᠦ᠂ ᠣᠯᠠᠨ ᠲᠦᠮᠡᠨ᠎ᠢ ᠬᠠᠪᠰᠤᠷᠤᠨ ᠲᠤᠬᠠᠶ ᠵᠢᠨ ᠭᠠᠵᠠᠷ ᠪᠤᠶᠤ ᠣᠶ᠋ᠢᠷ᠎ᠠ ᠬᠠᠪᠢ᠎ᠳᠤᠨᠢ ᠠᠵᠢᠯ ᠣᠯᠭᠣᠪᠠ᠃ ᠨᠢᠭᠡᠳᠦᠭᠡᠷ ᠤᠯᠠᠷᠢᠯ᠎ᠳᠤ᠂ ᠬᠣᠲᠠ ᠪᠠᠯᠭ᠋ᠠᠰᠤᠨ᠎ᠳᠤ 9.3 ᠲᠦᠮᠡᠨ ᠬᠥᠮᠦᠨ᠎ᠳᠤ ᠰᠢᠨ᠎ᠡ᠎ᠪᠠᠷ ᠠᠵᠢᠯ ᠣᠯᠭᠣᠵᠤ᠂ 258.3 ᠲᠦᠮᠡᠨ ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠣᠯᠭᠣᠪᠠ᠃
ᠠᠵᠢᠯ ᠣᠯᠭᠣᠬᠤ ᠴᠢᠳᠠᠪᠤᠷᠢ ᠵᠢ ᠳᠡᠭᠡᠭᠰᠢᠯᠡᠭᠦᠯᠬᠦ᠎ᠪᠠᠷ ᠭᠣᠣᠯᠯᠠᠭᠤᠯᠤᠨ᠎ᠠ᠃ ᠥᠪᠥᠷ ᠮᠣᠩᠭᠣᠯ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠭᠣᠥᠯᠳᠠᠯᠭ᠎ᠠ᠎ᠲᠠᠢ ᠵᠣᠯᠭ᠋ᠠᠭᠤᠯᠬᠤ ᠦᠢᠯᠡᠴᠢᠯᠡᠭᠡᠨ᠎ᠤ 10 ᠲᠣᠮᠣ ᠠᠵᠤ ᠦᠢᠯᠡᠰ᠎ᠤᠨ ᠪᠦᠯᠦᠭᠵᠢᠯ᠎ᠤᠨ ᠭᠠᠷᠴᠠᠭ ᠪᠠ ᠵᠣᠷᠢᠭᠵᠢᠭᠤᠯᠤᠨ ᠳᠡᠮᠵᠢᠬᠦ ᠲᠤᠰᠬᠠᠶ ᠮᠡᠷᠭᠡᠵᠢᠯ᠎ᠤᠨ ᠨᠠᠷᠢᠨ ᠲᠠᠩᠰᠠ᠂ ᠲᠣᠬᠢᠷᠠᠭᠤᠯᠬᠤ ᠵᠢ ᠬᠢᠵᠠᠭ᠋ᠠᠷᠯᠠᠭᠰᠠᠨ ᠲᠤᠰᠬᠠᠶ ᠮᠡᠷᠭᠡᠵᠢᠯ᠎ᠤᠨ ᠨᠠᠷᠢᠨ ᠲᠠᠩᠰᠠ ᠵᠢ ᠨᠡᠶ᠋ᠢᠲᠡᠯᠡᠪᠡ᠃ ᠭᠣᠥᠯᠳᠠᠯᠭ᠎ᠠ᠎ᠲᠠᠢ ᠠᠵᠤ ᠦᠢᠯᠡᠰ᠎ᠤᠨ ᠬᠡᠯᠬᠢᠶ᠎ᠡ ᠵᠢᠨ ᠬᠡᠷᠡᠭᠴᠡᠭᠡ ᠱᠠᠭ᠋ᠠᠷᠳᠠᠯᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠥᠪᠥᠷ ᠮᠣᠩᠭᠣᠯ ᠠᠵᠢᠯ ᠮᠡᠷᠭᠡᠵᠢᠯ᠎ᠤᠨ ᠤᠷ᠎ᠠ ᠮᠡᠷᠭᠡᠵᠢᠯ᠎ᠤᠨ ᠪᠣᠯᠪᠠᠰᠤᠷᠠᠯ᠎ᠢ 13 ᠲᠦᠮᠡᠨ ᠬᠥᠮᠦᠨ ᠤᠳᠠᠭ᠎ᠠ ᠥᠷᠨᠢᠭᠦᠯᠵᠦ᠂ ᠪᠦᠲᠦᠴᠡ ᠵᠢᠨ ᠴᠢᠨᠠᠷᠲᠠᠶ ᠠᠵᠢᠯ ᠣᠯᠭᠣᠯᠲᠠ ᠵᠢᠨ ᠵᠥᠷᠢᠴᠡᠯ᠎ᠢ ᠨᠠᠮᠳᠠᠭᠤᠯᠬᠤ ᠵᠢ ᠠᠬᠢᠭᠤᠯᠵᠠᠢ᠃
ᠲᠥᠷᠥ ᠵᠢᠨ ᠪᠣᠳᠣᠯᠭ᠎ᠠ ᠵᠢᠨ ᠬᠠᠩᠭ᠋ᠠᠯᠭ᠎ᠠ ᠵᠢ ᠴᠢᠩᠭ᠋ᠠᠳᠬᠠᠵᠤ ᠠᠵᠢᠯ ᠤᠯᠭᠤᠯᠳᠠ ᠵᠢ ᠠᠬᠢᠭᠤᠯᠤᠨ᠎ᠠ
ᠠᠵᠢᠯ᠎ᠤᠨ ᠪᠠᠶ᠋ᠢᠷᠢ ᠵᠢ ᠲᠣᠭᠲᠠᠪᠤᠷᠢᠵᠢᠭᠤᠯᠤᠨ ᠠᠵᠢᠯ᠎ᠤᠨ ᠪᠠᠶ᠋ᠢᠷᠢ ᠵᠢ ᠥᠷᠭᠡᠳᠬᠡᠬᠦ ᠲᠠᠯ᠎ᠠ᠎ᠪᠠᠷ᠂ ᠥᠪᠥᠷ ᠮᠣᠩᠭᠣᠯ ᠡᠵᠡᠩᠨᠡᠯᠲᠡ ᠵᠢᠨ ᠭᠣᠥᠯ ᠴᠣᠭᠴᠠ ᠵᠢ 10.02 ᠲᠦᠮᠡᠨ ᠡᠷᠦᠬᠡ ᠰᠢᠨ᠎ᠡ᠎ᠪᠠᠷ ᠪᠠᠶ᠋ᠢᠭᠤᠯᠵᠤ᠂ ᠡᠵᠡᠩᠨᠡᠯᠲᠡ ᠵᠢᠨ ᠭᠣᠥᠯ ᠴᠣᠭᠴᠠ ᠵᠢᠨ ᠶᠡᠷᠦᠩᠬᠡᠶ ᠬᠡᠮᠵᠢᠶ᠎ᠡ ᠵᠢ 293.24 ᠲᠦᠮᠡᠨ ᠡᠷᠦᠬᠡ ᠪᠣᠯᠭ᠋ᠠᠨ ᠬᠥᠭᠵᠢᠭᠦᠯᠵᠦ᠂ ᠨᠢᠭᠡᠳᠦᠭᠡᠷ ᠤᠯᠠᠷᠢᠯ᠎ᠳᠤ ᠲᠥᠷᠥ ᠵᠢᠨ ᠪᠣᠳᠣᠯᠭ᠎ᠠ ᠵᠢᠨ ᠴᠡᠪᠡᠷ ᠠᠰᠢᠭ᠎ᠢ 9.9 ᠳ᠋ᠦᠩᠰᠢᠭᠤᠷ ᠲᠥᠭᠥᠷᠢᠭ ᠭᠠᠷᠭ᠋ᠠᠵᠤ᠂ ᠠᠵᠤ ᠠᠬᠤᠶ᠋ᠢᠯᠠᠯ᠎ᠤᠨ ᠳᠠᠷᠤᠭ᠋ᠠᠰᠤ ᠵᠢ ᠦᠨᠡᠨ ᠬᠦ᠌ ᠬᠥᠩᠭᠡᠷᠡᠭᠦᠯᠵᠦ᠂ ᠠᠵᠤ ᠠᠬᠤᠶ᠋ᠢᠯᠠᠯ᠎ᠤᠨ ᠠᠵᠢᠯ᠎ᠤᠨ ᠪᠠᠶ᠋ᠢᠷᠢ ᠵᠢ ᠲᠣᠭᠲᠠᠪᠤᠷᠢᠵᠢᠭᠤᠯᠤᠨ ᠠᠵᠢᠯ᠎ᠤᠨ ᠪᠠᠶ᠋ᠢᠷᠢ ᠵᠢ ᠥᠷᠭᠡᠳᠬᠡᠬᠦ᠎ᠳᠤ ᠬᠦᠴᠦᠨ ᠨᠡᠮᠡᠷᠢᠯᠡᠪᠡ᠃
ᠦᠢᠯᠡᠰ ᠪᠣᠰᠬᠠᠬᠤ᠎ᠪᠠᠷ ᠠᠵᠢᠯ ᠣᠯᠭᠣᠯᠲᠠ ᠵᠢ ᠳᠠᠶ᠋ᠢᠴᠢᠯᠠᠬᠤ ᠲᠠᠯ᠎ᠠ᠎ᠪᠠᠷ᠂ ᠦᠢᠯᠡᠰ ᠪᠣᠰᠬᠠᠬᠤ ᠨᠥᠬᠥᠪᠥᠷᠢ ᠵᠢ ᠬᠠᠮᠤᠭ᠎ᠤᠨ ᠥᠨᠳᠥᠷ᠎ᠲᠡᠭᠡᠨ 5 ᠲᠦᠮᠡᠨ ᠲᠥᠭᠥᠷᠢᠭ ᠪᠣᠯᠭ᠋ᠠᠨ ᠳᠡᠭᠡᠭᠰᠢᠯᠡᠭᠦᠯᠵᠦ᠂ ᠵᠢᠵᠢᠭ ᠪᠢᠴᠢᠯ ᠠᠵᠤ ᠠᠬᠤᠶ᠋ᠢᠯᠠᠯ᠎ᠤᠨ ᠠᠵᠢᠯ᠎ᠤᠨ ᠪᠠᠶ᠋ᠢᠷᠢ ᠵᠢ ᠲᠣᠭᠲᠠᠪᠤᠷᠢᠵᠢᠭᠤᠯᠤᠨ ᠠᠵᠢᠯ᠎ᠤᠨ ᠪᠠᠶ᠋ᠢᠷᠢ ᠵᠢ ᠥᠷᠭᠡᠳᠬᠡᠬᠦ ᠲᠤᠰᠬᠠᠶ ᠵᠦᠢᠯ᠎ᠤᠨ ᠵᠢᠭᠡᠯᠡᠯᠭᠡ ᠵᠢᠨ ᠢᠲᠡᠭᠡᠮᠵᠢ ᠣᠯᠭᠣᠬᠤ ᠲᠣᠭ᠎ᠠ ᠬᠡᠮᠵᠢᠶ᠎ᠡ ᠵᠢ 3000 ᠲᠦᠮᠡᠨ ᠲᠥᠭᠥᠷᠢᠭ ᠪᠠᠶ᠋ᠢᠭᠰᠠᠨ᠎ᠠᠴᠠ 5000 ᠲᠦᠮᠡᠨ ᠲᠥᠭᠥᠷᠢᠭ ᠪᠣᠯᠭ᠋ᠠᠨ ᠲᠡᠭᠡᠭᠰᠢᠯᠡᠬᠦᠯᠪᠡ᠃ ᠨᠢᠭᠡᠳᠦᠭᠡᠷ ᠤᠯᠠᠷᠢᠯ᠎ᠳᠤ᠂ ᠥᠪᠥᠷ ᠮᠣᠩᠭᠣᠯ 1.14 ᠲᠦᠮᠡᠨ ᠬᠥᠮᠦᠨ᠎ᠤ ᠦᠢᠯᠡᠰ ᠪᠣᠰᠬᠠᠬᠤ ᠪᠣᠯᠪᠠᠰᠤᠷᠠᠯ᠎ᠢ ᠥᠷᠨᠢᠭᠦᠯᠵᠦ᠂ ᠦᠢᠯᠡᠰ ᠪᠣᠰᠬᠠᠬᠤ ᠲᠠᠭ᠋ᠠᠭ᠋ᠠᠯᠳᠠ᠎ᠳᠤ ᠵᠢᠭᠡᠯᠡᠯᠭᠡ 2.06 ᠳ᠋ᠦᠩᠰᠢᠭᠤᠷ ᠲᠥᠭᠥᠷᠢᠭ ᠲᠠᠯᠪᠢᠵᠤ᠂ ᠮᠥᠩᠭᠥᠨ ᠭᠦᠢᠯᠭᠡᠭᠡᠨ ᠵᠶ᠋ᠡᠷ ᠠᠵᠤ ᠠᠬᠤᠶ᠋ᠢᠯᠠᠯ᠎ᠤᠨ ᠠᠵᠢᠯ᠎ᠤᠨ ᠪᠠᠶ᠋ᠢᠷᠢ ᠵᠢ ᠲᠣᠭᠲᠠᠪᠤᠷᠢᠵᠢᠭᠤᠯᠤᠨ ᠠᠵᠢᠯ᠎ᠤᠨ ᠪᠠᠶ᠋ᠢᠷᠢ ᠵᠢ ᠥᠷᠭᠡᠳᠬᠡᠬᠦ᠎ᠳᠤ ᠲᠤᠰᠠᠯᠠᠬᠤ ᠲᠤᠰᠬᠠᠶ ᠵᠦᠢᠯ᠎ᠤᠨ ᠵᠢᠭᠡᠯᠡᠯᠭᠡ 2.27 ᠳ᠋ᠦᠩᠰᠢᠭᠤᠷ ᠲᠥᠭᠥᠷᠢᠭ ᠲᠠᠯᠪᠢᠪᠠ; ᠲᠦᠷᠦᠭᠦᠸ᠋ ᠪᠦᠯᠦᠭ᠎ᠤᠨ 100 ᠰᠢᠨ᠎ᠡ ᠵᠢ ᠡᠭᠦᠳᠦᠨ ᠦᠢᠯᠡᠰ ᠪᠣᠰᠬᠠᠬᠤ ᠲᠥᠷᠥᠯ ᠵᠦᠢᠯ᠎ᠢ ᠡᠯᠰᠡᠨ ᠨᠡᠶ᠋ᠢᠲᠡᠯᠡᠵᠦ᠂ ᠦᠢᠯᠡᠰ ᠪᠣᠰᠬᠠᠬᠤ ᠬᠦᠷᠢᠶᠡᠯᠡᠩ᠂ ᠦᠢᠯᠡᠰ ᠪᠣᠰᠬᠠᠬᠤ ᠨᠡᠪᠴᠢᠭᠦᠯᠬᠦ ᠰᠠᠭᠤᠷᠢᠨ ᠭᠠᠵᠠᠷ᠎ᠢ 270 ᠪᠣᠯᠭ᠋ᠠᠵᠤ᠂ 1.35 ᠲᠦᠮᠡᠨ ᠡᠷᠦᠬᠡ ᠠᠵᠤ ᠠᠬᠤᠶ᠋ᠢᠯᠠᠯ᠎ᠢ ᠲᠡᠳᠡᠨ ᠣᠷᠣᠭᠤᠯᠪᠠ᠃
ᠭᠣᠣᠯᠳᠠᠯᠭ᠎ᠠ᠎ᠲᠠᠢ ᠬᠥᠮᠥᠰ᠎ᠤᠨ ᠠᠵᠢᠯ ᠣᠯᠭᠣᠯᠲᠠ ᠵᠢ ᠲᠣᠭᠲᠠᠪᠤᠷᠢᠵᠢᠭᠤᠯᠬᠤ ᠲᠠᠯ᠎ᠠ᠎ᠪᠠᠷ᠂ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠤᠨ ᠠᠵᠢᠯ ᠣᠯᠵᠤ ᠦᠢᠯᠡᠰ ᠪᠣᠰᠬᠠᠬᠤ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠲᠤᠰ ᠬᠤᠭᠤᠴᠠᠭ᠋ᠠᠨ᠎ᠤ ᠲᠡᠭᠦᠰᠦᠭᠰᠡᠨ ᠰᠤᠷᠤᠭᠴᠢᠳ᠎ᠢ ᠮᠠᠭ᠋ᠠᠳᠯᠠᠨ ᠲᠣᠭᠲᠠᠭ᠋ᠠᠬᠤ ᠨᠥᠬᠥᠴᠡᠯ᠎ᠢ ᠠᠭᠤᠵᠢᠭᠤ ᠲᠠᠯᠪᠢᠵᠤ᠂ ᠴᠢᠳᠠᠪᠤᠷᠢᠲᠠᠨ᠎ᠤ ᠨᠥᠭᠡᠴᠡ ᠪᠠ ᠠᠵᠢᠯ ᠣᠯᠭᠣᠯᠲᠠ ᠵᠢᠨ ᠳᠠᠳᠤᠯᠭ᠎ᠠ ᠵᠢᠨ ᠨᠥᠬᠥᠪᠥᠷᠢ ᠵᠢᠨ ᠪᠠᠷᠢᠮᠵᠢᠶ᠎ᠠ ᠵᠢ ᠳᠡᠭᠡᠭᠰᠢᠯᠡᠭᠦᠯᠵᠦ᠂ ᠨᠢᠭᠡ ᠯᠡ ᠤᠳᠠᠭ᠎ᠠ ᠵᠢᠨ ᠴᠢᠨᠠᠷᠲᠠᠶ ᠠᠵᠢᠯ᠎ᠤᠨ ᠪᠠᠶ᠋ᠢᠷᠢ ᠵᠢ ᠥᠷᠭᠡᠳᠬᠡᠬᠦ ᠨᠥᠬᠥᠪᠥᠷᠢ ᠪᠠ ᠤᠯᠤᠰ᠎ᠤᠨ ᠦᠮᠴᠢᠯᠡᠯᠳᠦ ᠠᠵᠤ ᠠᠬᠤᠶ᠋ᠢᠯᠠᠯ᠎ᠤᠨ ᠨᠢᠭᠡ ᠯᠡ ᠤᠳᠠᠭ᠎ᠠ ᠵᠢᠨ ᠴᠢᠨᠠᠷᠲᠠᠶ ᠬᠥᠮᠦᠨ ᠪᠠ ᠪᠡᠯᠡ ᠵᠢᠨ ᠨᠡᠮᠡᠭᠳᠡᠯ᠎ᠤᠨ ᠲᠥᠷᠥ ᠵᠢᠨ ᠪᠣᠳᠣᠯᠭ᠎ᠠ ᠵᠢ ᠦᠷᠬᠦᠯᠵᠢᠯᠡᠬᠦᠯᠪᠡ᠃ 2025 ᠣᠨ᠎ᠤ ᠲᠡᠭᠦᠰᠬᠦ ᠰᠤᠷᠤᠭᠴᠢᠳ᠎ᠲᠤ ᠬᠠᠨᠳᠤᠭᠤᠯᠤᠨ 3 ᠪᠦᠯᠦᠭ ᠪᠥᠬᠥ ᠣᠷᠣᠨ᠎ᠤ ᠶᠡᠬᠡ ᠬᠡᠪᠴᠢᠶᠡᠨ᠎ᠤ ᠠᠵᠢᠯ ᠦᠢᠯᠡᠰ᠎ᠤᠨ ᠨᠢᠭᠡᠴᠢ ᠵᠢᠨ ᠬᠠᠮᠲᠤᠷᠠᠭᠰᠠᠨ ᠰᠢᠯᠭ᠋ᠠᠯᠲᠠ ᠵᠢ ᠨᠢᠭᠡᠳᠦᠯᠲᠡᠶ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠲᠥᠷᠥ ᠵᠢᠨ ᠪᠣᠳᠣᠯᠭ᠎ᠠ ᠵᠢᠨ ᠴᠢᠨᠠᠷᠲᠠᠶ ᠠᠵᠢᠯ᠎ᠤᠨ ᠪᠠᠶ᠋ᠢᠷᠢ ᠵᠢ ᠨᠡᠶ᠋ᠢᠲᠡ 2 ᠲᠦᠮᠡ ᠭᠠᠷᠤᠶ ᠭᠠᠷᠭ᠋ᠠᠪᠠ᠃ ᠨᠢᠭᠡᠳᠦᠭᠡᠷ ᠤᠯᠠᠷᠢᠯ᠎ᠳᠤ᠂ ᠥᠪᠥᠷ ᠮᠣᠩᠭᠣᠯ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠶ ᠠᠵᠢᠯ᠎ᠤᠨ ᠪᠠᠶ᠋ᠢᠷᠢ ᠵᠢᠨ 1280 ᠬᠥᠮᠦᠨ᠎ᠢ ᠰᠢᠨ᠎ᠡ᠎ᠪᠠᠷ ᠲᠥᠪᠬᠢᠨᠡᠭᠦᠯᠵᠦ᠂ ᠠᠵᠢᠯ ᠤᠯᠬᠤ᠎ᠳᠤ ᠬᠦᠴᠢᠷᠲᠡᠶ 1.16 ᠲᠦᠮᠡᠨ ᠬᠥᠮᠦᠨ᠎ᠳᠤ ᠠᠵᠢᠯ ᠣᠯᠭᠣᠵᠤ᠂ 1.46 ᠲᠦᠮᠡᠨ ᠠᠵᠢᠯ ᠠᠯᠳᠠᠭᠰᠠᠳ᠎ᠲᠤ ᠳᠠᠬᠢᠨ ᠠᠵᠢᠯ ᠣᠯᠭᠣᠵᠤ᠂ ᠠᠵᠢᠯ ᠣᠯᠣᠭᠰᠠᠳ ᠥᠬᠡᠶ ᠬᠡᠷ ᠪᠦᠯᠢ ᠵᠢ ᠬᠥᠳᠡᠯᠦᠩᠭᠦᠶ᠎ᠪᠠᠷ ᠴᠡᠪᠡᠷᠯᠡᠪᠡ᠃
ᠠᠵᠢᠯ ᠣᠯᠭᠣᠯᠲᠠ ᠵᠢᠨ ᠦᠢ᠍ᠯᠡᠴᠢᠯᠡᠭᠡ ᠵᠢ ᠰᠢᠯᠢᠳᠡᠭᠵᠢᠭᠦᠯᠵᠦ ᠠᠵᠢᠯ ᠤᠯᠭᠤᠯᠳᠠ ᠵᠢ ᠠᠬᠢᠭᠤᠯᠤᠨ᠎ᠠ
ᠨᠢᠭᠡ ᠲᠠᠯ᠎ᠠ᠎ᠪᠠᠷ᠂ ᠰᠦᠯᠵᠢᠶᠡᠨ ᠳᠡᠭᠡᠷᠡᠬᠢ ᠠᠷᠠᠳ᠎ᠲᠤ ᠲᠥᠬᠥᠮ ᠦᠵᠡᠭᠦᠯᠬᠦ ᠠᠵᠢᠯ ᠣᠯᠭᠣᠯᠲᠠ ᠵᠢᠨ ᠦᠢᠯᠡᠴᠢᠯᠡᠭᠡᠨ᠎ᠤ ᠲᠠᠪᠴᠠᠩ᠎ᠢ ᠢᠳᠡᠪᠬᠢᠲᠡᠶ ᠪᠠᠶ᠋ᠢᠭᠤᠯᠵᠤ᠂ 《ᠠᠵᠢᠯ ᠤᠯᠭᠤᠯᠳᠠ ᠥᠪᠥᠷ ᠮᠣᠩᠭᠣᠯ》᠎ᠤᠨ ᠠᠵᠢᠯ ᠡᠷᠢᠵᠦ ᠤᠷᠢᠬᠤ ᠲᠠᠪᠴᠠᠩ ᠪᠠ 《ᠮᠥᠩᠬᠡ ᠰᠤᠪᠠᠭ ᠡᠯᠰᠡᠯᠳᠡ》 ᠰᠢᠯᠵᠢᠮᠡᠯ ᠬᠡᠷᠡᠭᠯᠡᠭᠴᠢ ᠵᠢᠨ ᠦᠵᠦᠭᠦᠷ᠎ᠢ ᠰᠦᠯᠵᠢᠶᠡᠨ᠎ᠳᠤ ᠣᠷᠣᠭᠤᠯᠤᠨ ᠠᠵᠢᠯᠯᠠᠭᠤᠯᠵᠤ᠂ ᠨᠢᠭᠡᠳᠦᠭᠡᠷ ᠤᠯᠠᠷᠢᠯ᠎ᠳᠤ 《ᠠᠵᠢᠯ ᠤᠯᠭᠤᠯᠳᠠ ᠥᠪᠥᠷ ᠮᠣᠩᠭᠣᠯ》᠎ᠤᠨ ᠠᠵᠢᠯ ᠡᠷᠢᠵᠦ ᠤᠷᠢᠬᠤ ᠲᠠᠪᠴᠠᠩ ᠵᠶ᠋ᠠᠷ ᠳᠠᠮᠵᠢᠭᠤᠯᠤᠨ 7.28 ᠲᠦᠮᠡᠨ ᠠᠵᠢᠯ᠎ᠤᠨ ᠪᠠᠶ᠋ᠢᠷᠢ ᠵᠢᠨ ᠮᠡᠳᠡᠭᠡ ᠵᠠᠩᠭᠢ ᠵᠢ ᠴᠤᠭᠯᠠᠭᠤᠯᠤᠨ ᠨᠡᠶ᠋ᠢᠲᠡᠯᠡᠪᠡ᠃
ᠨᠥᠭᠥᠭᠡ ᠲᠠᠯ᠎ᠠ᠎ᠪᠠᠷ᠂ 《ᠬᠠᠪᠤᠷ᠎ᠤᠨ ᠤᠷᠢᠬᠠᠨ ᠰᠠᠯᠬᠢ ᠠᠵᠢᠯᠯᠠᠭ᠎ᠠ》 《ᠤᠷᠢᠬᠠᠨ ᠬᠠᠪᠤᠷ ᠮᠠᠯᠴᠢᠨ ᠲᠠᠷᠢᠶᠠᠴᠢᠨ ᠬᠦᠴᠦ ᠶᠠᠪᠤᠭᠰᠠᠳ᠎ᠢ ᠲᠤᠯᠠᠭ᠋ᠠᠴᠠᠭᠤᠯᠬᠤ》᠂ ᠠᠷᠠᠳ᠎ᠤᠨ ᠡᠵᠡᠩᠨᠡᠭᠰᠡᠨ ᠠᠵᠤ ᠠᠬᠤᠶ᠋ᠢᠯᠠᠯ᠎ᠤᠨ ᠠᠵᠢᠯᠲᠠᠨ ᠡᠯᠰᠡᠬᠦ ᠴᠤᠭᠯᠠᠭ᠋ᠠᠨ ᠵᠡᠷᠭᠡ ᠲᠤᠰᠬᠠᠶ ᠦᠢᠯᠡᠴᠢᠯᠡᠭᠡᠨ᠎ᠤ ᠠᠵᠢᠯᠯᠠᠭ᠎ᠠ ᠵᠢ ᠲᠥᠪᠯᠡᠷᠡᠭᠦᠯᠦᠨ ᠡᠷᠭᠢᠯᠡᠵᠦ᠂ 《ᠠᠵᠢᠯ ᠣᠯᠭᠣᠯᠲᠠ +》 ᠦᠢᠯᠡᠴᠢᠯᠡᠭᠡᠨ᠎ᠤ ᠵᠠᠭᠪᠤᠷ᠎ᠤᠨ ᠰᠢᠨ᠎ᠡ ᠵᠢ ᠡᠭᠦᠳᠴᠦ᠂ ᠠᠵᠢᠯᠲᠠᠨ ᠡᠯᠰᠡᠬᠦ ᠴᠤᠭᠯᠠᠭ᠋ᠠᠨ᠎ᠢ ᠬᠤᠳᠠᠯᠳᠤᠭ᠋ᠠᠨ᠎ᠤ ᠲᠣᠭᠣᠷᠢᠭ᠂ ᠴᠤᠭᠯᠠᠭ᠎ᠠ ᠮᠠᠶ᠋ᠢᠮᠠᠶ᠂ ᠰᠥᠨᠢ ᠵᠢᠨ ᠵᠠᠬ᠎ᠠ ᠳᠡᠯᠭᠡᠭᠦᠷ᠂ ᠰᠦᠮ᠎ᠡ ᠵᠢᠨ ᠴᠤᠭᠯᠠᠭ᠋ᠠᠨ ᠵᠡᠷᠭᠡ ᠬᠥᠮᠦᠨ ᠣᠯᠠᠨ ᠴᠤᠭᠯᠠᠷᠠᠳᠠᠭ ᠲᠠᠯᠠᠪᠤᠷ᠎ᠲᠤ ᠡᠷᠬᠢᠯᠡᠪᠡ᠃ ᠵᠢᠯ᠎ᠤᠨ ᠡᠬᠢᠨ᠎ᠠᠴᠠ ᠨᠠᠭ᠋ᠠᠰᠢ᠂ ᠡᠯ᠎ᠡ ᠲᠥᠷᠥᠯ᠎ᠤᠨ ᠠᠵᠢᠯᠲᠠᠨ ᠡᠯᠰᠡᠬᠦ ᠠᠵᠢᠯᠯᠠᠭ᠎ᠠ ᠵᠢ 1099 ᠤᠳᠠᠭ᠎ᠠ ᠵᠣᠬᠢᠶᠠᠨ ᠪᠠᠶ᠋ᠢᠭᠤᠯᠵᠤ᠂ 54.1 ᠲᠦᠮᠡᠨ ᠤᠳᠠᠭ᠎ᠠ ᠵᠢᠨ ᠠᠵᠢᠯ᠎ᠤᠨ ᠪᠠᠶ᠋ᠢᠷᠢ ᠬᠠᠩᠭ᠋ᠠᠵᠤ᠂ ᠠᠳᠠᠯᠢ ᠬᠤᠭᠤᠴᠠᠭ᠋ᠠᠨ᠎ᠤ᠎ᠬᠢ᠎ᠠᠴᠠ ᠲᠣᠰ ᠲᠣᠰ 7.9%᠂ 16.3%᠎ᠪᠠᠷ ᠨᠡᠮᠡᠭᠳᠡᠪᠡ᠃ 196 《ᠬᠡᠷ᠎ᠤᠨ ᠡᠭᠦᠳᠡᠨ᠎ᠳᠠᠬᠢ》 ᠠᠵᠢᠯ ᠣᠯᠭᠣᠯᠲᠠ ᠵᠢᠨ ᠦᠢᠯᠡᠴᠢᠯᠡᠭᠡᠨ᠎ᠤ ᠥᠷᠲᠡᠭᠡ ᠵᠢ ᠰᠢᠯᠢᠳᠡᠭᠵᠢᠭᠦᠯᠦᠨ ᠲᠠᠰ ᠳᠡᠪᠰᠢᠭᠦᠯᠵᠦ᠂ ᠠᠷᠰᠠᠷ ᠠᠵᠢᠯ᠎ᠤᠨ ᠵᠠᠬ᠎ᠠ ᠳᠡᠯᠭᠡᠭᠦᠷ᠂ 153 ᠠᠷᠰᠠᠷ ᠠᠵᠢᠯ᠎ᠤᠨ ᠦᠢᠯᠡᠴᠢᠯᠡᠭᠡᠨ᠎ᠤ ᠥᠷᠲᠡᠭᠡ ᠵᠢ ᠪᠠᠶ᠋ᠢᠭᠤᠯᠵᠤ᠂ ᠣᠯᠠᠨ ᠲᠦᠮᠡᠨ᠎ᠳᠤ ᠠᠵᠢᠯ ᠣᠯᠭᠣᠯᠲᠠ ᠵᠢᠨ ᠴᠢᠨᠠᠷ ᠰᠠᠶ᠋ᠢᠲᠠᠶ ᠳᠥᠭᠥᠮ ᠳᠥᠲᠡ ᠣᠯᠠᠨ ᠨᠡᠶ᠋ᠢᠲᠡ ᠵᠢᠨ ᠦᠢᠯᠡᠴᠢᠯᠡᠭᠡ ᠵᠢ ᠪᠥᠬᠥ ᠬᠦᠴᠦᠨ ᠵᠶ᠋ᠡᠷ ᠵᠶ᠋ᠡᠨ ᠬᠦᠷᠲᠡᠭᠡᠪᠡ᠃
ᠲᠠᠷᠠᠭ᠋ᠠᠴᠢ ᠵᠢᠨ ᠠᠯᠬᠤᠮ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ 《ᠭᠣᠥᠯᠳᠠᠯᠭ᠎ᠠ᠎ᠲᠠᠢ ᠬᠦᠷᠢᠶ᠎ᠡ᠂ ᠭᠣᠥᠯᠳᠠᠯᠭ᠎ᠠ᠎ᠲᠠᠢ ᠠᠵᠢᠯ ᠲᠥᠷᠥᠯ᠂ ᠬᠣᠲᠠ ᠬᠥᠳᠡᠭᠡ ᠵᠢᠨ ᠦᠨᠳᠦᠰᠦᠨ ᠱᠠᠲᠤ ᠪᠠ ᠳᠤᠮᠳᠠ ᠵᠢᠵᠢᠭ ᠪᠢᠴᠢᠯ ᠠᠵᠤ ᠠᠬᠤᠶ᠋ᠢᠯᠠᠯ᠎ᠤᠨ ᠠᠵᠢᠯ᠎ᠤᠨ ᠪᠠᠶ᠋ᠢᠷᠢ ᠵᠢᠨ ᠳᠠᠯᠳᠠ ᠬᠦᠴᠦᠨ᠎ᠢ ᠠᠭᠤᠳᠠᠯᠤᠨ ᠪᠠᠭᠲᠠᠭ᠋ᠠᠮᠵᠢ ᠵᠢ ᠥᠷᠭᠡᠳᠬᠡᠵᠦ ᠭᠣᠥᠯᠳᠠᠯᠭ᠎ᠠ᠎ᠲᠠᠢ ᠬᠥᠮᠥᠰ᠎ᠤᠨ ᠠᠵᠢᠯ ᠣᠯᠵᠤ ᠦᠢ᠍ᠯᠡᠰ ᠪᠣᠰᠬᠠᠬᠤ ᠵᠢ ᠳᠡᠮᠵᠢᠬᠦ ᠵᠢ ᠬᠡᠷᠡᠭᠵᠢᠭᠦᠯᠬᠦ ᠲᠥᠰᠦᠯ》᠎ᠢ ᠲᠦᠷᠭᠡᠪᠴᠢᠯᠡᠨ ᠨᠡᠶ᠋ᠢᠲᠡᠯᠡᠨ᠎ᠡ; 《ᠤᠷ᠎ᠠ ᠮᠡᠷᠭᠡᠵᠢᠯ ᠵᠶ᠋ᠠᠷ ᠢᠷᠡᠭᠡᠳᠦᠶ᠎ᠪᠠᠨ ᠭᠡᠷᠡᠯᠲᠦᠭᠦᠯᠬᠦ》᠂ 《ᠤᠷ᠎ᠠ ᠮᠡᠷᠭᠡᠵᠢᠯ ᠵᠶ᠋ᠠᠷ ᠠᠵᠤ ᠠᠬᠤᠶ᠋ᠢᠯᠠᠯ᠎ᠢ ᠬᠦᠴᠦᠷᠬᠡᠭᠵᠢᠭᠦᠯᠬᠦ》 ᠪᠣᠯᠪᠠᠰᠤᠷᠠᠯ᠎ᠤᠨ ᠠᠵᠢᠯᠯᠠᠭ᠎ᠠ ᠵᠢ ᠭᠦᠨᠵᠡᠭᠡᠶ ᠬᠡᠷᠡᠭᠵᠢᠭᠦᠯᠵᠦ᠂ 《ᠠᠵᠢᠯ᠎ᠤᠨ ᠪᠠᠶ᠋ᠢᠷᠢ ᠵᠢᠨ ᠬᠡᠷᠡᠭᠴᠡᠭᠡ + ᠤᠷ᠎ᠠ ᠮᠡᠷᠭᠡᠵᠢᠯ᠎ᠤᠨ ᠪᠣᠯᠪᠠᠰᠤᠷᠠᠯ + ᠤᠷ᠎ᠠ ᠮᠡᠷᠭᠡᠵᠢᠯ᠎ᠤᠨ ᠦᠨᠡᠯᠡᠯᠲᠡ + ᠠᠵᠢᠯ ᠣᠯᠭᠣᠯᠲᠠ ᠵᠢᠨ ᠦᠢᠯᠡᠴᠢᠯᠡᠭᠡ》 ᠳᠥᠷᠪᠡ ᠵᠢ ᠨᠢᠭᠡ ᠴᠤᠭᠴᠠᠵᠢᠭᠤᠯᠤᠭᠰᠠᠨ ᠲᠥᠷᠥᠯ ᠵᠦᠢᠯᠴᠢᠯᠡᠭᠰᠡᠨ ᠪᠣᠯᠪᠠᠰᠤᠷᠠᠯ᠎ᠤᠨ ᠵᠠᠭᠪᠤᠷ᠎ᠢ ᠬᠡᠷᠡᠭᠵᠢᠭᠦᠯᠦᠨ᠂ ᠪᠣᠯᠪᠠᠰᠤᠷᠠᠯ᠎ᠤᠨ ᠭᠠᠷᠴᠠᠭ᠎ᠢ ᠰᠢᠯᠢᠳᠡᠭᠵᠢᠭᠦᠯᠦᠨ ᠳᠣᠭᠢᠷᠠᠭᠤᠯᠵᠤ᠂ ᠵᠦᠷᠢᠶᠡᠴᠢᠯᠡᠭᠰᠡᠨ ᠪᠣᠯᠪᠠᠰᠤᠷᠠᠯ᠎ᠤᠨ ᠨᠥᠬᠥᠪᠥᠷᠢ ᠵᠢᠨ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠤᠨ᠂ ᠪᠣᠯᠪᠠᠰᠤᠷᠠᠯ᠎ᠤᠨ ᠠᠵᠢᠯ᠎ᠤᠨ ᠴᠢᠨᠠᠷ ᠴᠢᠨᠰᠠᠭ᠎ᠠ ᠦᠷ᠎ᠡ ᠪᠦᠲᠦᠮᠵᠢ ᠵᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ; ᠭᠣᠥᠯᠳᠠᠯᠭ᠎ᠠ᠎ᠲᠠᠢ ᠬᠥᠮᠥᠰ᠎ᠲᠤ ᠠᠩᠬᠠᠷᠤᠯ ᠵᠶ᠋ᠠᠨ ᠲᠥᠪᠯᠡᠷᠡᠭᠦᠯᠵᠦ᠂ ᠨᠠᠩ ᠣᠯᠠᠨ ᠠᠵᠢᠯ ᠲᠥᠷᠥᠯ᠂ ᠬᠦᠷᠢᠶ᠎ᠡ ᠬᠡᠪᠴᠢᠶ᠎ᠡ᠂ ᠲᠤᠰᠬᠠᠶ ᠮᠡᠷᠭᠡᠵᠢᠯ ᠬᠤᠪᠢᠶᠠᠭᠰᠠᠨ 《ᠵᠢᠵᠢᠭ ᠮᠥᠷᠲᠡᠭᠡᠨ ᠨᠠᠷᠢᠯᠢᠭ》 ᠠᠵᠢᠯᠲᠠᠨ ᠡᠯᠰᠡᠬᠦ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠬᠡᠷ᠎ᠤᠨ ᠡᠭᠦᠳᠡᠨ᠎ᠳᠠᠬᠢ ᠠᠵᠢᠯ ᠣᠯᠭᠣᠯᠲᠠ ᠵᠢᠨ ᠦᠢᠯᠡᠴᠢᠯᠡᠭᠡᠨ᠎ᠤ ᠥᠷᠲᠡᠭᠡ ᠵᠢ ᠲᠦᠷᠭᠡᠪᠴᠢᠯᠡᠨ ᠲᠠᠰ ᠳᠡᠪᠰᠢᠭᠦᠯᠦᠨ ᠰᠢᠯᠢᠳᠡᠭᠵᠢᠭᠦᠯᠵᠦ᠂ ᠠᠵᠢᠯ ᠣᠯᠭᠣᠯᠲᠠ ᠵᠢᠨ ᠦᠢᠯᠡᠴᠢᠯᠡᠭᠡᠨ᠎ᠤ ᠲᠠᠪᠴᠠᠩ᠎ᠤᠨ ᠴᠢᠳᠠᠮᠵᠢ ᠵᠢ ᠲᠡᠭᠦᠯᠳᠡᠷᠵᠢᠭᠦᠯᠦᠨ᠂ 《ᠠᠵᠢᠯ ᠪᠠᠢ᠌ᠭ᠋ᠠᠳ ᠬᠢᠬᠦ ᠬᠥᠮᠦᠨ ᠥᠬᠡᠶ》 《ᠬᠥᠮᠥᠨ ᠪᠠᠢ᠌ᠭ᠋ᠠᠳ ᠬᠢᠬᠦ ᠠᠵᠢᠯ ᠥᠬᠡᠶ》 ᠨᠠᠷᠢᠨ ᠲᠠᠩᠰᠠ ᠵᠢ ᠨᠠᠷᠢᠯᠢᠭ ᠣᠨᠣᠴᠠᠲᠠᠶ᠎ᠪᠠᠷ ᠳᠣᠭᠢᠷᠠᠭᠤᠯᠵᠤ᠂ ᠠᠵᠢᠯ ᠣᠯᠭᠣᠯᠲᠠ ᠵᠢᠨ ᠠᠵᠢᠯ᠎ᠤᠨ ᠪᠠᠶ᠋ᠢᠷᠢ ᠵᠢ ᠥᠨᠳᠥᠷ ᠪᠦᠲᠦᠮᠵᠢᠲᠡᠶ᠎ᠪᠠᠷ ᠴᠤᠭᠯᠠᠭᠤᠯᠬᠤ᠂ ᠠᠵᠢᠯ ᠣᠯᠭᠣᠯᠲᠠ ᠵᠢᠨ ᠬᠡᠷᠡᠭᠴᠡᠭᠡ ᠱᠠᠭ᠋ᠠᠷᠳᠠᠯᠭ᠎ᠠ ᠵᠢ ᠣᠶᠤᠨᠴᠢ᠎ᠪᠠᠷ ᠵᠣᠬᠢᠴᠠᠭᠤᠯᠬᠤ᠂ ᠠᠵᠢᠯ ᠣᠯᠭᠣᠯᠲᠠ ᠵᠢᠨ ᠦᠢᠯᠡᠴᠢᠯᠡᠭᠡ ᠵᠢ ᠴᠠᠭ ᠲᠤᠬᠠᠶ᠎ᠳᠤᠨᠢ ᠳᠥᠭᠥᠮ ᠳᠥᠲᠡ ᠪᠣᠯᠭ᠋ᠠᠬᠤ ᠵᠢ ᠠᠬᠢᠭᠤᠯᠤᠨ᠎ᠠ᠃