12 ᠳ᠋ᠤᠭᠠᠷ ᠰᠠᠷ᠎ᠠ᠎ᠶᠢᠨ 28᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2026 ᠣᠨ᠎ᠤ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠲᠤᠰᠬᠠᠢ ᠲᠠᠯᠠᠪᠤᠷ᠎ᠤᠨ ᠠᠵᠢᠯᠲᠠᠨ ᠡᠯᠰᠡᠬᠦ ᠪᠢᠷ᠎ᠦᠨ ᠰᠢᠯᠭᠠᠯᠲᠠ ᠪᠥᠬᠥ ᠣᠷᠣᠨ᠎ᠤ 12 ᠠᠢᠮᠠᠭ ᠬᠣᠲᠠ᠎ᠳᠤ ᠵᠡᠷᠭᠡ᠎ᠪᠡᠷ ᠶᠠᠪᠤᠭᠳᠠᠵᠤ᠂ ᠨᠡᠶ᠋ᠢᠲᠡ 13.3 ᠲᠦᠮᠡ ᠭᠠᠷᠤᠢ ᠰᠢᠯᠭᠠᠭᠤᠯᠤᠭ᠍ᠴᠢ ᠨᠡᠷ᠎ᠡ ᠮᠡᠳᠡᠭᠦᠯᠵᠡᠢ᠃ ᠲᠣᠰ ᠤᠳᠠᠭ᠎ᠠ᠎ᠶᠢᠨ ᠲᠤᠰᠬᠠᠢ ᠲᠠᠯᠠᠪᠤᠷ᠎ᠤᠨ ᠡᠯᠰᠡᠯᠲᠡ᠎ᠳᠦ ᠠᠩᠬ᠎ᠠ ᠤᠳᠠᠭ᠎ᠠ ᠪᠥᠬᠥ ᠤᠯᠤᠰ᠎ᠤᠨ ᠠᠵᠢᠯ ᠦᠢᠯᠡᠰ᠎ᠦᠨ ᠨᠢᠭᠡᠴᠢ᠎ᠶᠢᠨ ᠢᠯᠡ᠎ᠪᠡᠷ ᠠᠵᠢᠯᠲᠠᠨ ᠡᠯᠰᠡᠬᠦ ᠬᠦᠷᠢᠶᠡᠨ᠎ᠳᠦ 《 ᠤᠷᠢᠳ᠎ᠢᠶᠠᠷ ᠪᠢᠷ᠎ᠦᠨ ᠰᠢᠯᠭᠠᠯᠲᠠ ᠬᠢᠵᠦ ᠳᠠᠷᠠᠭ᠎ᠠ ᠨᠢ ᠠᠵᠢᠯ᠎ᠤᠨ ᠪᠠᠢᠷᠢ ᠰᠣᠩᠭᠣᠬᠤ 》 ᠰᠢᠨ᠎ᠡ ᠵᠠᠭᠪᠤᠷ᠎ᠢ ᠰᠢᠨ᠎ᠡ᠎ᠪᠡᠷ ᠡᠭᠦᠳᠦᠨ ᠥᠷᠨᠢᠭᠦᠯᠵᠦ᠂ ᠴᠢᠳᠠᠪᠤᠷᠢᠲᠠᠨ ᠬᠢᠭᠡᠳ ᠠᠵᠢᠯ᠎ᠤᠨ ᠪᠠᠢᠷᠢ᠎ᠶᠢᠨ ᠬᠣᠣᠰ ᠴᠢᠭᠯᠡᠯ᠎ᠢᠶᠡᠷ ᠤᠷᠤᠭᠰᠢᠯᠠᠬᠤ᠎ᠶᠢ ᠲᠦᠯᠬᠢᠨ ᠠᠬᠢᠭᠤᠯᠪᠠ᠃
ᠲᠣᠰ ᠤᠳᠠᠭ᠎ᠠ᠎ᠶᠢᠨ 《 ᠤᠷᠢᠳ᠎ᠢᠶᠠᠷ ᠪᠢᠷ᠎ᠦᠨ ᠰᠢᠯᠭᠠᠯᠲᠠ ᠬᠢᠵᠦ ᠳᠠᠷᠠᠭ᠎ᠠ ᠨᠢ ᠠᠵᠢᠯ᠎ᠤᠨ ᠪᠠᠢᠷᠢ ᠰᠣᠩᠭᠣᠬᠤ 》 ᠨᠢ ᠰᠢᠯᠭᠠᠭᠤᠯᠤᠭ᠍ᠴᠢ᠎ᠳᠤ ᠬᠢᠷᠢ ᠪᠦᠲᠦᠮᠵᠢ᠎ᠪᠡᠷ᠎ᠢᠶᠡᠨ ᠠᠵᠢᠯ᠎ᠤᠨ ᠪᠠᠢᠷᠢ ᠰᠣᠩᠭᠣᠬᠤ 《 ᠲᠠᠯᠠᠪᠤᠷ᠎ᠲᠤ ᠣᠷᠣᠬᠤ ᠪᠢᠯᠧᠲ 》 ᠣᠯᠭᠣᠵᠤ᠂ ᠳᠠᠬᠢᠨ ᠲᠣᠰ ᠪᠡᠶ᠎ᠡ᠎ᠶᠢᠨ ᠲᠤᠰᠬᠠᠢ ᠮᠡᠷᠭᠡᠵᠢᠯ᠎ᠦᠨ ᠣᠨᠴᠠ ᠴᠢᠳᠠᠪᠤᠷᠢ ᠪᠠ ᠬᠤᠪᠢ ᠬᠥᠮᠥᠨ᠎ᠦ ᠬᠦᠰᠡᠯ ᠡᠷᠡᠮᠡᠯᠵᠡᠯ᠎ᠲᠠᠢ᠎ᠪᠡᠨ ᠤᠶᠠᠯᠳᠤᠭᠤᠯᠤᠨ᠂ ᠪᠡᠶ᠎ᠡ᠎ᠪᠡᠨ ᠳᠠᠭᠠᠭᠠᠵᠤ᠂ ᠲᠣᠬᠢᠷᠠᠮᠵᠢᠲᠠᠢ ᠨᠥᠬᠥᠴᠡᠯ᠎ᠳᠦ ᠨᠡᠢᠴᠡᠬᠦ ᠠᠵᠢᠯ᠎ᠤᠨ ᠪᠠᠢᠷᠢ᠎ᠶᠢ ᠪᠣᠯᠭᠣᠮᠵᠢᠲᠠᠢ ᠰᠣᠩᠭᠣᠬᠤ ᠪᠣᠯᠣᠨ᠎ᠠ᠃ ᠡᠨᠡ ᠬᠦ᠌ ᠠᠷᠭ᠎ᠠ ᠬᠡᠯᠪᠡᠷᠢ ᠨᠢ ᠨᠢᠭᠡᠳᠦᠯᠲᠡᠢ ᠪᠢᠷ᠎ᠦᠨ ᠰᠢᠯᠭᠠᠯᠲᠠ᠎ᠪᠠᠷ ᠳᠡᠮᠵᠢᠨ ᠵᠢᠩᠬᠢᠨᠢ ᠡᠷᠳᠡᠮ ᠴᠢᠳᠠᠪᠤᠷᠢ᠎ᠲᠠᠢ ᠴᠢᠳᠠᠪᠤᠷᠢ᠎ᠲᠠᠢ ᠰᠣᠩᠭᠣᠨ ᠭᠠᠷᠭᠠᠵᠤ᠂ ᠴᠢᠳᠠᠪᠤᠷᠢᠲᠠᠨ᠎ᠢ ᠰᠢᠯᠢᠨ ᠰᠣᠩᠭᠣᠬᠤ᠎ᠶᠢ ᠠᠵᠢᠯ᠎ᠤᠨ ᠪᠠᠢᠷᠢ᠎ᠶᠢᠨ ᠪᠣᠳᠠᠲᠤ ᠬᠡᠷᠡᠭᠴᠡᠭᠡ᠎ᠳᠦ ᠨᠠᠩ ᠢᠯᠡᠭᠦᠦ ᠨᠡᠢᠴᠡᠭᠦᠯᠦᠨᠡ᠃ ᠡᠭᠦᠨ᠎ᠦ ᠰᠠᠭᠤᠷᠢᠨ ᠳᠡᠭᠡᠷ᠎ᠡ᠂ ᠡᠯ᠎ᠡ ᠠᠵᠢᠯ᠎ᠤᠨ ᠪᠠᠢᠷᠢ᠎ᠶᠢᠨ ᠡᠯᠰᠡᠬᠦ ᠬᠥᠮᠥᠨ᠎ᠦ ᠲᠣᠭ᠎ᠠ ᠪᠣᠯᠣᠨ ᠰᠢᠯᠭᠠᠭᠰᠠᠨ ᠬᠥᠮᠥᠨ᠎ᠦ ᠲᠣᠭ᠎ᠠ᠎ᠶᠢᠨ 1:3 ᠶᠢᠨ ᠬᠠᠷᠢᠴᠠᠯ᠎ᠢᠶᠠᠷ ᠨᠢᠭᠤᠷᠲᠠᠨ ᠰᠢᠯᠭᠠᠬᠤ ᠬᠥᠮᠥᠨ᠎ᠢ ᠲᠣᠭᠲᠠᠭᠠᠵᠤ᠂ ᠰᠢᠯᠭᠠᠷᠠᠭᠤᠯᠤᠯᠲᠠ᠎ᠶᠢᠨ ᠭᠣᠣᠯᠴᠢ ᠴᠢᠨᠠᠷ ᠪᠣᠯᠣᠨ ᠰᠢᠨᠵᠢᠯᠡᠬᠦ ᠤᠬᠠᠭᠠᠨᠴᠢ ᠴᠢᠨᠠᠷ᠎ᠢ ᠤᠯᠠᠮ ᠨᠢᠭᠡ ᠠᠯᠬᠤᠮ ᠪᠠᠲᠤᠯᠠᠭᠰᠠᠨ ᠪᠠᠢᠨ᠎ᠠ᠃
ᠣᠳᠣᠬᠠᠨ᠎ᠳᠤ ᠪᠢᠷ᠎ᠦᠨ ᠰᠢᠯᠭᠠᠯᠲᠠ᠎ᠶᠢᠨ ᠠᠵᠢᠯ ᠨᠢᠭᠡᠨᠲᠡ ᠤᠷᠤᠭᠰᠢᠲᠠᠢ ᠳᠠᠭᠤᠰᠴᠤ᠂ ᠬᠣᠯᠪᠣᠭᠳᠠᠯ ᠪᠦᠬᠦᠢ ᠰᠠᠯᠠᠭ᠎ᠠ ᠮᠥᠴᠢᠷ᠎ᠦᠨ ᠬᠢᠨ ᠰᠢᠯᠭᠠᠯᠲᠠ᠎ᠶᠢᠨ ᠰᠡᠳᠦᠪ ᠦᠵᠡᠬᠦ ᠠᠵᠢᠯ᠎ᠢ ᠪᠥᠬᠥ ᠬᠦᠴᠦᠨ᠎ᠢᠶᠡᠷ᠎ᠢᠶᠡᠨ ᠥᠷᠨᠢᠭᠦᠯᠵᠦ ᠪᠠᠢᠨ᠎ᠠ᠃ ᠪᠢᠷ᠎ᠦᠨ ᠰᠢᠯᠭᠠᠯᠲᠠ᠎ᠶᠢᠨ ᠬᠢᠷᠢ ᠪᠦᠲᠦᠮᠵᠢ᠎ᠶᠢ ᠨᠡᠢᠲᠡᠯᠡᠭᠰᠡᠨ᠎ᠦ ᠳᠠᠷᠠᠭ᠎ᠠ᠂ ᠠᠵᠢᠯ᠎ᠤᠨ ᠪᠠᠢᠷᠢ ᠰᠣᠩᠭᠣᠬᠤ᠂ ᠬᠢᠷᠢ ᠬᠡᠮ᠎ᠢ ᠬᠢᠨᠠᠨ ᠪᠠᠢᠴᠠᠭᠠᠬᠤ᠂ ᠨᠢᠭᠤᠷᠲᠠᠨ ᠰᠢᠯᠭᠠᠬᠤ ᠵᠡᠷᠭᠡ ᠠᠵᠢᠯᠲᠠᠨ ᠡᠯᠰᠡᠬᠦ ᠵᠠᠯᠭᠠᠮᠵᠢ ᠭᠣᠭᠴᠣᠭ᠎ᠠ᠎ᠶᠢ ᠵᠠᠯᠭᠠᠭ᠎ᠠ᠎ᠪᠠᠷ ᠲᠦᠯᠬᠢᠨ ᠠᠬᠢᠭᠤᠯᠬᠤ ᠪᠣᠯᠣᠨ᠎ᠠ᠃