ᠣᠢᠷ᠎ᠠ᠎ᠶᠢᠨ ᠵᠢᠯ᠎ᠦᠳ᠎ᠲᠦ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠠᠭᠤᠷᠬᠠᠢ᠂ ᠮᠠᠰᠢᠨ ᠮᠧᠬᠠᠨᠢᠭ᠋ ᠦᠢᠯᠡᠳᠬᠦ᠂ ᠲᠡᠮᠦᠷ ᠵᠠᠮ᠎ᠤᠨ ᠲᠡᠭᠡᠭᠡᠪᠦᠷᠢ᠂ ᠲᠡᠮᠦᠷ ᠵᠠᠮ᠎ᠤᠨ ᠪᠦᠲᠦᠭᠡᠨ ᠪᠠᠢᠭᠤᠯᠤᠯᠲᠠ᠎ᠶᠢᠨ 《 ᠳᠥᠷᠪᠡᠨ ᠠᠵᠢᠯ ᠲᠥᠷᠥᠯ》᠎ᠦᠨ ᠠᠵᠢᠯ᠎ᠠᠴᠠ ᠪᠣᠯᠤᠭᠰᠠᠨ ᠭᠡᠮᠲᠦᠯ᠎ᠢ ᠰᠡᠷᠭᠡᠢᠯᠡᠬᠦ ᠴᠢᠳᠠᠪᠤᠷᠢ᠎ᠶᠢ ᠳᠡᠭᠡᠭᠰᠢᠯᠡᠭᠦᠯᠬᠦ ᠢᠨᠵᠧᠨᠧᠷᠢᠩ᠎ᠢ ᠦᠷᠭᠦᠯᠵᠢᠯᠡᠨ ᠬᠡᠷᠡᠭᠵᠢᠭᠦᠯᠵᠦ᠂ ᠠᠶᠤᠯᠭᠦᠢ ᠦᠢᠯᠡᠳᠪᠦᠷᠢᠯᠡᠯ ᠬᠢᠭᠡᠳ ᠠᠵᠢᠯ ᠮᠡᠷᠭᠡᠵᠢᠯ᠎ᠦᠨ ᠡᠷᠡᠭᠦᠯ ᠮᠡᠨᠳᠦ᠎ᠶᠢᠨ ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ᠂ ᠲᠤᠰᠬᠠᠢ ᠲᠤᠰᠢᠶᠠᠯᠲᠤ ᠠᠮᠤᠷ ᠲᠦᠪᠰᠢᠨ᠎ᠤ ᠠᠵᠢᠯᠲᠠᠨ᠂ ᠠᠵᠢᠯ ᠮᠡᠷᠭᠡᠵᠢᠯ᠎ᠦᠨ ᠡᠷᠡᠭᠦᠯ ᠮᠡᠨᠳᠦ᠎ᠶᠢᠨ ᠬᠠᠮᠢᠶᠠᠷᠤᠯᠲᠠ᠎ᠶᠢᠨ ᠠᠵᠢᠯᠲᠠᠨ ᠪᠠ ᠡᠭᠡᠯᠵᠢ ᠳᠤᠭᠤᠢᠯᠠᠩ᠎ᠤᠨ ᠳᠠᠷᠤᠭ᠎ᠠ ( ᠦᠢᠯᠡᠳᠪᠦᠷᠢ᠎ᠶᠢᠨ ᠲᠠᠰᠤᠭ᠎ᠤᠨ ᠡᠷᠬᠢᠯᠡᠭᠴᠢ ᠂ ᠲᠡᠷᠭᠡᠨ ᠠᠩᠭᠢ᠎ᠶᠢᠨ ᠳᠠᠷᠤᠭ᠎ᠠ ᠪᠠᠭᠲᠠᠨ᠎ᠠ ) 《 ᠭᠤᠷᠪᠠᠨ ᠲᠥᠷᠥᠯ᠎ᠦᠨ ᠠᠵᠢᠯᠲᠠᠨ 》᠎ᠢ ᠭᠣᠣᠯᠳᠠᠯᠭ᠎ᠠ᠎ᠲᠠᠢ ᠡᠲᠡᠭᠡᠳ ᠪᠣᠯᠭᠠᠵᠤ᠂ ᠠᠵᠢᠯ᠎ᠤᠨ ᠭᠡᠮᠲᠦᠯ᠎ᠢ ᠤᠷᠢᠳᠴᠢᠯᠠᠨ ᠰᠡᠷᠭᠡᠢᠯᠡᠬᠦ ᠲᠤᠰᠬᠠᠢ ᠰᠡᠳᠦᠪᠲᠦ ᠪᠣᠯᠪᠠᠰᠤᠷᠠᠯ᠎ᠢ ᠥᠷᠨᠢᠭᠦᠯᠵᠦ᠂ ᠨᠡᠶ᠋ᠢᠲᠡ 1.6 ᠲᠦᠮᠡᠨ ᠬᠥᠮᠥᠨ ᠤᠳᠠᠭ᠎ᠠ᠎ᠶᠢ ᠬᠠᠮᠤᠷᠪᠠ᠃
ᠰᠦᠯᠵᠢᠶᠡᠨ ᠳᠡᠭᠡᠷ᠎ᠡ ᠪᠣᠯᠪᠠᠰᠤᠷᠠᠯ ᠥᠷᠨᠢᠭᠦᠯᠵᠦ ᠲᠠᠷᠠᠬᠠᠢ ᠪᠤᠲᠠᠷᠬᠠᠢ ᠴᠠᠭ᠎ᠢ ᠤᠷᠠᠨ᠎ᠢᠶᠠᠷ ᠠᠰᠢᠭ᠍ᠯᠠᠨᠠ
《 ᠰᠦᠯᠵᠢᠶᠡᠨ ᠳᠡᠭᠡᠷᠡᠬᠢ ᠬᠢᠴᠢᠶᠡᠯ ᠨᠢ ᠣᠳᠣ᠌᠎ᠶᠢᠨ ᠬᠡᠷᠡᠭᠵᠢᠭᠦᠯᠵᠦ ᠪᠠᠢᠭ᠎ᠠ ᠠᠶᠤᠯᠭᠦᠢ ᠦᠢᠯᠡᠳᠪᠦᠷᠢᠯᠡᠯ᠎ᠦᠨ ᠬᠣᠯᠪᠣᠭᠳᠠᠯ ᠪᠦᠬᠦᠢ ᠲᠥᠷᠥ᠎ᠶᠢᠨ ᠪᠣᠳᠣᠯᠭ᠎ᠠ᠎ᠶᠢ ᠰᠢᠰᠲᠧᠮ᠎ᠲᠠᠢ ᠡᠮᠬᠢᠯᠡᠨ ᠳᠢᠭᠯᠡᠵᠦ᠂ ᠮᠠᠨᠳᠤ ᠤᠯᠤᠰ᠎ᠤᠨ ᠬᠠᠮᠤᠭ᠎ᠤᠨ ᠰᠢᠨ᠎ᠡ ᠱᠠᠭᠠᠷᠳᠠᠯᠭ᠎ᠠ᠎ᠶᠢ ᠲᠠᠢᠯᠪᠤᠷᠢᠯᠠᠪᠠ᠃ ᠰᠦᠯᠵᠢᠶᠡᠨ ᠳᠡᠭᠡᠷᠡᠬᠢ ᠪᠣᠯᠪᠠᠰᠤᠷᠠᠯ᠎ᠤᠨ ᠬᠡᠯᠪᠡᠷᠢ ᠨᠢ ᠴᠠᠭ ᠪᠠ ᠣᠷᠣᠨ ᠵᠠᠢ᠎ᠶᠢᠨ ᠲᠠᠯ᠎ᠠ᠎ᠪᠠᠷ ᠨᠡᠩ ᠠᠮᠢᠳᠤᠯᠢᠭ᠋ ᠪᠣᠯᠵᠤ᠂ ᠬᠡᠵᠢᠶ᠎ᠡ ᠬᠠᠮᠢᠭ᠎ᠠ ᠴᠤ᠌ ᠭᠡᠰᠡᠨ ᠴᠥᠮ ᠰᠤᠷᠴᠤ ᠴᠢᠳᠠᠬᠤ ᠪᠣᠯᠵᠠᠢ 》 ᠭᠡᠵᠦ ᠬᠢᠩᠭᠠᠨ ᠠᠢᠮᠠᠭ᠎ᠤᠨ ᠱᠠᠩ᠎ᠲᠠᠢ ᠬᠤᠳᠠ᠎ᠶᠢᠨ ᠵᠠᠰᠠᠭ ( ᠤᠯᠠᠭᠠᠨᠬᠣᠲᠠ )᠎ᠤᠨ ᠪᠠᠷᠢᠯᠭ᠎ᠠ᠎ᠶᠢᠨ ᠬᠢᠵᠠᠭᠠᠷᠲᠤ ᠺᠣᠮᠫᠠᠨᠢ᠎ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠡᠯᠡᠪᠡ᠃
《 ᠭᠤᠷᠪᠠᠨ ᠲᠥᠷᠥᠯ᠎ᠦᠨ ᠬᠥᠮᠥᠰ 》᠎ᠤᠨ ᠦᠢᠯᠡᠳᠪᠦᠷᠢᠯᠡᠯ᠎ᠡᠴᠡ ᠰᠠᠯᠵᠤ ᠲᠥᠪᠯᠡᠷᠡᠭᠦᠯᠦᠨ ᠪᠣᠯᠪᠠᠰᠤᠷᠠᠯ᠎ᠳᠤ ᠣᠷᠣᠯᠴᠠᠬᠤ᠎ᠳᠤ ᠬᠦᠴᠢᠷᠲᠡᠢ ᠪᠠᠢᠭ᠎ᠠ ᠪᠣᠳᠠᠲᠠᠢ ᠪᠠᠢᠳᠠᠯ᠎ᠳᠤ ᠴᠢᠭᠯᠡᠭᠦᠯᠦᠨ᠂ ᠥᠪᠥᠷ ᠮᠣᠩᠭᠣᠯ ᠰᠦᠯᠵᠢᠶᠡᠨ ᠳᠡᠭᠡᠷᠡᠬᠢ ᠪᠣᠯᠪᠠᠰᠤᠷᠠᠯ᠎ᠤᠨ ᠬᠡᠯᠪᠡᠷᠢ᠎ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠᠶᠤᠯᠭᠦᠢ ᠦᠢᠯᠡᠳᠪᠦᠷᠢᠯᠡᠯ᠂ ᠠᠵᠢᠯ ᠮᠡᠷᠭᠡᠵᠢᠯ᠎ᠦᠨ ᠡᠷᠡᠭᠦᠯ ᠮᠡᠨᠳᠦ ᠪᠠ ᠠᠵᠢᠯ᠎ᠠᠴᠠ ᠪᠣᠯᠤᠭᠰᠠᠨ ᠭᠡᠮᠲᠦᠯ᠎ᠦᠨ ᠳᠠᠭᠠᠳᠬᠠᠯ᠎ᠤᠨ ᠬᠠᠤᠯᠢ ᠴᠠᠭᠠᠵᠠ ᠬᠠᠤᠯᠢ ᠲᠣᠭᠲᠠᠭᠠᠯ ᠵᠡᠷᠭᠡ ᠨᠡᠢᠳᠡᠮ᠎ᠦᠨ ᠮᠡᠳᠡᠯᠭᠡ᠎ᠶᠢᠨ ᠴᠢᠨᠠᠷᠲᠠᠢ ᠠᠭᠤᠯᠭ᠎ᠠ᠎ᠠᠴᠠ ᠭᠠᠳᠠᠨ᠎ᠠ᠂ ᠠᠳᠠᠯᠢ ᠪᠤᠰᠤ ᠠᠵᠢᠯ᠎ᠤᠨ ᠪᠠᠢᠷᠢ᠂ ᠠᠵᠢᠯ ᠲᠥᠷᠥᠯ᠎ᠦᠨ ᠠᠮᠤᠷ ᠲᠦᠪᠰᠢᠨ᠎ᠦ ᠤᠷ᠎ᠠ ᠴᠢᠳᠠᠪᠤᠷᠢ᠎ᠶᠢᠨ ᠰᠤᠷᠤᠯᠴᠠᠯᠭ᠎ᠠ᠎ᠶᠢ ᠥᠷᠨᠢᠭᠦᠯᠪᠡ᠃ ᠡᠭᠦᠨ᠎ᠳᠦ᠂ ᠠᠶᠤᠯᠭᠦᠢ ᠦᠢᠯᠡᠳᠪᠦᠷᠢᠯᠡᠯ ᠬᠢᠭᠡᠳ ᠠᠵᠢᠯ ᠮᠡᠷᠭᠡᠵᠢᠯ᠎ᠦᠨ ᠡᠷᠡᠭᠦᠯ ᠮᠡᠨᠳᠦ᠎ᠶᠢᠨ ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ᠂ ᠲᠤᠰᠬᠠᠢ ᠲᠤᠰᠢᠶᠠᠯᠲᠤ ᠠᠮᠤᠷ ᠲᠦᠪᠰᠢᠨ᠎ᠤ ᠠᠵᠢᠯᠲᠠᠨ᠂ ᠠᠵᠢᠯ ᠮᠡᠷᠭᠡᠵᠢᠯ᠎ᠦᠨ ᠡᠷᠡᠭᠦᠯ ᠮᠡᠨᠳᠦ᠎ᠶᠢᠨ ᠬᠠᠮᠢᠶᠠᠷᠤᠯᠲᠠ᠎ᠶᠢᠨ ᠠᠵᠢᠯᠲᠠᠨ᠎ᠳᠤ ᠬᠠᠨᠳᠤᠭᠤᠯᠤᠨ᠂ 4 ᠬᠢᠴᠢᠶᠡᠯ᠎ᠦᠨ ᠴᠠᠭ᠎ᠠᠴᠠ ᠳᠣᠣᠷ᠎ᠠ ᠦᠭᠡᠢ ᠪᠣᠯᠪᠠᠰᠤᠷᠠᠯ᠎ᠤᠨ ᠠᠭᠤᠯᠭ᠎ᠠ᠎ᠶᠢ ᠳᠡᠪᠰᠢᠭᠦᠯᠦᠨ᠎ᠡ ; ᠠᠩᠭᠢ ᠳᠤᠭᠤᠢᠯᠠᠩ᠎ᠤᠨ ᠳᠠᠷᠤᠭ᠎ᠠ ( ᠦᠢᠯᠡᠳᠪᠦᠷᠢ᠎ᠶᠢᠨ ᠲᠠᠰᠤᠭ᠎ᠤᠨ ᠡᠷᠬᠢᠯᠡᠭᠴᠢ᠂ ᠲᠡᠷᠭᠡᠨ ᠠᠩᠭᠢ᠎ᠶᠢᠨ ᠳᠠᠷᠤᠭ᠎ᠠ ᠪᠠᠭᠲᠠᠨ᠎ᠠ )᠎ᠳᠤ ᠬᠠᠨᠳᠤᠭᠤᠯᠤᠨ 8 ᠬᠢᠴᠢᠶᠡᠯ᠎ᠦᠨ ᠴᠠᠭ᠎ᠠᠴᠠ ᠳᠣᠣᠷ᠎ᠠ ᠦᠭᠡᠢ ᠪᠣᠯᠪᠠᠰᠤᠷᠠᠯ᠎ᠤᠨ ᠠᠭᠤᠯᠭ᠎ᠠ᠎ᠶᠢ ᠬᠦᠷᠭᠡᠨ ᠥᠭᠴᠦ᠂ ᠲᠠᠷᠠᠬᠠᠢ ᠪᠤᠲᠠᠷᠬᠠᠢ ᠴᠠᠭ᠎ᠢ ᠥᠨᠳᠥᠷ ᠪᠦᠲᠦᠮᠵᠢᠲᠡᠶ᠎ᠪᠡᠷ ᠠᠰᠢᠭ᠍ᠯᠠᠨ ᠠᠵᠢᠯ᠎ᠤᠨ ᠬᠠᠷᠠᠭ᠎ᠠ᠎ᠠᠴᠠ ᠪᠣᠯᠤᠭᠰᠠᠨ ᠭᠡᠮᠲᠦᠯ᠎ᠢ ᠰᠡᠷᠭᠡᠢᠯᠡᠬᠦ ᠮᠡᠳᠡᠯᠭᠡ᠎ᠶᠢᠨ ᠨᠥᠭᠡᠴᠡ᠎ᠶᠢ ᠲᠡᠭᠦᠯᠳᠡᠷᠵᠢᠭᠦᠯᠦᠨ᠎ᠡ᠃
ᠲᠠᠩᠬᠢᠮ᠎ᠤᠨ ᠪᠣᠳᠠᠲᠤ ᠪᠣᠯᠪᠠᠰᠤᠷᠠᠯ᠎ᠤᠨ ᠰᠣᠷᠢᠯᠲᠠ ᠬᠢᠵᠦ ᠤᠷᠢᠳᠴᠢᠯᠠᠨ ᠰᠡᠷᠭᠡᠢᠯᠡᠬᠦ ᠴᠢᠳᠠᠪᠤᠷᠢ᠎ᠶᠢ ᠴᠢᠩᠭᠠᠳᠬᠠᠨ᠎ᠠ
《 ᠶᠠᠷᠢᠯᠴᠠᠬᠤ ᠶᠠᠪᠤᠴᠠ᠎ᠳᠤ᠂ ᠣᠯᠠᠨ᠎ᠤ ᠳᠤᠷᠠᠳᠤᠭᠰᠠᠨ ᠡᠷᠬᠢᠮ ᠨᠠᠨᠳᠢᠨ ᠰᠠᠨᠠᠯ᠎ᠲᠠᠢ ᠤᠶᠠᠯᠳᠤᠭᠤᠯᠤᠨ᠂ ᠪᠢ ᠠᠮᠤᠷ ᠲᠦᠪᠰᠢᠨ᠎ᠦ ᠭᠡᠨᠡᠳᠲᠡ᠎ᠶᠢᠨ ᠬᠡᠷᠡᠭ᠎ᠢ ᠲᠣᠬᠢᠲᠠᠢ ᠰᠢᠢᠳᠪᠦᠷᠢᠯᠡᠬᠦ ᠠᠷᠭ᠎ᠠ᠎ᠶᠢ ᠡᠷᠢᠵᠦ ᠣᠯᠵᠠᠢ᠂ ᠦᠢᠯᠡᠳᠪᠦᠷᠢᠯᠡᠯ᠎ᠦᠨ ᠶᠠᠪᠤᠴᠠ᠎ᠳᠤ ᠡᠢᠮᠦᠷᠬᠦᠦ ᠪᠠᠢᠳᠠᠯ ᠲᠣᠬᠢᠶᠠᠯᠳᠤᠪᠠᠯ᠂ ᠪᠢ ᠯᠠᠪᠲᠠᠢ ᠪᠠᠴᠢᠮ ᠪᠠᠢᠳᠠᠯ᠎ᠢ ᠠᠷᠭᠠᠴᠠᠨ ᠰᠢᠢᠳᠪᠦᠷᠢᠯᠡᠵᠦ ᠴᠢᠳᠠᠨ᠎ᠠ ᠭᠡᠳᠡᠭ᠎ᠢ ᠢᠲᠡᠭᠡᠵᠦ ᠪᠠᠢᠨ᠎ᠠ 》 ᠭᠡᠵᠦ ᠥᠪᠥᠷ ᠮᠣᠩᠭᠣᠯ᠎ᠤᠨ ᠳᠠ ᠲᠠᠩ ᠣᠯᠠᠨ ᠤᠯᠤᠰ᠎ᠤᠨ ᠰᠢᠯᠢᠩᠬᠣᠲᠠ᠎ᠶᠢᠨ ᠠᠭᠤᠷᠬᠠᠢ᠎ᠶᠢᠨ ᠦᠢᠯᠡᠰ᠎ᠦᠨ ᠬᠢᠵᠠᠭᠠᠷᠲᠤ ᠺᠣᠮᠫᠠᠨᠢ᠎ᠶᠢᠨ ᠪᠣᠯᠪᠠᠰᠤᠷᠠᠯ᠎ᠳᠤ ᠣᠷᠣᠯᠴᠠᠭᠰᠠᠨ ᠰᠣᠷᠣᠭ᠍ᠴᠢ ᠢᠯᠡᠷᠬᠡᠢᠯᠡᠪᠡ᠃
ᠪᠣᠯᠪᠠᠰᠤᠷᠠᠯ᠎ᠳᠤ ᠣᠷᠣᠯᠴᠠᠭᠰᠠᠳ᠎ᠤᠨ ᠢᠳᠡᠪᠬᠢᠵᠢᠯ᠎ᠢ ᠲᠠᠢᠴᠢᠯᠠᠵᠤ ᠂ ᠤᠯᠠᠨ᠎ᠢ ᠬᠠᠪᠰᠤᠷᠤᠨ ᠠᠵᠢᠯ᠎ᠤᠨ ᠬᠠᠷᠠᠭ᠎ᠠ᠎ᠠᠴᠠ ᠪᠣᠯᠤᠭᠰᠠᠨ ᠭᠡᠮᠲᠦᠯ᠎ᠢ ᠰᠡᠷᠭᠡᠢᠯᠡᠬᠦ ᠮᠡᠳᠡᠯᠭᠡ᠎ᠶᠢ ᠨᠡᠩ ᠰᠠᠢᠨ ᠣᠢᠯᠠᠭᠠᠨ ᠡᠵᠡᠮᠰᠢᠭᠦᠯᠬᠦ᠎ᠶᠢᠨ ᠲᠥᠯᠥᠭᠡ᠂ ᠪᠣᠯᠪᠠᠰᠤᠷᠠᠯ᠎ᠳᠤ ᠪᠣᠳᠠᠲᠠᠢ ᠪᠣᠯᠪᠠᠰᠤᠷᠠᠯ ᠬᠢᠬᠦ᠂ ᠦᠢᠯᠡᠳᠦᠯᠴᠡᠨ ᠰᠤᠳᠤᠯᠤᠨ ᠶᠠᠷᠢᠯᠴᠠᠬᠤ ᠵᠡᠷᠭᠡ ᠭᠣᠭᠴᠣᠭ᠎ᠠ᠎ᠶᠢ ᠨᠡᠮᠡᠨ ᠪᠠᠢᠭᠤᠯᠵᠤ᠂ ᠣᠨᠴᠠᠭᠠᠢᠯᠠᠨ 《 ᠲᠦᠷᠪᠡᠨ ᠠᠵᠢᠯ ᠲᠦᠷᠦᠯ 》 ᠪᠠ 《 ᠭᠤᠷᠪᠠᠨ ᠲᠦᠷᠦᠯ᠎ᠦᠨ ᠬᠥᠮᠥᠰ 》᠎ᠤᠨ ᠣᠨᠴᠠᠯᠢᠭ᠋᠎ᠲᠤ ᠴᠢᠭᠯᠡᠭᠦᠯᠵᠦ᠂ ᠦᠨᠡᠨ ᠪᠣᠳᠠᠲᠠᠢ ᠬᠡᠷᠡᠭ᠎ᠦᠨ ᠵᠢᠱ᠌ᠢᠶ᠎ᠡ᠎ᠲᠠᠢ ᠤᠶᠠᠯᠳᠤᠭᠤᠯᠵᠤ᠂ ᠠᠵᠢᠯ ᠲᠦᠷᠦᠯ᠎ᠦᠨ ᠠᠶᠤᠯᠭᠦᠢ ᠦᠢᠯᠡᠳᠪᠦᠷᠢᠯᠡᠯ᠎ᠦᠨ ᠬᠠᠮᠢᠶᠠᠷᠤᠯᠲᠠ᠂ ᠬᠥᠳᠡᠯᠮᠦᠷᠢ᠎ᠶᠢᠨ ᠬᠠᠮᠠᠭᠠᠯᠠᠯᠲᠠ᠂ ᠠᠮᠤᠷ ᠲᠦᠪᠰᠢᠨ᠎ᠦ ᠮᠡᠷᠭᠡᠵᠢᠯ ᠪᠠ ᠪᠠᠴᠢᠮ ᠪᠠᠢᠳᠠᠯ᠎ᠢ ᠠᠷᠭᠠᠴᠠᠨ ᠰᠢᠢᠳᠪᠦᠷᠢᠯᠡᠬᠦ ᠵᠡᠷᠭᠡ ᠮᠡᠳᠡᠯᠭᠡ᠎ᠶᠢ ᠭᠦᠨᠵᠡᠭᠡᠢ ᠪᠥᠭᠡᠳ ᠣᠢᠯᠠᠭᠠᠮᠵᠢᠲᠠᠢ᠎ᠪᠠᠷ ᠲᠠᠢᠯᠪᠤᠷᠢᠯᠠᠵᠤ᠂ ᠪᠣᠯᠪᠠᠰᠤᠷᠠᠯ᠎ᠤᠨ ᠲᠤᠬᠠᠢ᠎ᠶᠢᠨ ᠲᠠᠯᠠᠪᠠᠢ᠎ᠶᠢᠨ ᠠᠭᠤᠷ ᠠᠮᠢᠰᠬᠤᠯ ᠬᠦᠷ ᠬᠥᠭᠵᠢᠶᠡᠨᠲᠡᠢ ᠪᠠᠢᠵᠤ᠂ ᠰᠤᠷᠤᠭ᠍ᠴᠢᠳ᠎ᠢ ᠢᠳᠡᠪᠬᠢᠲᠡᠢ ᠣᠷᠣᠯᠴᠠᠭᠤᠯᠵᠠᠢ᠃
ᠰᠡᠷᠡᠮᠵᠢᠯᠡᠭᠦᠯᠬᠦ ᠬᠥᠮᠦᠵᠢᠯ᠎ᠢ ᠰᠠᠢᠲᠤᠷ ᠬᠢᠵᠦ ᠠᠮᠤᠷ ᠲᠦᠪᠰᠢᠨ᠎ᠦ ᠤᠬᠠᠮᠰᠠᠷ᠎ᠢ ᠲᠡᠭᠡᠭᠰᠢᠯᠡᠬᠦᠯᠦᠨ᠎ᠡ
ᠪᠣᠯᠪᠠᠰᠤᠷᠠᠯ᠎ᠤᠨ ᠦᠷ᠎ᠡ ᠪᠦᠲᠦᠭᠡᠯ᠎ᠢ ᠭᠦᠨᠵᠡᠭᠡᠢᠷᠡᠭᠦᠯᠬᠦ᠎ᠶᠢᠨ ᠲᠥᠯᠥᠭᠡ᠂ ᠠᠵᠢᠯ᠎ᠤᠨ ᠬᠠᠷᠠᠭ᠎ᠠ᠎ᠠᠴᠠ ᠪᠣᠯᠤᠭᠰᠠᠨ ᠭᠡᠮᠲᠦᠯ᠎ᠢ ᠰᠡᠷᠭᠡᠢᠯᠡᠬᠦ ᠴᠢᠳᠠᠪᠤᠷᠢ᠎ᠶᠢ ᠳᠡᠭᠡᠭᠰᠢᠯᠡᠭᠦᠯᠬᠦ ᠪᠣᠯᠪᠠᠰᠤᠷᠠᠯ᠎ᠢ ᠥᠷᠨᠢᠭᠦᠯᠬᠦ ᠬᠤᠭᠤᠴᠠᠭᠠᠨ᠎ᠳᠤ᠂ ᠥᠪᠥᠷ ᠮᠣᠩᠭᠣᠯ ᠠᠵᠢᠯ᠎ᠤᠨ ᠬᠠᠷᠠᠭ᠎ᠠ᠎ᠠᠴᠠ ᠪᠣᠯᠤᠭᠰᠠᠨ ᠭᠡᠮᠲᠦᠯ᠎ᠢ ᠰᠡᠷᠭᠡᠢᠯᠡᠬᠦ ᠰᠡᠷᠡᠮᠵᠢᠯᠡᠭᠦᠯᠬᠦ ᠬᠥᠮᠦᠵᠢᠯ᠎ᠦᠨ ᠰᠠᠭᠤᠷᠢᠨ ᠭᠠᠵᠠᠷ᠎ᠤᠨ ᠪᠣᠳᠠᠲᠠᠢ ᠪᠣᠯᠪᠠᠰᠤᠷᠠᠯ᠎ᠲᠠᠢ ᠤᠶᠠᠯᠳᠤᠭᠤᠯᠤᠨ᠂ ᠭᠦᠨᠵᠡᠭᠡᠢᠷᠡᠨ ᠰᠤᠷᠤᠯᠴᠠᠬᠤ ᠳᠠᠪᠠᠭᠤᠯᠢᠭ᠋᠎ᠢᠶᠠᠨ ᠪᠠᠳᠠᠷᠠᠭᠤᠯᠵᠤ᠂ ᠠᠵᠢᠯ᠎ᠤᠨ ᠬᠠᠷᠠᠭ᠎ᠠ᠎ᠠᠴᠠ ᠪᠣᠯᠤᠭᠰᠠᠨ ᠭᠡᠮᠲᠦᠯ᠎ᠢ ᠤᠷᠢᠳᠴᠢᠯᠠᠨ ᠰᠡᠷᠭᠡᠢᠯᠡᠬᠦ᠎ᠶᠢ ᠬᠡᠢᠰᠪᠦᠷᠢ ᠤᠬᠠᠭᠳᠠᠬᠤᠨ᠎ᠠᠴᠠ ᠨᠢᠳᠦᠨ᠎ᠳᠦ ᠦᠵᠡᠭᠳᠡᠵᠦ᠂ ᠭᠦᠨᠳᠡᠵᠦ᠂ ᠰᠡᠷᠡᠭᠳᠡᠵᠦ ᠪᠣᠯᠬᠤ ᠪᠣᠯᠭᠠᠵᠤ᠂ ᠠᠮᠤᠷ ᠲᠦᠪᠰᠢᠨ᠎ᠦ ᠤᠬᠠᠮᠰᠠᠷ᠎ᠢ ᠲᠠᠷᠢᠬᠢ ᠲᠣᠯᠣᠭᠠᠢ᠎ᠳᠤ ᠨᠢ ᠬᠠᠳᠠᠩᠰᠢᠭᠤᠯᠵᠤ᠂ ᠠᠵᠢᠯ᠎ᠤᠨ ᠬᠠᠷᠠᠭ᠎ᠠ᠎ᠠᠴᠠ ᠪᠣᠯᠤᠭᠰᠠᠨ ᠭᠡᠮᠲᠦᠯ᠎ᠢ ᠤᠷᠢᠳᠴᠢᠯᠠᠨ ᠰᠡᠷᠭᠡᠢᠯᠡᠬᠦ ᠠᠵᠢᠯ᠎ᠤᠨ ᠶᠠᠰᠤ ᠴᠢᠨᠠᠷ᠎ᠢ ᠢᠯᠡᠳᠲᠡ ᠳᠡᠭᠡᠭᠰᠢᠯᠡᠭᠦᠯᠬᠦ᠎ᠶᠢ ᠠᠬᠢᠭᠤᠯᠪᠠ᠃《 ᠪᠢ ᠰᠠᠭᠤᠷᠢᠨ ᠭᠠᠵᠠᠷ᠎ᠲᠤ ᠪᠠᠢᠭ᠎ᠠ ᠠᠵᠢᠯ ᠲᠥᠷᠥᠯ᠎ᠦᠨ᠎ᠢᠶᠡᠨ ᠠᠵᠢᠯ᠎ᠠᠴᠠ ᠪᠣᠯᠤᠭᠰᠠᠨ ᠭᠡᠮᠲᠦᠯ᠎ᠦᠨ ᠡᠨᠳᠡᠭᠳᠡᠯ᠎ᠦᠨ ᠬᠡᠷᠡᠭ᠎ᠦᠨ ᠵᠢᠱ᠌ᠢᠶ᠎ᠡ᠎ᠶᠢ ᠣᠯᠵᠤ ᠦᠵᠡᠵᠡᠢ᠂ ᠡᠭᠦᠨ᠎ᠦ ᠰᠤᠷᠭᠠᠮᠵᠢ ᠪᠣᠯ ᠲᠤᠢᠯ᠎ᠤᠨ ᠭᠦᠨᠵᠡᠭᠡᠢ ᠶᠤᠮ᠂ ᠪᠣᠯᠪᠠᠰᠤᠷᠠᠯ ᠳᠠᠭᠤᠰᠤᠭᠰᠠᠨ᠎ᠤ ᠳᠠᠷᠠᠭ᠎ᠠ ᠪᠢ ᠪᠠᠰᠠ ᠠᠶᠤᠯᠭᠦᠢ ᠦᠢᠯᠡᠳᠪᠦᠷᠢᠯᠡᠯ᠎ᠦᠨ ᠪᠠᠢᠳᠠᠯ᠎ᠢ ᠴᠠᠭ ᠲᠤᠬᠠᠢ ᠳ᠋ᠤᠨᠢ ᠪᠠᠢᠴᠠᠭᠠᠵᠤ᠂ ᠠᠮᠤᠷ ᠲᠦᠪᠰᠢᠨ ᠪᠤᠰᠤ ᠣᠷᠴᠢᠨ ᠨᠥᠬᠥᠴᠡᠯ ᠪᠣᠯᠣᠨ ᠳᠦᠷᠢᠮ᠎ᠢ ᠵᠥᠷᠢᠴᠡᠨ ᠠᠵᠢᠯᠯᠠᠬᠤ᠎ᠶᠢ ᠲᠠᠰᠤ ᠵᠣᠭᠰᠣᠭᠠᠨ᠎ᠠ 》 ᠭᠡᠵᠦ ᠳᠤᠮᠳᠠᠳᠤ ᠤᠯᠤᠰ᠎ᠤᠨ ᠲᠡᠮᠦᠷ ᠵᠠᠮ᠎ᠤᠨ ᠬᠥᠬᠡᠬᠣᠲᠠ᠎ᠶᠢᠨ ᠲᠣᠪᠴᠢᠶ᠎ᠠ᠎ᠶᠢᠨ ᠪᠦᠯᠦᠭᠯᠡᠯ᠎ᠦᠨ ᠬᠢᠵᠠᠭᠠᠷᠲᠤ ᠺᠣᠮᠫᠠᠨᠢ᠎ᠶᠢᠨ ᠨᠢᠭᠡ ᠦᠷᠳᠡᠬᠡ᠎ᠶᠢᠨ ᠬᠡᠰᠡᠭ᠎ᠦᠨ ᠬᠠᠷᠢᠭᠤᠴᠠᠯᠭᠠᠲᠠᠨ ᠢᠯᠡᠳᠬᠡᠪᠡ᠃
ᠰᠢᠰᠲᠧᠮ᠎ᠲᠠᠢ ᠪᠣᠯᠪᠠᠰᠤᠷᠠᠯ᠎ᠢᠶᠠᠷ ᠳᠡᠮᠵᠢᠨ᠂ ᠥᠪᠥᠷ ᠮᠣᠩᠭᠣᠯ᠎ᠤᠨ 《 ᠳᠥᠷᠪᠡᠨ ᠠᠵᠢᠯ ᠲᠥᠷᠥᠯ 》᠎ᠤᠨ ᠠᠵᠢᠯ᠎ᠠᠴᠠ ᠪᠣᠯᠤᠭᠰᠠᠨ ᠭᠡᠮᠲᠦᠯ᠎ᠦᠨ ᠡᠨᠳᠡᠯ ᠭᠠᠷᠬᠤ ᠨᠣᠷᠮ᠎ᠠ ᠪᠠᠭᠤᠷᠠᠬᠤ ᠬᠠᠨᠳᠤᠰᠢ᠎ᠲᠠᠢ ᠪᠣᠯᠵᠤ᠂ ᠬᠥᠳᠡᠯᠮᠦᠷᠢᠴᠢᠳ᠎ᠦᠨ ᠠᠮᠢ ᠨᠠᠰᠤ ᠡᠷᠡᠭᠦᠯ ᠮᠡᠨᠳᠦ᠎ᠶᠢ ᠪᠠᠲᠤᠯᠠᠭᠰᠠᠨ᠎ᠢᠶᠠᠷ ᠪᠠᠷᠠᠬᠤ ᠦᠭᠡᠢ᠂ ᠨᠠᠩ ᠴᠤ᠌ ᠠᠵᠤ ᠠᠬᠤᠢᠯᠠᠯ᠎ᠤᠨ ᠦᠷᠭᠦᠯᠵᠢᠯᠡᠬᠦ ᠬᠥᠭᠵᠢᠯᠲᠡ᠎ᠶᠢ ᠠᠬᠢᠭᠤᠯᠵᠤ᠂ ᠠᠮᠤᠷ ᠲᠦᠪᠰᠢᠨ ᠬᠢᠭᠡᠳ ᠦᠷ᠎ᠡ ᠠᠰᠢᠭ᠋᠎ᠤᠨ ᠬᠣᠣᠰ ᠠᠮᠵᠢᠯᠲᠠ᠎ᠶᠢ ᠪᠡᠶᠡᠯᠡᠭᠦᠯᠦᠭᠰᠡᠨ ᠪᠠᠢᠨ᠎ᠠ᠃ ᠥᠪᠥᠷ ᠮᠣᠩᠭᠣᠯ ᠠᠵᠢᠯ᠎ᠠᠴᠠ ᠪᠣᠯᠤᠭᠰᠠᠨ ᠭᠡᠮᠲᠦᠯ᠎ᠢ ᠰᠡᠷᠭᠡᠢᠯᠡᠬᠦ ᠴᠢᠳᠠᠪᠤᠷᠢ᠎ᠶᠢ ᠳᠡᠭᠡᠭᠰᠢᠯᠡᠭᠦᠯᠬᠦ ᠪᠣᠯᠪᠠᠰᠤᠷᠠᠯ᠎ᠤᠨ ᠲᠤᠷᠰᠢᠯᠭ᠎ᠠ᠎ᠪᠠᠨ ᠳ᠋ᠦᠩᠨᠡᠵᠦ᠂ ᠳᠤᠲᠠᠭᠤᠳᠠᠯ᠎ᠢᠶᠠᠨ ᠨᠥᠬᠥᠪᠦᠷᠢᠯᠡᠵᠦ᠂ ᠳᠠᠪᠠᠭᠤᠯᠢᠭ᠋᠎ᠢᠶᠠᠨ ᠪᠠᠳᠠᠷᠠᠭᠤᠯᠵᠤ᠂ ᠠᠵᠢᠯ᠎ᠠᠴᠠ ᠪᠣᠯᠤᠭᠰᠠᠨ ᠭᠡᠮᠲᠦᠯ᠎ᠢ ᠰᠡᠷᠭᠡᠢᠯᠡᠬᠦ ᠪᠠ ᠠᠶᠤᠯᠭᠦᠢ ᠦᠢᠯᠡᠳᠪᠦᠷᠢᠯᠡᠯ᠂ ᠠᠵᠢᠯ ᠮᠡᠷᠭᠡᠵᠢᠯ᠎ᠦᠨ ᠡᠷᠡᠭᠦᠯ ᠮᠡᠨᠳᠤ᠎ᠶᠢᠨ ᠠᠭᠤᠰᠤᠯᠴᠠᠯ᠎ᠢ ᠠᠬᠢᠭᠤᠯᠵᠤ᠂ ᠠᠵᠢᠯ᠎ᠠᠴᠠ ᠪᠣᠯᠤᠭᠰᠠᠨ ᠭᠡᠮᠲᠦᠯ᠎ᠢ ᠰᠡᠷᠭᠡᠢᠯᠡᠬᠦ 《 ᠬᠠᠮᠠᠭᠠᠯᠠᠯᠲᠠ᠎ᠶᠢᠨ ᠲᠣᠣᠷ 》᠎ᠢ ᠪᠠᠲᠤ ᠪᠡᠬᠢ ᠨᠢᠭ᠍ᠲᠠ ᠰᠦᠯᠵᠢᠵᠦ᠂ ᠠᠵᠤ ᠠᠬᠤᠢᠯᠠᠯ᠎ᠤᠨ ᠠᠵᠢᠯᠲᠠᠨ ᠠᠵᠢᠯᠴᠢᠨ᠎ᠤ ᠠᠮᠢ ᠨᠠᠰᠤᠨ᠎ᠤ ᠠᠮᠤᠷ ᠲᠦᠪᠰᠢᠨ᠎ᠢ ᠬᠠᠮᠠᠭᠠᠯᠠᠵᠤ ᠪᠠᠢᠨ᠎ᠠ᠃