《 ᠪᠢ ᠵᠢᠯ ᠪᠦᠷᠢ ᠨᠠᠰᠤᠵᠢᠯ᠎ᠤᠨ ᠠᠰᠠᠷᠠᠮᠵᠢ᠎ᠶᠢᠨ ᠳᠠᠭᠠᠳᠬᠠᠯ᠎ᠢ ᠥᠪᠡᠷ᠎ᠢᠶᠡᠨ 200 ᠲᠥᠭᠥᠷᠢᠭ ᠲᠤᠰᠢᠶᠠᠵᠤ᠂ ᠵᠠᠰᠠᠭ᠎ᠤᠨ ᠣᠷᠳᠣᠨ᠎ᠠᠴᠠ 100 ᠲᠥᠭᠥᠷᠢᠭ ᠨᠥᠬᠥᠪᠦᠷᠢᠯᠡᠵᠦ᠂ ᠬᠠᠮᠲᠤ ᠨᠡᠶ᠋ᠢᠲᠡ᠎ᠡᠴᠡ 200 ᠲᠥᠭᠥᠷᠢᠭ ᠥᠭᠴᠦ᠂ ᠠᠵᠤ ᠠᠬᠤᠢᠯᠠᠯ᠎ᠠᠴᠠ 100 ᠲᠥᠭᠥᠷᠢᠭ ᠲᠤᠰᠠᠯᠠᠵᠤ ᠪᠠᠢᠨ᠎ᠠ᠂ ᠮᠢᠨᠤ ᠥᠲᠡᠯᠦᠭᠡ ᠨᠠᠰᠤᠨ᠎ᠤ ᠠᠮᠢᠳᠤᠷᠠᠯ ᠨᠡᠩ ᠪᠠᠲᠤᠯᠠᠭ᠎ᠠ᠎ᠲᠠᠢ ᠪᠣᠯᠵᠠᠢ᠃ 》 12 ᠰᠠᠷ᠎ᠠ᠎ᠶᠢᠨ 19᠎ᠦ ᠡᠳᠦᠷ᠂ ᠰᠢᠯᠢ᠎ᠶᠢᠨ ᠭᠣᠣᠯ ᠠᠢᠮᠠᠭ᠎ᠤᠨ ᠰᠥᠨᠢᠳ ᠵᠡᠭᠦᠨ ᠬᠣᠰᠢᠭᠤᠨ᠎ᠤ ᠳᠠᠯᠠᠢ ᠰᠤᠮᠤ᠎ᠶᠢᠨ ᠪᠠᠶᠠᠨᠪᠤᠯᠠᠭ ᠭᠠᠴᠠᠭ᠎ᠠ᠎ᠶᠢᠨ ᠮᠠᠯᠴᠢᠨ ᠡᠷᠳᠡᠨᠢᠪᠠᠭᠠᠲᠤᠷ ᠪᠠᠶᠠᠷᠲᠠᠢ᠎ᠪᠠᠷ ᠶᠠᠷᠢᠨ᠎ᠠ᠃
ᠡᠨᠡ ᠵᠢᠯ᠎ᠡᠴᠡ ᠨᠠᠭᠠᠰᠢ᠂ ᠰᠢᠯᠢ᠎ᠶᠢᠨ ᠭᠣᠣᠯ ᠠᠢᠮᠠᠭ᠎ᠤᠨ ᠬᠢᠨ 《 ᠠᠢᠮᠠᠭ︱ᠬᠣᠰᠢᠭᠤ︱ᠰᠤᠮᠤ︱ᠭᠠᠴᠠᠭ᠎ᠠ 》 ᠳᠥᠷᠪᠡᠨ ᠱᠠᠲᠤᠨ᠎ᠤ ᠬᠣᠯᠪᠤᠭᠠᠯᠠᠨ ᠬᠥᠳᠡᠯᠦᠯᠴᠡᠬᠦ ᠠᠵᠢᠯ᠎ᠤᠨ ᠲᠣᠭᠲᠠᠴᠠ᠎ᠶᠢ ᠪᠠᠢᠭᠤᠯᠵᠤ᠂ 《 ᠨᠠᠮ᠎ᠤᠨ ᠭᠡᠰᠢᠭᠦᠨ᠎ᠦ ᠭᠣᠣᠯᠳᠠᠯᠭᠠᠲᠤ ᠡᠷᠦᠬᠡ》 《ᠨᠠᠭᠠᠳᠤᠮ + ᠨᠡᠢᠭᠡᠮ᠎ᠦᠨ ᠪᠠᠲᠤᠯᠠᠭ᠎ᠠ 》 ᠵᠡᠷᠭᠡ ᠣᠨᠴᠠᠯᠢᠭ᠍ᠲᠤ ᠠᠴᠢᠶᠠᠯᠠᠪᠤᠷᠢ᠎ᠳᠤ ᠲᠦᠰᠢᠭᠯᠡᠨ᠂ ᠲᠥᠷᠥ᠎ᠶᠢᠨ ᠪᠣᠳᠣᠯᠭ᠎ᠠ᠎ᠶᠢ ᠤᠬᠠᠭᠤᠯᠤᠨ ᠲᠠᠢᠯᠪᠤᠷᠢᠯᠠᠬᠤ᠎ᠶᠢ ᠮᠠᠯᠵᠢᠬᠤ ᠣᠷᠣᠨ᠎ᠳᠤ ᠬᠦᠷᠭᠡᠬᠦ᠂ ᠭᠡᠷ ᠪᠦᠯᠢ᠎ᠳᠦ ᠬᠦᠷᠭᠡᠬᠦ ᠠᠵᠢᠯᠯᠠᠭ᠎ᠠ᠎ᠶᠢ ᠥᠷᠨᠢᠭᠦᠯᠵᠦ᠂ ᠲᠥᠷᠥ᠎ᠶᠢᠨ ᠪᠣᠳᠣᠯᠭ᠎ᠠ᠎ᠶᠢᠨ ᠤᠬᠠᠭᠤᠯᠭ᠎ᠠ᠎ᠶᠢ ᠣᠭᠲᠣ᠌ ᠣᠷᠬᠢᠭ᠍ᠳᠠᠭᠤᠯᠬᠤ ᠦᠭᠡᠢ᠂ ᠪᠦᠬᠦᠨ᠎ᠢ ᠬᠠᠮᠤᠷᠬᠤ᠎ᠶᠢ ᠪᠡᠶᠡᠯᠡᠭᠦᠯᠪᠡ᠃ ᠳᠠᠭᠠᠳᠬᠠᠯ᠎ᠳᠤ ᠣᠷᠣᠭ᠎ᠠ ᠦᠭᠡᠢ ᠬᠥᠮᠥᠰ᠎ᠲᠦ ᠴᠢᠭᠯᠡᠭᠦᠯᠦᠨ ᠡᠷᠦᠬᠡ ᠳᠠᠷᠠᠭᠠᠯᠠᠨ ᠬᠠᠷᠭᠤᠭᠤᠯᠤᠨ ᠪᠠᠢᠴᠠᠭᠠᠵᠤ᠂ ᠳᠠᠭᠠᠳᠬᠠᠯ᠎ᠳᠤ ᠣᠷᠣᠭ᠎ᠠ ᠦᠭᠡᠢ ᠬᠥᠮᠥᠰ᠎ᠦᠨ ᠪᠠᠢᠳᠠᠯ᠎ᠢ ᠬᠥᠳᠡᠯᠦᠩᠭᠦᠢ᠎ᠪᠡᠷ ᠴᠡᠪᠡᠷᠯᠡᠬᠦ᠎ᠶᠢ ᠠᠬᠢᠭᠤᠯᠪᠠ᠃ ᠣᠲᠣ᠌ ᠪᠣᠯᠲᠠᠯ᠎ᠠ᠂ ᠪᠥᠬᠥ ᠠᠢᠮᠠᠭ᠎ᠤᠨ 5 ᠬᠢᠯᠢ᠎ᠶᠢᠨ ᠬᠣᠰᠢᠭᠤ ᠬᠣᠲᠠ᠂ 15 ᠰᠤᠮᠤ ᠪᠠᠯᠭᠠᠰᠤ᠂ 45 ᠭᠠᠴᠠᠭ᠎ᠠ᠎ᠶᠢᠨ 14870 ᠰᠠᠭᠤᠭᠠᠯᠢ ᠠᠷᠠᠳ ᠳᠠᠭᠠᠳᠬᠠᠯ᠎ᠳᠤ ᠣᠷᠣᠯᠴᠠᠵᠤ᠂ 118 ᠭᠠᠴᠠᠭ᠎ᠠ ᠬᠠᠮᠲᠤ᠎ᠶᠢᠨ ᠨᠥᠬᠥᠪᠦᠷᠢ᠎ᠶᠢᠨ ᠠᠵᠢᠯ᠎ᠢ ᠥᠷᠨᠢᠭᠦᠯᠵᠦ᠂ 84.6 ᠲᠦᠮᠡᠨ ᠲᠥᠭᠥᠷᠢᠭ᠎ᠦᠨ ᠨᠥᠬᠥᠪᠦᠷᠢ ᠮᠥᠩᠭᠥ ᠥᠭᠴᠦ᠂ 6951 ᠣᠯᠠᠨ ᠲᠦᠮᠡᠨ᠎ᠳᠦ ᠠᠰᠢᠭ᠋ ᠬᠦᠷᠲᠡᠭᠡᠪᠡ᠃ 《 ᠬᠤᠪᠢ ᠬᠥᠮᠥᠨ ᠵᠢᠭᠠᠬᠠᠨ ᠲᠤᠰᠢᠶᠠᠵᠤ᠂ ᠵᠠᠰᠠᠭ᠎ᠤᠨ ᠣᠷᠳᠣᠨ᠎ᠠᠴᠠ ᠵᠢᠭᠠᠬᠠᠨ ᠨᠥᠬᠥᠪᠦᠷᠢᠯᠡᠵᠦ᠂ ᠬᠠᠮᠲᠤ ᠨᠡᠶ᠋ᠢᠲᠡ᠎ᠡᠴᠡ ᠵᠢᠭᠠᠬᠠᠨ ᠲᠡᠳᠬᠦᠵᠦ᠂ ᠠᠵᠤ ᠠᠬᠤᠢᠯᠠᠯ᠎ᠠᠴᠠ ᠵᠢᠭᠠᠬᠠᠨ ᠲᠤᠰᠠᠯᠠᠬᠤ 》 ᠣᠯᠠᠨ ᠡᠰᠢᠲᠦ ᠪᠡᠯᠡ ᠴᠤᠭᠯᠠᠭᠤᠯᠬᠤ ᠵᠠᠭᠪᠤᠷ ᠨᠢ ᠡᠯ᠎ᠡ ᠲᠠᠯ᠎ᠠ᠎ᠶᠢᠨ ᠬᠦᠴᠦᠨ᠎ᠢ ᠨᠢᠭ᠍ᠲᠠᠷᠠᠭᠤᠯᠵᠤ᠂ ᠣᠲᠣ᠌ ᠶᠠᠭ ᠡᠷᠳᠡᠨᠢᠪᠠᠭᠠᠲᠤᠷ ᠰᠢᠭ᠋ ᠳᠠᠭᠠᠳᠬᠠᠯ᠎ᠳᠤ ᠣᠷᠣᠯᠴᠠᠭᠰᠠᠨ ᠣᠯᠠᠨ ᠲᠦᠮᠡᠨ᠎ᠳᠦ ᠨᠠᠩ ᠣᠯᠠᠨ ᠠᠰᠢᠭ᠋ ᠬᠦᠷᠲᠡᠭᠡᠵᠦ ᠪᠠᠢᠨ᠎ᠠ᠃
ᠣᠢᠷ᠎ᠠ᠎ᠶᠢᠨ ᠵᠢᠯ᠎ᠦᠳ᠎ᠲᠦ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠢᠩᠬᠢᠮ ᠲᠣᠭᠲᠠᠴᠠ᠎ᠶᠢᠨ ᠰᠢᠨ᠎ᠡ᠎ᠶᠢ ᠡᠭᠦᠳᠬᠦ᠂ ᠨᠠᠷᠢᠯᠢᠭ᠋ ᠣᠨᠣᠴᠠᠲᠠᠢ᠎ᠪᠠᠷ ᠠᠷᠭ᠎ᠠ ᠪᠣᠳᠣᠯᠭ᠎ᠠ ᠬᠡᠷᠡᠭᠵᠢᠭᠦᠯᠬᠦ᠂ ᠶᠠᠪᠤᠴᠠ᠎ᠶᠢ ᠰᠢᠯᠢᠳᠡᠭᠵᠢᠭᠦᠯᠬᠦ ᠵᠡᠷᠭᠡ ᠠᠷᠭ᠎ᠠ ᠮᠠᠶᠢᠭ᠋᠎ᠢᠶᠠᠷ ᠳᠠᠮᠵᠢᠭᠤᠯᠤᠨ᠂ 《 ᠬᠤᠪᠢ ᠬᠥᠮᠥᠨ᠎ᠦ ᠰᠦᠢᠳᠬᠡᠯ ᠲᠤᠰᠢᠶᠠᠬᠤ + ᠵᠠᠰᠠᠭ᠎ᠤᠨ ᠣᠷᠳᠣᠨ᠎ᠤ ᠨᠥᠬᠥᠪᠦᠷᠢ + ᠬᠠᠮᠲᠤ ᠨᠡᠶ᠋ᠢᠲᠡ᠎ᠶᠢᠨ ᠨᠥᠬᠥᠪᠦᠷᠢ + ᠨᠡᠢᠭᠡᠮ᠎ᠦᠨ ᠲᠤᠰᠠᠯᠠᠮᠵᠢ 》 ᠵᠢᠨ ᠣᠯᠠᠨ ᠡᠰᠢᠲᠦ ᠪᠡᠯᠡ ᠴᠤᠭᠯᠠᠭᠤᠯᠬᠤ ᠵᠠᠭᠪᠤᠷ᠎ᠢ ᠪᠣᠶ ᠪᠣᠯᠭᠠᠪᠠ᠃ ᠣᠳᠣᠬᠠᠨ᠎ᠳᠤ᠂ ᠪᠥᠬᠥ ᠣᠷᠣᠨ᠎ᠤ 613 ᠭᠠᠴᠠᠭ᠎ᠠ ᠲᠣᠰᠬᠣᠨ᠎ᠳᠤ ᠬᠠᠮᠲᠤ᠎ᠶᠢᠨ ᠨᠥᠬᠥᠪᠦᠷᠢ᠎ᠶᠢᠨ ᠠᠵᠢᠯ᠎ᠢ ᠥᠷᠨᠢᠭᠦᠯᠵᠦ᠂ ᠬᠠᠮᠲᠤ᠎ᠶᠢᠨ ᠨᠥᠬᠥᠪᠦᠷᠢ ᠪᠠ ᠨᠡᠢᠭᠡᠮ᠎ᠦᠨ ᠲᠤᠰᠠᠯᠠᠮᠵᠢ᠎ᠶᠢᠨ ᠪᠡᠯᠡ ᠮᠥᠩᠭᠥ᠎ᠶᠢ ᠨᠡᠶ᠋ᠢᠲᠡ 15019.6 ᠲᠦᠮᠡᠨ ᠲᠥᠭᠥᠷᠢᠭ ᠴᠤᠭᠯᠠᠭᠤᠯᠵᠤ᠂ ᠳᠠᠭᠠᠳᠬᠠᠯ᠎ᠳᠤ ᠣᠷᠣᠯᠴᠠᠭᠰᠠᠨ 5.2 ᠲᠦᠮᠡᠨ ᠬᠥᠮᠥᠨ ᠤᠳᠠᠭ᠎ᠠ᠎ᠶᠢᠨ ᠣᠯᠠᠨ ᠲᠦᠮᠡᠨ᠎ᠳᠦ ᠠᠰᠢᠭ᠋ ᠬᠦᠷᠲᠡᠭᠡᠪᠡ᠃
《 ᠥᠩᠭᠡᠷᠡᠭᠰᠡᠨ᠎ᠳᠦ ᠪᠢ ᠵᠢᠯ ᠪᠦᠷᠢ ᠬᠠᠮᠤᠭ᠎ᠤᠨ ᠳᠣᠣᠷ᠎ᠠ ᠰᠦᠢᠳᠬᠡᠯ ᠲᠤᠰᠢᠶᠠᠬᠤ ᠲᠡᠰᠢ ᠰᠣᠩᠭᠣᠵᠤ ᠪᠠᠢᠵᠠᠢ᠂ ᠭᠣᠣᠯ ᠨᠢ ᠭᠡᠷ ᠪᠦᠯᠢ᠎ᠶᠢᠨ ᠳᠠᠷᠤᠭᠠᠰᠤ ᠨᠡᠮᠡᠭᠳᠡᠬᠦ᠎ᠡᠴᠡ ᠯᠡ ᠠᠶᠤᠵᠤ ᠪᠠᠢᠭᠰᠠᠨ ᠶᠤᠮ᠂ ᠣᠳᠣ᠌ ᠭᠠᠴᠠᠭᠠᠨ᠎ᠤ ᠬᠠᠮᠲᠤ᠎ᠶᠢᠨ ᠠᠵᠤ ᠠᠬᠤᠢ᠎ᠠᠴᠠ ᠬᠥᠮᠥᠨ ᠪᠦᠷᠢᠳᠦ 7000 ᠲᠥᠭᠥᠷᠢᠭ᠎ᠦᠨ ᠪᠠᠷᠢᠮᠵᠢᠶ᠎ᠠ᠎ᠪᠠᠷ ᠨᠥᠬᠥᠪᠦᠷᠢ ᠥᠭᠴᠦ ᠪᠠᠢᠨ᠎ᠠ᠂ ᠡᠭᠦᠨ᠎ᠡᠴᠡ ᠬᠣᠢᠰᠢ ᠨᠠᠰᠤᠵᠢᠯ᠎ᠤᠨ ᠠᠰᠠᠷᠠᠮᠵᠢ᠎ᠶᠢᠨ ᠮᠥᠩᠭᠥ ᠣᠯᠬᠤ ᠨᠢ ᠴᠦ᠍ ᠠᠷᠪᠢᠨ ᠪᠣᠯᠵᠠᠢ 》 ᠭᠡᠵᠦ ᠬᠥᠬᠡᠬᠣᠲᠠ᠎ᠶᠢᠨ ᠢᠦᠢ ᠴᠢᠤᠸᠠᠨ ᠲᠣᠭᠣᠷᠢᠭ᠋᠎ᠤᠨ ᠪᠠᠭ᠎ᠠ ᠲᠦᠷᠭᠡᠨ ᠭᠣᠣᠯ ᠪᠠᠯᠭᠠᠰᠤ᠎ᠶᠢᠨ ᠢ ᠵᠢᠶᠠᠨ ᠹᠠᠩ ᠲᠣᠰᠬᠣᠨ᠎ᠤ ᠠᠷᠠᠳ ᠵᠢᠶᠠᠩ ᠵᠢᠢ ᠫᠢᠩ ᠰᠡᠳᠬᠢᠯ ᠬᠥᠳᠡᠯᠦᠨ ᠬᠡᠯᠡᠪᠡ᠃
ᠳᠠᠩ ᠴᠤᠯᠭᠤᠢ᠎ᠠᠴᠠ ᠤᠯᠠᠨ ᠡᠰᠢᠵᠢᠬᠦ᠂ ᠰᠠᠨᠠᠭᠠᠴᠢᠯᠠᠭ᠎ᠠ ᠦᠭᠡᠢ ᠪᠠᠢᠳᠠᠯ᠎ᠠᠴᠠ ᠰᠠᠨᠠᠭᠠᠴᠢᠯᠠᠭ᠎ᠠ᠎ᠲᠠᠢ ᠪᠣᠯᠬᠤ ᠬᠦᠷᠲᠡᠯ᠎ᠡ᠂ ᠬᠠᠮᠲᠤ ᠨᠡᠶ᠋ᠢᠲᠡ᠎ᠡᠴᠡ ᠨᠥᠬᠥᠪᠦᠷᠢ ᠥᠭᠬᠦ ᠬᠥᠭᠵᠢᠯᠲᠡ᠎ᠶᠢᠨ ᠠᠷᠭ᠎ᠠ ᠵᠠᠮ ᠨᠡᠩ ᠦᠷᠭᠦᠯᠵᠢᠯᠡᠬᠦ ᠪᠣᠯᠣᠨ᠎ᠠ᠃ ᠪᠥᠬᠥ ᠣᠷᠣᠨ᠎ᠤ ᠡᠯ᠎ᠡ ᠱᠠᠲᠤᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠰᠠᠯᠠᠭ᠎ᠠ ᠮᠥᠴᠢᠷ᠎ᠦᠳ ᠠᠵᠢᠯ᠎ᠤᠨ ᠠᠷᠭ᠎ᠠ ᠬᠡᠮᠵᠢᠶ᠎ᠡ᠎ᠶᠢᠨ ᠰᠢᠨ᠎ᠡ᠎ᠶᠢ ᠡᠭᠦᠳᠴᠦ᠂ ᠬᠠᠮᠲᠤ᠎ᠶᠢᠨ ᠨᠥᠬᠥᠪᠦᠷᠢ᠎ᠶᠢ ᠬᠦᠴᠢᠷᠳᠡᠯᠲᠡᠢ ᠬᠥᠮᠥᠰ ᠲᠡᠢᠰᠢ ᠬᠡᠯᠪᠡᠢᠯᠭᠡᠬᠦ᠎ᠶᠢ ᠴᠢᠭᠯᠡᠭᠦᠯᠬᠦ ᠴᠢᠨᠠᠷᠲᠠᠢ᠎ᠪᠠᠷ ᠲᠦᠯᠬᠢᠨ ᠠᠬᠢᠭᠤᠯᠬᠤ᠎ᠶᠢᠨ ᠬᠠᠮᠲᠤ ᠪᠣᠳᠠᠲᠤ ᠪᠠᠢᠳᠠᠯ᠎ᠲᠠᠢ᠎ᠪᠠᠨ ᠤᠶᠠᠯᠳᠤᠭᠤᠯᠤᠨ ᠲᠣᠭᠲᠠᠭᠰᠠᠨ ᠨᠣᠷᠮ᠎ᠠ᠎ᠪᠠᠷ ᠨᠥᠬᠥᠪᠦᠷᠢᠯᠡᠬᠦ᠂ ᠬᠣᠯᠪᠣᠯᠳᠤᠭᠤᠯᠤᠨ ᠨᠥᠬᠥᠪᠦᠷᠢᠯᠡᠬᠦ᠂ ᠳᠠᠪᠬᠤᠴᠠᠭᠤᠯᠤᠨ ᠨᠥᠬᠥᠪᠦᠷᠢᠯᠡᠬᠦ᠂ ᠬᠡᠯᠪᠡᠢᠯᠭᠡᠨ ᠨᠥᠬᠥᠪᠦᠷᠢᠯᠡᠬᠦ ᠵᠡᠷᠭᠡ ᠣᠯᠠᠨ ᠶᠠᠩᠵᠤ᠎ᠶᠢᠨ ᠨᠥᠬᠥᠪᠦᠷᠢ᠎ᠶᠢᠨ ᠬᠡᠯᠪᠡᠷᠢ᠎ᠶᠢ ᠰᠦᠪᠡᠭᠴᠢᠯᠡᠨ ᠭᠠᠷᠭᠠᠵᠤ᠂ ᠣᠯᠠᠨ ᠲᠦᠮᠡᠨ᠎ᠦ ᠬᠦᠷᠲᠡᠮᠵᠢ᠎ᠶᠢᠨ ᠲᠥᠷᠥᠭᠳᠡᠯ᠂ ᠵᠣᠯ ᠵᠢᠷᠭᠠᠯ᠎ᠤᠨ ᠲᠥᠷᠥᠭᠳᠡᠯ᠎ᠢ ᠦᠷᠭᠦᠯᠵᠢᠯᠡᠨ ᠳᠡᠭᠡᠭᠰᠢᠯᠡᠭᠦᠯᠪᠡ᠃ ᠣᠷᠳᠣᠰ ᠵᠡᠷᠭᠡ ᠭᠠᠵᠠᠷ᠎ᠤᠨ 《 ᠨᠢᠭᠡ ᠲᠣᠰᠬᠣᠨ᠎ᠳᠤ ᠨᠢᠭᠡ ᠲᠦᠷᠦ᠎ᠶᠢᠨ ᠪᠣᠳᠣᠯᠭ᠎ᠠ 》 ᠵᠢᠨ ᠤᠬᠠᠭᠤᠯᠤᠨ ᠲᠠᠢᠯᠪᠤᠷᠢᠯᠠᠬᠤ ᠬᠤᠷᠠᠯ ᠵᠡᠷᠭᠡ ᠠᠷᠭ᠎ᠠ ᠬᠡᠯᠪᠡᠷᠢ᠎ᠪᠡᠷ ᠳᠠᠮᠵᠢᠭᠤᠯᠵᠤ᠂ ᠤᠯᠠᠨ ᠲᠦᠮᠡᠨ᠎ᠦ ᠣᠢᠯᠠᠭᠠᠬᠤ ᠬᠡᠮᠵᠢᠶ᠎ᠡ ᠪᠣᠯᠣᠨ ᠣᠷᠣᠯᠴᠠᠬᠤ ᠬᠡᠮᠵᠢᠶ᠎ᠡ᠎ᠶᠢ ᠳᠡᠭᠡᠭᠰᠢᠯᠡᠭᠦᠯᠪᠡ; ᠰᠢᠯᠢ᠎ᠶᠢᠨ ᠭᠣᠣᠯ ᠠᠢᠮᠠᠭ᠎ᠤᠨ ᠬᠢᠨ 《 ᠲᠣᠰᠬᠣᠨ᠎ᠤ ᠬᠠᠮᠲᠤ᠎ᠶᠢᠨ ᠨᠥᠬᠥᠪᠦᠷᠢ + ᠡᠳ᠋᠎ᠦᠨ ᠵᠠᠰᠠᠭ᠎ᠤᠨ ᠨᠥᠬᠥᠪᠦᠷᠢ + ᠨᠡᠢᠭᠡᠮ᠎ᠦᠨ ᠲᠤᠰᠠᠯᠠᠮᠵᠢ 》 ᠵᠢᠨ ᠵᠠᠭᠪᠤᠷ᠎ᠢᠶᠠᠷ ᠳᠠᠮᠵᠢᠭᠤᠯᠤᠨ᠂ ᠬᠡᠰᠡᠭ ᠭᠠᠵᠠᠷ ᠣᠷᠣᠨ᠎ᠤ ᠰᠦᠢᠳᠬᠡᠯ ᠲᠤᠰᠢᠶᠠᠭᠰᠠᠨ ᠵᠣᠭᠣᠰ᠎ᠤᠨ ᠲᠣᠭ᠎ᠠ ᠨᠢ ᠬᠣᠶᠠᠷ ᠵᠢᠯ ᠳᠠᠷᠠᠭᠠᠯᠠᠨ 2000 ᠲᠥᠭᠥᠷᠢᠭ\ ᠬᠥᠮᠥᠨ ᠲᠤᠯᠪᠠ ; ᠡᠷᠢᠶᠡᠨ ᠬᠣᠲᠠ ᠪᠣᠯᠣᠨ ᠦᠬᠠᠢ ᠬᠣᠲᠠ᠎ᠶᠢᠨ ᠬᠢᠨ ᠭᠠᠴᠠᠭ᠎ᠠ ᠲᠣᠰᠬᠣᠨ᠎ᠳᠤ ᠨᠥᠬᠥᠪᠦᠷᠢ ᠥᠭᠬᠦ ᠪᠠᠷᠢᠮᠵᠢᠶ᠎ᠠ᠎ᠶᠢ ᠠᠯᠬᠤᠮ ᠠᠯᠬᠤᠮ᠎ᠢᠶᠠᠷ ᠳᠡᠭᠡᠭᠰᠢᠯᠡᠭᠦᠯᠪᠡ ; ᠤᠯᠠᠭᠠᠨᠴᠠᠪ ᠬᠣᠲᠠ᠂ ᠬᠥᠯᠥᠨ ᠪᠣᠶ᠋ᠢᠷ ᠬᠣᠲᠠ 《 ᠢᠯᠡᠭᠦᠦ ᠲᠤᠰᠢᠶᠠᠵᠤ ᠢᠯᠡᠭᠦᠦ ᠨᠥᠬᠥᠪᠦᠷᠢᠯᠡᠬᠦ 》 ᠵᠠᠭᠪᠤᠷ᠎ᠢ ᠬᠡᠷᠡᠭᠵᠢᠭᠦᠯᠪᠡ ; ᠬᠥᠬᠡᠬᠣᠲᠠ᠎ᠶᠢᠨ ᠬᠢᠨ ᠬᠠᠮᠤᠭ᠎ᠤᠨ ᠥᠨᠳᠥᠷ ᠲᠤᠰᠠᠯᠠᠮᠵᠢ᠎ᠶᠢᠨ ᠮᠥᠩᠭᠥ᠎ᠶᠢᠨ ᠲᠣᠭ᠎ᠠ᠎ᠶᠢ ᠬᠥᠮᠥᠨ ᠪᠦᠷᠢ ᠵᠢᠯ᠎ᠳᠦ 7000 ᠲᠥᠭᠥᠷᠢᠭ᠎ᠲᠦ ᠲᠤᠯᠭᠠᠪᠠ ; ᠬᠢᠩᠭᠠᠨ ᠠᠢᠮᠠᠭ᠎ᠤᠨ ᠬᠢᠨ ᠨᠥᠬᠥᠪᠦᠷᠢ ᠥᠭᠬᠦ ᠨᠥᠬᠥᠴᠡᠯ᠎ᠳᠦ ᠨᠡᠢᠴᠡᠬᠦ ᠲᠣᠰᠬᠣᠨ᠎ᠤ ᠠᠷᠠᠳ᠎ᠤᠨ ᠬᠠᠮᠲᠤ᠎ᠶᠢᠨ ᠨᠥᠬᠥᠪᠦᠷᠢ᠎ᠶᠢᠨ 《 ᠪᠦᠬᠦᠨ᠎ᠢ ᠪᠦᠷᠬᠦᠭᠦᠯᠬᠦ 》 ᠶ᠋ᠢ ᠢᠳᠡᠪᠬᠢᠲᠡᠢ ᠬᠡᠷᠡᠭᠵᠢᠭᠦᠯᠪᠡ; ᠪᠠᠶᠠᠨᠨᠠᠭᠤᠷ ᠬᠤᠳᠠ᠎ᠳᠤ ᠰᠢᠶᠠᠩ ᠪᠠᠯᠭᠠᠰᠤᠨ᠎ᠤ ᠬᠠᠮᠲᠤ᠎ᠶᠢᠨ ᠨᠥᠬᠥᠪᠦᠷᠢ᠎ᠶᠢ ᠪᠦᠬᠦᠨ᠎ᠢ ᠬᠠᠮᠤᠷᠬᠤ᠎ᠶᠢ ᠪᠡᠶᠡᠯᠡᠭᠦᠯᠪᠡ᠃
ᠤᠯᠠᠭᠠᠨᠬᠠᠳᠠ ᠬᠤᠳᠠ᠎ᠶᠢᠨ ᠨᠢᠩᠴᠧᠩ ᠰᠢᠶᠠᠨ᠎ᠤ ᠨᠡᠢᠭᠡᠮ᠎ᠦᠨ ᠳᠠᠭᠠᠳᠬᠠᠯ᠎ᠤᠨ ᠲᠤᠬᠠᠢᠯᠠᠭᠰᠠᠨ ᠠᠵᠢᠯ᠎ᠤᠨ ᠶᠡᠬᠡ ᠲᠠᠩᠬᠢᠮ᠎ᠳᠦ᠂ ᠰᠠᠨ ᠽᠦᠸᠧ ᠳ᠋ᠢᠶᠠᠨ ᠰᠢᠶᠠᠩ᠎ᠤᠨ ᠰᠢ ᠸᠧ ᠫᠦ ᠲᠣᠰᠬᠣᠨ᠎ᠤ ᠠᠷᠠᠳ ᠯᠢ ᠰᠢᠨ ᠵᠧᠩ ᠥᠪᠡᠷ᠎ᠦᠨ ᠡᠴᠢᠭᠡ ᠯᠢ ᠭᠦᠸᠧ ᠵᠢᠶᠧ᠎ᠳᠡᠭᠡᠨ ᠬᠤᠳᠠ ᠬᠥᠳᠡᠭᠡ᠎ᠶᠢᠨ ᠰᠠᠭᠤᠭᠠᠯᠢ ᠠᠷᠠᠳ᠎ᠤᠨ ᠨᠠᠰᠤᠵᠢᠯ᠎ᠤᠨ ᠠᠰᠠᠷᠠᠮᠵᠢ᠎ᠶᠢᠨ ᠳᠠᠭᠠᠳᠬᠠᠯ᠎ᠤᠨ ᠨᠡᠢᠭᠡᠮ᠎ᠦᠨ ᠲᠤᠰᠠᠯᠠᠮᠵᠢ᠎ᠶᠢᠨ ᠲᠤᠬᠠᠢᠯᠠᠭᠰᠠᠨ ᠠᠵᠢᠯ᠎ᠢ ᠭᠦᠢᠴᠡᠳᠬᠡᠵᠦ ᠥᠭᠪᠡ᠃《 ᠬᠡᠦᠬᠡᠳ᠎ᠦᠨ ᠲᠡᠳᠬᠦᠭᠰᠡᠨ ᠵᠣᠭᠣᠰ᠎ᠢ ᠴᠤ᠌ ᠴᠥᠮ ᠮᠢᠨᠤ ᠬᠤᠪᠢ ᠬᠥᠮᠥᠨ᠎ᠦ ᠳᠠᠩᠰᠠᠨ᠎ᠳᠤ ᠣᠷᠣᠭᠤᠯᠤᠭᠰᠠᠨ ᠪᠣᠯᠬᠣᠷ ᠮᠢᠨᠤ ᠨᠠᠰᠤᠨ᠎ᠤ ᠠᠮᠠᠷᠠᠯᠲᠠ᠎ᠶᠢᠨ ᠣᠯᠭᠣᠮᠵᠢ ᠬᠠᠷᠠᠭᠠᠯᠵᠠᠯ ᠪᠠᠭ᠎ᠠ ᠪᠤᠰᠤ ᠳᠡᠭᠡᠭᠰᠢᠯᠡᠭᠦᠯᠦᠭᠰᠡᠨ ᠪᠠᠢᠨ᠎ᠠ 》 ᠭᠡᠵᠦ ᠯᠢ ᠭᠦᠸᠧ ᠵᠢᠶᠧ ᠬᠡᠯᠡᠪᠡ᠃
ᠨᠡᠢᠭᠡᠮ᠎ᠦᠨ ᠵᠣᠭᠣᠰ᠎ᠢᠶᠠᠷ ᠲᠤᠰᠠᠯᠠᠬᠤ ᠠᠵᠢᠯ᠎ᠤᠨ 《 ᠣᠯᠠᠨ ᠲᠠᠯ᠎ᠠ᠎ᠳᠤ ᠴᠡᠴᠡᠭᠯᠡᠭᠦᠯᠬᠦ 》᠎ᠶᠢ ᠪᠡᠶᠡᠯᠡᠭᠦᠯᠦᠭᠰᠡᠨ ᠨᠢ ᠭᠠᠷᠲᠠᠨ ᠭᠦᠢᠴᠡᠳᠬᠡᠬᠦ ᠵᠠᠭᠪᠤᠷ᠎ᠢ ᠰᠢᠯᠢᠳᠡᠭᠵᠢᠭᠦᠯᠬᠦ᠂ ᠤᠬᠠᠭᠤᠯᠬᠤ ᠠᠷᠭ᠎ᠠ ᠮᠠᠶᠢᠭ᠋᠎ᠤᠨ ᠰᠢᠨ᠎ᠡ᠎ᠶᠢ ᠡᠭᠦᠳᠬᠦ ᠪᠠ ᠦᠵᠡᠯ ᠰᠠᠨᠠᠭ᠎ᠠ ᠣᠢᠯᠠᠭᠠᠭᠳᠠᠬᠤᠨ᠎ᠤ ᠬᠤᠪᠢᠷᠠᠭᠤᠯᠤᠯᠲᠠ᠎ᠠᠴᠠ ᠢᠷᠡᠯᠲᠡ᠎ᠲᠠᠢ ᠶᠤᠮ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ 《 ᠬᠣᠲᠠ ᠬᠥᠳᠡᠭᠡ᠎ᠶᠢᠨ ᠰᠠᠭᠤᠭᠠᠯᠢ ᠠᠷᠠᠳ᠎ᠤᠨ ᠦᠨᠳᠦᠰᠦᠨ ᠨᠠᠰᠤᠵᠢᠯ᠎ᠤᠨ ᠠᠰᠠᠷᠠᠮᠵᠢ᠎ᠶᠢᠨ ᠳᠠᠭᠠᠳᠬᠠᠯ᠎ᠤᠨ ᠨᠡᠢᠭᠡᠮ᠎ᠦᠨ ᠲᠤᠰᠠᠯᠠᠮᠵᠢ᠎ᠶᠢ ᠭᠠᠷᠲᠠᠨ ᠭᠦᠢᠴᠡᠳᠬᠡᠬᠦ ᠶᠠᠪᠤᠴᠠ 》᠎ᠶᠢ ᠲᠣᠭᠲᠠᠭᠠᠵᠤ᠂ ᠮᠡᠳᠡᠭᠡ ᠵᠠᠩᠭᠢ᠎ᠶᠢᠨ ᠰᠢᠰᠲᠧᠮ᠎ᠦᠨ ᠲᠤᠬᠠᠢᠯᠠᠭᠰᠠᠨ ᠠᠵᠢᠯ᠎ᠤᠨ ᠬᠡᠰᠡᠭ᠎ᠢ ᠲᠡᠭᠦᠯᠳᠡᠷᠵᠢᠭᠦᠯᠦᠨ᠂ 《 ᠰᠦᠯᠵᠢᠶᠡᠨ ᠳᠡᠭᠡᠷᠡᠬᠢ 》 ᠰᠦᠢᠳᠬᠡᠯ ᠲᠤᠰᠢᠶᠠᠬᠤ ᠬᠦᠴᠢᠷ ᠠᠰᠠᠭᠤᠳᠠᠯ᠎ᠢ ᠰᠢᠢᠳᠪᠦᠷᠢᠯᠡᠵᠦ᠂ ᠭᠤᠶᠤᠴᠢᠯᠠᠨ ᠮᠡᠳᠡᠭᠦᠯᠬᠦ᠂ ᠬᠢᠨᠠᠨ ᠬᠠᠷᠭᠤᠭᠤᠯᠬᠤ᠂ ᠲᠠᠲᠠᠪᠤᠷᠢᠯᠠᠨ ᠲᠤᠰᠢᠶᠠᠬᠤ ᠂ ᠲᠠᠩᠰᠠ ᠲᠡᠮᠳᠡᠭᠯᠡᠬᠦ᠂ ᠲᠠᠷᠬᠠᠭᠠᠬᠤ ᠵᠡᠷᠭᠡ 《 ᠪᠥᠬᠥ ᠬᠡᠯᠬᠢᠶ᠎ᠡ 》᠎ᠶᠢᠨ ᠥᠨᠳᠥᠷ ᠪᠦᠲᠦᠮᠵᠢᠲᠡᠶ ᠪᠥᠭᠡᠳ ᠳᠥᠭᠥᠮ ᠳᠥᠲᠡ ᠭᠦᠢᠴᠡᠳᠬᠡᠬᠦ᠎ᠶᠢ ᠪᠡᠶᠡᠯᠡᠭᠦᠯᠪᠡ᠃ 《 ᠨᠡᠢᠭᠡᠮ᠎ᠦᠨ ᠪᠠᠲᠤᠯᠠᠭ᠎ᠠ᠎ᠶᠢᠨ ᠦᠢᠯᠡᠴᠢᠯᠡᠭᠡ᠎ᠶᠢ ᠲᠦᠮᠡᠨ ᠡᠷᠦᠬᠡ᠎ᠳᠦ ᠬᠦᠷᠭᠡᠬᠦ 》᠂ 《 ᠮᠣᠷᠢᠨ ᠨᠢᠷᠤᠭᠤᠨ ᠳᠡᠭᠡᠷᠡᠬᠢ ᠨᠡᠢᠭᠡᠮ᠎ᠦᠨ ᠪᠠᠲᠤᠯᠠᠭ᠎ᠠ 》᠂ 《 ᠦᠵᠦᠮ᠎ᠦᠨ ᠣᠷᠢᠶᠠᠩᠭᠤ᠎ᠶᠢᠨ ᠳᠣᠣᠷ᠎ᠠ ᠨᠡᠢᠭᠡᠮ᠎ᠦᠨ ᠪᠠᠲᠤᠯᠠᠭ᠎ᠠ᠎ᠶᠢ ᠶᠠᠷᠢᠬᠤ 》 ᠵᠡᠷᠭᠡ ᠤᠬᠠᠭᠤᠯᠭ᠎ᠠ᠎ᠶᠢᠨ ᠠᠵᠢᠯᠯᠠᠭ᠎ᠠ᠎ᠳᠤ ᠲᠦᠰᠢᠭᠯᠡᠨ᠂ ᠨᠡᠢᠭᠡᠮ᠎ᠦᠨ ᠲᠤᠰᠠᠯᠠᠮᠵᠢ᠎ᠶᠢᠨ ᠠᠵᠢᠯ᠎ᠢ ᠭᠦᠨᠵᠡᠭᠡᠢᠷᠡᠭᠦᠯᠦᠨ ᠪᠣᠳᠠᠲᠠᠢᠵᠢᠭᠤᠯᠬᠤ ᠲᠡᠢᠰᠢ ᠥᠷᠭᠡᠳᠬᠡᠬᠦ᠎ᠶᠢ ᠠᠬᠢᠭᠤᠯᠪᠠ᠃ ᠰᠢᠯᠢ᠎ᠶᠢᠨ ᠭᠣᠣᠯ ᠠᠢᠮᠠᠭ᠂ ᠲᠦᠩᠯᠢᠶᠣᠣ᠂ ᠣᠷᠳᠣᠰ᠂ ᠬᠥᠯᠥᠨ ᠪᠣᠶ᠋ᠢᠷ ᠬᠠᠢᠷ᠎ᠠ ᠬᠠᠯᠠᠮᠵᠢᠲᠤ ᠠᠵᠤ ᠠᠬᠤᠢᠯᠠᠯ᠎ᠢ ᠵᠣᠷᠢᠭ᠍ᠵᠢᠭᠤᠯᠤᠨ 713 ᠬᠥᠮᠥᠨ ᠤᠳᠠᠭ᠎ᠠ᠎ᠳᠤ 20.3 ᠲᠦᠮᠡᠨ ᠲᠥᠭᠥᠷᠢᠭ᠎ᠦᠨ ᠨᠠᠰᠤᠵᠢᠯ᠎ᠤᠨ ᠠᠰᠠᠷᠠᠮᠵᠢ᠎ᠶᠢᠨ ᠳᠠᠭᠠᠳᠬᠠᠯ᠎ᠢ ᠲᠤᠰᠠᠯᠠᠪᠠ ; ᠬᠢᠩᠭᠠᠨ ᠠᠢᠮᠠᠭ᠎ᠤᠨ ᠬᠢᠨ ᠨᠡᠶ᠋ᠢᠲᠡ᠎ᠶᠢᠨ ᠠᠰᠠᠷᠠᠮᠵᠢ᠎ᠶᠢᠨ ᠨᠢᠭᠦᠯᠡᠰᠦᠩᠭᠦᠢ᠎ᠶᠢᠨ ᠵᠣᠬᠢᠶᠠᠨ ᠪᠠᠢᠭᠤᠯᠤᠯᠲᠠ᠎ᠶᠢ ᠳᠠᠶ᠋ᠢᠴᠢᠯᠠᠨ 861 ᠬᠥᠮᠥᠨ᠎ᠳᠦ 8.6 ᠲᠦᠮᠡᠨ ᠲᠥᠭᠥᠷᠢᠭ᠎ᠦᠨ ᠨᠡᠢᠭᠡᠮ᠎ᠦᠨ ᠲᠤᠰᠠᠯᠠᠮᠵᠢ ᠬᠠᠩᠭᠠᠪᠠ᠃ ᠡᠭᠦᠨ᠎ᠡᠴᠡ ᠭᠠᠳᠠᠨ᠎ᠠ᠂ ᠬᠤᠪᠢ ᠬᠥᠮᠥᠨ᠎ᠦ ᠲᠤᠰᠠᠯᠠᠮᠵᠢ᠎ᠶᠢ ᠶᠡᠬᠡᠪᠡᠷ ᠰᠠᠨᠠᠭᠠᠴᠢᠯᠠᠵᠤ᠂ ᠦᠷ᠎ᠡ ᠬᠡᠦᠬᠡᠳ᠎ᠦᠨ ᠡᠴᠢᠭᠡ ᠡᠬᠡ᠂ ᠲᠥᠷᠥᠯ ᠰᠠᠳᠤᠨ ᠨᠠᠢᠵᠠ ᠨᠥᠬᠥᠳ᠎ᠦᠨ ᠬᠣᠭᠣᠷᠣᠨᠳᠤ᠎ᠪᠠᠨ ᠬᠠᠷᠢᠯᠴᠠᠨ ᠲᠤᠰᠠᠯᠠᠵᠤ ᠳᠠᠭᠠᠳᠬᠠᠯ᠎ᠳᠤ ᠣᠷᠣᠯᠴᠠᠨ ᠰᠦᠢᠳᠬᠡᠯ ᠲᠤᠰᠢᠶᠠᠬᠤ ᠪᠠᠢᠳᠠᠯ ᠡᠳᠦᠷ ᠢᠷᠡᠬᠦᠶ᠎ᠡ ᠨᠡᠮᠡᠭᠳᠡᠵᠦ᠂ ᠬᠠᠷᠢᠯᠴᠠᠨ ᠬᠠᠪᠰᠤᠷᠤᠯᠴᠠᠬᠤ ᠠᠭᠤᠷ ᠠᠮᠢᠰᠬᠤᠯ᠎ᠢ ᠪᠣᠶ ᠪᠣᠯᠭᠠᠵᠤ᠂ ᠪᠥᠬᠥ ᠣᠷᠣᠨ᠎ᠤ 12 ᠠᠢᠮᠠᠭ ᠬᠣᠲᠠ ᠪᠠ ᠮᠠᠨᠵᠤᠤᠷ ᠬᠣᠲᠠ᠂ ᠡᠷᠢᠶᠡᠨ ᠬᠣᠲᠠ᠎ᠶᠢᠨ ᠬᠢᠨ 2.1 ᠲᠦᠮᠡᠨ ᠬᠥᠮᠥᠨ ᠤᠳᠠᠭ᠎ᠠ᠎ᠳᠤ 14526.6 ᠲᠦᠮᠡᠨ ᠲᠥᠭᠥᠷᠢᠭ᠎ᠦᠨ ᠲᠤᠰᠠᠯᠠᠮᠵᠢ ᠬᠠᠩᠭᠠᠵᠤ᠂ ᠡᠭᠦᠨ᠎ᠳᠦ ᠲᠤᠰᠠᠯᠠᠭᠰᠠᠨ ᠬᠠᠮᠤᠭ᠎ᠤᠨ ᠥᠨᠳᠥᠷ ᠰᠦᠢᠳᠬᠡᠯ ᠲᠤᠰᠢᠶᠠᠬᠤ ᠲᠠᠰ ᠨᠢ 7000 ᠲᠥᠭᠥᠷᠢᠭ ᠪᠠᠢᠵᠤ᠂ 2 ᠲᠦᠮᠡᠨ ᠬᠥᠮᠥᠨ ᠤᠳᠠᠭ᠎ᠠ᠎ᠶᠢ ᠳᠠᠪᠠᠵᠤ᠂ 95%᠎ᠶᠢ ᠡᠵᠡᠯᠡᠵᠦ᠂ ᠡᠷᠢᠶᠡᠨ ᠬᠣᠲᠠ᠎ᠶᠢᠨ ᠬᠢᠨ ᠳᠠᠭᠠᠳᠬᠠᠯ᠎ᠳᠤ ᠣᠷᠣᠯᠴᠠᠭᠰᠠᠨ ᠪᠥᠬᠥ ᠬᠥᠮᠥᠰ᠎ᠲᠦ ᠬᠠᠮᠤᠭ᠎ᠤᠨ ᠥᠨᠳᠥᠷ ᠰᠦᠢᠳᠬᠡᠯ ᠲᠤᠰᠢᠶᠠᠬᠤ ᠲᠠᠰ᠎ᠢᠶᠠᠷ ᠲᠤᠰᠠᠯᠠᠵᠠᠢ᠃
《 ᠬᠠᠮᠲᠤ ᠨᠡᠶ᠋ᠢᠲᠡ᠎ᠡᠴᠡ ᠨᠥᠬᠥᠪᠦᠷᠢ ᠥᠭᠬᠦ ᠪᠠ ᠨᠡᠢᠭᠡᠮ᠎ᠡᠴᠡ ᠲᠤᠰᠠᠯᠠᠬᠤ ᠠᠵᠢᠯ᠎ᠢ ᠡᠮᠬᠢ ᠵᠢᠷᠤᠮ᠎ᠲᠠᠢ᠎ᠪᠠᠷ ᠥᠷᠨᠢᠭᠦᠯᠵᠦ᠂ ᠬᠣᠲᠠ ᠬᠥᠳᠡᠭᠡ᠎ᠶᠢᠨ ᠰᠠᠭᠤᠭᠠᠯᠢ ᠠᠷᠠᠳ᠎ᠤᠨ ᠦᠨᠳᠦᠰᠦᠨ ᠨᠠᠰᠤᠵᠢᠯ᠎ᠤᠨ ᠠᠰᠠᠷᠠᠮᠵᠢ᠎ᠶᠢᠨ ᠳᠠᠭᠠᠳᠬᠠᠯ᠎ᠤᠨ ᠪᠡᠯᠡ ᠴᠤᠭᠯᠠᠭᠤᠯᠬᠤ 〈ᠡᠬᠢ ᠪᠤᠯᠠᠭ〉᠎ᠢ ᠤᠯᠠᠮ ᠨᠢᠭᠡ ᠠᠯᠬᠤᠮ ᠥᠷᠭᠡᠳᠬᠡᠵᠦ᠂ ᠬᠣᠲᠠ ᠬᠥᠳᠡᠭᠡ᠎ᠶᠢᠨ ᠰᠠᠭᠤᠭᠠᠯᠢ ᠠᠷᠠᠳ᠎ᠤᠨ ᠪᠠᠲᠤᠯᠠᠭ᠎ᠠ᠎ᠶᠢᠨ ᠬᠢᠷᠢ ᠲᠦᠪᠰᠢᠨ᠎ᠢ ᠳᠡᠭᠡᠭᠰᠢᠯᠡᠭᠦᠯᠪᠡ᠃ 》 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠢᠭᠡᠮ᠎ᠦᠨ ᠳᠠᠭᠠᠳᠬᠠᠯ᠎ᠤᠨ ᠦᠢᠯᠡᠰ᠎ᠦᠨ ᠦᠢᠯᠡᠴᠢᠯᠡᠭᠡᠨ᠎ᠦ ᠲᠥᠪ᠎ᠦᠨ ᠨᠡᠢᠭᠡᠮ᠎ᠦᠨ ᠳᠠᠭᠠᠳᠬᠠᠯ᠎ᠤᠨ ᠬᠠᠷᠢᠴᠠᠭ᠎ᠠ᠎ᠶᠢᠨ ᠬᠠᠮᠢᠶᠠᠷᠤᠯᠲᠠ᠎ᠶᠢᠨ ᠭᠠᠵᠠᠷ᠎ᠤᠨ ᠳᠠᠷᠤᠭ᠎ᠠ ᠵᠤᠨ᠎ᠠ ᠬᠡᠯᠡᠬᠦ᠎ᠳᠡᠭᠡᠨ᠂ ᠣᠳᠣᠬᠠᠨ᠎ᠳᠤ ᠥᠪᠥᠷ ᠮᠣᠩᠭᠣᠯ᠎ᠤᠨ ᠡᠯ᠎ᠡ ᠭᠠᠵᠠᠷ᠎ᠤᠨ ᠬᠢᠨ ᠶᠠᠭ ᠬᠠᠮᠲᠤ᠎ᠶᠢᠨ ᠨᠥᠬᠥᠪᠦᠷᠢ ᠪᠠ ᠨᠡᠢᠭᠡᠮ᠎ᠦᠨ ᠲᠤᠰᠠᠯᠠᠮᠵᠢ᠎ᠶᠢᠨ ᠠᠵᠢᠯ᠎ᠢ ᠲᠦᠯᠬᠢᠨ ᠠᠬᠢᠭᠤᠯᠬᠤ ᠡᠷᠴᠢᠮ᠎ᠢᠶᠡᠨ ᠴᠢᠩᠭᠠᠷᠠᠭᠤᠯᠵᠤ᠂ ᠤᠬᠠᠭᠤᠯᠵᠤ ᠬᠥᠲᠥᠯᠥᠨ ᠵᠢᠯᠤᠭᠣᠳᠬᠤ᠎ᠶᠢ ᠭᠦᠨᠵᠡᠭᠡᠢᠷᠡᠭᠦᠯᠦᠨ᠂ ᠠᠵᠢᠯ᠎ᠤᠨ ᠶᠠᠪᠤᠴᠠ᠎ᠶᠢ ᠰᠢᠯᠢᠳᠡᠭᠵᠢᠭᠦᠯᠵᠦ᠂ ᠦᠢᠯᠡᠴᠢᠯᠡᠭᠡᠨ᠎ᠦ ᠦᠢᠯᠡᠳᠦᠯ ᠴᠢᠳᠠᠪᠤᠷᠢ᠎ᠶᠢ ᠴᠢᠩᠭᠠᠷᠠᠭᠤᠯᠤᠨ᠂ ᠡᠭᠦᠷᠭᠡ᠎ᠶᠢᠨ ᠨᠠᠢᠳᠠᠪᠤᠷᠢᠵᠢᠭᠤᠯᠤᠯᠲᠠ᠎ᠶᠢ ᠯᠠᠪᠳᠠᠭᠤᠨ᠎ᠢᠶᠠᠷ ᠠᠬᠢᠭᠤᠯᠵᠤ᠂ ᠲᠥᠷᠥ᠎ᠶᠢᠨ ᠪᠣᠳᠣᠯᠭ᠎ᠠ᠎ᠶᠢᠨ ᠳᠠᠪᠠᠭᠤᠯᠢᠭ᠋᠎ᠢ ᠦᠨᠡᠨ ᠬᠦ᠌ ᠨᠡᠩ ᠤᠯᠠᠨ ᠤᠯᠠᠨ ᠲᠦᠮᠡᠨ᠎ᠳᠦ ᠬᠦᠷᠲᠡᠭᠡᠵᠦ ᠪᠠᠢᠨ᠎ᠠ ᠭᠡᠪᠡ᠃