ᠣᠢᠷ᠎ᠠ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠣᠲᠠ᠂ ᠪᠤᠭᠤᠲᠤ᠂ ᠣᠷᠳᠣᠰ᠂ ᠤᠯᠠᠭᠠᠨᠴᠠᠪ ᠵᠡᠷᠭᠡ ᠳᠥᠷᠪᠡᠨ ᠬᠣᠲᠠ 《 ᠬᠥᠬᠡᠬᠣᠲᠠ ᠪᠤᠭᠤᠲᠤ ᠣᠷᠳᠣᠰ ᠤᠯᠠᠭᠠᠨᠴᠠᠪ᠎ᠤᠨ ᠣᠷᠣᠨ ᠪᠦᠰᠡ᠎ᠶᠢᠨ ᠬᠥᠳᠡᠯᠮᠦᠷᠢ ᠠᠵᠢᠯᠲᠠᠨ᠎ᠤ ᠶᠠᠪᠤᠳᠠᠯ᠎ᠤᠨ ᠵᠢᠭᠤᠷᠠᠯᠳᠤᠭᠠᠨ᠎ᠢ ᠡᠶᠡᠳᠡᠭᠦᠯᠬᠦ ᠪᠠ ᠬᠥᠨᠳᠡᠯᠡᠨ᠎ᠡᠴᠡ ᠲᠠᠰᠤᠯᠬᠤ ᠪᠠᠢᠯᠳᠤᠬᠤ ᠪᠣᠳᠣᠯᠭ᠎ᠠ᠎ᠶᠢᠨ ᠬᠠᠮᠲᠤᠷᠠᠯᠴᠠᠭᠠᠨ᠎ᠤ ᠵᠥᠪᠯᠡᠯᠴᠡᠭᠡᠷ》 ( ᠳᠣᠷᠣᠭ᠍ᠰᠢ 《 ᠵᠥᠪᠯᠡᠯᠴᠡᠭᠡᠷ 》 ᠭᠡᠵᠦ ᠲᠣᠪᠴᠢᠯᠠᠨ᠎ᠠ )᠎ᠲᠤ ᠵᠢᠩᠬᠢᠨᠢ᠎ᠪᠡᠷ ᠭᠠᠷᠤᠨ ᠥᠰᠥᠭ ᠵᠢᠷᠤᠵᠤ᠂ ᠵᠣᠬᠢᠴᠠᠯᠳᠤᠨ ᠬᠠᠮᠲᠤᠷᠠᠯᠴᠠᠬᠤ᠂ ᠮᠡᠳᠡᠭᠡ ᠵᠠᠩᠭᠢ᠎ᠶᠢ ᠬᠠᠮᠲᠤ᠎ᠪᠠᠷ ᠬᠤᠪᠢᠶᠠᠯᠴᠠᠬᠤ ᠬᠠᠮᠲᠤᠷᠠᠯᠴᠠᠭᠠᠨ᠎ᠤ ᠰᠢᠰᠲᠧᠮ᠎ᠢ ᠪᠠᠢᠭᠤᠯᠵᠤ᠂ ᠬᠥᠳᠡᠯᠮᠦᠷᠢᠴᠢᠨ ᠪᠠ ᠠᠵᠤ ᠠᠬᠤᠢᠯᠠᠯ᠎ᠳᠤ ᠨᠠᠩ ᠥᠨᠳᠥᠷ ᠪᠦᠲᠦᠮᠵᠢᠲᠡᠶ᠂ ᠳᠥᠭᠥᠮ ᠳᠥᠲᠡ ᠡᠷᠬᠡ ᠠᠰᠢᠭ᠋᠎ᠢ ᠪᠠᠲᠤᠯᠠᠬᠤ ᠦᠢᠯᠡᠴᠢᠯᠡᠭᠡ ᠬᠠᠩᠭᠠᠬᠤ ᠪᠣᠯᠣᠨ᠎ᠠ᠃
ᠣᠷᠣᠨ ᠪᠦᠰᠡ᠎ᠶᠢᠨ ᠬᠥᠳᠡᠯᠮᠦᠷᠢ᠎ᠶᠢᠨ ᠬᠦᠴᠦᠨ᠎ᠦ ᠰᠢᠯᠵᠢᠯᠲᠡ᠎ᠶᠢᠨ ᠣᠨᠴᠠᠯᠢᠭ᠋᠎ᠲᠠᠢ ᠤᠶᠠᠯᠳᠤᠭᠤᠯᠤᠨ᠂ 《ᠵᠥᠪᠯᠡᠯᠴᠡᠭᠡᠷ》᠎ᠲᠦ ᠣᠷᠣᠨ ᠪᠦᠰᠡ ᠠᠯᠤᠰᠯᠠᠭᠰᠠᠨ ᠬᠡᠷᠡᠭ᠎ᠲᠦ ᠴᠢᠭᠯᠡᠭᠦᠯᠦᠭᠰᠡᠨ ᠵᠣᠬᠢᠴᠠᠭᠤᠯᠤᠨ ᠬᠣᠯᠪᠣᠯᠳᠤᠭᠤᠯᠬᠤ ᠰᠢᠰᠲᠧᠮ᠎ᠢ ᠭᠣᠣᠯᠳᠠᠯᠭ᠎ᠠ᠎ᠲᠠᠢ᠎ᠪᠠᠷ ᠪᠠᠢᠭᠤᠯᠪᠠ᠃ ᠳᠥᠷᠪᠡᠨ ᠬᠣᠲᠠ᠎ᠶᠢᠨ ᠬᠢᠨ ᠣᠨᠳᠣᠣ ᠭᠠᠵᠠᠷ᠎ᠲᠤ ᠭᠥᠯᠢᠶᠡᠨ ᠠᠪᠴᠤ ᠰᠢᠢᠳᠪᠦᠷᠢᠯᠡᠬᠦ᠂ ᠬᠠᠮᠵᠢᠯᠴᠠᠨ ᠡᠶᠡᠳᠡᠭᠦᠯᠦᠨ ᠰᠢᠢᠳᠪᠦᠷᠢᠯᠡᠬᠦ᠂ ᠦᠷ᠎ᠡ ᠳ᠋ᠦᠩ᠎ᠢ ᠬᠠᠷᠢᠯᠴᠠᠨ ᠮᠡᠳᠡᠷᠡᠬᠦ ᠵᠡᠷᠭᠡ ᠠᠵᠢᠯ᠎ᠤᠨ ᠵᠠᠷᠴᠢᠮ᠎ᠢ ᠲᠣᠳᠣᠷᠬᠠᠢ ᠪᠣᠯᠭᠠᠵᠤ᠂ ᠪᠠᠷᠢᠮᠵᠢᠶᠠᠵᠢᠭᠤᠯᠤᠭᠰᠠᠨ ᠬᠡᠷᠡᠭ᠎ᠢ ᠰᠢᠯᠵᠢᠭᠦᠯᠦᠨ ᠬᠦᠷᠭᠡᠬᠦ ᠶᠠᠪᠤᠴᠠ᠎ᠶᠢ ᠪᠠᠢᠭᠤᠯᠤᠨ᠂ ᠣᠷᠣᠨ ᠪᠦᠰᠡ ᠠᠯᠤᠰᠯᠠᠭᠰᠠᠨ ᠬᠡᠷᠡᠭ᠎ᠢ ᠰᠢᠢᠳᠪᠦᠷᠢᠯᠡᠬᠦ ᠰᠠᠭᠠᠳ ᠦᠭᠡᠢ ᠨᠡᠪᠲᠡᠷᠡᠬᠦ ᠵᠠᠮ᠎ᠢ ᠪᠠᠢᠭᠤᠯᠵᠤ᠂ ᠬᠡᠷᠡᠭ᠎ᠢ ᠭᠥᠯᠢᠶᠡᠨ ᠠᠪᠴᠤ ᠰᠢᠢᠳᠪᠦᠷᠢᠯᠡᠬᠦ᠎ᠡᠴᠡ ᠰᠢᠯᠵᠢᠭᠦᠯᠦᠨ ᠬᠦᠷᠭᠡᠬᠦ ᠬᠦᠷᠲᠡᠯᠡᠬᠢ ᠭᠣᠭᠴᠣᠭ᠎ᠠ᠎ᠶᠢ ᠵᠠᠪᠰᠠᠷ ᠦᠭᠡᠢ ᠵᠣᠯᠭᠠᠭᠤᠯᠬᠤ᠎ᠶᠢ ᠦᠨᠡᠨ ᠬᠦ᠌ ᠪᠠᠲᠤᠯᠠᠪᠠ᠃
《 ᠵᠥᠪᠯᠡᠯᠴᠡᠭᠡᠷ 》᠎ᠲᠦ᠂ ᠤᠯᠠᠨ ᠬᠤᠳᠠ᠎ᠳᠤ ᠬᠣᠯᠪᠣᠭᠳᠠᠭᠰᠠᠨ ᠵᠢᠭᠤᠷᠠᠯᠳᠤᠭᠠᠨ᠎ᠲᠠᠢ ᠬᠡᠷᠡᠭ᠎ᠲᠦ ᠠᠩᠬ᠎ᠠ ᠬᠦᠯᠢᠶᠡᠨ ᠠᠪᠤᠭ᠍ᠴᠢ ᠬᠠᠷᠢᠭᠤᠴᠠᠬᠤ ᠳᠦᠷᠢᠮ᠎ᠢ ᠬᠡᠷᠡᠭᠵᠢᠭᠦᠯᠵᠦ᠂ ᠠᠩᠬ᠎ᠠ ᠬᠦᠯᠢᠶᠡᠨ ᠠᠪᠤᠭᠰᠠᠨ ᠭᠠᠵᠠᠷ᠎ᠤᠨ ᠬᠥᠨᠳᠡᠯᠡᠨ᠎ᠡᠴᠡ ᠲᠠᠰᠤᠯᠬᠤ ᠪᠠᠢᠭᠤᠯᠤᠮᠵᠢ᠎ᠪᠠᠷ ᠲᠦᠷᠦᠭᠦᠯᠡᠭᠦᠯᠦᠨ ᠬᠡᠷᠡᠭ ᠰᠢᠢᠳᠪᠦᠷᠢᠯᠡᠬᠦ ᠬᠠᠮᠲᠤᠷᠠᠭᠰᠠᠨ ᠳᠤᠭᠤᠢᠯᠠᠩ᠎ᠢ ᠪᠠᠢᠭᠤᠯᠵᠤ᠂ ᠬᠣᠯᠪᠣᠭᠳᠠᠯ ᠪᠦᠬᠦᠢ ᠬᠤᠳᠠ᠎ᠶᠢᠨ ᠬᠥᠨᠳᠡᠯᠡᠨ᠎ᠡᠴᠡ ᠲᠠᠰᠤᠯᠬᠤ ᠪᠠᠢᠭᠤᠯᠤᠮᠵᠢ ᠬᠠᠮᠵᠢᠯᠴᠠᠨ ᠲᠤᠬᠠᠢ᠎ᠶᠢᠨ ᠲᠠᠯᠠᠪᠤᠷ᠎ᠲᠤ ᠡᠶᠡᠳᠡᠭᠦᠯᠬᠦ ᠵᠡᠷᠭᠡ ᠠᠵᠢᠯ᠎ᠢ ᠥᠷᠨᠢᠭᠦᠯᠦᠨ᠎ᠡ ; ᠬᠥᠯᠥᠰᠦᠨ ᠠᠵᠢᠯᠴᠢᠨ᠎ᠤ ᠴᠠᠯᠢᠩ᠎ᠢ ᠤᠳᠠᠭᠠᠰᠢᠷᠠᠭᠤᠯᠤᠨ ᠥᠷᠢᠲᠦᠬᠦ ᠵᠡᠷᠭᠡ ᠴᠢᠬᠤᠯᠠ ᠶᠡᠬᠡ ᠬᠠᠮᠲᠤ ᠤᠯᠠᠨ᠎ᠤ ᠵᠢᠭᠤᠷᠠᠯᠳᠤᠭᠠᠨ᠎ᠳᠤ ᠴᠢᠭᠯᠡᠭᠦᠯᠦᠨ᠂ ᠪᠠᠴᠢᠮ ᠪᠠᠢᠳᠠᠯ᠎ᠢ ᠠᠷᠭᠠᠴᠠᠬᠤ ᠲᠣᠭᠲᠠᠴᠠ᠎ᠶᠢ ᠪᠠᠢᠭᠤᠯᠵᠤ᠂ ᠲᠦᠷᠪᠡᠨ ᠬᠤᠳᠠ᠎ᠶᠢᠨ ᠬᠢᠨ ᠬᠣᠯᠪᠤᠭᠠᠯᠠᠨ ᠬᠥᠳᠡᠯᠦᠯᠴᠡᠵᠦ ᠰᠢᠢᠳᠪᠦᠷᠢᠯᠡᠬᠦ ᠠᠵᠢᠯ᠎ᠢ ᠵᠡᠷᠭᠡ᠎ᠪᠡᠷ ᠡᠬᠢᠯᠡᠭᠦᠯᠵᠦ᠂ ᠠᠵᠤ ᠠᠬᠤᠢᠯᠠᠯ᠎ᠲᠠᠢ ᠬᠠᠮᠲᠤᠷᠠᠨ ᠪᠣᠯᠵᠣᠨ ᠶᠠᠷᠢᠯᠴᠠᠬᠤ᠂ ᠤᠷᠢᠳ᠎ᠢᠶᠠᠷ ᠡᠶᠡᠳᠡᠭᠦᠯᠦᠨ ᠲᠠᠰᠤᠯᠬᠤ ᠵᠡᠷᠭᠡ ᠠᠷᠭ᠎ᠠ ᠮᠠᠶᠢᠭ᠋᠎ᠢᠶᠠᠷ ᠳᠠᠮᠵᠢᠭᠤᠯᠤᠨ ᠵᠥᠷᠢᠴᠡᠯ᠎ᠢ ᠲᠦᠷᠭᠡᠨ ᠰᠢᠢᠳᠪᠦᠷᠢᠯᠡᠨ᠎ᠡ ; 《 ᠬᠥᠨᠳᠡᠯᠡᠨ᠎ᠡᠴᠡ ᠲᠠᠰᠤᠯᠬᠤ + ᠬᠢᠨᠠᠨ ᠪᠠᠢᠴᠠᠭᠠᠬᠤ + ᠠᠵᠢᠯᠴᠢᠨ᠎ᠤ ᠡᠪᠯᠡᠯ + ᠬᠠᠤᠯᠢ ᠴᠠᠭᠠᠵᠠ 》᠎ᠶᠢᠨ ᠣᠯᠠᠨ ᠡᠰᠢᠲᠦ ᠬᠣᠯᠪᠤᠭᠠᠯᠠᠨ ᠬᠥᠳᠡᠯᠦᠯᠴᠡᠬᠦ᠎ᠶᠢ ᠭᠦᠨᠵᠡᠭᠡᠢᠷᠡᠭᠦᠯᠵᠦ᠂ ᠣᠷᠣᠨ ᠪᠦᠰᠡ ᠠᠯᠤᠰᠯᠠᠭᠰᠠᠨ᠂ ᠣᠯᠠᠨ ᠰᠠᠯᠠᠭ᠎ᠠ ᠮᠥᠴᠢᠷ᠎ᠦᠨ ᠵᠢᠭᠤᠷᠠᠯᠳᠤᠭᠠᠨ᠎ᠢ ᠰᠢᠢᠳᠪᠦᠷᠢᠯᠡᠬᠦ ᠨᠡᠢᠯᠡᠯ ᠬᠦᠴᠦᠨ᠎ᠢ ᠪᠦᠷᠢᠯᠳᠦᠭᠦᠯᠵᠦ᠂ ᠬᠥᠳᠡᠯᠮᠦᠷᠢᠴᠢᠳ᠎ᠦᠨ ᠬᠠᠤᠯᠢ ᠶᠣᠰᠣᠨ᠎ᠤ ᠡᠷᠬᠡ ᠠᠰᠢᠭ᠋᠎ᠢ ᠦᠨᠡᠨ ᠬᠦ᠌ ᠪᠠᠲᠤᠯᠠᠨ᠎ᠠ᠃
ᠡᠭᠦᠨ᠎ᠡᠴᠡ ᠭᠠᠳᠠᠨ᠎ᠠ᠂ ᠣᠷᠣᠨ ᠪᠦᠰᠡ᠎ᠶᠢᠨ ᠣᠶᠤᠨᠲᠤ ᠬᠣᠲᠠ᠎ᠶᠢᠨ ᠪᠦᠲᠦᠭᠡᠨ ᠪᠠᠢᠭᠤᠯᠤᠯᠲᠠ᠎ᠶᠢᠨ ᠦᠷ᠎ᠡ ᠪᠦᠲᠦᠭᠡᠯ᠎ᠳᠦ ᠲᠦᠰᠢᠭᠯᠡᠨ᠂ 《 ᠵᠥᠪᠯᠡᠯᠴᠡᠭᠡᠷ 》᠎ᠲᠤ ᠬᠥᠳᠡᠯᠮᠦᠷᠢ᠎ᠶᠢᠨ ᠵᠢᠭᠤᠷᠠᠯᠳᠤᠭᠠᠨ᠎ᠤ ᠮᠡᠳᠡᠭᠡ ᠵᠠᠩᠭᠢ᠎ᠶᠢ ᠬᠠᠮᠲᠤ᠎ᠪᠠᠷ ᠬᠤᠪᠢᠶᠠᠯᠴᠠᠬᠤ ᠲᠠᠪᠴᠠᠩ᠎ᠢ ᠪᠠᠢᠭᠤᠯᠵᠤ᠂ ᠳᠥᠷᠪᠡᠨ ᠬᠣᠲᠠ᠎ᠶᠢᠨ ᠬᠥᠨᠳᠡᠯᠡᠨ᠎ᠡᠴᠡ ᠲᠠᠰᠤᠯᠬᠤ ᠬᠡᠷᠡᠭ ᠰᠢᠢᠳᠪᠦᠷᠢᠯᠡᠬᠦ ᠰᠢᠰᠲᠧᠮ᠎ᠦᠨ ᠲᠣᠭ᠎ᠠ ᠪᠠᠷᠢᠮᠲᠠ᠎ᠶᠢᠨ ᠡᠬᠢ ᠪᠠᠶᠠᠯᠢᠭ᠋᠎ᠢ ᠡᠮᠬᠢᠯᠡᠨ ᠨᠡᠢᠯᠡᠭᠦᠯᠵᠦ᠂ ᠬᠡᠷᠡᠭ᠎ᠢ ᠭᠥᠯᠢᠶᠡᠨ ᠠᠪᠴᠤ ᠰᠢᠢᠳᠪᠦᠷᠢᠯᠡᠬᠦ᠂ ᠰᠢᠭᠦᠨ ᠰᠢᠢᠳᠪᠦᠷᠢᠯᠡᠬᠦ ᠠᠬᠢᠴᠠ ᠂ ᠲᠠᠰᠤᠯᠤᠯᠲᠠ᠎ᠶᠢᠨ ᠦᠷ᠎ᠡ ᠳ᠋ᠦᠩ ᠵᠡᠷᠭᠡ ᠮᠡᠳᠡᠭᠡ ᠵᠠᠩᠭᠢ᠎ᠶᠢ ᠬᠤᠳᠠ ᠠᠯᠤᠰᠯᠠᠨ ᠪᠠᠢᠴᠠᠭᠠᠨ ᠯᠠᠪᠯᠠᠬᠤ᠎ᠶᠢ ᠪᠡᠶᠡᠯᠡᠭᠦᠯᠦᠨ᠎ᠡ ᠭᠡᠵᠦ ᠳᠤᠷᠠᠳᠤᠨ ᠭᠠᠷᠭᠠᠪᠠ᠃ ᠲᠠᠪᠴᠠᠩ ᠨᠢ ᠠᠵᠤ ᠠᠬᠤᠢᠯᠠᠯ᠎ᠤᠨ ᠠᠵᠢᠯᠴᠢᠨ ᠬᠡᠷᠡᠭᠯᠡᠬᠦ ᠮᠡᠳᠡᠭᠡ ᠵᠠᠩᠭᠢ᠂ ᠨᠡᠢᠭᠡᠮ᠎ᠦᠨ ᠳᠠᠭᠠᠳᠬᠠᠯ᠎ᠤᠨ ᠰᠦᠢᠳᠬᠡᠯ ᠲᠤᠰᠢᠶᠠᠭᠰᠠᠨ ᠲᠣᠭ᠎ᠠ ᠪᠠᠷᠢᠮᠲᠠ ᠵᠡᠷᠭᠡ᠎ᠶᠢ ᠬᠠᠮᠲᠤ᠎ᠪᠠᠷ ᠵᠠᠯᠭᠠᠨ ᠣᠷᠣᠭᠤᠯᠵᠤ᠂ ᠵᠢᠭᠤᠷᠠᠯᠳᠤᠭᠠᠨ᠎ᠢ ᠰᠢᠢᠳᠪᠦᠷᠢᠯᠡᠬᠦ᠎ᠳᠦ ᠲᠣᠭ᠎ᠠ ᠪᠠᠷᠢᠮᠲᠠ᠎ᠶᠢᠨ ᠲᠤᠯᠭᠠᠭᠤᠷᠢᠯᠠᠯ ᠬᠠᠩᠭᠠᠨ᠎ᠠ᠃
ᠡᠭᠦᠨ᠎ᠦ ᠰᠠᠭᠤᠷᠢᠨ ᠳᠡᠭᠡᠷ᠎ᠡ᠂ 《 ᠵᠥᠪᠯᠡᠯᠴᠡᠭᠡᠷ 》᠎ᠲᠦ ᠲᠦᠷᠪᠡᠨ ᠬᠤᠳᠠ ᠬᠠᠮᠲᠤᠷᠠᠨ ᠬᠥᠳᠡᠯᠮᠦᠷᠢ᠎ᠶᠢᠨ ᠵᠢᠭᠤᠷᠠᠯᠳᠤᠭᠠᠨ᠎ᠤ ᠠᠶᠤᠯ ᠲᠦᠭᠰᠢᠭᠦᠷᠢ᠎ᠶᠢ ᠰᠤᠳᠤᠯᠤᠨ ᠮᠠᠭᠠᠳᠯᠠᠬᠤ ᠠᠵᠢᠯ᠎ᠢ ᠥᠷᠨᠢᠭᠦᠯᠵᠦ᠂ ᠲᠣᠭ᠎ᠠ ᠪᠠᠷᠢᠮᠲᠠ᠎ᠶᠢ ᠵᠠᠳᠠᠯᠤᠨ ᠰᠢᠨᠵᠢᠯᠡᠬᠦ᠎ᠪᠡᠷ ᠳᠠᠮᠵᠢᠭᠤᠯᠤᠨ ᠣᠷᠣᠨ ᠪᠦᠰᠡ᠎ᠶᠢᠨ ᠳᠣᠲᠣᠷᠠᠬᠢ ᠬᠥᠳᠡᠯᠮᠦᠷᠢ᠎ᠶᠢᠨ ᠬᠠᠷᠢᠴᠠᠭ᠎ᠠ᠎ᠶᠢᠨ ᠠᠶᠤᠯ ᠲᠦᠭᠰᠢᠭᠦᠷᠢ᠎ᠶᠢᠨ ᠴᠡᠭ᠎ᠢ ᠢᠯᠭᠠᠨ ᠲᠠᠨᠢᠵᠤ᠂ ᠠᠵᠢᠯᠴᠢᠨ ᠬᠡᠷᠡᠭᠯᠡᠬᠦ ᠠᠶᠤᠯ ᠲᠦᠭᠰᠢᠭᠦᠷᠢ᠎ᠶᠢ ᠰᠡᠷᠡᠮᠵᠢᠯᠡᠭᠦᠯᠬᠦ ᠮᠡᠳᠡᠭᠡ ᠵᠠᠩᠭᠢ᠎ᠶᠢ ᠨᠡᠢᠲᠡᠯᠡᠵᠦ᠂ ᠠᠵᠤ ᠠᠬᠤᠢᠯᠠᠯ᠎ᠳᠤ 《 ᠪᠡᠶ᠎ᠡ᠎ᠶᠢᠨ ᠪᠠᠢᠴᠠᠭᠠᠯᠲᠠ᠎ᠶᠢᠨ ᠮᠠᠶᠢᠭ᠋ 》᠎ᠤᠨ ᠦᠢᠯᠡᠴᠢᠯᠡᠭᠡᠨ᠎ᠦ ᠵᠢᠯᠣᠭᠣᠳᠤᠮᠵᠢ ᠬᠠᠩᠭᠠᠬᠤ ᠬᠡᠷᠡᠭᠲᠡᠢ ᠭᠡᠵᠦ ᠱᠠᠭᠠᠷᠳᠠᠵᠠᠢ᠃ ᠪᠤᠭᠤᠲᠤ ᠬᠣᠲᠠ᠎ᠶᠢᠨ ᠨᠢᠭᠡ ᠦᠷᠲᠡᠭᠡᠴᠢᠯᠡᠭᠰᠡᠨ ᠮᠠᠶᠢᠭ᠋᠎ᠤᠨ ᠦᠢᠯᠡᠴᠢᠯᠡᠭᠡᠨ᠎ᠦ ᠲᠤᠷᠰᠢᠯᠭ᠎ᠠ᠎ᠪᠠᠷ ᠲᠣᠯᠢ ᠪᠣᠯᠭᠠᠵᠤ᠂ ᠬᠥᠨᠳᠡᠯᠡᠨ᠎ᠡᠴᠡ ᠲᠠᠰᠤᠯᠬᠤ ᠦᠢᠯᠡᠴᠢᠯᠡᠭᠡᠨ᠎ᠦ ᠵᠦᠢᠯᠡᠰ᠎ᠢ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ 《 ᠳᠥᠷᠪᠡᠨ ᠬᠣᠲᠠ᠎ᠳᠤ ᠨᠡᠢᠳᠡᠮ ᠭᠦᠢᠴᠡᠳᠬᠡᠬᠦ 》᠎ᠶᠢ ᠠᠬᠢᠭᠤᠯᠵᠤ᠂ ᠬᠥᠨᠳᠡᠯᠡᠨ᠎ᠡᠴᠡ ᠲᠠᠰᠤᠯᠤᠭᠤᠯᠬᠤ ᠭᠤᠶᠤᠴᠢᠯᠠᠯ ᠭᠠᠷᠭᠠᠬᠤ᠂ ᠪᠢᠴᠢᠭ ᠬᠠᠷ᠎ᠠ ᠬᠦᠷᠭᠡᠬᠦ᠂ ᠬᠠᠤᠯᠢ ᠴᠠᠭᠠᠵᠠ᠎ᠶᠢᠨ ᠲᠤᠰᠠᠯᠠᠮᠵᠢ ᠦᠵᠡᠭᠦᠯᠬᠦ ᠵᠡᠷᠭᠡ ᠦᠢᠯᠡᠴᠢᠯᠡᠭᠡᠨ᠎ᠦ ᠣᠷᠣᠨ ᠪᠦᠰᠡ ᠠᠯᠤᠰᠯᠠᠨ ᠬᠠᠮᠵᠢᠯᠴᠠᠬᠤ᠎ᠶᠢ ᠪᠡᠶᠡᠯᠡᠭᠦᠯᠵᠦ᠂ ᠬᠥᠳᠡᠯᠮᠦᠷᠢᠴᠢᠳ᠎ᠢ ᠳᠤᠲᠠᠭᠤ ᠭᠦᠶᠦᠯᠭᠡᠵᠦ᠂ ᠡᠷᠬᠡ ᠠᠰᠢᠭ᠋᠎ᠢ ᠨᠢ ᠰᠠᠢᠲᠤᠷ ᠬᠠᠮᠠᠭᠠᠯᠠᠨ᠎ᠠ᠃