ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠦᠨᠦᠳᠣᠷ᠎ᠤᠨ ᠰᠣᠨᠢᠨ ᠮᠡᠳᠡᠭᠡ
《 ᠠᠷᠪᠠᠨ ᠲᠠᠪᠤᠳᠤᠭᠠᠷ ᠲᠠᠪᠤᠨ ᠵᠢᠯ 》᠎ᠤᠨ ᠰᠠᠢᠨ ᠰᠠᠢᠬᠠᠨ ᠡᠬᠢᠯᠡᠯᠲᠡ᠎ᠶᠢ ᠪᠡᠶᠡᠯᠡᠭᠦᠯᠬᠦ᠎ᠳᠦ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠬᠦᠴᠦᠨ᠎ᠢ ᠨᠡᠮᠡᠷᠢᠯᠡᠰᠦᠭᠡᠢ —— ᠪᠥᠬᠥ ᠤᠯᠤᠰ᠎ᠤᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠠᠵᠢᠯ᠎ᠤᠨ ᠬᠤᠷᠠᠯ᠎ᠤᠨ ᠵᠣᠷᠢᠭ᠋ ᠰᠠᠨᠠᠭ᠎ᠠ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠬᠤ ᠲᠤᠬᠠᠢ ᠥᠭᠦᠯᠡᠬᠦ ᠨᠢ
ᠨᠡᠶ᠋ᠢᠲᠡᠯᠡᠭᠰᠡᠨ ᠴᠠᠭ᠄ 2026-01-12

      ᠰᠠᠶᠢᠬᠠᠨ ᠬᠤᠷᠠᠯᠳᠤᠭᠤᠯᠤᠭᠰᠠᠨ ᠪᠥᠬᠥ ᠤᠯᠤᠰ᠎ᠤᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠠᠵᠢᠯ᠎ᠤᠨ ᠬᠤᠷᠠᠯ ᠨᠢ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠥᠪ᠎ᠦᠨ ᠠᠵᠤ ᠠᠬᠤᠢ᠎ᠶᠢᠨ ᠠᠵᠢᠯ᠎ᠤᠨ ᠬᠤᠷᠠᠯ᠎ᠤᠨ ᠪᠠᠢᠷᠢᠯᠠᠭᠤᠯᠤᠯᠲᠠ᠎ᠶᠢᠨ ᠱᠠᠭᠠᠷᠳᠠᠯᠭ᠎ᠠ᠎ᠶᠢ ᠨᠠᠢᠳᠠᠪᠤᠷᠢᠵᠢᠭᠤᠯᠤᠨ᠂ 2025 ᠣᠨ᠎ᠤ ᠠᠵᠢᠯ᠎ᠢᠶᠠᠨ ᠳ᠋ᠦᠩᠨᠡᠵᠦ᠂ ᠣᠳᠣᠬᠠᠨ᠎ᠤ ᠪᠠᠢᠳᠠᠯ᠎ᠢ ᠵᠠᠳᠠᠯᠵᠤ᠂ ᠢᠷᠡᠬᠦ ᠵᠢᠯ᠎ᠦᠨ ᠭᠣᠣᠯᠳᠠᠯᠭ᠎ᠠ᠎ᠲᠠᠢ ᠡᠭᠦᠷᠭᠡ᠎ᠶᠢ ᠰᠤᠳᠤᠯᠤᠨ ᠪᠠᠢᠷᠢᠯᠠᠭᠤᠯᠵᠤ᠂ ᠢᠷᠡᠬᠦ ᠵᠢᠯ᠎ᠦᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠠᠵᠢᠯ᠎ᠢ ᠯᠠᠪᠳᠠᠭᠤᠨ ᠪᠠᠲᠤᠲᠠᠢ ᠲᠦᠯᠬᠢᠨ ᠠᠬᠢᠭᠤᠯᠬᠤ᠂ 《 ᠠᠷᠪᠠᠨ ᠲᠠᠪᠤᠳᠤᠭᠠᠷ ᠲᠠᠪᠤᠨ ᠵᠢᠯ 》᠎ᠦᠨ ᠲᠥᠯᠦᠪᠵᠢᠭᠦᠯᠭᠡ᠎ᠶᠢᠨ ᠰᠠᠢᠨ ᠰᠠᠢᠬᠠᠨ ᠡᠬᠢᠯᠡᠯᠲᠡ᠎ᠶᠢ ᠦᠨᠡᠨ ᠬᠦ᠌ ᠪᠠᠲᠤᠯᠠᠬᠤ᠎ᠳᠤ ᠰᠢᠨᠵᠢᠯᠡᠬᠦ ᠤᠬᠠᠭᠠᠨᠴᠢ ᠵᠢᠯᠣᠭᠣᠳᠤᠯᠭ᠎ᠠ ᠬᠠᠩᠭᠠᠭᠰᠠᠨ ᠪᠠᠢᠨ᠎ᠠ᠃ ᠡᠯ᠎ᠡ ᠱᠠᠲᠤᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠰᠠᠯᠠᠭ᠎ᠠ ᠮᠥᠴᠢᠷ ᠪᠣᠯᠣᠨ ᠥᠷᠭᠡᠨ ᠤᠯᠠᠨ ᠺᠠᠳ᠋ᠷ ᠠᠵᠢᠯᠲᠠᠨ ᠠᠵᠢᠯᠴᠢᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠪᠠᠨ ᠬᠤᠷᠠᠯ᠎ᠤᠨ ᠵᠣᠷᠢᠭ᠋ ᠰᠠᠨᠠᠭ᠎ᠠ᠎ᠲᠠᠢ ᠨᠢᠭᠡᠳᠬᠡᠵᠦ᠂ ᠡᠯ᠎ᠡ ᠵᠦᠢᠯ᠎ᠦᠨ ᠡᠭᠦᠷᠭᠡ᠎ᠶᠢᠨ ᠨᠠᠢᠳᠠᠪᠤᠷᠢᠵᠢᠭᠤᠯᠤᠯᠲᠠ᠎ᠶᠢ ᠪᠦᠬᠦ ᠬᠦᠴᠦᠨ᠎ᠢᠶᠡᠷ᠎ᠢᠶᠡᠨ ᠰᠠᠢᠲᠤᠷ ᠠᠳᠬᠤᠬᠤ ᠬᠡᠷᠡᠭᠲᠡᠢ᠃
      ᠣᠨ ᠵᠢᠯ ᠡᠷᠡᠯᠬᠡᠭᠯᠡᠨ ᠤᠷᠤᠭᠰᠢᠯᠠᠬᠤ ᠤᠯᠠ ᠮᠥᠷ᠎ᠢ ᠬᠠᠳᠠᠩᠰᠢᠭᠤᠯᠤᠨ᠎ᠠ᠃ ᠥᠩᠭᠡᠷᠡᠭᠰᠡᠨ ᠨᠢᠭᠡ ᠵᠢᠯ ᠪᠣᠯ ᠲᠤᠢᠯ᠎ᠤᠨ ᠶᠡᠷᠦ ᠪᠤᠰᠤ᠎ᠶᠢᠨ ᠨᠢᠭᠡ ᠵᠢᠯ ᠶᠤᠮ᠂ ᠡᠯ᠎ᠡ ᠱᠠᠲᠤᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠰᠠᠯᠠᠭ᠎ᠠ ᠮᠥᠴᠢᠷ᠎ᠦᠨ ᠬᠢᠨ ᠨᠠᠮ᠎ᠤᠨ ᠲᠥᠪ ᠬᠣᠷᠢᠶ᠎ᠠ᠂ ᠲᠦᠷᠦ᠎ᠶᠢᠨ ᠶᠠᠪᠤᠳᠠᠯ᠎ᠤᠨ ᠬᠣᠷᠢᠶᠠᠨ᠎ᠤ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠡᠷᠡᠰ ᠨᠠᠢᠳᠠᠪᠤᠷᠢᠵᠢᠭᠤᠯᠵᠤ᠂ ᠡᠷᠡᠮᠡᠬᠡᠢᠯᠡᠨ ᠤᠷᠤᠭᠰᠢᠯᠠᠵᠤ᠂ ᠬᠦᠴᠢᠷ᠎ᠢ ᠲᠤᠭᠤᠯᠤᠨ ᠪᠡᠷᠬᠡ᠎ᠶᠢ ᠳᠠᠪᠠᠵᠤ᠂ ᠬᠦᠴᠦᠨ᠎ᠢᠶᠡᠨ ᠲᠥᠪᠯᠡᠷᠡᠭᠦᠯᠦᠨ ᠠᠷᠠᠳ᠎ᠤᠨ ᠠᠮᠢᠳᠤᠷᠠᠯ᠎ᠳᠤ ᠠᠰᠢᠭ᠋ ᠬᠦᠷᠲᠡᠭᠡᠵᠦ᠂ ᠥᠭᠡᠷᠡᠴᠢᠯᠡᠯᠲᠡ᠎ᠶᠢ ᠠᠬᠢᠭᠤᠯᠵᠤ᠂ ᠦᠢᠯᠡᠴᠢᠯᠡᠭᠡ᠎ᠶᠢ ᠰᠢᠯᠢᠳᠡᠭᠵᠢᠭᠦᠯᠵᠦ᠂ ᠠᠶᠤᠯ ᠲᠦᠭᠰᠢᠭᠦᠷᠢ᠎ᠶᠢ ᠰᠡᠷᠭᠡᠢᠯᠡᠵᠦ᠂ ᠬᠠᠯᠠᠭᠤᠨ ᠳᠤᠯᠠᠭᠠᠨ ᠭᠦᠨ ᠵᠤᠵᠠᠭᠠᠨ ᠠᠷᠠᠳ᠎ᠤᠨ ᠠᠮᠢᠳᠤᠷᠠᠯ᠎ᠤᠨ ᠬᠠᠷᠢᠭᠤᠯᠲᠠ᠎ᠶᠢᠨ ᠬᠠᠭᠤᠳᠠᠰᠤ᠎ᠶᠢ ᠲᠤᠰᠢᠶᠠᠪᠠ᠃ ᠠᠵᠢᠯ ᠣᠯᠭᠣᠯᠲᠠ᠎ᠶᠢᠨ ᠦᠨᠳᠦᠰᠦᠨ ᠪᠠᠢᠳᠠᠯ᠎ᠢ ᠪᠥᠬᠥ ᠬᠦᠴᠦᠨ᠎ᠢᠶᠡᠷ᠎ᠢᠶᠡᠨ ᠲᠣᠭᠲᠠᠪᠤᠷᠢᠵᠢᠭᠤᠯᠵᠤ᠂ ᠪᠥᠬᠥ ᠵᠢᠯ᠎ᠳᠦ ᠬᠣᠲᠠ ᠪᠠᠯᠭᠠᠰᠤᠨ᠎ᠤ ᠰᠢᠨ᠎ᠡ᠎ᠪᠡᠷ ᠠᠵᠢᠯ ᠣᠯᠣᠭᠰᠠᠨ ᠬᠥᠮᠥᠨ 1200 ᠲᠦᠮᠡ᠎ᠶᠢ ᠳᠠᠪᠠᠪᠠ ; 《 ᠤᠷ᠎ᠠ ᠮᠡᠷᠭᠡᠵᠢᠯ᠎ᠢᠶᠠᠷ ᠢᠷᠡᠭᠡᠳᠦᠢ᠎ᠪᠠᠨ ᠭᠡᠷᠡᠯᠲᠦᠭᠦᠯᠬᠦ 》 ᠪᠣᠯᠪᠠᠰᠤᠷᠠᠯ᠎ᠤᠨ ᠠᠵᠢᠯᠯᠠᠭ᠎ᠠ᠎ᠶᠢ ᠬᠡᠷᠡᠭᠵᠢᠭᠦᠯᠵᠦ᠂ ᠲᠤᠰᠬᠠᠢ ᠮᠡᠷᠭᠡᠵᠢᠯ᠎ᠦᠨ ᠴᠢᠳᠠᠪᠤᠷᠢᠲᠠᠨ᠎ᠤ ᠠᠵᠢᠯ᠎ᠢ ᠯᠠᠪᠳᠠᠭᠤᠨ᠎ᠢᠶᠠᠷ ᠠᠬᠢᠭᠤᠯᠤᠨ᠂ ᠭᠠᠳᠠᠭᠠᠳᠤ᠎ᠶᠢᠨ ᠲᠤᠰᠬᠠᠢ ᠮᠡᠷᠭᠡᠵᠢᠯᠲᠡᠨ᠎ᠢ ᠣᠷᠣᠭᠤᠯᠤᠨ ᠬᠡᠷᠡᠭᠯᠡᠬᠦ ᠪᠠ ᠦᠢᠯᠡᠴᠢᠯᠡᠭᠡ ᠪᠠᠲᠤᠯᠠᠭ᠎ᠠ᠎ᠶᠢᠨ ᠲᠣᠭᠲᠠᠴᠠ᠎ᠶᠢ ᠨᠠᠩ ᠪᠦᠷᠢᠨᠰᠢᠭᠦᠯᠵᠦ᠂ ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠨᠡᠭᠡᠭᠡᠨ ᠠᠰᠢᠭ᠍ᠯᠠᠯᠲᠠ᠎ᠶᠢ ᠪᠥᠬᠥ ᠲᠠᠯ᠎ᠠ᠎ᠪᠠᠷ ᠴᠢᠩᠭᠠᠳᠬᠠᠪᠠ ; ᠬᠠᠤᠯᠢ᠎ᠪᠠᠷ ᠲᠣᠭᠲᠠᠭᠠᠭᠰᠠᠨ ᠠᠵᠢᠯ᠎ᠠᠴᠠ᠎ᠪᠠᠨ ᠠᠮᠠᠷᠠᠬᠤ ᠨᠠᠰᠤ᠎ᠶᠢ ᠠᠭᠠᠵᠢᠮ᠎ᠢᠶᠠᠷ ᠬᠣᠢᠰᠢᠯᠠᠭᠤᠯᠬᠤ ᠥᠭᠡᠷᠡᠴᠢᠯᠡᠯᠲᠡ᠎ᠶᠢ ᠯᠠᠪᠳᠠᠭᠤᠨ᠎ᠢᠶᠠᠷ ᠬᠡᠷᠡᠭᠵᠢᠭᠦᠯᠵᠦ᠂ ᠪᠦᠬᠦ ᠤᠯᠤᠰ᠎ᠲᠤ ᠨᠢᠭᠡᠳᠦᠯᠲᠡᠢ ᠲᠥᠯᠥᠪᠵᠢᠭᠦᠯᠬᠦ᠂ ᠬᠤᠪᠢ ᠬᠥᠮᠥᠨ᠎ᠦ ᠨᠠᠰᠤᠵᠢᠯ᠎ᠤᠨ ᠠᠰᠠᠷᠠᠮᠵᠢ᠎ᠶᠢᠨ ᠮᠥᠩᠭᠥ᠂ ᠰᠢᠨ᠎ᠡ ᠠᠵᠢᠯ ᠣᠯᠭᠣᠯᠲᠠ᠎ᠶᠢᠨ ᠬᠡᠯᠪᠡᠷᠢ᠎ᠶᠢᠨ ᠬᠥᠮᠥᠰ᠎ᠦᠨ ᠠᠵᠢᠯ ᠮᠡᠷᠭᠡᠵᠢᠯ᠎ᠦᠨ ᠭᠡᠮᠲᠦᠯ᠎ᠦᠨ ᠪᠠᠲᠤᠯᠠᠭ᠎ᠠ᠎ᠶᠢᠨ ᠲᠤᠷᠰᠢᠯᠲᠠ᠎ᠶᠢᠨ ᠬᠡᠪᠴᠢᠶ᠎ᠡ᠎ᠶᠢ ᠥᠷᠭᠡᠳᠬᠡᠬᠦ ᠵᠡᠷᠭᠡ ᠭᠣᠣᠯᠳᠠᠯᠭ᠎ᠠ᠎ᠲᠠᠢ ᠥᠭᠡᠷᠡᠴᠢᠯᠡᠯᠲᠡ᠎ᠶᠢ ᠯᠠᠪᠳᠠᠭᠤᠨ᠎ᠢᠶᠠᠷ ᠲᠦᠯᠬᠢᠨ ᠠᠬᠢᠭᠤᠯᠵᠤ᠂ ᠠᠵᠢᠯ ᠦᠢᠯᠡᠰ᠎ᠦᠨ ᠨᠢᠭᠡᠴᠢ᠎ᠶᠢᠨ ᠠᠵᠢᠯᠲᠠᠨ᠎ᠤ ᠶᠠᠪᠤᠳᠠᠯ᠎ᠤᠨ ᠬᠠᠮᠢᠶᠠᠷᠤᠯᠲᠠ᠎ᠶᠢ ᠵᠢᠷᠤᠮᠵᠢᠭᠤᠯᠤᠨ ᠬᠥᠭᠵᠢᠭᠦᠯᠵᠦ᠂ ᠴᠠᠯᠢᠩ᠎ᠤᠨ ᠣᠷᠣᠯᠭ᠎ᠠ᠎ᠶᠢᠨ ᠴᠢᠬᠤᠯᠠ ᠶᠡᠬᠡ ᠠᠵᠢᠯᠯᠠᠭ᠎ᠠ᠎ᠶᠢᠨ ᠲᠠᠪᠴᠠᠩ᠎ᠢ ᠪᠠᠢᠭᠤᠯᠵᠤ᠂ ᠰᠢᠨ᠎ᠡ᠎ᠶᠢ ᠡᠭᠦᠳᠬᠦ ᠦᠢᠯᠡᠰ ᠪᠣᠰᠬᠠᠬᠤ ᠬᠥᠳᠡᠯᠭᠡᠬᠦ ᠬᠦᠴᠦᠨ᠎ᠢ ᠬᠥᠭᠵᠢᠭᠡᠪᠡ; ᠵᠠᠰᠠᠯᠲᠠ᠎ᠶᠢᠨ ᠦᠷ᠎ᠡ ᠪᠦᠲᠦᠮᠵᠢ᠎ᠶᠢ ᠦᠷᠭᠦᠯᠵᠢᠯᠡᠨ ᠳᠡᠭᠡᠭᠰᠢᠯᠡᠭᠦᠯᠵᠦ᠂ ᠬᠥᠳᠡᠯᠮᠦᠷᠢ᠎ᠶᠢᠨ ᠬᠠᠷᠢᠴᠠᠭ᠎ᠠ ᠶᠡᠷᠦᠩᠬᠡᠢ᠎ᠳᠡᠭᠡᠨ ᠡᠶ᠎ᠡ ᠵᠣᠬᠢᠴᠠᠯ᠎ᠲᠠᠢ ᠪᠥᠭᠡᠳ ᠲᠣᠭᠲᠠᠭᠤᠨ ᠪᠠᠢᠬᠤ᠎ᠶᠢ ᠪᠠᠲᠤᠯᠠᠪᠠ᠃ ᠡᠨᠡ ᠵᠢᠯ᠎ᠦᠨ ᠠᠮᠵᠢᠯᠲᠠ ᠪᠦᠲᠦᠮᠵᠢ ᠨᠢ 《 ᠠᠷᠪᠠᠨ ᠳᠥᠷᠪᠡᠳᠦᠭᠡᠷ ᠲᠠᠪᠤᠨ ᠵᠢᠯ 》᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠠᠬᠢ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠠᠵᠢᠯ᠎ᠢ ᠲᠡᠭᠦᠰ ᠠᠮᠵᠢᠯᠲᠠ᠎ᠲᠠᠢ ᠲᠡᠭᠦᠰᠬᠡᠵᠡᠢ᠃ ᠡᠳᠡᠭᠡᠷ ᠠᠮᠵᠢᠯᠲᠠ᠎ᠶᠢ ᠣᠯᠣᠭᠰᠠᠨ ᠨᠢ ᠦᠨᠡᠬᠡᠷ ᠬᠢᠯᠪᠡᠷ ᠪᠤᠰᠤ ᠶᠤᠮ᠂ ᠡᠭᠦᠨ᠎ᠦ ᠦᠨᠳᠦᠰᠦ ᠨᠢ ᠰᠢ᠎ᠶᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠠ ᠵᠠᠮᠴᠢᠯᠠᠨ ᠵᠠᠯᠠᠭᠤᠷ᠎ᠢ ᠡᠵᠡᠮᠳᠡᠭᠰᠡᠨ᠎ᠳᠦ ᠪᠤᠢ᠂ ᠰᠢ᠎ᠶᠢᠨ ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋᠎ᠲᠠᠢ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠰᠢᠨᠵᠢᠯᠡᠬᠦ ᠤᠬᠠᠭᠠᠨᠴᠢ ᠵᠢᠯᠣᠭᠣᠳᠤᠯᠭ᠎ᠠ᠎ᠳᠤ ᠪᠤᠢ᠃
      ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠥᠬᠥᠳᠡ ᠬᠤᠷᠠᠯ᠎ᠠᠴᠠ 《 ᠠᠷᠪᠠᠨ ᠲᠠᠪᠤᠳᠤᠭᠠᠷ ᠲᠠᠪᠤᠨ ᠵᠢᠯ 》᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠠᠬᠢ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠲᠤᠬᠠᠢ ᠦᠵᠦ ᠲᠥᠯᠥᠪᠯᠡᠭᠡ ᠪᠠ ᠪᠠᠢᠯᠳᠤᠬᠤ ᠪᠣᠳᠣᠯᠭ᠎ᠠ᠎ᠶᠢᠨ ᠵᠢᠷᠤᠭᠯᠠᠯᠲᠠ ᠬᠢᠵᠦ᠂ ᠪᠢᠳᠡᠨ᠎ᠦ ᠠᠵᠢᠯ᠎ᠢᠶᠠᠨ ᠲᠦᠯᠬᠢᠨ ᠠᠬᠢᠭᠤᠯᠬᠤ᠎ᠳᠤ ᠴᠢᠬᠤᠯᠠ ᠵᠢᠷᠤᠮᠯᠠᠯ ᠬᠠᠩᠭᠠᠵᠠᠢ᠃ ᠨᠠᠮ᠎ᠤᠨ ᠪᠦᠬᠦ ᠲᠠᠯ᠎ᠠ᠎ᠶᠢᠨ ᠤᠳᠤᠷᠢᠳᠤᠯᠭ᠎ᠠ᠎ᠶᠢ ᠪᠠᠷᠢᠮᠲᠠᠯᠠᠨ ᠴᠢᠩᠭᠠᠳᠬᠠᠬᠤ ᠪᠣᠯ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ᠎ᠶᠢᠨ ᠦᠨᠳᠦᠰᠦᠨ ᠪᠠᠲᠤᠯᠠᠭ᠎ᠠ ᠮᠥᠨ ᠭᠡᠳᠡᠭ᠎ᠢ ᠣᠨᠣᠪᠴᠢᠲᠠᠶ ᠡᠵᠡᠮᠰᠢᠵᠦ᠂ ᠠᠷᠠᠳ ᠲᠦᠮᠡᠨ᠎ᠦ ᠡᠳᠦᠷ ᠢᠷᠡᠬᠦᠶ᠎ᠡ ᠨᠡᠮᠡᠭᠳᠡᠵᠦ ᠪᠠᠢᠭ᠎ᠠ ᠰᠠᠢᠨ ᠰᠠᠢᠬᠠᠨ ᠠᠮᠢᠳᠤᠷᠠᠯ᠎ᠤᠨ ᠬᠡᠷᠡᠭᠴᠡᠭᠡ᠎ᠶᠢ ᠬᠠᠩᠭᠠᠬᠤ ᠪᠣᠯ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠦᠨᠳᠦᠰᠦᠨ ᠵᠣᠷᠢᠯᠭ᠎ᠠ ᠮᠥᠨ ᠭᠡᠳᠡᠭ᠎ᠢ ᠣᠨᠣᠪᠴᠢᠲᠠᠶ ᠡᠵᠡᠮᠰᠢᠵᠦ᠂ ᠪᠦᠬᠦ ᠠᠷᠠᠳ ᠲᠦᠮᠡᠨ ᠬᠠᠮᠲᠤ᠎ᠪᠠᠷ ᠴᠢᠨᠡᠭᠡᠯᠢᠭᠵᠢᠬᠦ ᠲᠠᠯ᠎ᠠ᠎ᠪᠠᠷ ᠯᠠᠪᠳᠠᠭᠤᠨ ᠪᠠᠲᠤᠲᠠᠢ ᠠᠯᠬᠤᠮ᠎ᠢ ᠠᠯᠬᠤᠬᠤ᠎ᠶᠢᠨ ᠶᠡᠷᠦᠩᠬᠡᠢ ᠴᠢᠨᠠᠷᠲᠠᠢ ᠱᠠᠭᠠᠷᠳᠠᠯᠭ᠎ᠠ᠎ᠶᠢ ᠣᠨᠣᠪᠴᠢᠲᠠᠶ ᠡᠵᠡᠮᠳᠡᠵᠦ᠂ ᠠᠷᠠᠳ᠎ᠤᠨ ᠠᠮᠢᠳᠤᠷᠠᠯ᠎ᠳᠤ ᠠᠰᠢᠭ᠋ ᠬᠦᠷᠲᠡᠭᠡᠬᠦ ᠪᠠ ᠬᠡᠷᠡᠭᠯᠡᠭᠡ᠎ᠶᠢ ᠠᠬᠢᠭᠤᠯᠬᠤ᠂ ᠪᠣᠳᠠᠰ᠎ᠲᠤ ᠪᠡᠯᠡ ᠣᠷᠣᠭᠤᠯᠬᠤ ᠪᠠ ᠬᠥᠮᠥᠨ᠎ᠳᠦ ᠪᠡᠯᠡ ᠣᠷᠣᠭᠤᠯᠬᠤ᠎ᠶᠢ ᠨᠢᠭ᠍ᠲᠠ ᠤᠶᠠᠯᠳᠤᠭᠤᠯᠬᠤ᠎ᠶᠢ ᠪᠠᠷᠢᠮᠲᠠᠯᠠᠬᠤ ᠬᠥᠭᠵᠢᠯᠲᠡ᠎ᠶᠢᠨ ᠱᠠᠭᠠᠷᠳᠠᠯᠭ᠎ᠠ᠎ᠶᠢ ᠣᠨᠣᠪᠴᠢᠲᠠᠶ ᠡᠵᠡᠮᠳᠡᠵᠦ᠂ ᠴᠢᠳᠠᠯ᠎ᠤᠨ ᠬᠢᠷᠢ᠎ᠪᠡᠷ᠎ᠢᠶᠡᠨ ᠴᠢᠷᠮᠠᠢᠬᠤ᠂ ᠬᠢᠷᠢ ᠳᠣᠲᠣᠷ᠎ᠠ᠎ᠪᠠᠨ ᠬᠢᠬᠦ ᠡᠨᠡ ᠬᠦ᠌ ᠠᠷᠠᠳ᠎ᠤᠨ ᠠᠮᠢᠳᠤᠷᠠᠯ᠎ᠤᠨ ᠪᠦᠲᠦᠭᠡᠨ ᠪᠠᠢᠭᠤᠯᠤᠯᠲᠠ᠎ᠶᠢᠨ ᠴᠢᠬᠤᠯᠠ ᠵᠢᠷᠤᠮᠯᠠᠯ᠎ᠢ ᠣᠨᠣᠪᠴᠢᠲᠠᠶ ᠡᠵᠡᠮᠳᠡᠵᠦ᠂ ᠠᠷᠠᠳ᠎ᠤᠨ ᠠᠮᠢᠳᠤᠷᠠᠯ᠎ᠤᠨ ᠰᠠᠢᠵᠢᠷᠠᠯᠲᠠ ᠬᠢᠭᠡᠳ ᠠᠵᠤ ᠠᠬᠤᠢ᠎ᠶᠢᠨ ᠬᠥᠭᠵᠢᠯᠲᠡ᠎ᠶᠢᠨ ᠬᠠᠷᠢᠯᠴᠠᠨ ᠠᠬᠢᠭᠤᠯᠬᠤ᠂ ᠬᠠᠷᠢᠯᠴᠠᠨ ᠬᠠᠪᠰᠤᠷᠤᠯᠴᠠᠵᠤ ᠬᠠᠷᠢᠯᠴᠠᠨ ᠲᠤᠪᠤᠢ᠍ᠢᠯᠭᠠᠬᠤ᠎ᠶᠢ ᠦᠨᠡᠨ ᠬᠦ᠌ ᠪᠠᠲᠤᠯᠠᠬᠤ ᠬᠡᠷᠡᠭᠲᠡᠢ᠃
      《 ᠠᠷᠪᠠᠨ ᠲᠠᠪᠤᠳᠤᠭᠠᠷ ᠲᠠᠪᠤᠨ ᠵᠢᠯ 》᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠤ᠂ ᠮᠠᠨ᠎ᠤ ᠤᠯᠤᠰ᠎ᠤᠨ ᠬᠥᠭᠵᠢᠯᠲᠡ᠎ᠶᠢᠨ ᠠᠵᠠ ᠲᠣᠬᠢᠶᠠᠯ ᠪᠠ ᠠᠶᠤᠯ ᠲᠦᠭᠰᠢᠭᠦᠷᠢ᠎ᠶᠢᠨ ᠥᠷᠢᠰᠦᠯᠳᠦᠭᠡᠨ ᠵᠡᠷᠭᠡ᠎ᠪᠡᠷ ᠣᠷᠣᠰᠢᠵᠤ᠂ ᠵᠢᠱ᠌ᠢᠵᠦ ᠮᠡᠳᠡᠬᠦᠶ᠎ᠡ ᠪᠡᠷᠬᠡ ᠬᠦᠴᠦᠨ ᠵᠦᠢᠯ ᠨᠡᠮᠡᠭᠳᠡᠵᠦ᠂ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠠᠵᠢᠯ᠎ᠳᠤ ᠲᠤᠯᠭᠠᠷᠠᠵᠤ ᠪᠠᠢᠭ᠎ᠠ ᠪᠠᠢᠳᠠᠯ᠎ᠳᠤ ᠴᠤ᠌ ᠴᠢᠬᠤᠯᠠ ᠶᠡᠬᠡ ᠬᠤᠪᠢᠷᠠᠯᠲᠠ ᠭᠠᠷᠴᠤ ᠪᠠᠢᠨ᠎ᠠ᠃ ᠣᠯᠠᠨ ᠤᠯᠤᠰ᠎ᠤᠨ ᠪᠠᠢᠷᠢᠰᠢᠯ᠎ᠳᠤ ᠭᠦᠨᠵᠡᠭᠡᠢ ᠲᠣᠬᠢᠷᠠᠭᠤᠯᠤᠯᠲᠠ ᠬᠢᠵᠦ᠂ ᠬᠥᠮᠥᠨ ᠠᠮᠠ᠎ᠶᠢᠨ ᠪᠦᠲᠦᠴᠡ᠎ᠳᠦ ᠦᠷᠭᠦᠯᠵᠢᠯᠡᠨ ᠬᠤᠪᠢᠷᠠᠯᠲᠠ ᠭᠠᠷᠴᠤ᠂ ᠵᠣᠬᠢᠶᠠᠮᠠᠯ ᠣᠶᠤᠨ ᠴᠢᠳᠠᠪᠤᠷᠢ ᠵᠡᠷᠭᠡ ᠰᠢᠨ᠎ᠡ ᠮᠡᠷᠭᠡᠵᠢᠯ ᠲᠦᠷᠭᠡᠨ᠎ᠢᠶᠡᠷ ᠬᠥᠭᠵᠢᠵᠦ᠂ ᠰᠢᠨ᠎ᠡ ᠮᠠᠶᠢᠭ᠋᠎ᠤᠨ ᠬᠣᠲᠠ ᠪᠠᠯᠭᠠᠰᠤᠵᠢᠯᠲᠠ᠎ᠶᠢ ᠭᠦᠨᠵᠡᠭᠡᠢ ᠲᠦᠯᠬᠢᠨ ᠠᠬᠢᠭᠤᠯᠵᠤ᠂ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠠᠵᠢᠯ᠎ᠳᠤ ᠨᠠᠩ ᠥᠨᠳᠥᠷ ᠰᠢᠨ᠎ᠡ ᠱᠠᠭᠠᠷᠳᠠᠯᠭ᠎ᠠ ᠳᠤᠷᠠᠳᠪᠠ᠃ ᠬᠤᠷᠠᠯ᠎ᠠᠴᠠ ᠬᠢᠭᠰᠡᠨ ᠪᠠᠢᠳᠠᠯ᠎ᠤᠨ ᠲᠤᠬᠠᠢ ᠰᠢᠨᠵᠢᠯᠡᠬᠦ ᠤᠬᠠᠭᠠᠨᠴᠢ ᠰᠤᠳᠤᠯᠤᠨ ᠮᠠᠭᠠᠳᠯᠠᠯᠲᠠ ᠪᠠ ᠠᠵᠢᠯ᠎ᠤᠨ ᠪᠠᠢᠷᠢᠯᠠᠭᠤᠯᠤᠯᠲᠠ᠎ᠶᠢ ᠡᠷᠬᠡᠪᠰᠢ ᠣᠨᠣᠪᠴᠢᠲᠠᠢ ᠡᠵᠡᠮᠳᠡᠵᠦ᠂ ᠲᠤᠰ ᠪᠡᠶ᠎ᠡ᠎ᠶᠢᠨ ᠠᠵᠢᠯ᠎ᠤᠨ ᠲᠣᠭᠲᠠᠭᠠᠯᠲᠤ ᠴᠢᠨᠠᠷ᠎ᠢᠶᠠᠷ᠎ᠢᠶᠠᠨ ᠪᠠᠢᠳᠠᠯ᠎ᠤᠨ ᠬᠤᠪᠢᠷᠠᠯᠲᠠ᠎ᠶᠢᠨ ᠲᠣᠭᠲᠠᠭᠠᠯᠲᠤ ᠪᠤᠰᠤ ᠴᠢᠨᠠᠷ᠎ᠢ ᠠᠷᠭᠠᠴᠠᠬᠤ᠎ᠪᠠᠷ ᠴᠢᠷᠮᠠᠢᠵᠤ᠂ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠦᠢᠯᠡᠰ᠎ᠦᠨ ᠰᠢᠨ᠎ᠡ ᠦᠰᠦᠷᠦᠯᠲᠡ᠎ᠲᠠᠢ ᠪᠣᠯᠬᠤ᠎ᠶᠢ ᠠᠬᠢᠭᠤᠯᠬᠤ ᠬᠡᠷᠡᠭᠲᠡᠢ᠃
      《 ᠠᠷᠪᠠᠨ ᠲᠠᠪᠤᠳᠤᠭᠠᠷ ᠲᠠᠪᠤᠨ ᠵᠢᠯ 》᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠤ ᠰᠠᠭᠤᠷᠢ᠎ᠪᠠᠨ ᠪᠠᠲᠤᠳᠬᠠᠨ᠂ ᠪᠦᠬᠦ ᠲᠠᠯ᠎ᠠ᠎ᠪᠠᠷ ᠬᠦᠴᠦᠯᠡᠵᠦ᠂ ᠨᠡᠢᠭᠡᠮ ᠵᠢᠷᠤᠮ᠎ᠤᠨ ᠣᠳᠣᠬᠢᠴᠢᠯᠠᠯᠲᠠ᠎ᠶᠢ ᠦᠨᠳᠦᠰᠦᠨ᠎ᠳᠡᠭᠡᠨ ᠪᠡᠶᠡᠯᠡᠭᠦᠯᠬᠦ ᠲᠠᠯ᠎ᠠ᠎ᠪᠠᠷ ᠰᠢᠢᠳᠪᠦᠷᠢᠯᠡᠭᠴᠢ ᠴᠢᠨᠠᠷᠲᠠᠢ ᠠᠬᠢᠴᠠ᠎ᠲᠠᠢ ᠪᠣᠯᠬᠤ᠎ᠶᠢ ᠦᠨᠡᠨ ᠬᠦ᠌ ᠪᠠᠲᠤᠯᠠᠬᠤ ᠬᠡᠷᠡᠭᠲᠡᠢ᠃ ᠡᠬᠢᠯᠡᠯᠲᠡ ᠨᠢ ᠪᠦᠬᠦ ᠲᠠᠯ᠎ᠠ᠎ᠲᠠᠢ ᠬᠣᠯᠪᠣᠭᠳᠠᠨ᠎ᠠ᠂ ᠡᠬᠢᠯᠡᠯᠲᠡ ᠨᠢ ᠬᠣᠢᠰᠢᠳᠠ᠎ᠶᠢᠨ ᠶᠠᠪᠤᠴᠠ᠎ᠶᠢ ᠲᠣᠭᠲᠠᠭᠠᠨ᠎ᠠ᠃ ᠢᠷᠡᠬᠦ ᠵᠢᠯ ᠪᠣᠯ 《 ᠠᠷᠪᠠᠨ ᠲᠠᠪᠤᠳᠤᠭᠠᠷ ᠲᠠᠪᠤᠨ ᠵᠢᠯ 》᠎ᠦᠨ ᠲᠥᠯᠦᠪᠵᠢᠭᠦᠯᠭᠡ᠎ᠶᠢᠨ ᠡᠬᠢᠯᠡᠯᠲᠡ᠎ᠶᠢᠨ ᠵᠢᠯ ᠮᠥᠨ᠂ ᠢᠷᠡᠬᠦ ᠵᠢᠯ᠎ᠦᠨ ᠠᠵᠢᠯ᠎ᠢ ᠰᠠᠢᠲᠤᠷ ᠬᠢᠬᠦ ᠨᠢ ᠪᠦᠬᠦ ᠲᠠᠯ᠎ᠠ᠎ᠳᠤ ᠬᠣᠯᠪᠣᠭᠳᠠᠬᠤ ᠪᠥᠭᠡᠳ ᠴᠢᠬᠤᠯᠠ ᠶᠡᠬᠡ ᠠᠴᠢ ᠬᠣᠯᠪᠣᠭᠳᠠᠯ᠎ᠲᠠᠢ ᠶᠤᠮ᠃ ᠰᠢ᠎ᠶᠢᠨ ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠣᠯᠣᠨ ᠬᠣᠷᠢᠳᠤᠭᠠᠷ ᠬᠤᠭᠤᠴᠠᠭᠠᠨ᠎ᠤ ᠤᠳᠠᠭ᠎ᠠ ᠪᠦᠷᠢ᠎ᠶᠢᠨ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠠᠷᠠᠳ ᠲᠦᠮᠡᠨ᠎ᠢᠶᠡᠷ ᠭᠣᠣᠯ ᠪᠣᠯᠭᠠᠬᠤ ᠬᠥᠭᠵᠢᠯᠲᠡ᠎ᠶᠢᠨ ᠦᠵᠡᠯ ᠰᠠᠨᠠᠭ᠎ᠠ᠎ᠶᠢ ᠪᠠᠷᠢᠮᠲᠠᠯᠠᠵᠤ᠂ ᠰᠢᠨ᠎ᠡ ᠬᠥᠭᠵᠢᠯᠲᠡ᠎ᠶᠢᠨ ᠣᠢᠯᠠᠭᠠᠭᠳᠠᠬᠤᠨ᠎ᠢ ᠪᠦᠷᠢᠨ ᠪᠦᠲᠦᠨ ᠣᠨᠣᠪᠴᠢᠲᠠᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠲᠣᠭᠲᠠᠭᠤᠨ᠎ᠤ ᠳᠤᠮᠳᠠ ᠤᠷᠤᠭᠰᠢᠯᠠᠨ ᠲᠠᠪᠰᠢᠬᠤ ᠠᠵᠢᠯ᠎ᠤᠨ ᠶᠡᠷᠦᠩᠬᠡᠢ ᠬᠦᠭ ᠠᠶᠠᠰ᠎ᠢ ᠪᠠᠷᠢᠮᠲᠠᠯᠠᠵᠤ᠂ ᠪᠣᠳᠠᠰ᠎ᠲᠤ ᠪᠡᠯᠡ ᠣᠷᠣᠭᠤᠯᠬᠤ ᠪᠠ ᠬᠥᠮᠥᠨ᠎ᠳᠦ ᠪᠡᠯᠡ ᠣᠷᠣᠭᠤᠯᠬᠤ᠎ᠶᠢ ᠨᠢᠭ᠍ᠲᠠ ᠤᠶᠠᠯᠳᠤᠭᠤᠯᠬᠤ᠎ᠶᠢ ᠪᠠᠷᠢᠮᠲᠠᠯᠠᠵᠤ᠂ ᠵᠥᠪ ᠣᠨᠣᠪᠴᠢᠲᠠᠢ ᠠᠵᠢᠯ᠎ᠤᠨ ᠠᠮᠵᠢᠯᠲᠠ᠎ᠶᠢᠨ ᠦᠵᠡᠯᠲᠡ᠎ᠶᠢ ᠪᠤᠢ ᠪᠣᠯᠭᠠᠨ ᠦᠢᠯᠡᠳᠦᠯᠭᠡᠵᠢᠭᠦᠯᠵᠦ᠂ ᠬᠥᠮᠥᠨ᠎ᠦ ᠬᠦᠴᠦᠨ᠎ᠦ ᠡᠬᠢ ᠪᠠᠶᠠᠯᠢᠭ᠋᠎ᠢ ᠨᠡᠭᠡᠭᠡᠨ ᠠᠰᠢᠭ᠍ᠯᠠᠬᠤ᠎ᠪᠠᠷ ᠭᠣᠣᠯ ᠰᠢᠵᠢᠮ ᠪᠣᠯᠭᠠᠵᠤ᠂ ᠲᠦᠷᠦ᠎ᠶᠢᠨ ᠪᠣᠳᠣᠯᠭ᠎ᠠ ᠪᠠ ᠦᠢᠯᠡᠴᠢᠯᠡᠭᠡᠨ᠎ᠦ ᠴᠢᠨᠠᠷ ᠰᠠᠢᠲᠠᠢ ᠬᠠᠩᠭᠠᠯᠭ᠎ᠠ᠎ᠶᠢ ᠴᠢᠩᠭᠠᠳᠬᠠᠵᠤ᠂ ᠲᠣᠭᠲᠠᠭᠤᠨ᠎ᠢᠶᠠᠷ ᠠᠵᠢᠯ ᠣᠯᠭᠣᠵᠤ᠂ ᠤᠷ᠎ᠠ ᠴᠢᠳᠠᠪᠤᠷᠢ᠎ᠶᠢ ᠴᠢᠩᠭᠠᠳᠬᠠᠨ᠂ ᠪᠠᠲᠤᠯᠠᠭ᠎ᠠ᠎ᠶᠢ ᠰᠢᠯᠢᠳᠡᠭᠵᠢᠭᠦᠯᠵᠦ᠂ ᠠᠮᠢᠳᠤᠯᠢᠭ᠋ ᠬᠦᠴᠦᠨ᠎ᠢ ᠪᠠᠳᠠᠷᠠᠭᠤᠯᠵᠤ᠂ ᠠᠶᠤᠯ ᠲᠦᠭᠰᠢᠭᠦᠷᠢ᠎ᠶᠢ ᠰᠡᠷᠭᠡᠢᠯᠡᠵᠦ᠂ ᠡᠯ᠎ᠡ ᠵᠦᠢᠯ᠎ᠦᠨ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ᠃ ᠭᠣᠣᠯᠳᠠᠯᠭ᠎ᠠ᠎ᠲᠠᠢ ᠡᠭᠦᠷᠭᠡ᠎ᠶᠢᠨ ᠨᠠᠢᠳᠠᠪᠤᠷᠢᠵᠢᠭᠤᠯᠤᠯᠲᠠ᠎ᠶᠢ ᠲᠣᠪᠣᠢᠮ᠎ᠠ ᠰᠠᠢᠲᠤᠷ ᠠᠳᠬᠤᠵᠤ ᠂ ᠠᠵᠢᠯ ᠣᠯᠭᠣᠯᠲᠠ᠎ᠳᠦ ᠨᠥᠬᠥᠷᠰᠡᠭ ᠬᠡᠯᠪᠡᠷᠢ᠎ᠶᠢᠨ ᠬᠥᠭᠵᠢᠯᠲᠡ᠎ᠶᠢᠨ ᠠᠷᠭ᠎ᠠ ᠮᠠᠶᠢᠭ᠋᠎ᠢ ᠲᠦᠷᠭᠡᠪᠴᠢᠯᠡᠨ ᠪᠠᠢᠭᠤᠯᠵᠤ᠂ ᠴᠢᠨᠠᠷ ᠰᠠᠢᠲᠠᠢ ᠪᠥᠭᠡᠳ ᠭᠦᠢᠴᠡᠳ ᠠᠵᠢᠯ ᠣᠯᠭᠣᠯᠲᠠ᠎ᠶᠢ ᠪᠥᠬᠥ ᠬᠦᠴᠦᠨ᠎ᠢᠶᠡᠷ᠎ᠢᠶᠡᠨ ᠠᠬᠢᠭᠤᠯᠬᠤ ᠬᠡᠷᠡᠭᠲᠡᠢ ; 《 ᠤᠷ᠎ᠠ ᠮᠡᠷᠭᠡᠵᠢᠯ᠎ᠢᠶᠡᠷ ᠢᠷᠡᠭᠡᠳᠦᠢ᠎ᠪᠡᠨ ᠭᠡᠷᠡᠯᠳᠦᠬᠦᠯᠬᠦ 》 ᠪᠣᠯᠪᠠᠰᠤᠷᠠᠯ᠎ᠤᠨ ᠠᠵᠢᠯᠯᠠᠭ᠎ᠠ᠎ᠶᠢ ᠭᠦᠨᠵᠡᠭᠡᠢ ᠠᠬᠢᠭᠤᠯᠵᠤ᠂ ᠳᠡᠯᠡᠬᠡᠢ᠎ᠶᠢᠨ ᠤᠷ᠎ᠠ ᠮᠡᠷᠭᠡᠵᠢᠯ᠎ᠦᠨ ᠶᠡᠬᠡ ᠤᠷᠤᠯᠳᠤᠭᠠᠨ᠎ᠢ ᠨᠠᠷᠢᠨ ᠨᠢᠮᠪᠠᠢ ᠰᠠᠢᠲᠤᠷ ᠡᠷᠬᠢᠯᠡᠬᠦ ᠬᠡᠷᠡᠭᠲᠡᠢ; ᠨᠡᠢᠭᠡᠮ᠎ᠦᠨ ᠪᠠᠲᠤᠯᠠᠭ᠎ᠠ᠎ᠶᠢᠨ ᠰᠢᠰᠲᠧᠮ᠎ᠢ ᠲᠦᠷᠭᠡᠪᠴᠢᠯᠡᠨ ᠲᠡᠭᠦᠯᠳᠡᠷᠵᠢᠭᠦᠯᠵᠦ᠂ ᠳᠦᠷᠢᠮ᠎ᠢ ᠨᠡᠩ ᠰᠢᠯᠢᠳᠡᠭᠵᠢᠭᠦᠯᠦᠨ ᠨᠡᠩ ᠦᠷᠭᠦᠯᠵᠢᠯᠡᠭᠦᠯᠬᠦ᠎ᠶᠢ ᠠᠬᠢᠭᠤᠯᠬᠤ ᠬᠡᠷᠡᠭᠲᠡᠢ ; ᠠᠵᠢᠯᠲᠠᠨ᠎ᠤ ᠶᠠᠪᠤᠳᠠᠯ ᠴᠢᠳᠠᠪᠤᠷᠢᠲᠠᠨ᠎ᠤ ᠥᠭᠡᠷᠡᠴᠢᠯᠡᠯᠲᠡ᠎ᠶᠢ ᠭᠦᠨᠵᠡᠭᠡᠢᠷᠡᠭᠦᠯᠵᠦ᠂ ᠰᠢᠨ᠎ᠡ᠎ᠶᠢ ᠡᠭᠦᠳᠬᠦ ᠪᠠ ᠡᠭᠦᠳᠦᠨ ᠪᠦᠲᠦᠭᠡᠬᠦ ᠠᠮᠢᠵᠢᠷᠠᠯ᠎ᠤᠨ ᠬᠦᠴᠦᠨ᠎ᠢ ᠬᠦᠴᠦᠯᠡᠨ ᠬᠥᠭᠵᠢᠭᠡᠬᠦ ᠬᠡᠷᠡᠭᠲᠡᠢ ; ᠬᠥᠳᠡᠯᠮᠦᠷᠢ᠎ᠶᠢᠨ ᠡᠷᠬᠡ ᠠᠰᠢᠭ᠋᠎ᠤᠨ ᠪᠠᠲᠤᠯᠠᠭ᠎ᠠ᠎ᠶᠢᠨ ᠳᠦᠷᠢᠮ᠎ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠨᠡᠢᠭᠡᠮ᠎ᠦᠨ ᠡᠶ᠎ᠡ ᠵᠣᠬᠢᠴᠠᠯ ᠪᠠ ᠲᠣᠭᠲᠠᠭᠤᠨ ᠪᠠᠢᠳᠠᠯ᠎ᠢ ᠨᠡᠩ ᠰᠠᠢᠲᠤᠷ ᠬᠠᠮᠠᠭᠠᠯᠠᠬᠤ ᠬᠡᠷᠡᠭᠲᠡᠢ᠃
      ᠲᠥᠯᠥᠪᠵᠢᠭᠦᠯᠵᠦ ᠲᠣᠭᠲᠠᠭᠠᠭᠰᠠᠨ᠎ᠤ ᠳᠠᠷᠠᠭ᠎ᠠ ᠰᠠᠶᠢ ᠯᠠᠪᠳᠠᠭᠤᠨ ᠲᠣᠭᠲᠠᠭᠤᠨ᠎ᠢᠶᠠᠷ ᠠᠯᠤᠰ᠎ᠢ ᠵᠣᠷᠢᠨ ᠤᠷᠤᠭᠰᠢᠯᠠᠵᠤ ᠴᠢᠳᠠᠨ᠎ᠠ᠃ ᠲᠥᠪ ᠬᠣᠷᠢᠶᠠᠨ᠎ᠤ ᠪᠠᠢᠷᠢᠯᠠᠭᠤᠯᠤᠯᠲᠠ᠎ᠶᠢᠨ ᠱᠠᠭᠠᠷᠳᠠᠯᠭ᠎ᠠ᠎ᠶᠢ ᠨᠠᠢᠳᠠᠪᠤᠷᠢᠵᠢᠭᠤᠯᠤᠨ᠂ 《 ᠠᠷᠪᠠᠨ ᠲᠠᠪᠤᠳᠤᠭᠠᠷ ᠲᠠᠪᠤᠨ ᠵᠢᠯ 》᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠠᠬᠢ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠠᠵᠢᠯ᠎ᠢ ᠰᠠᠢᠲᠤᠷ ᠬᠢᠬᠦ᠎ᠳᠦ ᠡᠷᠬᠡᠪᠰᠢ ᠶᠡᠬᠡ ᠲᠠᠯ᠎ᠠ ᠶᠡᠬᠡ ᠬᠠᠨᠳᠤᠰᠢ᠎ᠶᠢ ᠡᠵᠡᠮᠳᠡᠵᠦ᠂ ᠴᠢᠭᠯᠡᠯ ᠪᠠ ᠠᠷᠭ᠎ᠠ ᠵᠠᠮ᠎ᠢ ᠲᠣᠳᠣᠷᠬᠠᠢ ᠪᠣᠯᠭᠠᠵᠤ᠂ ᠰᠢᠨᠵᠢᠯᠡᠬᠦ ᠤᠬᠠᠭᠠᠨᠴᠢ ᠪᠥᠭᠡᠳ ᠣᠶᠤᠨᠴᠢ᠎ᠪᠠᠷ ᠦᠨᠡᠨ ᠬᠦ᠌ ᠠᠳᠬᠤᠵᠤ ᠪᠣᠳᠠᠲᠠᠢ᠎ᠪᠠᠷ ᠠᠵᠢᠯᠯᠠᠨ᠂ ᠨᠠᠢᠳᠠᠪᠤᠷᠢᠵᠢᠭᠤᠯᠤᠯᠲᠠ᠎ᠶᠢ ᠪᠦᠬᠦ ᠬᠦᠴᠦᠨ᠎ᠢᠶᠡᠷ᠎ᠢᠶᠡᠨ ᠰᠠᠢᠲᠤᠷ ᠠᠳᠬᠤᠬᠤ ᠬᠡᠷᠡᠭᠲᠡᠢ᠃ ᠵᠥᠪ ᠵᠠᠰᠠᠭ᠎ᠤᠨ ᠠᠵᠢᠯ᠎ᠤᠨ ᠠᠮᠵᠢᠯᠲᠠ᠎ᠶᠢᠨ ᠦᠵᠡᠯᠲᠡ᠎ᠶᠢ ᠪᠤᠢ ᠪᠣᠯᠭᠠᠨ ᠦᠢᠯᠡᠳᠦᠯᠭᠡᠵᠢᠭᠦᠯᠵᠦ᠂ ᠠᠷᠠᠳ᠎ᠤᠨ ᠰᠡᠳᠬᠢᠯ ᠪᠣᠯ ᠬᠠᠮᠤᠭ᠎ᠤᠨ ᠶᠡᠬᠡ ᠤᠯᠤᠰ ᠲᠦᠷᠦ ᠮᠥᠨ᠂ ᠠᠷᠠᠳ᠎ᠲᠤ ᠪᠤᠶᠠᠨ ᠦᠢᠯᠡᠳᠬᠦ ᠪᠣᠯ ᠬᠠᠮᠤᠭ᠎ᠤᠨ ᠶᠡᠬᠡ ᠵᠠᠰᠠᠭ᠎ᠤᠨ ᠠᠮᠵᠢᠯᠲᠠ ᠮᠥᠨ ᠭᠡᠳᠡᠭ᠎ᠢ ᠭᠦᠨᠵᠡᠭᠡᠢ ᠲᠠᠨᠢᠵᠤ᠂ 《 ᠬᠣᠶᠠᠷ᠎ᠢ ᠲᠣᠭᠲᠠᠭᠠᠬᠤ 》 ᠶ᠋ᠢ ᠡᠷᠡᠰ ᠬᠦᠷᠢᠶᠡᠯᠡᠬᠦ᠎ᠶᠢ ᠦᠨᠡᠨ ᠬᠦ᠌ ᠪᠠᠷᠢᠮᠲᠠᠯᠠᠵᠤ᠂ 《 ᠬᠣᠶᠠᠷ᠎ᠢ ᠬᠠᠮᠠᠭᠠᠯᠠᠬᠤ 》 ᠶ᠋ᠢ ᠠᠷᠠᠳ ᠲᠦᠮᠡᠨ᠎ᠳᠦ ᠦᠢᠯᠡᠴᠢᠯᠡᠬᠦ᠎ᠶᠢᠨ ᠪᠣᠳᠠᠲᠤ ᠠᠮᠵᠢᠯᠲᠠ ᠪᠦᠲᠦᠮᠵᠢ ᠪᠣᠳᠠᠲᠤ ᠦᠷ᠎ᠡ ᠪᠦᠲᠦᠮᠵᠢ ᠳᠡᠭᠡᠷ᠎ᠡ ᠢᠯᠡᠷᠡᠭᠦᠯᠬᠦ᠎ᠶᠢ ᠡᠷᠡᠰ ᠪᠡᠶᠡᠯᠡᠭᠦᠯᠬᠦ ᠬᠡᠷᠡᠭᠲᠡᠢ; ᠲᠥᠯᠦᠪᠵᠢᠭᠦᠯᠭᠡ᠎ᠶᠢ ᠰᠢᠨᠵᠢᠯᠡᠬᠦ ᠤᠬᠠᠭᠠᠨᠴᠢ᠎ᠪᠠᠷ ᠲᠣᠭᠲᠠᠭᠠᠵᠤ᠂ ᠲᠥᠪ ᠬᠣᠷᠢᠶᠠᠨ᠎ᠤ ᠱᠠᠭᠠᠷᠳᠠᠯᠭ᠎ᠠ ᠲᠠᠢ ᠬᠠᠷᠭᠤᠭᠤᠯᠵᠤ᠂ ᠪᠣᠳᠠᠲᠤ ᠪᠠᠢᠳᠠᠯ᠎ᠲᠠᠢ᠎ᠪᠠᠨ ᠤᠶᠠᠯᠳᠤᠭᠤᠯᠵᠤ᠂ ᠢᠳᠡᠪᠬᠢᠲᠡᠢ᠎ᠪᠡᠷ ᠠᠵᠢᠯ ᠬᠢᠵᠦ᠂ ᠰᠠᠨᠠᠭᠠᠴᠢᠯᠠᠭ᠎ᠠ᠎ᠠᠴᠠ᠎ᠪᠠᠨ ᠳᠠᠷᠤᠯᠲᠠ ᠥᠭᠬᠦ ᠬᠡᠷᠡᠭᠲᠡᠢ ᠮᠥᠷᠲᠡᠭᠡᠨ ᠪᠠᠰᠠ ᠰᠢᠨᠵᠢᠯᠡᠬᠦ ᠤᠬᠠᠭᠠᠨᠴᠢ᠎ᠪᠠᠷ ᠲᠥᠰᠥᠭᠡᠯᠡᠨ ᠪᠤᠳᠤᠵᠤ᠂ ᠦᠨᠡᠨ᠎ᠡᠴᠡ ᠵᠥᠪ᠎ᠢ ᠡᠷᠢᠵᠦ᠂ ᠲᠥᠯᠦᠪᠵᠢᠭᠦᠯᠭᠡ᠎ᠶᠢ ᠤᠯᠤᠰ᠎ᠤᠨ ᠬᠥᠭᠵᠢᠯᠲᠡ᠎ᠶᠢᠨ ᠵᠢᠷᠤᠭ ᠲᠥᠯᠥᠪᠯᠡᠭᠡ᠎ᠲᠠᠢ ᠨᠡᠩ ᠰᠠᠢᠲᠤᠷ ᠨᠡᠢᠴᠡᠭᠦᠯᠵᠦ᠂ ᠠᠷᠠᠳ᠎ᠤᠨ ᠠᠮᠢᠳᠤᠷᠠᠯ᠎ᠤᠨ ᠬᠦᠰᠡᠯ ᠡᠷᠡᠮᠡᠯᠵᠡᠯ᠎ᠲᠠᠢ ᠨᠡᠩ ᠰᠠᠢᠲᠤᠷ ᠨᠡᠢᠴᠡᠭᠦᠯᠬᠦ ᠬᠡᠷᠡᠭᠲᠡᠢ; ᠦᠢᠯᠡᠴᠢᠯᠡᠭᠡᠨ᠎ᠦ ᠶᠠᠰᠤ ᠴᠢᠨᠠᠷ ᠦᠷ᠎ᠡ ᠠᠰᠢᠭ᠋᠎ᠢ ᠳᠡᠭᠡᠭᠰᠢᠯᠡᠭᠦᠯᠵᠦ᠂ ᠠᠵᠢᠯ᠎ᠤᠨ ᠠᠷᠭ᠎ᠠ ᠬᠡᠯᠪᠡᠷᠢ᠎ᠶᠢᠨ ᠰᠢᠨ᠎ᠡ᠎ᠶᠢ ᠡᠭᠦᠳᠴᠦ᠂ ᠲᠤᠭᠠᠴᠢᠯᠠᠯᠳᠠ᠎ᠪᠠᠷ ᠬᠦᠴᠦᠨ ᠣᠯᠭᠣᠬᠤ᠎ᠶᠢ ᠴᠢᠩᠭᠠᠳᠬᠠᠵᠤ᠂ ᠮᠡᠳᠡᠷᠡᠵᠦ ᠪᠣᠯᠬᠤ ᠦᠢᠯᠡᠴᠢᠯᠡᠭᠡ᠎ᠪᠡᠷ ᠠᠷᠠᠳ ᠤᠯᠠᠨ᠎ᠤ ᠬᠦᠷᠲᠡᠮᠵᠢ᠎ᠶᠢᠨ ᠲᠥᠷᠥᠭᠳᠡᠯ ᠵᠣᠯ ᠵᠢᠷᠭᠠᠯ᠎ᠤᠨ ᠲᠥᠷᠥᠭᠳᠡᠯ᠎ᠢ ᠨᠡᠮᠡᠭᠳᠡᠭᠦᠯᠬᠦ ᠬᠡᠷᠡᠭᠲᠡᠢ; ᠠᠶᠤᠯ ᠲᠦᠭᠰᠢᠭᠦᠷᠢ᠎ᠶᠢ ᠰᠡᠷᠭᠡᠢᠯᠡᠬᠦ᠎ᠶᠢ ᠴᠢᠩᠭᠠᠳᠬᠠᠵᠤ᠂ ᠠᠮᠤᠷ ᠲᠦᠪᠰᠢᠨ ᠲᠣᠭᠲᠠᠭᠤᠨ᠎ᠤ ᠬᠣᠷᠢᠭ᠎ᠠ ᠱᠤᠭᠤᠮ᠎ᠢ ᠪᠠᠲᠤ ᠰᠠᠬᠢᠵᠤ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠶᠢᠨ ᠲᠣᠣᠷ᠎ᠢ ᠨᠢᠭ᠍ᠲᠠ ᠪᠥᠭᠡᠳ ᠪᠠᠲᠤ ᠰᠦᠯᠵᠢᠬᠦ ᠬᠡᠷᠡᠭᠲᠡᠢ᠃
      ᠦᠷᠭᠦᠯᠵᠢᠯᠡᠨ ᠲᠡᠮᠡᠴᠡᠵᠦ᠂ ᠰᠢᠨ᠎ᠡ ᠠᠶᠠᠨ᠎ᠢᠶᠠᠨ ᠳᠠᠬᠢᠨ ᠡᠬᠢᠯᠡᠭᠦᠯᠦᠶ᠎ᠡ᠃ ᠪᠢᠳᠡ ᠰᠢ᠎ᠶᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶᠠᠨ᠎ᠤ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠂ ᠢᠲᠡᠭᠡᠯ ᠵᠣᠷᠢᠭ᠋᠎ᠢᠶᠠᠨ ᠪᠠᠲᠤᠳᠬᠠᠨ᠂ ᠴᠤᠭ ᠰᠦᠯᠳᠡ᠎ᠪᠡᠨ ᠪᠠᠳᠠᠷᠠᠭᠤᠯᠵᠤ᠂ ᠤᠷᠢᠳᠤᠬᠢ᠎ᠶᠢ ᠵᠠᠯᠭᠠᠮᠵᠢᠯᠠᠨ ᠬᠣᠢᠰᠢᠬᠢ᠎ᠳᠤ ᠵᠠᠮ ᠨᠡᠭᠡᠭᠡᠵᠦ᠂ ᠬᠦᠴᠦᠯᠡᠨ ᠴᠢᠷᠮᠠᠢᠵᠤ ᠦᠢᠯᠡᠰ ᠪᠦᠲᠦᠭᠡᠵᠦ᠂ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠶᠢᠨ ᠪᠣᠳᠠᠲᠤ ᠦᠷ᠎ᠡ ᠪᠦᠲᠦᠮᠵᠢ᠎ᠪᠡᠷ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢ ᠠᠬᠢᠭᠤᠯᠬᠤ᠎ᠳᠤ ᠨᠡᠩ ᠶᠡᠬᠡ ᠰᠢᠨ᠎ᠡ ᠬᠤᠪᠢ ᠨᠡᠮᠡᠷᠢ ᠦᠵᠡᠭᠦᠯᠦᠶ᠎ᠡ !

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ᠋ ᠪᠠ ᠨᠡᠶ᠋ᠢᠭᠡᠮ᠎ᠦᠨ ᠪᠠᠲᠤᠯᠠᠭ᠎ᠠ᠎ᠶᠢᠨ ᠲᠢᠩᠬᠢᠮ
          
ᠬᠠᠮᠢᠶ᠎ᠡ ᠪᠦᠬᠦᠢ ᠰᠣᠨᠢᠨ
 
            