ᠶᠡᠷᠦᠩᠬᠡᠢ ᠱᠦᠵᠢ ᠰᠢ᠎ᠶᠢᠨ ᠫᠢᠩ ᠳᠤᠮᠳᠠᠳᠤ᠎ᠶᠢᠨ ᠪᠥᠬᠥ ᠤᠯᠤᠰ᠎ᠤᠨ ᠠᠵᠢᠯᠴᠢᠨ᠎ᠤ ᠶᠡᠷᠦᠩᠬᠡᠢ ᠡᠪᠯᠡᠯ ᠪᠠᠢᠭᠤᠯᠤᠭᠳᠠᠭᠰᠠᠨ 100 ᠵᠢᠯ᠎ᠦᠨ ᠣᠶ᠎ᠶᠢ ᠪᠡᠯᠭᠡᠯᠡᠬᠦ ᠵᠢᠴᠢ ᠪᠥᠬᠥ ᠤᠯᠤᠰ᠎ᠤᠨ ᠬᠥᠳᠡᠯᠮᠦᠷᠢ᠎ᠶᠢᠨ ᠵᠢᠱ᠌ᠢᠶᠡᠴᠢ ᠪᠠ ᠲᠡᠷᠢᠭᠦᠨ᠎ᠦ ᠠᠵᠢᠯᠲᠠᠨ᠎ᠢ ᠬᠥᠬᠢᠭᠦᠯᠦᠨ ᠰᠠᠢᠰᠢᠶᠠᠬᠤ ᠶᠡᠬᠡ ᠬᠤᠷᠠᠯ ᠳᠡᠭᠡᠷᠡᠬᠢ ᠶᠠᠷᠢᠶᠠᠨ᠎ᠳᠠᠭᠠᠨ᠂ ᠡᠶ᠎ᠡ ᠵᠣᠬᠢᠴᠠᠯ᠎ᠲᠠᠢ ᠬᠥᠳᠡᠯᠮᠦᠷᠢ᠎ᠶᠢᠨ ᠬᠠᠷᠢᠴᠠᠭ᠎ᠠ᠎ᠶᠢ ᠢᠳᠡᠪᠬᠢᠲᠡᠢ ᠪᠠᠢᠭᠤᠯᠵᠤ᠂ ᠠᠵᠢᠯᠲᠠᠨ ᠠᠵᠢᠯᠴᠢᠨ᠎ᠤ ᠬᠠᠤᠯᠢ ᠶᠣᠰᠣᠨ᠎ᠤ ᠡᠷᠬᠡ ᠠᠰᠢᠭ᠋᠎ᠢ ᠦᠨᠡᠨ ᠬᠦ᠌ ᠬᠠᠮᠠᠭᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠥᠬᠥᠳᠡ ᠬᠤᠷᠠᠯ᠎ᠠᠴᠠ ᠬᠥᠳᠡᠯᠮᠦᠷᠢᠴᠢᠳ᠎ᠦᠨ ᠡᠷᠬᠡ ᠠᠰᠢᠭ᠋᠎ᠤᠨ ᠪᠠᠲᠤᠯᠠᠭ᠎ᠠ᠎ᠶᠢ ᠴᠢᠩᠭᠠᠳᠬᠠᠨ᠎ᠠ ᠭᠡᠵᠦ ᠳᠤᠷᠠᠳᠤᠨ ᠭᠠᠷᠭᠠᠪᠠ᠃ ᠨᠢᠭᠡ ᠵᠢᠯ᠎ᠦᠨ ᠲᠤᠷᠰᠢ᠂ ᠪᠦᠬᠦ ᠤᠯᠤᠰ᠎ᠤᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠰᠢᠰᠲᠧᠮ ᠤᠬᠠᠮᠰᠠᠷ᠎ᠠᠴᠠ᠎ᠪᠠᠨ ᠰᠠᠨᠠᠭᠠᠴᠢᠯᠠᠭ᠎ᠠ᠎ᠠᠴᠠ᠎ᠪᠠᠨ ᠬᠥᠳᠡᠯᠮᠦᠷᠢᠴᠢᠳ᠎ᠦᠨ ᠡᠷᠬᠡ ᠠᠰᠢᠭ᠋᠎ᠤᠨ ᠪᠠᠲᠤᠯᠠᠭ᠎ᠠ᠎ᠶᠢ ᠴᠢᠩᠭᠠᠳᠬᠠᠬᠤ᠂ ᠡᠶ᠎ᠡ ᠵᠣᠬᠢᠴᠠᠩᠭᠤᠢ ᠬᠥᠳᠡᠯᠮᠦᠷᠢ᠎ᠶᠢᠨ ᠬᠠᠷᠢᠴᠠᠭ᠎ᠠ᠎ᠶᠢ ᠪᠠᠶ᠋ᠢᠭᠤᠯᠬᠤ᠎ᠶᠢ ᠴᠢᠬᠤᠯᠠ ᠶᠡᠬᠡ ᠤᠯᠤᠰ ᠲᠦᠷᠦ᠎ᠶᠢᠨ ᠡᠭᠦᠷᠭᠡ ᠪᠣᠯᠭᠠᠨ ᠬᠥᠳᠡᠯᠮᠦᠷᠢ᠎ᠶᠢᠨ ᠬᠠᠷᠢᠴᠠᠭ᠎ᠠ᠎ᠶᠢ ᠵᠥᠪᠳᠡᠯᠴᠡᠨ ᠵᠣᠬᠢᠴᠠᠭᠤᠯᠬᠤ᠂ ᠵᠢᠭᠤᠷᠠᠯᠳᠤᠭᠠᠨ᠎ᠢ ᠰᠢᠢᠳᠪᠦᠷᠢᠯᠡᠬᠦ᠂ ᠵᠠᠰᠠᠭ ᠵᠠᠬᠢᠷᠭᠠᠨ᠎ᠤ ᠵᠢᠯᠣᠭᠣᠳᠤᠯᠭ᠎ᠠ᠂ ᠬᠢᠨᠠᠨ ᠪᠠᠢᠴᠠᠭᠠᠵᠤ ᠬᠠᠤᠯᠢ ᠬᠡᠷᠡᠭᠵᠢᠭᠦᠯᠬᠦ ᠪᠠ ᠠᠶᠤᠯ ᠲᠦᠭᠰᠢᠭᠦᠷᠢ᠎ᠶᠢ ᠰᠡᠷᠭᠡᠢᠯᠡᠨ ᠡᠵᠡᠮᠳᠡᠬᠦ ᠲᠣᠭᠲᠠᠴᠠ᠎ᠶᠢ ᠲᠣᠪᠤᠢᠯᠭᠠᠨ ᠲᠡᠭᠦᠯᠳᠡᠷᠵᠢᠭᠦᠯᠵᠦ᠂ ᠰᠢᠨ᠎ᠡ ᠠᠵᠢᠯ ᠣᠯᠭᠣᠯᠲᠠ᠎ᠶᠢᠨ ᠬᠡᠯᠪᠡᠷᠢ᠎ᠶᠢᠨ ᠬᠥᠳᠡᠯᠮᠦᠷᠢᠴᠢᠳ᠎ᠦᠨ ᠡᠷᠬᠡ ᠠᠰᠢᠭ᠋᠎ᠤᠨ ᠪᠠᠲᠤᠯᠠᠭ᠎ᠠ᠎ᠶᠢ ᠴᠢᠩᠭᠠᠳᠬᠠᠵᠤ᠂ ᠴᠠᠯᠢᠩ ᠥᠷᠢᠲᠦᠬᠦ᠎ᠶᠢ ᠦᠨᠳᠦᠰᠦᠨ᠎ᠡᠴᠡ ᠨᠢ ᠵᠠᠰᠠᠬᠤ᠎ᠶᠢ ᠦᠷᠭᠦᠯᠵᠢᠯᠡᠨ ᠭᠦᠨᠵᠡᠭᠡᠢᠷᠡᠭᠦᠯᠵᠦ᠂ ᠬᠥᠳᠡᠯᠮᠦᠷᠢ᠎ᠶᠢᠨ ᠬᠠᠷᠢᠴᠠᠭ᠎ᠠ᠎ᠶᠢ ᠵᠠᠰᠠᠬᠤ ᠦᠢᠯᠡᠳᠦᠯ ᠴᠢᠳᠠᠪᠤᠷᠢ᠎ᠶᠢ ᠪᠦᠬᠦ ᠲᠠᠯ᠎ᠠ᠎ᠪᠠᠷ ᠳᠡᠭᠡᠭᠰᠢᠯᠡᠭᠦᠯᠵᠦ᠂ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠡᠶ᠎ᠡ ᠵᠣᠬᠢᠴᠠᠯ᠎ᠲᠠᠢ ᠬᠥᠳᠡᠯᠮᠦᠷᠢ᠎ᠶᠢᠨ ᠬᠠᠷᠢᠴᠠᠭ᠎ᠠ᠎ᠶᠢᠨ ᠴᠢᠨᠠᠷ ᠰᠠᠢᠲᠠᠢ ᠬᠥᠭᠵᠢᠯᠲᠡ᠎ᠶᠢ ᠲᠦᠯᠬᠢᠨ ᠠᠬᠢᠭᠤᠯᠪᠠ᠃
ᠬᠠᠮᠵᠢᠯᠴᠠᠨ ᠬᠦᠴᠦᠯᠡᠵᠦ ᠬᠥᠳᠡᠯᠮᠦᠷᠢᠴᠢᠳ᠎ᠦᠨ ᠡᠷᠬᠡ ᠠᠰᠢᠭ᠋᠎ᠢ ᠪᠠᠲᠤᠯᠠᠬᠤ ᠬᠢᠷᠢ ᠲᠦᠪᠰᠢᠨ᠎ᠢ ᠳᠡᠭᠡᠭᠰᠢᠯᠡᠭᠦᠯᠪᠡ
ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠶᠠᠮᠤᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠰᠢᠨ᠎ᠡ ᠠᠵᠢᠯ ᠣᠯᠭᠣᠯᠲᠠ᠎ᠶᠢᠨ ᠬᠡᠯᠪᠡᠷᠢ᠎ᠶᠢᠨ ᠬᠥᠳᠡᠯᠮᠦᠷᠢᠴᠢᠳ᠎ᠦᠨ ᠡᠷᠬᠡ ᠠᠰᠢᠭ᠋᠎ᠢ ᠪᠠᠲᠤᠯᠠᠨ ᠳᠡᠭᠡᠭᠰᠢᠯᠡᠭᠦᠯᠬᠦ ᠲᠤᠰᠬᠠᠢ ᠠᠵᠢᠯᠯᠠᠭ᠎ᠠ᠎ᠶᠢ ᠬᠡᠷᠡᠭᠵᠢᠭᠦᠯᠵᠦ᠂ ᠬᠠᠮᠲᠤ᠎ᠪᠠᠷ ᠵᠥᠪᠳᠡᠯᠴᠡᠨ ᠲᠥᠪᠯᠡᠷᠡᠭᠦᠯᠦᠨ ᠪᠣᠯᠵᠣᠬᠤ ᠠᠵᠢᠯᠯᠠᠭ᠎ᠠ᠎ᠶᠢ ᠥᠷᠨᠢᠭᠦᠯᠵᠦ᠂ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠣᠯᠠᠨ ᠤᠳᠠᠭ᠎ᠠ ᠬᠣᠯᠪᠤᠭᠠᠯᠠᠨ ᠲᠦᠷᠦᠭᠦᠨᠦ ᠬᠡᠰᠡᠭ᠎ᠦᠨ ᠠᠵᠤ ᠠᠬᠤᠢᠯᠠᠯ ᠲᠠᠢ ᠪᠣᠯᠵᠣᠨ ᠶᠠᠷᠢᠯᠴᠠᠵᠤ ᠲᠠᠪᠴᠠᠩ᠎ᠤᠨ ᠲᠣᠪᠣᠢᠮ᠎ᠠ ᠠᠰᠠᠭᠤᠳᠠᠯ᠎ᠢ ᠴᠡᠭᠴᠡᠯᠡᠨ ᠰᠠᠢᠵᠢᠷᠠᠭᠤᠯᠬᠤ᠎ᠪᠠᠷ ᠱᠠᠯᠠᠪᠳᠠᠭᠤᠯᠵᠤ᠂ ᠲᠠᠪᠴᠠᠩ᠎ᠤᠨ ᠪᠤᠳᠤᠬᠤ ᠠᠷᠭ᠎ᠠ᠎ᠶᠢᠨ ᠶᠡᠷᠦᠩᠬᠡᠢᠯᠡᠭᠰᠡᠨ ᠵᠠᠰᠠᠯᠲᠠ᠎ᠳᠤ ᠣᠷᠣᠯᠴᠠᠨ᠂ ᠲᠠᠪᠴᠠᠩ᠎ᠤᠨ ᠠᠵᠤ ᠠᠬᠤᠢᠯᠠᠯ᠎ᠤᠨ ᠠᠵᠢᠯᠴᠢᠨ ᠬᠡᠷᠡᠭᠯᠡᠬᠦ᠎ᠶᠢᠨ ᠲᠣᠭᠲᠠᠭᠠᠯ᠎ᠳᠤ ᠨᠡᠢᠴᠡᠬᠦ ᠦᠵᠡᠯ ᠤᠬᠠᠮᠰᠠᠷ᠎ᠢ ᠢᠯᠡᠳᠲᠡ ᠴᠢᠩᠭᠠᠳᠬᠠᠵᠤ᠂ ᠬᠥᠳᠡᠯᠮᠦᠷᠢ᠎ᠶᠢᠨ ᠳᠦᠷᠢᠮ᠎ᠦᠨ ᠪᠤᠳᠤᠬᠤ ᠠᠷᠭ᠎ᠠ᠎ᠶᠢ ᠲᠠᠰᠤᠷᠠᠯᠲᠠ ᠦᠭᠡᠢ ᠰᠢᠯᠢᠳᠡᠭᠵᠢᠭᠦᠯᠬᠦ᠎ᠶᠢ ᠠᠬᠢᠭᠤᠯᠪᠠ᠃ ᠡᠯ᠎ᠡ ᠭᠠᠵᠠᠷ᠎ᠤᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠰᠠᠯᠠᠭ᠎ᠠ ᠮᠥᠴᠢᠷ ᠰᠢᠨ᠎ᠡ ᠠᠵᠢᠯ ᠣᠯᠭᠣᠯᠲᠠ᠎ᠶᠢᠨ ᠬᠡᠯᠪᠡᠷᠢ᠎ᠶᠢᠨ ᠬᠥᠳᠡᠯᠮᠦᠷᠢᠴᠢᠨ᠎ᠦ ᠡᠷᠬᠡ ᠠᠰᠢᠭ᠋᠎ᠤᠨ ᠪᠠᠲᠤᠯᠠᠭ᠎ᠠ᠎ᠶᠢ ᠪᠦᠷᠢᠨᠰᠢᠭᠦᠯᠵᠦ᠂ ᠠᠵᠤ ᠠᠬᠤᠢᠯᠠᠯ᠎ᠤᠨ ᠠᠵᠢᠯᠴᠢᠨ ᠬᠡᠷᠡᠭᠯᠡᠬᠦ᠎ᠶᠢ ᠵᠢᠯᠤᠭᠣᠳᠬᠤ ᠪᠠ ᠬᠢᠨᠠᠯᠲᠠ ᠲᠠᠯᠪᠢᠬᠤ᠎ᠶᠢ ᠴᠢᠩᠭᠠᠳᠬᠠᠵᠤ᠂ ᠵᠥᠪᠳᠡᠯᠴᠡᠨ ᠶᠠᠷᠢᠯᠴᠠᠬᠤ᠎ᠶᠢ ᠠᠬᠢᠭᠤᠯᠵᠤ᠂ ᠨᠡᠢᠭᠡᠮ᠎ᠦᠨ ᠪᠠᠲᠤᠯᠠᠭ᠎ᠠ᠎ᠶᠢᠨ ᠪᠦᠷᠬᠦᠴᠡ᠎ᠶᠢ ᠥᠷᠭᠡᠳᠬᠡᠵᠦ᠂ ᠡᠷᠬᠡ᠎ᠪᠡᠨ ᠬᠠᠮᠠᠭᠠᠯᠠᠬᠤ ᠠᠷᠭ᠎ᠠ ᠵᠠᠮ᠎ᠢ ᠰᠠᠭᠠᠳ ᠦᠭᠡᠢ ᠨᠠᠪᠲᠠᠷᠡᠭᠦᠯᠵᠦ᠂ ᠬᠥᠳᠡᠯᠮᠦᠷᠢᠴᠢᠨ᠎ᠦ ᠬᠠᠤᠯᠢ ᠶᠣᠰᠣᠨ᠎ᠤ ᠡᠷᠬᠡ ᠠᠰᠢᠭ᠋᠎ᠢ ᠬᠠᠮᠠᠭᠠᠯᠠᠵᠤ᠂ ᠠᠶᠤᠯ ᠲᠦᠭᠰᠢᠭᠦᠷᠢ᠎ᠶᠢᠨ ᠲᠠᠯᠳᠠ ᠭᠡᠮ᠎ᠢ ᠰᠡᠷᠭᠡᠢᠯᠡᠨ ᠠᠷᠢᠯᠭᠠᠵᠤ᠂ ᠬᠦᠴᠦᠨ᠎ᠢᠶᠡᠨ ᠲᠥᠪᠯᠡᠷᠡᠭᠦᠯᠦᠨ ᠨᠢᠭᠡ ᠪᠦᠯᠦᠭ ᠰᠢᠨ᠎ᠡ ᠠᠵᠢᠯ ᠣᠯᠭᠣᠯᠲᠠ᠎ᠶᠢᠨ ᠬᠡᠯᠪᠡᠷᠢ᠎ᠶᠢᠨ ᠬᠥᠳᠡᠯᠮᠦᠷᠢᠴᠢᠨ᠎ᠦ ᠡᠷᠬᠡ ᠠᠰᠢᠭ᠋᠎ᠢ ᠪᠠᠲᠤᠯᠠᠬᠤ ᠲᠠᠯ᠎ᠠ᠎ᠪᠠᠷ ᠬᠢ ᠲᠣᠪᠣᠢᠮ᠎ᠠ ᠠᠰᠠᠭᠤᠳᠠᠯ᠎ᠢ ᠰᠢᠢᠳᠪᠦᠷᠢᠯᠡᠪᠡ᠃ ᠠᠨᠾᠦ᠋ᠢ᠂ ᠱᠧᠨᠵᠧᠨ᠂ ᠰᠢᠶᠠᠮᠧᠨ ᠰᠢᠨ᠎ᠡ ᠠᠵᠢᠯ ᠣᠯᠭᠣᠯᠲᠠ᠎ᠶᠢᠨ ᠬᠡᠯᠪᠡᠷᠢ᠎ᠶᠢᠨ ᠬᠥᠳᠡᠯᠮᠦᠷᠢᠴᠢᠳ᠎ᠦᠨ ᠡᠷᠬᠡ ᠠᠰᠢᠭ᠋᠎ᠢ ᠪᠠᠲᠤᠯᠠᠬᠤ ᠣᠷᠣᠨ ᠨᠤᠲᠤᠭ᠎ᠤᠨ ᠴᠢᠨᠠᠷᠲᠠᠢ ᠬᠠᠤᠯᠢ ᠲᠣᠭᠲᠠᠭᠠᠯ᠎ᠢ ᠨᠡᠢᠲᠡᠯᠡᠪᠡ᠃ ᠨᠢᠩᠰᠢᠶᠠ ᠰᠢᠨ᠎ᠡ ᠠᠵᠢᠯ ᠣᠯᠭᠣᠯᠲᠠ᠎ᠶᠢᠨ ᠬᠡᠯᠪᠡᠷᠢ᠎ᠶᠢᠨ ᠬᠥᠳᠡᠯᠮᠦᠷᠢᠴᠢᠨ᠎ᠦ ᠬᠥᠳᠡᠯᠮᠦᠷᠢ᠎ᠶᠢᠨ ᠪᠠᠲᠤᠯᠠᠭ᠎ᠠ᠎ᠶᠢᠨ ᠡᠷᠬᠡ ᠠᠰᠢᠭ᠋᠎ᠢ ᠬᠠᠮᠠᠭᠠᠯᠠᠬᠤ ᠬᠡᠷᠡᠭᠵᠢᠭᠦᠯᠬᠦ ᠠᠷᠭ᠎ᠠ᠎ᠶᠢ ᠬᠡᠷᠡᠭᠵᠢᠭᠦᠯᠵᠦ᠂ ᠶᠢᠰᠦᠨ ᠲᠠᠯ᠎ᠠ᠎ᠠᠴᠠ 44 ᠵᠦᠢᠯ᠎ᠦᠨ ᠠᠷᠭ᠎ᠠ ᠬᠡᠮᠵᠢᠶ᠎ᠡ ᠠᠪᠴᠤ ᠰᠢᠨ᠎ᠡ ᠠᠵᠢᠯ ᠣᠯᠭᠣᠯᠲᠠ᠎ᠶᠢᠨ ᠬᠡᠯᠪᠡᠷᠢ᠎ᠶᠢᠨ ᠬᠥᠳᠡᠯᠮᠦᠷᠢᠴᠢᠨ᠎ᠦ ᠡᠷᠬᠡ ᠠᠰᠢᠭ᠋᠎ᠤᠨ ᠪᠠᠲᠤᠯᠠᠭ᠎ᠠ᠎ᠶᠢ ᠤᠯᠠᠮ ᠨᠢᠭᠡ ᠠᠯᠬᠤᠮ ᠴᠢᠩᠭᠠᠳᠬᠠᠪᠠ᠃
ᠠᠵᠤ ᠠᠬᠤᠢᠯᠠᠯ᠎ᠤᠨ ᠵᠢᠷᠤᠮᠵᠢᠭ᠍ᠰᠠᠨ ᠠᠵᠢᠯᠴᠢᠨ ᠬᠡᠷᠡᠭᠯᠡᠬᠦ ᠵᠢᠯᠣᠭᠣᠳᠤᠯᠭ᠎ᠠ᠎ᠶᠢ ᠴᠢᠩᠭᠠᠳᠬᠠᠪᠠ᠃ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠶᠠᠮᠤᠨ᠂ ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠥᠪᠯᠡᠯ ᠬᠠᠮᠲᠤᠷᠠᠨ 《 ᠬᠥᠳᠡᠯᠮᠦᠷᠢᠯᠡᠬᠦ ᠴᠢᠳᠠᠪᠤᠷᠢ᠎ᠶᠢ ᠬᠢᠨᠠᠨ ᠲᠣᠭᠲᠠᠭᠠᠬᠤ ᠬᠠᠮᠢᠶᠠᠷᠤᠯᠲᠠ᠎ᠶᠢᠨ ᠠᠷᠭ᠎ᠠ 》᠎ᠶᠢ ᠳᠠᠷᠤᠮᠠᠯᠯᠠᠨ ᠲᠠᠷᠬᠠᠭᠠᠵᠤ᠂ ᠠᠵᠢᠯ᠎ᠤᠨ ᠬᠠᠷᠠᠭ᠎ᠠ᠎ᠪᠠᠷ ᠭᠡᠮᠲᠦᠭᠰᠡᠨ ᠠᠵᠢᠯᠲᠠᠨ ᠠᠵᠢᠯᠴᠢᠨ᠂ ᠡᠪᠡᠳᠴᠢᠨ᠎ᠡᠴᠡ ᠪᠣᠯᠤᠭᠰᠠᠨ ᠪᠤᠶᠤ ᠠᠵᠢᠯ᠎ᠤᠨ ᠪᠤᠰᠤ ᠰᠢᠯᠲᠠᠭᠠᠨ᠎ᠢᠶᠠᠷ ᠵᠡᠮᠳᠡᠭ ᠪᠣᠯᠤᠭᠰᠠᠨ ᠬᠥᠮᠥᠰ᠎ᠦᠨ ᠬᠥᠳᠡᠯᠮᠦᠷᠢᠯᠡᠬᠦ ᠴᠢᠳᠠᠪᠤᠷᠢ᠎ᠶᠢ ᠬᠢᠨᠠᠨ ᠲᠣᠭᠲᠠᠭᠠᠬᠤ᠎ᠶᠢ ᠨᠢᠭᠡᠳᠦᠯᠲᠡᠢ ᠲᠥᠯᠥᠪᠯᠡᠨ ᠵᠢᠷᠤᠮᠵᠢᠭᠤᠯᠪᠠ᠃ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠶᠠᠮᠤᠨ᠎ᠠᠴᠠ 《 〈 ᠪᠥᠬᠥ ᠤᠯᠤᠰ᠎ᠤᠨ ᠵᠢᠯ᠎ᠦᠨ ᠪᠠᠶᠠᠷ ᠵᠢᠴᠢ ᠳᠤᠷᠠᠰᠬᠠᠯ᠎ᠤᠨ ᠡᠳᠦᠷ᠎ᠦᠨ ᠠᠮᠠᠷᠠᠯᠲᠠ ᠲᠠᠯᠪᠢᠬᠤ ᠠᠷᠭ᠎ᠠ 〉᠎ᠳᠤ ᠵᠠᠰᠠᠪᠤᠷᠢ ᠣᠷᠣᠭᠤᠯᠬᠤ ᠲᠤᠬᠠᠢ ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠲᠣᠭᠲᠠᠭᠠᠯ 〉᠎ᠢ ᠲᠤᠭᠤᠰᠢᠯᠠᠭᠤᠯᠤᠨ ᠬᠡᠷᠡᠭᠵᠢᠭᠦᠯᠬᠦ ᠠᠵᠢᠯ᠎ᠢ ᠰᠠᠢᠲᠤᠷ ᠬᠢᠬᠦ ᠲᠤᠬᠠᠢ ᠮᠡᠳᠡᠭᠳᠡᠯ 》 《 ᠠᠵᠢᠯᠲᠠᠨ ᠠᠵᠢᠯᠴᠢᠨ᠎ᠤ ᠪᠥᠬᠥ ᠵᠢᠯ᠎ᠦᠨ ᠰᠠᠷ᠎ᠠ᠎ᠶᠢᠨ ᠳᠤᠮᠳᠠᠴᠢ ᠠᠵᠢᠯᠯᠠᠬᠤ ᠴᠠᠭ ᠪᠠ ᠴᠠᠯᠢᠩ᠎ᠢ ᠨᠤᠭᠤᠯᠤᠨ ᠪᠤᠳᠤᠬᠤ ᠠᠰᠠᠭᠤᠳᠠᠯ᠎ᠤᠨ ᠲᠤᠬᠠᠢ ᠮᠡᠳᠡᠭᠳᠡᠯ 》᠎ᠢ ᠨᠡᠢᠲᠡᠯᠡᠵᠦ᠂ ᠠᠵᠢᠯᠲᠠᠨ ᠠᠵᠢᠯᠴᠢᠨ᠎ᠤ ᠬᠠᠤᠯᠢ᠎ᠪᠠᠷ ᠲᠣᠭᠲᠠᠭᠠᠭᠰᠠᠨ ᠠᠮᠠᠷᠠᠯᠲᠠ᠎ᠶᠢᠨ ᠴᠢᠯᠦᠭᠡᠨ᠎ᠳᠦ ᠠᠮᠠᠷᠠᠬᠤ ᠶᠣᠰᠣᠲᠠᠢ᠎ᠶᠢ ᠨᠢ ᠪᠦᠬᠦᠨ᠎ᠢ ᠠᠮᠠᠷᠠᠭᠤᠯᠬᠤ᠎ᠶᠢ ᠲᠦᠯᠬᠢᠨ ᠠᠬᠢᠭᠤᠯᠪᠠ᠃ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠶᠠᠮᠤᠨ᠎ᠤ ᠠᠯᠪᠠᠨ ᠲᠢᠩᠬᠢᠮ 《 ᠠᠵᠤ ᠠᠬᠤᠢᠯᠠᠯ᠎ᠤᠨ ᠠᠵᠢᠯ ᠲᠥᠷᠥᠯ᠎ᠦᠨ ᠥᠷᠢᠰᠦᠯᠳᠦᠭᠡᠨ᠎ᠦ ᠬᠢᠵᠠᠭᠠᠷᠯᠠᠯ᠎ᠢ ᠬᠡᠷᠡᠭᠵᠢᠭᠦᠯᠬᠦ ᠲᠣᠭᠲᠠᠭᠠᠯ᠎ᠳᠤ ᠨᠡᠢᠴᠡᠬᠦ ᠵᠢᠯᠣᠭᠣᠳᠤᠮᠵᠢ》 《 ᠬᠥᠳᠡᠯᠮᠦᠷᠢ ᠦᠢᠯᠡᠴᠢᠯᠡᠭᠡ ᠲᠣᠮᠢᠯᠠᠬᠤ ᠨᠢᠭᠡᠴᠢ᠎ᠶᠢᠨ ᠵᠡᠷᠭᠡ ᠳᠡᠰ᠎ᠤᠨ ᠦᠨᠡᠯᠡᠯᠲᠡ᠎ᠶᠢᠨ ᠵᠦᠭᠯᠡᠭᠦᠷ 》 ᠵᠡᠷᠭᠡ᠎ᠶᠢ ᠳᠠᠷᠤᠮᠠᠯᠯᠠᠨ ᠲᠠᠷᠬᠠᠭᠠᠵᠤ᠂ ᠠᠵᠤ ᠠᠬᠤᠢᠯᠠᠯ᠎ᠤᠨ ᠵᠢᠷᠤᠮᠵᠢᠭᠤᠨ ᠠᠵᠢᠯᠴᠢᠨ ᠬᠡᠷᠡᠭᠯᠡᠬᠦ᠎ᠶᠢ ᠠᠬᠢᠭᠤᠯᠤᠨ᠂ ᠬᠥᠳᠡᠯᠮᠦᠷᠢ ᠦᠢᠯᠡᠴᠢᠯᠡᠭᠡ ᠲᠣᠮᠢᠯᠠᠬᠤ ᠨᠢᠭᠡᠴᠢ᠎ᠶᠢᠨ ᠢᠲᠡᠭᠡᠮᠵᠢ᠎ᠶᠢᠨ ᠬᠢᠨᠠᠯᠲᠠ ᠬᠠᠮᠢᠶᠠᠷᠤᠯᠲᠠ᠎ᠶᠢ ᠴᠢᠩᠭᠠᠳᠬᠠᠵᠤ᠂ ᠬᠥᠳᠡᠯᠮᠦᠷᠢᠴᠢᠳ᠎ᠦᠨ ᠬᠠᠤᠯᠢ ᠶᠣᠰᠣᠨ᠎ᠤ ᠡᠷᠬᠡ ᠠᠰᠢᠭ᠋᠎ᠢ ᠪᠠᠲᠤᠯᠠᠪᠠ᠃ ᠡᠯ᠎ᠡ ᠭᠠᠵᠠᠷ᠎ᠤᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠰᠠᠯᠠᠭ᠎ᠠ ᠮᠥᠴᠢᠷ᠎ᠦᠳ ᠬᠥᠳᠡᠯᠮᠦᠷᠢ ᠦᠢᠯᠡᠴᠢᠯᠡᠭᠡ ᠲᠣᠮᠢᠯᠠᠬᠤ ᠠᠵᠢᠯ᠎ᠤᠨ ᠬᠢᠨᠠᠯᠲᠠ ᠬᠠᠮᠢᠶᠠᠷᠤᠯᠲᠠ᠎ᠪᠠᠨ ᠴᠢᠩᠭᠠᠳᠬᠠᠵᠤ᠂ ᠴᠠᠯᠢᠩ ᠥᠭᠬᠦ ᠶᠠᠪᠤᠴᠠ᠎ᠶᠢ ᠵᠢᠷᠤᠮᠵᠢᠭᠤᠯᠪᠠ᠃ ᠭᠠᠨᠰᠤ ᠮᠤᠵᠢ᠎ᠶᠢᠨ ᠬᠢᠨ ᠬᠥᠳᠡᠯᠮᠦᠷᠢ ᠦᠢᠯᠡᠴᠢᠯᠡᠭᠡ ᠲᠣᠮᠢᠯᠠᠬᠤ ᠨᠢᠭᠡᠴᠢ᠎ᠶᠢᠨ ᠢᠲᠡᠭᠡᠮᠵᠢ᠎ᠶᠢᠨ ᠳᠡᠰ᠎ᠢ ᠦᠨᠡᠯᠡᠬᠦ ᠠᠷᠭ᠎ᠠ᠎ᠶᠢ ᠳᠠᠷᠤᠮᠠᠯᠯᠠᠨ ᠲᠠᠷᠬᠠᠭᠠᠵᠤ᠂ ᠬᠥᠳᠡᠯᠮᠦᠷᠢ ᠦᠢᠯᠡᠴᠢᠯᠡᠭᠡ ᠲᠣᠮᠢᠯᠠᠬᠤ ᠨᠢᠭᠡᠴᠢ᠎ᠶᠢᠨ ᠬᠢᠷᠢ ᠬᠡᠮ᠎ᠦᠨ ᠨᠥᠬᠥᠴᠡᠯ᠂ ᠬᠠᠤᠯᠢ᠎ᠶᠢ ᠰᠠᠬᠢᠵᠤ ᠪᠠᠢᠭ᠎ᠠ ᠪᠠᠢᠳᠠᠯ᠂ ᠡᠵᠡᠩᠨᠡᠯᠲᠡ᠎ᠶᠢᠨ ᠪᠠᠢᠳᠠᠯ ᠵᠡᠷᠭᠡ᠎ᠶᠢ ᠦᠨᠳᠦᠰᠦᠯᠡᠨ ᠲᠡᠳᠡᠨ᠎ᠦ ᠢᠲᠡᠭᠡᠮᠵᠢ᠎ᠶᠢᠨ ᠪᠠᠢᠳᠠᠯ᠎ᠳᠤ ᠶᠡᠷᠦᠩᠬᠡᠢᠯᠡᠭᠰᠡᠨ ᠦᠨᠡᠯᠡᠯᠲᠡ ᠬᠢᠵᠦ᠂ ᠬᠥᠳᠡᠯᠮᠦᠷᠢ ᠦᠢᠯᠡᠴᠢᠯᠡᠭᠡ ᠲᠣᠮᠢᠯᠠᠬᠤ ᠶᠠᠪᠤᠳᠠᠯ᠎ᠤᠨ ᠳᠤᠮᠳᠠᠬᠢ ᠪᠠ ᠬᠣᠢᠨᠠᠬᠢ ᠬᠢᠨᠠᠯᠲᠠ ᠬᠠᠮᠢᠶᠠᠷᠤᠯᠲᠠ᠎ᠶᠢ ᠴᠢᠩᠭᠠᠳᠬᠠᠵᠠᠢ᠃ ᠰᠧᠴᠤᠸᠠᠨ ᠮᠤᠵᠢ᠎ᠶᠢᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠢᠩᠬᠢᠮ ᠵᠡᠷᠭᠡ ᠳᠥᠷᠪᠡᠨ ᠰᠠᠯᠠᠭ᠎ᠠ ᠮᠥᠴᠢᠷ ᠬᠣᠲᠠ᠎ᠶᠢᠨ ᠣᠷᠴᠢᠨ ᠲᠣᠭᠣᠷᠢᠨ᠎ᠤ ᠠᠷᠢᠭᠤᠨ ᠴᠡᠪᠡᠷ᠎ᠦᠨ ᠠᠵᠢᠯᠴᠢᠨ᠎ᠤ ᠴᠠᠯᠢᠩ᠎ᠤᠨ ᠲᠤᠰᠬᠠᠢ ᠲᠠᠩᠰᠠᠨ ᠡᠷᠦᠬᠡ᠎ᠶᠢᠨ ᠳᠦᠷᠢᠮ᠎ᠢ ᠬᠡᠷᠡᠭᠵᠢᠭᠦᠯᠬᠦ ᠨᠠᠷᠢᠨ ᠳᠦᠷᠢᠮ᠎ᠢ ᠳᠠᠷᠤᠮᠠᠯᠯᠠᠨ ᠲᠠᠷᠬᠠᠭᠠᠵᠤ᠂ ᠲᠠᠩᠰᠠᠨ ᠡᠷᠦᠬᠡ᠎ᠶᠢᠨ ᠬᠠᠮᠢᠶᠠᠷᠤᠯᠲᠠ᠂ ᠴᠠᠯᠢᠩ ᠣᠯᠭᠣᠬᠤ᠎ᠠᠴᠠ ᠬᠢᠨᠠᠯᠲᠠ ᠲᠠᠯᠪᠢᠵᠤ ᠪᠠᠲᠤᠯᠠᠬᠤ ᠬᠦᠷᠲᠡᠯᠡᠬᠢ ᠪᠥᠬᠥ ᠶᠠᠪᠤᠴᠠ᠎ᠶᠢᠨ ᠵᠢᠷᠤᠮᠵᠢᠯ᠎ᠢ ᠳᠠᠷᠤᠮᠠᠯᠯᠠᠨ ᠲᠠᠷᠬᠠᠭᠠᠵᠤ᠂ ᠣᠷᠴᠢᠨ ᠲᠣᠭᠣᠷᠢᠨ᠎ᠤ ᠠᠷᠢᠭᠤᠨ ᠴᠡᠪᠡᠷ᠎ᠦᠨ ᠠᠵᠢᠯᠴᠢᠨ᠎ᠤ ᠴᠠᠯᠢᠩ᠎ᠢ ᠣᠯᠭᠣᠬᠤ᠎ᠶᠢ ᠪᠠᠲᠤᠯᠠᠪᠠ᠃
ᠠᠵᠤ ᠠᠬᠤᠢᠯᠠᠯ᠎ᠤᠨ ᠴᠠᠯᠢᠩ᠎ᠤᠨ ᠬᠣᠷᠸ᠎ᠠ ᠲᠣᠬᠢᠷᠠᠭᠤᠯᠤᠯ ᠡᠵᠡᠮᠳᠡᠯ᠎ᠦᠨ ᠵᠢᠯᠣᠭᠣᠳᠤᠯᠭ᠎ᠠ᠎ᠶᠢ ᠴᠢᠩᠭᠠᠳᠬᠠᠵᠤ᠂ ᠬᠥᠳᠡᠯᠮᠦᠷᠢᠴᠢᠳ᠎ᠦᠨ ᠴᠠᠯᠢᠩ᠎ᠤᠨ ᠬᠢᠷᠢ ᠬᠡᠮᠵᠢᠶ᠎ᠡ᠎ᠶᠢ ᠳᠡᠭᠡᠭᠰᠢᠯᠡᠭᠦᠯᠬᠦ᠎ᠶᠢ ᠠᠬᠢᠭᠤᠯᠵᠤ᠂ 27 ᠮᠤᠵᠢ ᠬᠤᠳᠠ᠎ᠶᠢ ᠵᠢᠯᠣᠭᠣᠳᠤᠨ ᠨᠠᠭᠠᠲᠤ ᠵᠠᠬ᠎ᠠ᠎ᠶᠢᠨ ᠴᠠᠯᠢᠩ᠎ᠤᠨ ᠪᠠᠷᠢᠮᠵᠢᠶ᠎ᠠ᠎ᠳᠤ ᠲᠣᠬᠢᠷᠠᠭᠤᠯᠤᠯᠲᠠ ᠬᠢᠯᠭᠡᠵᠦ᠂ ᠵᠢᠯ ᠪᠦᠷᠢ ᠳᠤᠮᠳᠠᠴᠢ᠎ᠪᠠᠷ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠶᠠᠮᠤᠨ 《 ᠤᠷ᠎ᠠ ᠮᠡᠷᠭᠡᠵᠢᠯ᠎ᠦᠨ ᠴᠢᠳᠠᠪᠤᠷᠢᠲᠠᠨ᠎ᠤ ᠨᠠᠭᠠᠲᠤ ᠵᠠᠬ᠎ᠠ᠎ᠶᠢᠨ ᠴᠠᠯᠢᠩ᠎ᠤᠨ ᠲᠥᠷᠥᠯ ᠬᠤᠪᠢᠶᠠᠭᠰᠠᠨ ᠯᠠᠪᠯᠠᠯᠲᠠ᠎ᠶᠢᠨ ᠵᠢᠯᠣᠭᠣᠳᠤᠮᠵᠢ 》 ᠶ᠋ᠢ ᠳᠠᠷᠤᠮᠠᠯᠯᠠᠨ ᠲᠠᠷᠬᠠᠭᠠᠵᠤ᠂ ᠣᠷᠣᠨ ᠪᠦᠰᠡ᠂ ᠠᠵᠢᠯ ᠲᠥᠷᠥᠯ᠂ ᠠᠵᠤ ᠠᠬᠤᠢᠯᠠᠯ᠎ᠤᠨ ᠤᠷ᠎ᠠ ᠮᠡᠷᠭᠡᠵᠢᠯ᠎ᠦᠨ ᠴᠢᠳᠠᠪᠤᠷᠢᠲᠠᠨ᠎ᠤ ᠨᠠᠭᠠᠲᠤ ᠵᠠᠬ᠎ᠠ᠎ᠶᠢᠨ ᠴᠠᠯᠢᠩ᠎ᠢ ᠵᠦᠢ ᠵᠣᠬᠢᠰᠲᠠᠢ ᠵᠥᠪᠳᠡᠯᠴᠡᠨ ᠲᠣᠭᠲᠠᠭᠠᠬᠤ᠎ᠳᠤ ᠪᠣᠳᠠᠲᠠᠢ ᠠᠷᠭ᠎ᠠ᠎ᠶᠢᠨ ᠵᠢᠯᠣᠭᠣᠳᠤᠯᠭ᠎ᠠ ᠬᠠᠩᠭᠠᠪᠠ᠃ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠶᠠᠮᠤᠨ ᠵᠡᠷᠭᠡ ᠰᠠᠯᠠᠭ᠎ᠠ ᠮᠥᠴᠢᠷ ᠬᠠᠮᠲᠤᠷᠠᠨ 《 ᠤᠯᠤᠰ᠎ᠤᠨ ᠥᠮᠴᠢᠯᠡᠯᠲᠦ ᠠᠵᠤ ᠠᠬᠤᠢᠯᠠᠯ᠎ᠤᠨ ᠤᠷ᠎ᠠ ᠮᠡᠷᠭᠡᠵᠢᠯᠲᠦ ᠴᠢᠳᠠᠪᠤᠷᠢᠲᠠᠨ᠎ᠤ ᠴᠠᠯᠢᠩ ᠬᠥᠯᠥᠰᠦ᠎ᠶᠢᠨ ᠬᠤᠪᠢᠶᠠᠷᠢᠯᠠᠯᠲᠠ᠎ᠶᠢᠨ ᠤᠷᠮᠠᠰᠢᠭᠤᠯᠤᠯ᠎ᠢ ᠴᠢᠩᠭᠠᠳᠬᠠᠬᠤ ᠲᠤᠬᠠᠢ ᠮᠡᠳᠡᠭᠳᠡᠯ 》 ᠵᠡᠷᠭᠡ᠎ᠶᠢ ᠳᠠᠷᠤᠮᠠᠯᠯᠠᠨ ᠲᠠᠷᠬᠠᠭᠠᠵᠤ᠂ 7 ᠵᠤᠷᠪᠤᠰ ᠲᠥᠷᠥ᠎ᠶᠢᠨ ᠪᠣᠳᠣᠯᠭ᠎ᠠ᠎ᠶᠢᠨ ᠠᠷᠭ᠎ᠠ ᠬᠡᠮᠵᠢᠶ᠎ᠡ᠎ᠶᠢ ᠲᠣᠳᠣᠷᠬᠠᠢᠯᠠᠨ᠂ ᠤᠯᠤᠰ᠎ᠤᠨ ᠥᠮᠴᠢᠯᠡᠯᠲᠦ ᠠᠵᠤ ᠠᠬᠤᠢᠯᠠᠯ᠎ᠢ ᠵᠢᠯᠣᠭᠣᠳᠤᠨ ᠤᠷ᠎ᠠ ᠮᠡᠷᠭᠡᠵᠢᠯ᠎ᠢᠶᠡᠷ ᠤᠳᠤᠷᠢᠳᠤᠮᠵᠢ ᠪᠣᠯᠭᠠᠭᠰᠠᠨ ᠴᠠᠯᠢᠩ ᠬᠥᠯᠥᠰᠦ᠎ᠶᠢᠨ ᠬᠤᠪᠢᠶᠠᠷᠢᠯᠠᠯᠲᠠ᠎ᠶᠢᠨ ᠳᠦᠷᠢᠮ᠎ᠢ ᠪᠠᠢᠭᠤᠯᠤᠨ ᠪᠦᠷᠢᠨᠰᠢᠭᠦᠯᠵᠦ᠂ ᠣᠯᠭᠣᠮᠵᠢ ᠬᠠᠷᠠᠭᠠᠯᠵᠠᠯ᠎ᠢ ᠳᠡᠭᠡᠭᠰᠢᠯᠡᠭᠦᠯᠬᠦ ᠪᠠ ᠤᠷ᠎ᠠ ᠮᠡᠷᠭᠡᠵᠢᠯ᠎ᠢ ᠳᠡᠭᠡᠭᠰᠢᠯᠡᠭᠦᠯᠬᠦ᠎ᠶᠢᠨ ᠰᠠᠢᠨ ᠨᠥᠬᠥᠴᠡᠯᠳᠦᠯᠦᠨ ᠲᠣᠭᠲᠠᠴᠠ᠎ᠶᠢ ᠪᠦᠷᠢᠯᠳᠦᠭᠦᠯᠬᠦ᠎ᠶᠢ ᠠᠬᠢᠭᠤᠯᠪᠠ᠃ ᠤᠯᠤᠰ᠎ᠤᠨ ᠲᠠᠰ ᠳᠠᠪᠬᠤᠷᠭ᠎ᠠ᠎ᠠᠴᠠ 7 ᠵᠢᠯ ᠳᠠᠷᠠᠭᠠᠯᠠᠨ ᠠᠵᠢᠯ ᠮᠡᠷᠭᠡᠵᠢᠯ᠂ ᠠᠵᠢᠯ᠎ᠤᠨ ᠪᠠᠢᠷᠢ᠎ᠶᠢᠨ ᠲᠠᠰ ᠬᠤᠪᠢᠶᠠᠭᠰᠠᠨ ᠠᠵᠤ ᠠᠬᠤᠢᠯᠠᠯ᠎ᠤᠨ ᠠᠵᠢᠯᠲᠠᠨ᠎ᠤ ᠴᠠᠯᠢᠩ᠎ᠤᠨ ᠦᠨ᠎ᠡ᠎ᠶᠢᠨ ᠮᠡᠳᠡᠭᠡ ᠵᠠᠩᠭᠢ᠎ᠶᠢ ᠨᠡᠢᠲᠡᠯᠡᠵᠦ᠂ ᠤᠯᠠᠷᠢᠯ᠎ᠢᠶᠠᠷ ᠵᠠᠬ᠎ᠠ ᠳᠡᠯᠭᠡᠭᠦᠷ᠎ᠦᠨ ᠬᠠᠯᠠᠮᠰᠢᠯ ᠠᠵᠢᠯ᠎ᠤᠨ ᠪᠠᠢᠷᠢ᠎ᠶᠢᠨ ᠠᠵᠢᠯᠲᠠᠨ ᠡᠯᠰᠡᠬᠦ ᠴᠠᠯᠢᠩ ᠬᠥᠯᠥᠰᠦ᠎ᠶᠢ ᠨᠡᠢᠲᠡᠯᠡᠪᠡ᠃ ᠱᠠᠩᠬᠠᠢ ᠵᠡᠷᠭᠡ ᠭᠠᠵᠠᠷ᠎ᠤᠨ ᠬᠢᠨ ᠲᠣᠰ ᠭᠠᠵᠠᠷ᠎ᠤᠨ᠎ᠢᠶᠠᠨ ᠭᠣᠣᠯᠳᠠᠯᠭ᠎ᠠ᠎ᠲᠠᠢ ᠠᠵᠤ ᠦᠢᠯᠡᠰ᠎ᠦᠨ ᠴᠠᠯᠢᠩ᠎ᠤᠨ ᠦᠨ᠎ᠡ᠎ᠶᠢ ᠨᠡᠢᠲᠡᠯᠡᠵᠦ᠂ ᠾᠧᠨᠠᠨ ᠵᠡᠷᠭᠡ ᠭᠠᠵᠠᠷ᠎ᠤᠨ ᠬᠢᠨ ᠲᠤᠰᠬᠠᠢ ᠰᠡᠳᠦᠪ᠎ᠢᠶᠡᠷ ᠤᠷ᠎ᠠ ᠮᠡᠷᠭᠡᠵᠢᠯ᠎ᠦᠨ ᠠᠵᠢᠯ᠎ᠤᠨ ᠪᠠᠢᠷᠢ᠎ᠶᠢᠨ ᠴᠠᠯᠢᠩ᠎ᠤᠨ ᠦᠨ᠎ᠡ᠎ᠶᠢ ᠨᠡᠢᠲᠡᠯᠡᠵᠦ᠂ ᠠᠵᠤ ᠠᠬᠤᠢᠯᠠᠯ᠎ᠢ ᠬᠥᠲᠥᠯᠥᠨ ᠵᠢᠯᠤᠭᠣᠳᠴᠤ ᠪᠠᠢᠭᠠᠳ ᠠᠵᠢᠯᠲᠠᠨ ᠠᠵᠢᠯᠴᠢᠨ᠎ᠤ ᠴᠠᠯᠢᠩ᠎ᠢ ᠵᠦᠢ ᠵᠣᠬᠢᠰᠲᠠᠢ ᠲᠣᠭᠲᠠᠭᠠᠬᠤ᠎ᠳᠤ ᠮᠡᠳᠡᠭᠡ ᠵᠠᠩᠭᠢ᠎ᠶᠢᠨ ᠯᠠᠪᠯᠠᠯᠲᠠ ᠬᠠᠩᠭᠠᠪᠠ᠃
ᠬᠥᠳᠡᠯᠮᠦᠷᠢ᠎ᠶᠢᠨ ᠬᠠᠷᠢᠴᠠᠭ᠎ᠠ᠎ᠶᠢ ᠵᠠᠰᠠᠬᠤ ᠴᠢᠳᠠᠪᠤᠷᠢ᠎ᠶᠢ ᠳᠡᠭᠡᠭᠰᠢᠯᠡᠭᠦᠯᠪᠡ᠃ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠶᠠᠮᠤᠨ ᠣᠷᠣᠨ ᠪᠦᠰᠡ᠎ᠶᠢᠨ ᠡᠶ᠎ᠡ ᠵᠣᠬᠢᠴᠠᠯ᠎ᠲᠠᠢ ᠬᠥᠳᠡᠯᠮᠦᠷᠢ᠎ᠶᠢᠨ ᠬᠠᠷᠢᠴᠠᠭ᠎ᠠ᠎ᠶᠢᠨ ᠴᠢᠨᠠᠷ ᠰᠠᠢᠲᠠᠢ ᠬᠥᠭᠵᠢᠯᠲᠡ᠎ᠶᠢᠨ ᠥᠭᠡᠷᠡᠴᠢᠯᠡᠯᠲᠡ ᠬᠢᠵᠦ ᠰᠢᠨ᠎ᠡ᠎ᠶᠢ ᠡᠭᠦᠳᠬᠦ ᠲᠤᠷᠰᠢᠯᠲᠠ᠎ᠶᠢ ᠦᠷᠭᠦᠯᠵᠢᠯᠡᠨ ᠠᠬᠢᠭᠤᠯᠵᠤ᠂ ᠠᠵᠤ ᠦᠢᠯᠡᠰ᠎ᠦᠨ ᠬᠡᠯᠬᠢᠶ᠎ᠡ ᠬᠠᠩᠭᠠᠯᠭ᠎ᠠ᠎ᠶᠢᠨ ᠬᠡᠯᠬᠢᠶ᠎ᠡ᠎ᠶᠢᠨ ᠡᠶ᠎ᠡ ᠵᠣᠬᠢᠴᠠᠯ᠎ᠲᠠᠢ ᠬᠥᠳᠡᠯᠮᠦᠷᠢ᠎ᠶᠢᠨ ᠬᠠᠷᠢᠴᠠᠭ᠎ᠠ᠎ᠶᠢ ᠪᠠᠶ᠋ᠢᠭᠤᠯᠬᠤ ᠵᠡᠷᠭᠡ ᠠᠷᠭ᠎ᠠ ᠬᠢᠳᠡᠯ ᠲᠤᠷᠰᠢᠯᠭ᠎ᠠ᠎ᠶᠢ ᠮᠥᠷᠳᠡᠨ ᠳ᠋ᠦᠩᠨᠡᠵᠦ᠂ ᠦᠨᠳᠦᠰᠦᠨ ᠱᠠᠲᠤᠨ᠎ᠤ ᠬᠥᠳᠡᠯᠮᠦᠷᠢ᠎ᠶᠢᠨ ᠬᠠᠷᠢᠴᠠᠭ᠎ᠠ᠎ᠶᠢᠨ ᠣᠯᠠᠨ ᠨᠡᠶ᠋ᠢᠲᠡ᠎ᠶᠢᠨ ᠬᠥᠳᠡᠯᠮᠦᠷᠢ᠎ᠶᠢᠨ ᠬᠠᠷᠢᠴᠠᠭ᠎ᠠ᠎ᠶᠢᠨ ᠵᠣᠬᠢᠴᠠᠭᠤᠯᠤᠭ᠍ᠴᠢ᠎ᠶᠢᠨ ᠡᠩᠨᠡᠭᠡ᠎ᠶᠢᠨ ᠪᠠᠢᠭᠤᠯᠤᠯᠲᠠ᠎ᠶᠢ ᠠᠬᠢᠭᠤᠯᠵᠤ᠂ ᠡᠨᠡ ᠵᠢᠯ᠎ᠦᠨ 9 ᠳ᠋ᠦ᠍ᠭᠡᠷ ᠰᠠᠷ᠎ᠠ᠎ᠳᠤ ᠭᠤᠷᠪᠠᠳᠤᠭᠠᠷ ᠬᠤᠭᠤᠴᠠᠭᠠᠨ᠎ᠤ ᠪᠥᠬᠥ ᠤᠯᠤᠰ᠎ᠤᠨ ᠤᠷ᠎ᠠ ᠮᠡᠷᠭᠡᠵᠢᠯ᠎ᠦᠨ ᠤᠷᠤᠯᠳᠤᠭᠠᠨ᠎ᠳᠤ᠂ ᠬᠥᠳᠡᠯᠮᠦᠷᠢ᠎ᠶᠢᠨ ᠬᠠᠷᠢᠴᠠᠭ᠎ᠠ᠎ᠶᠢᠨ ᠵᠣᠬᠢᠴᠠᠭᠤᠯᠤᠭ᠍ᠴᠢ ᠠᠩᠬ᠎ᠠ ᠤᠳᠠᠭ᠎ᠠ ᠤᠷᠤᠯᠳᠤᠭᠠᠨ᠎ᠤ ᠲᠥᠷᠥᠯ ᠵᠦᠢᠯ᠎ᠦᠨ ᠬᠤᠪᠢ᠎ᠪᠠᠷ ᠤᠷᠤᠯᠳᠤᠭᠠᠨ᠎ᠳᠤ ᠣᠷᠣᠯᠴᠠᠵᠤ᠂ ᠪᠥᠬᠥ ᠤᠯᠤᠰ᠎ᠤᠨ 32 ᠭᠠᠵᠠᠷ ᠣᠷᠣᠨ᠎ᠠᠴᠠ ᠢᠷᠡᠭᠰᠡᠨ 32 ᠤᠷᠤᠯᠳᠤᠭᠠᠨ᠎ᠳᠤ ᠣᠷᠣᠯᠴᠠᠭᠰᠠᠳ ᠠᠵᠢᠯᠴᠢᠨ ᠬᠡᠷᠡᠭᠯᠡᠬᠦ ᠣᠨᠣᠰᠢᠯᠠᠯᠲᠠ᠂ ᠪᠢᠴᠢᠭ ᠮᠠᠲᠧᠷᠢᠶᠠᠯ᠎ᠤᠨ ᠰᠢᠢᠳᠪᠦᠷᠢᠯᠡᠯᠲᠡ᠂ ᠨᠡᠪᠲᠡᠷᠡᠯᠴᠡᠨ ᠵᠥᠪᠳᠡᠯᠴᠡᠬᠦ᠂ ᠵᠢᠭᠤᠷᠠᠯᠳᠤᠭᠠᠨ᠎ᠢ ᠵᠣᠬᠢᠴᠠᠭᠤᠯᠤᠨ ᠰᠢᠢᠳᠪᠦᠷᠢᠯᠡᠬᠦ᠂ ᠤᠷᠤᠯᠳᠤᠭᠠᠨ᠎ᠤ ᠬᠤᠷᠳᠤᠴᠠ᠎ᠶᠢᠨ ᠥᠷᠢᠰᠦᠯᠳᠦᠭᠡᠨ ᠵᠡᠷᠭᠡ ᠲᠠᠯ᠎ᠠ᠎ᠪᠠᠷ ᠮᠥᠷᠥᠢᠴᠡᠵᠦ᠂ ᠠᠯᠲᠠ ᠮᠥᠩᠭᠥ ᠬᠦᠷᠡᠯ ᠱᠠᠩᠨᠠᠯ ᠪᠠ ᠰᠢᠯᠢᠳᠡᠭ ᠱᠠᠩᠨᠠᠯ᠎ᠢ ᠰᠢᠯᠭᠠᠷᠠᠭᠤᠯᠪᠠ᠃ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠶᠠᠮᠤᠨ 《 ᠬᠥᠳᠡᠯᠮᠦᠷᠢ᠎ᠶᠢᠨ ᠬᠠᠷᠢᠴᠠᠭ᠎ᠠ᠎ᠶᠢ ᠵᠣᠬᠢᠴᠠᠭᠤᠯᠬᠤ ᠭᠤᠷᠪᠠᠨ ᠲᠠᠯ᠎ᠠ᠎ᠶᠢᠨ ᠲᠣᠭᠲᠠᠴᠠ᠎ᠶᠢᠨ ᠪᠠᠢᠭᠤᠯᠤᠯᠲᠠ᠎ᠶᠢ ᠴᠢᠩᠭᠠᠳᠬᠠᠬᠤ ᠲᠤᠬᠠᠢ ᠰᠠᠨᠠᠯ 》᠎ᠢ ᠲᠣᠭᠲᠠᠭᠠᠵᠤ᠂ ᠡᠯ᠎ᠡ ᠭᠠᠵᠠᠷ᠎ᠤᠨ ᠭᠤᠷᠪᠠᠨ ᠲᠠᠯ᠎ᠠ᠎ᠶᠢᠨ ᠲᠣᠭᠲᠠᠴᠠ᠎ᠶᠢᠨ ᠵᠣᠬᠢᠶᠠᠨ ᠪᠠᠢᠭᠤᠯᠤᠯᠲᠠ᠎ᠶᠢᠨ ᠰᠢᠰᠲᠧᠮ᠎ᠢ ᠲᠡᠭᠦᠯᠳᠡᠷᠵᠢᠭᠦᠯᠬᠦ᠎ᠶᠢ ᠠᠬᠢᠭᠤᠯᠪᠠ᠃ ᠡᠯ᠎ᠡ ᠭᠠᠵᠠᠷ᠎ᠤᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠰᠠᠯᠠᠭ᠎ᠠ ᠮᠥᠴᠢᠷ᠎ᠦᠳ ᠵᠥᠪᠳᠡᠯᠴᠡᠬᠦ ᠲᠣᠭᠲᠠᠴᠠ᠎ᠶᠢ ᠪᠦᠷᠢᠨᠰᠢᠭᠦᠯᠬᠦ ᠪᠠ ᠲᠤᠰᠬᠠᠢ ᠮᠡᠷᠭᠡᠵᠢᠯ᠎ᠦᠨ ᠴᠢᠳᠠᠪᠤᠷᠢᠲᠠᠨ᠎ᠢ ᠬᠥᠮᠥᠵᠢᠭᠦᠯᠬᠦ ᠵᠡᠷᠭᠡ ᠠᠷᠭ᠎ᠠ ᠮᠠᠶᠢᠭ᠋᠎ᠢᠶᠠᠷ ᠳᠠᠮᠵᠢᠭᠤᠯᠤᠨ᠂ ᠡᠶ᠎ᠡ ᠵᠣᠬᠢᠴᠠᠯ᠎ᠲᠠᠢ ᠪᠥᠭᠡᠳ ᠲᠣᠭᠲᠠᠭᠤᠨ ᠬᠥᠳᠡᠯᠮᠦᠷᠢ᠎ᠶᠢᠨ ᠬᠠᠷᠢᠴᠠᠭ᠎ᠠ᠎ᠶᠢ ᠬᠦᠴᠦᠯᠡᠨ ᠪᠠᠢᠭᠤᠯᠪᠠ᠃ ᠭᠤᠸᠠᠩᠵᠧᠦ ᠬᠤᠳᠠ᠎ᠶᠢᠨ ᠬᠢᠨ ᠵᠠᠰᠠᠭ᠎ᠤᠨ ᠣᠷᠳᠣᠨ᠂ ᠠᠵᠢᠯᠴᠢᠨ᠎ᠤ ᠡᠪᠯᠡᠯ᠂ ᠠᠵᠤ ᠠᠬᠤᠢᠯᠠᠯ᠎ᠤᠨ ᠲᠥᠯᠥᠭᠡᠯᠡᠭᠴᠢ᠎ᠶᠢᠨ ᠵᠣᠬᠢᠶᠠᠨ ᠪᠠᠢᠭᠤᠯᠤᠯᠲᠠ ᠵᠡᠷᠭᠡ ᠬᠠᠮᠲᠤ᠎ᠪᠠᠷ ᠣᠷᠣᠯᠴᠠᠭᠰᠠᠨ ᠬᠥᠳᠡᠯᠮᠦᠷᠢ᠎ᠶᠢᠨ ᠬᠠᠷᠢᠴᠠᠭ᠎ᠠ᠎ᠶᠢᠨ ᠭᠤᠷᠪᠠᠨ ᠲᠠᠯ᠎ᠠ᠎ᠶᠢᠨ ᠵᠥᠪᠳᠡᠯᠴᠡᠬᠦ ᠲᠣᠭᠲᠠᠴᠠ᠎ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠥᠳᠡᠯᠮᠦᠷᠢ᠎ᠶᠢᠨ ᠲᠦᠷᠦ᠎ᠶᠢᠨ ᠪᠣᠳᠣᠯᠭ᠎ᠠ᠎ᠶᠢ ᠲᠣᠭᠲᠠᠭᠠᠬᠤ᠂ ᠬᠥᠳᠡᠯᠮᠦᠷᠢ᠎ᠶᠢᠨ ᠬᠠᠷᠢᠴᠠᠭ᠎ᠠ᠎ᠶᠢᠨ ᠠᠰᠠᠭᠤᠳᠠᠯ᠎ᠢ ᠰᠢᠢᠳᠪᠦᠷᠢᠯᠡᠬᠦ᠎ᠳᠡᠭᠡᠨ ᠭᠦᠢᠴᠡᠳ ᠨᠡᠪᠲᠡᠷᠡᠯᠴᠡᠵᠦ᠂ ᠬᠠᠮᠲᠤ᠎ᠶᠢᠨ ᠲᠠᠨᠢᠯᠲᠠ᠎ᠪᠠᠨ ᠨᠢᠭ᠍ᠲᠠᠷᠠᠭᠤᠯᠵᠤ᠂ ᠬᠥᠳᠡᠯᠮᠦᠷᠢ᠎ᠶᠢᠨ ᠬᠠᠷᠢᠴᠠᠭ᠎ᠠ᠎ᠶᠢᠨ ᠡᠯ᠎ᠡ ᠵᠦᠢᠯ᠎ᠦᠨ ᠠᠷᠭ᠎ᠠ ᠬᠡᠮᠵᠢᠶ᠎ᠡ᠎ᠶᠢ ᠪᠣᠳᠠᠲᠠᠢ᠎ᠳᠤ ᠨᠠᠢᠳᠠᠪᠤᠷᠢᠵᠢᠭᠤᠯᠬᠤ᠎ᠶᠢ ᠦᠨᠡᠨ ᠬᠦ᠌ ᠪᠠᠲᠤᠯᠠᠪᠠ᠃ ᠱᠠᠨᠳᠦ᠋ᠩ ᠮᠤᠵᠢ᠎ᠶᠢᠨ ᠵᠢᠨᠢᠩ ᠬᠣᠲᠠ᠎ᠶᠢᠨ ᠲᠠᠪᠤᠨ ᠰᠠᠯᠠᠭ᠎ᠠ ᠮᠥᠴᠢᠷ ᠬᠠᠮᠲᠤᠷᠠᠨ ᠬᠥᠳᠡᠯᠮᠦᠷᠢ᠎ᠶᠢᠨ ᠬᠠᠷᠢᠴᠠᠭ᠎ᠠ᠎ᠶᠢᠨ ᠵᠣᠬᠢᠴᠠᠭᠤᠯᠤᠭ᠍ᠴᠢ᠎ᠶᠢ ᠪᠣᠢᠵᠢᠭᠤᠯᠤᠨ ᠬᠥᠭᠵᠢᠭᠦᠯᠬᠦ ᠬᠠᠮᠢᠶᠠᠷᠤᠯᠲᠠ᠎ᠶᠢᠨ ᠠᠷᠭ᠎ᠠ᠎ᠶᠢ ᠨᠡᠢᠲᠡᠯᠡᠵᠦ᠂ 《 ᠰᠣᠩᠭᠣᠬᠤ᠂ ᠪᠣᠢᠵᠢᠭᠤᠯᠬᠤ᠂ ᠬᠡᠷᠡᠭᠯᠡᠬᠦ᠂ ᠦᠨᠡᠯᠡᠬᠦ 》 4 ᠲᠠᠯ᠎ᠠ᠎ᠠᠴᠠ ᠪᠥᠬᠥ ᠬᠡᠯᠬᠢᠶᠡᠨ᠎ᠦ ᠪᠣᠢᠵᠢᠭᠤᠯᠤᠯᠲᠠ᠎ᠶᠢᠨ ᠲᠣᠭᠲᠠᠴᠠ᠎ᠶᠢ ᠪᠠᠢᠭᠤᠯᠵᠤ᠂ ᠪᠥᠬᠥ ᠦᠶᠡᠯᠡᠯ᠎ᠦᠨ ᠬᠤᠭᠤᠴᠠᠭᠠᠨ᠎ᠳᠤ ᠬᠦᠴᠦᠨ ᠣᠯᠭᠣᠵᠤ ᠠᠵᠢᠯᠲᠠᠨ᠎ᠤ ᠠᠵᠢᠯ ᠮᠡᠷᠭᠡᠵᠢᠯ᠎ᠦᠨ ᠬᠥᠭᠵᠢᠯᠲᠡ᠎ᠶᠢ ᠠᠬᠢᠭᠤᠯᠪᠠ᠃
ᠡᠶᠡᠳᠡᠭᠦᠯᠬᠦ ᠪᠠ ᠬᠥᠨᠳᠡᠯᠡᠨ᠎ᠡᠴᠡ ᠲᠠᠰᠤᠯᠬᠤ ᠲᠣᠭᠲᠠᠴᠠ᠎ᠶᠢ ᠰᠢᠨᠡᠴᠢᠯᠡᠵᠦ ᠮᠠᠷᠭᠤᠯᠳᠤᠭᠠᠨ ᠵᠢᠭᠤᠷᠠᠯᠳᠤᠭᠠᠨ᠎ᠢ ᠰᠢᠢᠳᠪᠦᠷᠢᠯᠡᠪᠡ
ᠡᠯ᠎ᠡ ᠱᠠᠲᠤᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠰᠠᠯᠠᠭ᠎ᠠ ᠮᠥᠴᠢᠷ᠎ᠦᠳ ᠡᠶ᠎ᠡ ᠵᠣᠬᠢᠴᠠᠯ᠎ᠲᠠᠢ ᠬᠥᠳᠡᠯᠮᠦᠷᠢ᠎ᠶᠢᠨ ᠬᠠᠷᠢᠴᠠᠭ᠎ᠠ᠎ᠶᠢᠨ ᠪᠠᠢᠭᠤᠯᠤᠯᠲᠠ᠎ᠶᠢᠨ ᠭᠣᠣᠯᠳᠠᠯᠭ᠎ᠠ᠎ᠲᠠᠢ ᠭᠣᠭᠴᠣᠭ᠎ᠠ᠂ ᠭᠣᠣᠯᠳᠠᠯᠭ᠎ᠠ᠎ᠲᠠᠢ ᠡᠲᠡᠭᠡᠳ᠂ ᠭᠣᠣᠯᠳᠠᠯᠭ᠎ᠠ᠎ᠲᠠᠢ ᠬᠦᠷᠢᠶ᠎ᠡ ᠴᠠᠷᠠᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠡᠶᠡᠳᠡᠭᠦᠯᠬᠦ ᠪᠠ ᠬᠥᠨᠳᠡᠯᠡᠨ᠎ᠡᠴᠡ ᠲᠠᠰᠤᠯᠬᠤ ᠵᠡᠷᠭᠡ᠎ᠪᠡᠷ ᠳᠠᠮᠵᠢᠭᠤᠯᠤᠨ ᠵᠢᠭᠤᠷᠠᠯᠳᠤᠭᠠᠨ᠎ᠢ ᠪᠦᠲᠦᠮᠵᠢᠲᠡᠶ ᠰᠢᠢᠳᠪᠦᠷᠢᠯᠡᠵᠦ᠂ ᠬᠦᠳᠡᠯᠮᠤᠷᠢ᠎ᠶᠢᠨ ᠬᠠᠷᠢᠴᠠᠭ᠎ᠠ᠎ᠶᠢᠨ ᠡᠶ᠎ᠡ ᠵᠣᠬᠢᠴᠠᠯ ᠲᠠᠢ ᠲᠣᠭᠲᠠᠭᠤᠨ ᠪᠠᠢᠬᠤ᠎ᠶᠢ ᠠᠬᠢᠭᠤᠯᠪᠠ᠃
ᠨᠡᠢᠭᠡᠮ᠎ᠦᠨ ᠵᠥᠷᠢᠴᠡᠯ ᠵᠢᠭᠤᠷᠠᠯᠳᠤᠭᠠᠨ᠎ᠢ ᠤᠷᠢᠳᠴᠢᠯᠠᠨ ᠰᠡᠷᠭᠡᠢᠯᠡᠵᠦ ᠠᠷᠢᠯᠭᠠᠬᠤ ᠠᠵᠢᠯ᠎ᠳᠤ ᠣᠷᠣᠯᠴᠠᠪᠠ᠃ ᠶᠡᠷᠦᠩᠬᠡᠢᠯᠡᠨ ᠵᠠᠰᠠᠬᠤ ᠲᠥᠪ᠎ᠢ ᠵᠢᠷᠤᠮᠵᠢᠭᠤᠯᠬᠤ ᠪᠠᠢᠭᠤᠯᠤᠯᠲᠠ᠎ᠶᠢ ᠠᠬᠢᠭᠤᠯᠬᠤ᠎ᠳᠤ ᠢᠳᠡᠪᠬᠢᠲᠡᠢ ᠣᠷᠣᠯᠴᠠᠵᠤ᠂ ᠠᠵᠢᠯ ᠣᠯᠭᠣᠯᠲᠠ᠎ᠶᠢᠨ ᠰᠢᠨ᠎ᠡ ᠬᠡᠯᠪᠡᠷᠢ᠎ᠶᠢᠨ ᠬᠥᠳᠡᠯᠮᠦᠷᠢ᠎ᠶᠢᠨ ᠵᠢᠭᠤᠷᠠᠯᠳᠤᠭᠠᠨ᠎ᠢ ᠨᠢᠭᠡ ᠦᠷᠲᠡᠭᠡᠴᠢᠯᠡᠭᠰᠡᠨ ᠮᠠᠶᠢᠭ᠋᠎ᠢᠶᠠᠷ ᠡᠶᠡᠳᠡᠭᠦᠯᠬᠦ ᠠᠵᠢᠯ᠎ᠢ ᠥᠷᠨᠢᠭᠦᠯᠵᠦ᠂ ᠨᠢᠭᠡᠨᠲᠡ 3000 ᠭᠠᠷᠤᠢ ᠨᠢᠭᠡ ᠦᠷᠲᠡᠭᠡᠴᠢᠯᠡᠭᠰᠡᠨ ᠮᠠᠶᠢᠭ᠋᠎ᠤᠨ ᠡᠶᠡᠳᠡᠭᠦᠯᠬᠦ ᠲᠥᠪ᠎ᠢ ᠪᠠᠢᠭᠤᠯᠪᠠ᠃ ᠪᠡᠭᠡᠵᠢᠩ ᠬᠣᠲᠠ᠎ᠶᠢᠨ ᠬᠢᠨ ᠲᠠᠪᠴᠠᠩ᠎ᠤᠨ ᠠᠵᠤ ᠠᠬᠤᠢ ᠬᠥᠭᠵᠢᠶᠡᠨᠲᠡᠢ᠂ ᠰᠢᠨ᠎ᠡ ᠡᠵᠡᠩᠨᠡᠯᠲᠡ᠎ᠶᠢᠨ ᠬᠡᠯᠪᠡᠷᠢ ᠪᠠᠢᠳᠠᠯ᠎ᠤᠨ ᠬᠥᠳᠡᠯᠮᠦᠷᠢ᠎ᠶᠢᠨ ᠵᠢᠭᠤᠷᠠᠯᠳᠤᠭᠠᠨ ᠨᠡᠯᠢᠶᠡᠳ ᠣᠯᠠᠨ ᠪᠠᠢᠭ᠎ᠠ ᠭᠠᠵᠠᠷ ᠣᠷᠣᠨ ᠪᠤᠶᠤ ᠠᠵᠢᠯ ᠲᠥᠷᠥᠯ᠎ᠳᠦ ᠠᠩᠬᠠᠷᠤᠯ᠎ᠢᠶᠠᠨ ᠲᠥᠪᠯᠡᠷᠡᠭᠦᠯᠦᠨ᠂ ᠰᠢᠨ᠎ᠡ ᠠᠵᠢᠯ ᠣᠯᠭᠣᠯᠲᠠ᠎ᠶᠢᠨ ᠬᠡᠯᠪᠡᠷᠢ ᠪᠠᠢᠳᠠᠯ᠎ᠤᠨ ᠬᠥᠳᠡᠯᠮᠦᠷᠢ᠎ᠶᠢᠨ ᠵᠢᠭᠤᠷᠠᠯᠳᠤᠭᠠᠨ᠎ᠢ ᠰᠢᠢᠳᠪᠦᠷᠢᠯᠡᠬᠦ ᠨᠢᠭᠡ ᠦᠷᠲᠡᠭᠡᠴᠢᠯᠡᠭᠰᠡᠨ ᠮᠠᠶᠢᠭ᠋᠎ᠤᠨ ᠡᠶᠡᠳᠡᠭᠦᠯᠬᠦ ᠲᠥᠪ᠎ᠢ ᠪᠠᠢᠭᠤᠯᠵᠤ᠂ ᠬᠣᠲᠠ᠂ ᠲᠣᠭᠣᠷᠢᠭ᠋᠂ ᠰᠢᠶᠠᠩ ᠪᠠᠯᠭᠠᠰᠤ ( ᠵᠡᠭᠡᠯᠢ ᠭᠤᠳᠤᠮᠵᠢ ) ᠭᠤᠷᠪᠠᠨ ᠱᠠᠲᠤᠨ᠎ᠤ ᠭᠤᠯᠳᠤ᠎ᠪᠠᠷ ᠨᠡᠪᠲᠡᠷᠡᠭᠦᠯᠬᠦ ᠡᠶᠡᠳᠡᠭᠦᠯᠬᠦ ᠵᠣᠬᠢᠶᠠᠨ ᠪᠠᠢᠭᠤᠯᠤᠯᠲᠠ᠎ᠶᠢᠨ ᠰᠢᠰᠲᠧᠮ᠎ᠢ ᠪᠠᠢᠭᠤᠯᠵᠤ᠂ ᠰᠢᠨ᠎ᠡ ᠡᠵᠡᠩᠨᠡᠯᠲᠡ᠎ᠶᠢᠨ ᠬᠡᠯᠪᠡᠷᠢ ᠪᠠᠢᠳᠠᠯ᠎ᠤᠨ ᠬᠥᠳᠡᠯᠮᠦᠷᠢᠴᠢᠨ᠎ᠦ ᠡᠷᠬᠡ᠎ᠪᠡᠨ ᠬᠠᠮᠠᠭᠠᠯᠠᠬᠤ᠎ᠳᠤ ᠬᠦᠴᠢᠷᠲᠡᠢ᠂ ᠣᠯᠠᠨ ᠤᠳᠠᠭ᠎ᠠ ᠭᠦᠶᠦᠯᠭᠡᠬᠦ ᠠᠰᠠᠭᠤᠳᠠᠯ᠎ᠢ ᠰᠢᠢᠳᠪᠦᠷᠢᠯᠡᠵᠡᠢ᠃ ᠾᠧᠪᠧᠢ ᠮᠤᠵᠢ᠎ᠶᠢᠨ ᠴᠢᠭᠤᠯᠤᠯᠲᠤ ᠬᠠᠭᠠᠯᠭ᠎ᠠ ᠬᠣᠲᠠ᠎ᠶᠢᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠰᠠᠯᠠᠭ᠎ᠠ ᠮᠥᠴᠢᠷ 16 ᠰᠢᠶᠠᠨ ( ᠲᠣᠭᠣᠷᠢᠭ᠋ )᠎ᠤ ᠶᠡᠷᠦᠩᠬᠡᠢᠯᠡᠨ ᠵᠠᠰᠠᠬᠤ ᠲᠥᠪ᠎ᠲᠦ ᠪᠠᠢᠩᠭᠤ ᠰᠠᠭᠤᠵᠤ᠂ 《 ᠤᠷᠢᠳᠴᠢᠯᠠᠨ ᠰᠡᠷᠭᠡᠢᠯᠡᠬᠦ᠎ᠶᠢ ᠲᠡᠷᠢᠭᠦᠨ᠎ᠳᠦ ᠲᠠᠯᠪᠢᠵᠤ᠂ ᠡᠶᠡᠳᠡᠭᠦᠯᠬᠦ᠎ᠶᠢ ᠲᠡᠷᠢᠭᠦᠨ᠎ᠳᠦ ᠲᠠᠯᠪᠢᠬᠤ 》᠎ᠶᠢ ᠪᠠᠷᠢᠮᠲᠠᠯᠠᠨ᠂ ᠬᠥᠳᠡᠯᠮᠦᠷᠢ ᠠᠵᠢᠯᠲᠠᠨ᠎ᠤ ᠶᠠᠪᠤᠳᠠᠯ᠎ᠤᠨ ᠮᠠᠷᠭᠤᠯᠳᠤᠭᠠᠨ ᠵᠢᠭᠤᠷᠠᠯᠳᠤᠭᠠᠨ᠎ᠢ 《 ᠨᠢᠭᠡ ᠦᠷᠲᠡᠭᠡᠴᠢᠯᠡᠭᠰᠡᠨ ᠮᠠᠶᠢᠭ᠋᠎ᠢᠶᠠᠷ ᠭᠥᠯᠢᠶᠡᠨ ᠠᠪᠴᠤ ᠰᠢᠢᠳᠪᠦᠷᠢᠯᠡᠬᠦ᠂ ᠪᠦᠬᠦᠨ᠎ᠢ ᠵᠣᠬᠢᠴᠠᠭᠤᠯᠤᠨ ᠰᠢᠢᠳᠪᠦᠷᠢᠯᠡᠬᠦ᠂ ᠪᠥᠬᠥ ᠬᠡᠯᠬᠢᠶ᠎ᠡ᠎ᠪᠡᠷ ᠰᠢᠢᠳᠪᠦᠷᠢᠯᠡᠬᠦ 》᠎ᠶᠢ ᠪᠡᠶᠡᠯᠡᠭᠦᠯᠪᠡ᠃
ᠠᠵᠢᠯ᠎ᠤᠨ ᠵᠢᠯᠣᠭᠣᠳᠤᠯᠭ᠎ᠠ᠎ᠶᠢᠨ ᠡᠷᠴᠢᠮ᠎ᠢᠶᠡᠨ ᠴᠢᠩᠭᠠᠷᠠᠭᠤᠯᠵᠤ᠂ ᠣᠯᠠᠨ ᠲᠠᠯ᠎ᠠ᠎ᠪᠠᠷ ᠬᠣᠯᠪᠤᠭᠠᠯᠠᠨ ᠬᠥᠳᠡᠯᠦᠯᠴᠡᠵᠦ ᠨᠡᠢᠯᠡᠯ ᠬᠦᠴᠦᠨ᠎ᠢ ᠪᠦᠷᠢᠯᠳᠦᠭᠦᠯᠪᠡ᠃ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠶᠠᠮᠤᠨ ᠡᠶᠡᠳᠡᠭᠦᠯᠬᠦ ᠪᠠ ᠬᠥᠨᠳᠡᠯᠡᠨ᠎ᠡᠴᠡ ᠲᠠᠰᠤᠯᠬᠤ ᠬᠠᠤᠯᠢ ᠴᠠᠭᠠᠵᠠ ᠲᠥᠷᠥ᠎ᠶᠢᠨ ᠪᠣᠳᠣᠯᠭ᠎ᠠ᠎ᠶᠢᠨ ᠬᠡᠷᠡᠭᠯᠡᠯᠲᠡ᠎ᠶᠢ ᠤᠯᠠᠮ ᠨᠢᠭᠡ ᠠᠯᠬᠤᠮ ᠨᠢᠭᠡᠳᠦᠯᠲᠡᠢ ᠪᠣᠯᠭᠠᠵᠤ᠂ 《 ᠠᠳᠠᠯᠢ ᠲᠥᠷᠥᠯ᠎ᠦᠨ ᠬᠡᠷᠡᠭ᠎ᠢ ᠠᠳᠠᠯᠢ᠎ᠪᠠᠷ ᠲᠠᠰᠤᠯᠬᠤ 》᠎ᠶᠢ ᠠᠬᠢᠭᠤᠯᠪᠠ ; ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠡᠶᠡᠳᠡᠭᠦᠯᠦᠭᠰᠡᠨ ᠨᠡᠢᠲᠡᠯᠢᠭ ᠲᠤᠷᠰᠢᠯᠭ᠎ᠠ᠎ᠶᠢ ᠳ᠋ᠦᠩᠨᠡᠵᠦ᠂ ᠠᠷᠠᠳ᠎ᠤᠨ ᠳᠡᠭᠡᠳᠦ ᠰᠢᠭᠦᠬᠦ ᠬᠣᠷᠢᠶ᠎ᠠ᠎ᠲᠠᠢ ᠬᠠᠮᠲᠤᠷᠠᠨ ᠳᠥᠷᠪᠡᠳᠦᠭᠡᠷ ᠪᠦᠯᠦᠭ᠎ᠦᠨ ᠬᠥᠨᠳᠡᠯᠡᠨ᠎ᠡᠴᠡ ᠲᠠᠰᠤᠯᠤᠭᠰᠠᠨ ᠨᠡᠢᠲᠡᠯᠢᠭ ᠬᠡᠷᠡᠭ᠎ᠦᠨ ᠵᠢᠱ᠌ᠢᠶ᠎ᠡ᠎ᠶᠢ ᠳᠠᠷᠤᠮᠠᠯᠯᠠᠨ ᠲᠠᠷᠬᠠᠭᠠᠵᠤ᠂ ᠬᠡᠷᠡᠭ ᠰᠢᠢᠳᠪᠦᠷᠢᠯᠡᠬᠦ ᠪᠠᠷᠢᠮᠵᠢᠶ᠎ᠠ᠎ᠶᠢ ᠨᠢᠭᠡᠳᠬᠡᠪᠡ᠃ 5 ᠳ᠋ᠤᠭᠠᠷ ᠰᠠᠷ᠎ᠠ᠎ᠶᠢᠨ 22᠎ᠤᠨ ᠡᠳᠦᠷ᠂ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠶᠠᠮᠤᠨ ᠬᠠᠷᠠᠮᠥ᠋ᠷᠡᠨ ᠮᠤᠵᠢ᠎ᠶᠢᠨ ᠬᠠᠷᠪᠢᠨ ᠬᠣᠲᠠ᠎ᠳᠤ ᠬᠥᠳᠡᠯᠮᠦᠷᠢ ᠠᠵᠢᠯᠲᠠᠨ᠎ᠤ ᠶᠠᠪᠤᠳᠠᠯ᠎ᠤᠨ ᠮᠠᠷᠭᠤᠯᠳᠤᠭᠠᠨ᠎ᠢ ᠡᠶᠡᠳᠡᠭᠦᠯᠬᠦ ᠪᠠ ᠬᠥᠨᠳᠡᠯᠡᠨ᠎ᠡᠴᠡ ᠲᠠᠰᠤᠯᠬᠤ ᠠᠵᠢᠯ᠎ᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠡᠶᠡᠳᠡᠭᠦᠯᠬᠦ ᠪᠠ ᠬᠥᠨᠳᠡᠯᠡᠨ᠎ᠡᠴᠡ ᠲᠠᠰᠤᠯᠬᠤ ᠠᠵᠢᠯ᠎ᠢ ᠵᠢᠷᠤᠮᠵᠢᠭᠤᠯᠬᠤ᠂ ᠪᠠᠷᠢᠮᠵᠢᠶᠠᠵᠢᠭᠤᠯᠬᠤ᠂ ᠲᠤᠰᠬᠠᠢᠵᠢᠭᠤᠯᠬᠤ᠂ ᠣᠶᠤᠨᠴᠢᠯᠠᠬᠤ ᠪᠠᠢᠭᠤᠯᠤᠯᠲᠠ᠎ᠶᠢ ᠲᠦᠯᠬᠢᠨ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃ ᠴᠧᠩᠳᠦ᠋ ᠴᠦᠩᠴᠢᠩ ᠣᠷᠣᠨ᠎ᠤ ᠬᠣᠶᠠᠷ ᠬᠤᠳᠠ᠎ᠶᠢᠨ ᠠᠵᠤ ᠠᠬᠤᠢ᠎ᠶᠢᠨ ᠲᠣᠭᠣᠷᠢᠭ᠋᠎ᠤᠨ ᠪᠦᠲᠦᠭᠡᠨ ᠪᠠᠢᠭᠤᠯᠤᠯᠲᠠ᠎ᠶᠢᠨ ᠴᠢᠬᠤᠯᠠ ᠶᠡᠬᠡ ᠪᠠᠢᠯᠳᠤᠬᠤ ᠪᠣᠳᠣᠯᠭ᠎ᠠ᠎ᠳᠤ ᠦᠢᠯᠡᠴᠢᠯᠡᠵᠦ᠂ ᠬᠥᠳᠡᠯᠮᠦᠷᠢ ᠠᠵᠢᠯᠲᠠᠨ᠎ᠤ ᠶᠠᠪᠤᠳᠠᠯ᠎ᠤᠨ ᠵᠢᠭᠤᠷᠠᠯᠳᠤᠭᠠᠨ᠎ᠢ ᠲᠡᠰᠦᠯᠦᠨ ᠰᠢᠭᠦᠬᠦ ᠡᠬᠢ ᠪᠠᠶᠠᠯᠢᠭ᠋᠎ᠢ ᠤᠯᠠᠮ ᠨᠢᠭᠡ ᠠᠯᠬᠤᠮ ᠡᠮᠬᠢᠯᠡᠨ ᠨᠡᠢᠯᠡᠭᠦᠯᠵᠦ᠂ ᠠᠳᠠᠯᠢ ᠲᠥᠷᠥᠯ᠎ᠦᠨ ᠬᠡᠷᠡᠭ᠎ᠢ ᠲᠡᠰᠦᠯᠦᠨ ᠲᠣᠭᠲᠠᠭᠠᠬᠤ ᠵᠢᠯᠣᠭᠣᠳᠤᠯᠭ᠎ᠠ᠎ᠶᠢ ᠴᠢᠩᠭᠠᠳᠬᠠᠬᠤ᠎ᠶᠢᠨ ᠲᠥᠯᠥᠭᠡ᠂ ᠡᠨᠡ ᠵᠢᠯ᠎ᠦᠨ 4 ᠳ᠋ᠦ᠍ᠭᠡᠷ ᠰᠠᠷ᠎ᠠ᠎ᠳᠤ ᠰᠧᠴᠤᠸᠠᠨ ᠴᠦᠩᠴᠢᠩ᠎ᠦᠨ ᠳᠥᠷᠪᠡᠨ ᠰᠠᠯᠠᠭ᠎ᠠ ᠮᠥᠴᠢᠷ ᠬᠥᠳᠡᠯᠮᠦᠷᠢ ᠠᠵᠢᠯᠲᠠᠨ᠎ᠤ ᠶᠠᠪᠤᠳᠠᠯ᠎ᠤᠨ ᠵᠢᠭᠤᠷᠠᠯᠳᠤᠭᠠᠨ᠎ᠤ 16 ᠨᠡᠢᠲᠡᠯᠢᠭ ᠬᠡᠷᠡᠭ᠎ᠦᠨ ᠵᠢᠱ᠌ᠢᠶ᠎ᠡ᠎ᠶᠢ ᠬᠠᠮᠲᠤᠷᠠᠨ ᠨᠡᠢᠲᠡᠯᠡᠵᠦ᠂ ᠬᠠᠤᠯᠢ ᠴᠠᠭᠠᠵᠠ᠎ᠶᠢᠨ ᠬᠡᠷᠡᠭᠯᠡᠯᠲᠡ᠎ᠶᠢ ᠵᠢᠷᠤᠮᠵᠢᠭᠤᠯᠤᠨ᠂ ᠲᠡᠰᠦᠯᠦᠨ ᠰᠢᠭᠦᠬᠦ ᠪᠠᠷᠢᠮᠵᠢᠶ᠎ᠠ᠎ᠶᠢ ᠨᠢᠭᠡᠳᠬᠡᠪᠡ᠃ ᠵᠠᠷᠢᠮ ᠦᠨᠳᠦᠰᠦᠨ ᠱᠠᠲᠤᠨ᠎ᠤ ᠬᠥᠨᠳᠡᠯᠡᠨ᠎ᠡᠴᠡ ᠲᠠᠰᠤᠯᠤᠭ᠍ᠴᠢ᠄《 ᠥᠩᠭᠡᠷᠡᠭᠰᠡᠨ᠎ᠳᠦ ᠬᠥᠨᠳᠡᠯᠡᠨ᠎ᠡᠴᠡ ᠲᠠᠰᠤᠯᠬᠤ ᠪᠠ ᠰᠢᠭᠦᠬᠦ ᠬᠣᠷᠢᠶ᠎ᠠ᠎ᠠᠴᠠ ᠵᠠᠷᠢᠮ ᠬᠡᠷᠡᠭ᠎ᠢ ᠮᠠᠭᠠᠳᠯᠠᠨ ᠲᠣᠭᠲᠠᠭᠠᠬᠤ ᠪᠠᠷᠢᠮᠵᠢᠶ᠎ᠠ ᠨᠢ ᠠᠳᠠᠯᠢ ᠦᠭᠡᠢ ᠪᠠᠢᠵᠠᠢ᠂ ᠤᠳᠤ ᠨᠡᠢᠲᠡᠯᠢᠭ ᠬᠡᠷᠡᠭ᠎ᠦᠨ ᠵᠢᠱ᠌ᠢᠶ᠎ᠡ᠎ᠶᠢᠨ ᠵᠢᠯᠣᠭᠣᠳᠤᠯᠭ᠎ᠠ᠎ᠲᠠᠢ ᠪᠣᠯᠵᠤ᠂ ᠬᠡᠷᠡᠭ᠎ᠢ ᠰᠢᠢᠳᠪᠦᠷᠢᠯᠡᠬᠦ ᠲᠠᠯ᠎ᠠ᠎ᠪᠠᠷ ᠨᠡᠩ ᠢᠲᠡᠭᠡᠯ᠎ᠲᠠᠢ ᠪᠣᠯᠵᠠᠢ 》ᠭᠡᠪᠡ᠃
ᠳᠦᠷᠢᠮ ᠲᠣᠭᠲᠠᠴᠠ᠎ᠶᠢᠨ ᠰᠢᠨ᠎ᠡ᠎ᠶᠢ ᠡᠭᠦᠳᠬᠦ᠎ᠶᠢ ᠠᠬᠢᠭᠤᠯᠵᠤ᠂ ᠡᠩᠨᠡᠭᠡᠨ᠎ᠦ ᠪᠠᠢᠭᠤᠯᠤᠯᠲᠠ᠎ᠶᠢ ᠴᠢᠩᠭᠠᠳᠬᠠᠪᠠ᠃ ᠡᠶᠡᠳᠡᠭᠦᠯᠬᠦ ᠪᠠ ᠬᠥᠨᠳᠡᠯᠡᠨ᠎ᠡᠴᠡ ᠲᠠᠰᠤᠯᠬᠤ ᠳᠦᠷᠢᠮ᠎ᠦᠨ ᠲᠣᠭᠲᠠᠴᠠ᠎ᠶᠢᠨ ᠭᠣᠣᠯᠳᠠᠯᠭ᠎ᠠ᠎ᠲᠠᠢ ᠪᠡᠷᠬᠡ ᠠᠰᠠᠭᠤᠳᠠᠯ᠎ᠤᠨ ᠲᠣᠭᠣᠷᠢᠨ᠎ᠳᠤ ᠲᠤᠷᠰᠢᠯᠲᠠ ᠬᠢᠪᠡ᠃ ᠬᠤᠳᠠᠯᠳᠤᠭᠠᠨ᠎ᠤ ᠶᠠᠪᠤᠳᠠᠯ᠎ᠤᠨ ᠶᠠᠮᠤᠨ ᠵᠡᠷᠭᠡ ᠰᠠᠯᠠᠭ᠎ᠠ ᠮᠥᠴᠢᠷ᠎ᠲᠠᠢ ᠬᠠᠮᠲᠤᠷᠠᠨ ᠮᠡᠳᠡᠭᠳᠡᠯ ᠳᠠᠷᠤᠮᠠᠯᠯᠠᠨ ᠲᠠᠷᠬᠠᠭᠠᠵᠤ᠂ 《 ᠬᠥᠳᠡᠯᠮᠦᠷᠢ᠎ᠶᠢᠨ ᠵᠢᠭᠤᠷᠠᠯᠳᠤᠭᠠᠨ᠎ᠢ ᠡᠶᠡᠳᠡᠭᠦᠯᠵᠦ ᠬᠥᠨᠳᠡᠯᠡᠨ᠎ᠡᠴᠡ ᠲᠠᠰᠤᠯᠬᠤ ᠰᠢᠶᠠᠩᠭᠠᠩ ᠣᠣᠮᠧᠨ᠎ᠦ ᠪᠦᠬᠥ ᠶᠠᠪᠤᠴᠠ᠎ᠶᠢᠨ ᠡᠶᠡᠳᠡᠭᠦᠯᠵᠦ ᠬᠢᠨᠠᠬᠤ᠎ᠳᠤ ᠣᠷᠣᠯᠴᠠᠬᠤ ᠲᠣᠭᠲᠠᠴᠠ 》᠎ᠶᠢᠨ ᠲᠤᠷᠰᠢᠯᠭ᠎ᠠ ᠪᠠ ᠠᠷᠭ᠎ᠠ ᠬᠢᠳᠡᠯ᠎ᠢ ᠳᠡᠯᠭᠡᠷᠡᠭᠦᠯᠪᠡ᠃ ᠪᠦᠬᠦ ᠤᠯᠤᠰ᠎ᠤᠨ ᠠᠵᠢᠯᠴᠢᠨ᠎ᠤ ᠶᠡᠷᠦᠩᠬᠡᠢ ᠡᠪᠯᠡᠯ᠎ᠲᠠᠢ ᠬᠠᠮᠵᠢᠯᠴᠠᠨ ᠪᠦᠬᠦ ᠤᠯᠤᠰ᠎ᠤᠨ ᠠᠩᠬᠠᠳᠤᠭᠠᠷ ᠬᠤᠭᠤᠴᠠᠭᠠᠨ᠎ᠤ ᠬᠥᠳᠡᠯᠮᠦᠷᠢ᠎ᠶᠢᠨ ᠮᠠᠷᠭᠤᠯᠳᠤᠭᠠᠨ᠎ᠢ ᠡᠶᠡᠳᠡᠭᠦᠯᠦᠭᠴᠢ᠎ᠶᠢᠨ ᠤᠷ᠎ᠠ ᠮᠡᠷᠭᠡᠵᠢᠯ᠎ᠦᠨ ᠤᠷᠤᠯᠳᠤᠭᠠᠨ ᠶᠠᠪᠤᠭᠤᠯᠵᠤ᠂ ᠪᠦᠬᠦ ᠤᠯᠤᠰ᠎ᠤᠨ 31 ᠮᠤᠵᠢ ( ᠣᠷᠣᠨ ᠂ ᠬᠣᠲᠠ ) ᠪᠣᠯᠣᠨ ᠰᠢᠨᠵᠢᠶᠠᠩ᠎ᠤᠨ ᠦᠢᠯᠡᠳᠪᠦᠷᠢᠯᠡᠯ ᠪᠦᠲᠦᠭᠡᠨ ᠪᠠᠢᠭᠤᠯᠤᠯᠲᠠ᠎ᠶᠢᠨ ᠪᠢᠩᠲ᠋ᠤᠸᠠᠨ᠎ᠤ 32 ᠲᠥᠯᠥᠭᠡᠯᠡᠭᠴᠢᠳ᠎ᠦᠨ ᠠᠩᠭᠢ ᠤᠷᠤᠯᠳᠤᠭᠠᠨ᠎ᠳᠤ ᠣᠷᠣᠯᠴᠠᠵᠤ᠂ ᠡᠯ᠎ᠡ ᠱᠠᠲᠤᠨ᠎ᠤ ᠠᠵᠢᠯᠴᠢᠨ᠎ᠤ ᠡᠪᠯᠡᠯ᠂ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠰᠠᠯᠠᠭ᠎ᠠ ᠮᠥᠴᠢᠷ᠎ᠦᠨ ᠲᠤᠬᠠᠢᠯᠠᠭᠰᠠᠨ ᠠᠵᠢᠯ᠎ᠤᠨ ᠭᠣᠣᠯᠯᠠᠭ᠍ᠴᠢ ᠬᠦᠴᠦᠨ ᠵᠢᠴᠢ ᠠᠵᠤ ᠠᠬᠤᠢᠯᠠᠯ᠎ᠤᠨ ᠨᠢᠭᠡᠳᠦᠭᠡᠷ ᠹᠷᠣᠨᠲ᠎ᠤᠨ ᠡᠶᠡᠳᠡᠭᠦᠯᠦᠭᠴᠢ᠎ᠶᠢ ᠬᠠᠮᠤᠷᠴᠠᠢ᠃ ᠡᠶᠡᠳᠡᠭᠦᠯᠦᠭᠴᠢ ᠪᠠ ᠬᠥᠨᠳᠡᠯᠡᠨ᠎ᠡᠴᠡ ᠲᠠᠰᠤᠯᠤᠭ᠍ᠴᠢᠶᠢᠨ ᠪᠣᠯᠪᠠᠰᠤᠷᠠᠯ᠎ᠢ ᠴᠢᠩᠭᠠᠳᠬᠠᠵᠤ᠂ ᠡᠶᠡᠳᠡᠭᠦᠯᠬᠦ ᠪᠠ ᠬᠥᠨᠳᠡᠯᠡᠨ᠎ᠡᠴᠡ ᠲᠠᠰᠤᠯᠬᠤ ᠡᠩᠨᠡᠭᠡ᠎ᠶᠢᠨ ᠤᠯᠤᠰ ᠲᠥᠷᠥ᠎ᠶᠢᠨ ᠬᠡᠪ ᠪᠣᠯᠪᠠᠰᠤᠷᠠᠯ᠂ ᠣᠨᠣᠯ᠎ᠤᠨ ᠰᠠᠭᠤᠷᠢ ᠪᠠ ᠲᠤᠬᠠᠢᠯᠠᠭᠰᠠᠨ ᠠᠵᠢᠯ᠎ᠤᠨ ᠴᠢᠳᠠᠪᠤᠷᠢ᠎ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃
ᠤᠶᠤᠨ ᠤᠬᠠᠭᠠᠨ᠎ᠢᠶᠠᠷ ᠬᠦᠴᠦᠨ ᠣᠯᠭᠣᠵᠤ᠂ ᠰᠡᠳᠬᠢᠯ᠎ᠢ ᠳᠤᠯᠠᠭᠠᠴᠠᠭᠤᠯᠬᠤ ᠦᠢᠯᠡᠴᠢᠯᠡᠭᠡ ᠦᠵᠡᠭᠦᠯᠪᠡ᠃ ᠨᠢᠭᠡ ᠵᠢᠯ᠎ᠦᠨ ᠲᠤᠷᠰᠢ᠂ ᠡᠯ᠎ᠡ ᠭᠠᠵᠠᠷ᠎ᠤᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠰᠠᠯᠠᠭ᠎ᠠ ᠮᠥᠴᠢᠷ 《 ᠢᠨᠲᠧᠷ ᠰᠦᠯᠵᠢᠶ᠎ᠡ + ᠡᠶᠡᠳᠡᠭᠦᠯᠬᠦ 》 ᠠᠵᠢᠯ᠎ᠤᠨ ᠬᠢᠷᠢ ᠲᠦᠪᠰᠢᠨ᠎ᠢᠶᠡᠨ ᠳᠡᠭᠡᠭᠰᠢᠯᠡᠭᠦᠯᠵᠦ᠂ ᠲᠣᠮᠣ᠌ ᠳ᠋ᠠᠢᠲ᠋ᠠ᠂ ᠵᠣᠬᠢᠶᠠᠮᠠᠯ ᠣᠶᠤᠨᠯᠢᠭ᠋᠎ᠤᠨ ᠮᠡᠷᠭᠡᠵᠢᠯ᠎ᠢ ᠢᠳᠡᠪᠬᠢᠲᠡᠢ ᠬᠡᠷᠡᠭᠯᠡᠨ ᠂ ᠡᠶᠡᠳᠡᠭᠦᠯᠬᠦ ᠪᠠ ᠬᠥᠨᠳᠡᠯᠡᠨ᠎ᠡᠴᠡ ᠲᠠᠰᠤᠯᠬᠤ ᠠᠵᠢᠯ᠎ᠢ 《 ᠪᠣᠳᠠᠲᠤ ᠴᠣᠭᠴᠠ᠎ᠳᠤ ᠭᠦᠢᠴᠡᠳᠬᠡᠬᠦ 》 ᠪᠠᠢᠭᠰᠠᠨ᠎ᠠᠴᠠ 《 ᠰᠦᠯᠵᠢᠶᠡᠨ ᠳᠡᠭᠡᠷ᠎ᠡ ᠭᠦᠢᠴᠡᠳᠬᠡᠬᠦ 》 《 ᠣᠶᠤᠨᠴᠢ᠎ᠪᠠᠷ ᠭᠦᠢᠴᠡᠳᠬᠡᠬᠦ 》 ᠲᠡᠢᠰᠢ ᠬᠤᠪᠢᠷᠠᠭᠤᠯᠬᠤ᠎ᠶᠢ ᠲᠦᠯᠬᠢᠨ ᠠᠬᠢᠭᠤᠯᠵᠤ᠂ ᠤᠷ᠎ᠠ ᠮᠡᠷᠭᠡᠵᠢᠯ᠎ᠢᠶᠡᠷ ᠴᠢᠳᠠᠪᠤᠷᠢ ᠣᠯᠭᠣᠬᠤ᠂ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠬᠢᠭᠡᠳ ᠲᠣᠭᠲᠠᠴᠠ᠎ᠶᠢᠨ ᠬᠣᠯᠪᠤᠭᠠᠯᠠᠨ ᠬᠥᠳᠡᠯᠦᠯᠴᠡᠬᠦ᠎ᠪᠡᠷ ᠳᠠᠮᠵᠢᠭᠤᠯᠤᠨ ᠠᠵᠢᠯ᠎ᠤᠨ ᠦᠷ᠎ᠡ ᠪᠦᠲᠦᠮᠵᠢ᠎ᠪᠡᠨ ᠳᠡᠭᠡᠭᠰᠢᠯᠡᠭᠦᠯᠪᠡ᠃ ᠬᠠᠷᠠᠮᠥ᠋ᠷᠡᠨ ᠮᠤᠵᠢ᠎ᠶᠢᠨ ᠬᠢᠨ 《 ᠵᠣᠬᠢᠶᠠᠮᠠᠯ ᠣᠶᠤᠨ + ᠡᠶᠡᠳᠡᠭᠦᠯᠬᠦ ᠪᠠ ᠬᠥᠨᠳᠡᠯᠡᠨ᠎ᠡᠴᠡ ᠲᠠᠰᠤᠯᠬᠤ》᠎ᠶᠢ ᠲᠦᠯᠬᠢᠨ ᠠᠬᠢᠭᠤᠯᠵᠤ᠂ ᠣᠶᠤᠨᠴᠢ ᠲᠠᠰᠤᠯᠤᠯᠲᠠ᠎ᠶᠢᠨ ᠲᠤᠰᠠᠯᠠᠬᠤ ᠰᠢᠰᠲᠧᠮ᠎ᠢ ᠰᠤᠳᠤᠯᠤᠨ ᠨᠡᠭᠡᠭᠡᠵᠦ᠂ ᠬᠥᠳᠡᠯᠮᠦᠷᠢ᠎ᠶᠢᠨ ᠬᠥᠯᠥᠰᠦ ᠣᠯᠭᠣᠮᠵᠢ᠂ ᠠᠵᠢᠯ᠎ᠠᠴᠠ ᠪᠣᠯᠤᠭᠰᠠᠨ ᠭᠡᠮᠲᠦᠯ᠎ᠦᠨ ᠲᠥᠯᠥᠪᠦᠷᠢ ᠵᠡᠷᠭᠡ ᠪᠠᠢᠩᠭᠤ ᠲᠣᠬᠢᠶᠠᠯᠳᠤᠳᠠᠭ ᠵᠢᠭᠤᠷᠠᠯᠳᠤᠭᠠᠨ᠎ᠤ ᠲᠥᠷᠥᠯ ᠬᠡᠯᠪᠡᠷᠢᠳᠦ ᠴᠢᠭᠯᠡᠭᠦᠯᠦᠨ᠂ ᠲᠠᠰᠤᠯᠤᠯᠲᠠ᠎ᠶᠢᠨ ᠯᠣᠭᠢᠭ᠋᠎ᠤᠨ ᠵᠠᠭᠪᠤᠷ᠎ᠢ ᠡᠮᠬᠢᠯᠡᠨ ᠳᠢᠭᠯᠡᠵᠦ᠂ ᠲᠠᠰᠤᠯᠤᠯᠲᠠ᠎ᠶᠢᠨ ᠪᠢᠴᠢᠭ᠎ᠦᠨ ᠡᠬᠡ ᠨᠣᠣᠷᠠᠭ᠎ᠢ ᠠᠶᠠᠨ᠎ᠳᠠᠭᠠᠨ ᠪᠣᠶ ᠪᠣᠯᠭᠠᠵᠤ᠂ ᠬᠡᠷᠡᠭ ᠰᠢᠢᠳᠪᠦᠷᠢᠯᠡᠬᠦ ᠦᠷ᠎ᠡ ᠪᠦᠲᠦᠮᠵᠢ᠎ᠶᠢ ᠶᠡᠬᠡᠪᠡᠷ ᠳᠡᠭᠡᠭᠰᠢᠯᠡᠭᠦᠯᠪᠡ᠃ ᠭᠤᠸᠠᠩᠳᠦ᠋ᠩ ᠮᠤᠵᠢ᠎ᠶᠢᠨ ᠱᠧᠨᠵᠧᠨ ᠬᠤᠳᠠ᠎ᠶᠢᠨ ᠰᠦᠯᠵᠢᠶᠡᠨ᠎ᠳᠡᠬᠢ ᠬᠥᠨᠳᠡᠯᠡᠨ᠎ᠡᠴᠡ ᠲᠠᠰᠤᠯᠬᠤ ᠣᠶᠤᠨᠲᠤ ᠲᠤᠰᠠᠯᠠᠬᠤ ᠬᠡᠷᠡᠭ ᠰᠢᠢᠳᠪᠦᠷᠢᠯᠡᠬᠦ ᠰᠢᠰᠲᠧᠮ ᠨᠢ ᠮᠡᠳᠡᠯᠭᠡ᠎ᠶᠢᠨ ᠵᠢᠷᠤᠭ᠎ᠤᠨ ᠵᠢᠭ᠍ᠰᠠᠯ᠎ᠢᠶᠠᠷ ᠰᠠᠭᠤᠷᠢ ᠲᠠᠯᠪᠢᠬᠤ᠂ ᠰᠡᠳᠬᠢᠬᠦᠢ᠎ᠶᠢᠨ ᠬᠡᠯᠬᠢᠶ᠎ᠡ᠎ᠪᠡᠷ ᠬᠥᠳᠡᠯᠭᠡᠭᠦᠷ ᠪᠣᠯᠭᠠᠭᠰᠠᠨ ᠪᠤᠳᠤᠬᠤ ᠠᠷᠭ᠎ᠠ᠎ᠶᠢ ᠪᠡᠶᠡᠯᠡᠭᠦᠯᠬᠦ ᠠᠷᠭ᠎ᠠ ᠵᠠᠮ᠎ᠢ ᠬᠡᠷᠡᠭᠯᠡᠵᠦ᠂ AI ᠵᠢᠨ ᠴᠢᠳᠠᠪᠤᠷᠢ᠎ᠶᠢ ᠬᠡᠷᠡᠭ ᠪᠣᠯᠭᠠᠨ ᠳᠠᠩᠰᠠᠯᠠᠬᠤ᠂ ᠡᠶᠡᠳᠡᠭᠦᠯᠬᠦ᠂ ᠲᠠᠩᠬᠢᠮ᠎ᠦᠨ ᠰᠢᠭᠦᠯᠲᠡ᠂ ᠲᠠᠰᠤᠯᠤᠯᠳᠠ ᠵᠡᠷᠭᠡ ᠭᠣᠭᠴᠣᠭ᠎ᠠ᠎ᠳᠤ ᠭᠦᠨᠵᠡᠭᠡᠢ ᠠᠭᠤᠰᠤᠯᠴᠠᠭᠤᠯᠵᠤ᠂ ᠬᠥᠨᠳᠡᠯᠡᠨ᠎ᠡᠴᠡ ᠲᠠᠰᠤᠯᠬᠤ ᠬᠡᠷᠡᠭ ᠰᠢᠢᠳᠪᠦᠷᠢᠯᠡᠬᠦ ᠶᠠᠰᠤ ᠴᠢᠨᠠᠷ ᠦᠷ᠎ᠡ ᠠᠰᠢᠭ᠋᠎ᠢ ᠪᠦᠬᠦ ᠲᠠᠯ᠎ᠠ᠎ᠪᠠᠷ ᠳᠡᠭᠡᠭᠰᠢᠯᠡᠭᠦᠯᠵᠦ᠂ ᠲᠣᠭᠠᠴᠢᠯᠠᠭᠰᠠᠨ ᠬᠥᠨᠳᠡᠯᠡᠨ᠎ᠡᠴᠡ ᠲᠠᠰᠤᠯᠬᠤ ᠰᠢᠨ᠎ᠡ ᠬᠡᠪ ᠳᠠᠭᠤᠷᠢᠶᠠᠯ᠎ᠢ ᠪᠤᠢ ᠪᠣᠯᠭᠠᠪᠠ᠃
ᠴᠠᠯᠢᠩ ᠥᠷᠢᠲᠦᠬᠦ᠎ᠶᠢ ᠨᠠᠷᠢᠯᠢᠭ᠋ ᠤᠨᠤᠪᠴᠢᠳᠠᠢ ᠵᠠᠰᠠᠵᠤ ᠬᠥᠯᠥᠰᠦᠨ ᠠᠵᠢᠯᠴᠢᠳ᠎ᠤᠨ ᠴᠠᠯᠢᠩ᠎ᠢ ᠪᠠᠲᠤᠯᠠᠪᠠ
ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠥᠬᠥᠳᠡ ᠬᠤᠷᠠᠯ᠎ᠠᠴᠠ ᠴᠠᠯᠢᠩ ᠥᠷᠢᠲᠦᠬᠦ᠎ᠶᠢ ᠴᠡᠭᠴᠡᠯᠡᠨ ᠵᠠᠰᠠᠬᠤ ᠡᠷᠴᠢᠮ᠎ᠢ ᠴᠢᠩᠭᠠᠷᠠᠭᠤᠯᠤᠨ᠎ᠠ ᠭᠡᠵᠦ ᠳᠤᠷᠠᠳᠤᠨ ᠭᠠᠷᠭᠠᠪᠠ᠃ ᠡᠯ᠎ᠡ ᠱᠠᠲᠤᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠰᠠᠯᠠᠭ᠎ᠠ ᠮᠥᠴᠢᠷ ᠴᠠᠯᠢᠩ ᠥᠷᠢᠲᠦᠬᠦ᠎ᠶᠢ ᠦᠨᠳᠦᠰᠦᠨ᠎ᠡᠴᠡ ᠨᠢ ᠵᠠᠰᠠᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠲᠤᠰᠬᠠᠢ ᠠᠵᠢᠯᠯᠠᠭ᠎ᠠ ᠪᠠ ᠲᠣᠭᠠᠴᠢᠯᠠᠭᠰᠠᠨ ᠬᠢᠨᠠᠯᠲᠠ ᠬᠠᠮᠢᠶᠠᠷᠤᠯᠲᠠ᠎ᠪᠠᠷ ᠳᠠᠮᠵᠢᠨ ᠵᠠᠰᠠᠬᠤ ᠡᠷᠴᠢᠮ᠎ᠢᠶᠡᠨ ᠴᠢᠩᠭᠠᠷᠠᠭᠤᠯᠵᠤ᠂ ᠡᠷᠡᠭᠦᠦ ᠰᠢᠢᠳᠬᠡᠯᠢ ᠵᠣᠯᠭᠠᠭᠤᠯᠬᠤ ᠵᠡᠷᠭᠡ ᠰᠠᠯᠠᠭ᠎ᠠ ᠮᠥᠴᠢᠷ ᠠᠯᠤᠰᠯᠠᠭᠰᠠᠨ ᠲᠣᠭᠲᠠᠴᠠ᠎ᠳᠤ ᠲᠦᠰᠢᠭᠯᠡᠨ ᠬᠠᠷᠢᠭᠤᠴᠠᠯᠭ᠎ᠠ᠎ᠶᠢ ᠪᠣᠳᠠᠲᠠᠢᠵᠢᠭᠤᠯᠵᠤ᠂ ᠢᠲᠡᠭᠡᠮᠵᠢ᠎ᠶᠢᠨ ᠬᠢᠨᠠᠯᠲᠠ ᠬᠠᠮᠢᠶᠠᠷᠤᠯᠲᠠ ᠪᠠ ᠣᠶᠤᠨᠴᠢ ᠲᠠᠪᠴᠠᠩ᠎ᠤᠨ ᠬᠡᠷᠡᠭᠯᠡᠯᠲᠡ᠎ᠶᠢᠨ ᠰᠢᠨ᠎ᠡ᠎ᠶᠢ ᠡᠭᠦᠳᠴᠦ᠂ ᠴᠠᠯᠢᠩ ᠥᠷᠢᠲᠦᠬᠦ ᠠᠰᠠᠭᠤᠳᠠᠯ᠎ᠢ ᠲᠥᠪᠯᠡᠷᠡᠭᠦᠯᠦᠨ ᠴᠡᠭᠴᠡᠯᠡᠨ ᠵᠠᠰᠠᠬᠤ᠎ᠠᠴᠠ ᠪᠠᠢᠩᠭᠤ᠎ᠶᠢᠨ ᠤᠷᠢᠳᠴᠢᠯᠠᠨ ᠰᠡᠷᠭᠡᠢᠯᠡᠬᠦ᠂ ᠡᠬᠢ ᠡᠭᠦᠰᠦᠯ᠎ᠡᠴᠡ ᠨᠢ ᠠᠷᠢᠯᠭᠠᠬᠤ ᠲᠡᠢᠰᠢ ᠬᠤᠪᠢᠷᠠᠭᠤᠯᠬᠤ᠎ᠶᠢ ᠠᠬᠢᠭᠤᠯᠪᠠ᠃ 1—11 ᠰᠠᠷ᠎ᠠ᠎ᠳᠤ᠂ ᠪᠥᠬᠥ ᠤᠯᠤᠰ᠎ᠲᠤ ᠡᠯ᠎ᠡ ᠲᠥᠷᠥᠯ᠎ᠦᠨ ᠴᠠᠯᠢᠩ ᠥᠷᠢᠲᠦᠭᠰᠡᠨ ᠰᠦᠪᠡᠭᠴᠢ᠎ᠶᠢ 280 ᠲᠦᠮᠡᠨ ᠵᠤᠷᠪᠤᠰ ᠰᠢᠢᠳᠪᠦᠷᠢᠯᠡᠵᠦ᠂ ᠬᠥᠳᠡᠯᠦᠩᠭᠦᠢ᠎ᠪᠡᠷ ᠰᠢᠢᠳᠪᠦᠷᠢᠯᠡᠭᠰᠡᠨ ᠨᠣᠷᠮ᠎ᠠ ᠨᠢ 90%᠎ᠡᠴᠡ ᠳᠡᠭᠡᠭᠰᠢ ᠪᠣᠯᠪᠠ ; ᠶᠠᠮᠤᠨ᠎ᠤ ᠲᠡᠰ᠎ᠤᠨ ᠱᠠᠯᠠᠪᠳᠠᠭᠤᠯᠤᠨ ᠰᠢᠢᠳᠪᠦᠷᠢᠯᠡᠭᠦᠯᠦᠭᠰᠡᠨ ᠲᠣᠮᠣ᠌ ᠬᠡᠷᠡᠭ ᠪᠠ ᠴᠢᠬᠤᠯᠠ ᠬᠡᠷᠡᠭ 268 ᠬᠤᠪᠢ ᠪᠣᠢ᠃ ᠲᠦᠷᠦᠭᠦᠸ᠋ ᠭᠤᠷᠪᠠᠨ ᠤᠯᠠᠷᠢᠯ᠎ᠳᠤ᠂ ᠡᠯ᠎ᠡ ᠭᠠᠵᠠᠷ᠎ᠤᠨ ᠬᠢᠨ ᠴᠠᠯᠢᠩ ᠥᠷᠢᠲᠦᠬᠦ ᠬᠠᠤᠯᠢ᠎ᠶᠢ ᠵᠥᠷᠢᠴᠡᠭᠰᠡᠨ ᠬᠦᠨᠳᠦ ᠶᠡᠬᠡ ᠦᠶ᠋ᠯᠡ ᠠᠵᠢᠯᠯᠠᠭ᠎ᠠ᠎ᠶᠢ 1506 ᠬᠤᠪᠢ ᠨᠡᠢᠲᠡᠯᠡᠵᠦ᠂ ᠴᠠᠯᠢᠩ ᠥᠷᠢᠲᠦᠵᠦ ᠢᠲᠡᠭᠡᠯ ᠠᠯᠳᠠᠭᠰᠠᠨ 1300 ᠪᠡᠶᠡᠴᠢ ᠴᠣᠭᠴᠠ᠎ᠶᠢ ᠬᠣᠯᠪᠤᠭᠠᠯᠠᠨ ᠵᠠᠯᠬᠠᠭᠠᠨ ᠴᠡᠭᠡᠷᠯᠡᠭᠦᠯᠵᠦ᠂ ᠬᠥᠳᠡᠯᠮᠦᠷᠢ᠎ᠶᠢᠨ ᠬᠥᠯᠥᠰᠦ ᠣᠯᠭᠣᠮᠵᠢ ᠥᠭᠬᠦ᠎ᠶᠢ ᠲᠡᠪᠴᠢᠭᠰᠡᠨ ᠶᠠᠯ᠎ᠠ᠎ᠶᠢᠨ ᠰᠡᠵᠢᠭᠯᠡᠯᠲᠡᠢ ᠬᠡᠷᠡᠭ᠎ᠢ 1957 ᠬᠤᠪᠢ ᠰᠢᠯᠵᠢᠭᠦᠯᠦᠨ ᠬᠦᠷᠭᠡᠪᠡ᠃
ᠴᠠᠯᠢᠩ ᠥᠷᠢᠲᠦᠬᠦ᠎ᠶᠢ ᠵᠠᠰᠠᠬᠤ ᠲᠤᠰᠬᠠᠢ ᠠᠵᠢᠯᠯᠠᠭ᠎ᠠ᠎ᠶᠢ ᠥᠷᠨᠢᠭᠦᠯᠵᠦ᠂ ᠴᠠᠯᠢᠩ ᠥᠷᠢᠲᠦᠬᠦ᠎ᠶᠢ ᠵᠠᠰᠠᠬᠤ ᠦᠷ᠎ᠡ ᠪᠦᠲᠦᠮᠵᠢ᠎ᠶᠢ ᠭᠦᠨᠵᠡᠭᠡᠢᠷᠡᠭᠦᠯᠪᠡ᠃ ᠵᠠᠰᠠᠭ᠎ᠤᠨ ᠣᠷᠳᠣᠨ᠎ᠤ ᠤᠯᠤᠰ᠎ᠤᠨ ᠥᠮᠴᠢᠯᠡᠯᠲᠦ ᠠᠵᠤ ᠠᠬᠤᠢᠯᠠᠯ᠎ᠤᠨ ᠲᠥᠷᠥᠯ ᠵᠦᠢᠯᠡᠰ᠎ᠦᠨ ᠴᠠᠯᠢᠩ ᠥᠷᠢᠲᠦᠬᠦ ᠠᠰᠠᠭᠤᠳᠠᠯ᠎ᠢ ᠲᠥᠪᠯᠡᠷᠡᠭᠦᠯᠦᠨ ᠴᠡᠭᠴᠡᠯᠡᠨ ᠵᠠᠰᠠᠬᠤ᠎ᠶᠢ ᠪᠥᠬᠥ ᠬᠦᠴᠦᠨ᠎ᠢᠶᠡᠷ᠎ᠢᠶᠡᠨ ᠲᠦᠯᠬᠢᠨ ᠠᠬᠢᠭᠤᠯᠵᠤ᠂ ᠦᠯᠡᠳᠡᠭᠡᠯ ᠡᠬᠡ ᠲᠠᠩᠰᠠ ᠪᠠᠢᠭᠤᠯᠤᠨ᠂ ᠦᠷᠭᠦᠯᠵᠢᠯᠡᠨ ᠲᠡᠭ ᠪᠣᠯᠭᠠᠬᠤ᠎ᠶᠢ ᠴᠢᠩᠭ᠎ᠠ ᠠᠳᠬᠤᠵᠤ᠂ ᠦᠨᠡᠨ ᠪᠣᠳᠠᠲᠠᠢ᠎ᠪᠠᠷ ᠰᠢᠢᠳᠪᠦᠷᠢᠯᠡᠬᠦ᠎ᠶᠢ ᠪᠠᠷᠢᠮᠲᠠᠯᠠᠪᠠ᠃ 11 ᠳ᠋ᠦ᠍ᠭᠡᠷ ᠰᠠᠷ᠎ᠠ᠎ᠶᠢᠨ 24᠎ᠦ ᠡᠳᠦᠷ᠂ ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠠᠵᠢᠯ ᠣᠯᠭᠣᠯᠲᠠ᠎ᠶᠢ ᠠᠬᠢᠭᠤᠯᠬᠤ ᠪᠠ ᠬᠥᠳᠡᠯᠮᠦᠷᠢ᠎ᠶᠢᠨ ᠬᠠᠮᠠᠭᠠᠯᠠᠯᠲᠠ᠎ᠶᠢᠨ ᠠᠵᠢᠯ᠎ᠤᠨ ᠤᠳᠤᠷᠢᠳᠬᠤ ᠳᠤᠭᠤᠢᠯᠠᠩ᠎ᠤᠨ ᠠᠯᠪᠠᠨ ᠭᠡᠷ 2025 ᠣᠨ᠎ᠤ ᠴᠠᠯᠢᠩ ᠥᠷᠢᠲᠦᠬᠦ᠎ᠶᠢ ᠵᠠᠰᠠᠬᠤ ᠡᠪᠦᠯ᠎ᠦᠨ ᠤᠯᠠᠷᠢᠯ᠎ᠤᠨ ᠠᠵᠢᠯᠯᠠᠭ᠎ᠠ᠎ᠶᠢ ᠳᠠᠶ᠋ᠢᠴᠢᠯᠠᠨ ᠪᠠᠢᠷᠢᠯᠠᠭᠤᠯᠬᠤ ᠸᠢᠳᠢᠤ᠋ ᠬᠤᠷᠠᠯ ᠬᠤᠷᠠᠯᠳᠤᠭᠤᠯᠵᠤ᠂ ᠡᠭᠦᠷᠭᠡ ᠬᠠᠷᠢᠭᠤᠴᠠᠯᠭ᠎ᠠ᠎ᠪᠠᠨ ᠴᠢᠩᠭᠠᠳᠬᠠᠨ᠂ ᠡᠪᠦᠯ᠎ᠦᠨ ᠤᠯᠠᠷᠢᠯ᠎ᠤᠨ ᠠᠵᠢᠯᠯᠠᠭ᠎ᠠ᠎ᠶᠢᠨ ᠪᠣᠭᠣᠮᠲᠠ ᠰᠢᠪᠲᠤᠯᠬᠤ ᠳᠠᠢᠯᠠᠯᠳᠤᠭᠠᠨ᠎ᠦ ᠢᠯᠠᠯᠲᠠ᠎ᠶᠢ ᠪᠥᠬᠥ ᠬᠦᠴᠦᠨ᠎ᠢᠶᠡᠷ᠎ᠢᠶᠡᠨ ᠲᠡᠮᠡᠴᠡᠨ ᠣᠯᠬᠤ ᠬᠡᠷᠡᠭᠲᠡᠢ ᠭᠡᠵᠦ ᠴᠢᠬᠤᠯᠠᠴᠢᠯᠠᠪᠠ᠃ ᠡᠯ᠎ᠡ ᠭᠠᠵᠠᠷ᠎ᠤᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠰᠠᠯᠠᠭ᠎ᠠ ᠮᠥᠴᠢᠷ᠎ᠦᠳ ᠡᠬᠢ ᠡᠭᠦᠰᠦᠯ᠎ᠡᠴᠡ ᠨᠢ ᠵᠠᠰᠠᠬᠤ ᠪᠠ ᠰᠢᠰᠲᠧᠮ᠎ᠲᠠᠢ ᠵᠠᠰᠠᠬᠤ᠎ᠶᠢ ᠤᠶᠠᠯᠳᠤᠭᠤᠯᠬᠤ᠎ᠪᠠᠷ ᠳᠠᠮᠵᠢᠭᠤᠯᠤᠨ᠂ ᠴᠠᠯᠢᠩ ᠥᠷᠢᠲᠦᠬᠦ᠎ᠶᠢ ᠦᠨᠳᠦᠰᠦᠨ᠎ᠡᠴᠡ ᠨᠢ ᠵᠠᠰᠠᠬᠤ᠎ᠶᠢ ᠴᠢᠬᠤᠯᠠ ᠶᠡᠬᠡ ᠠᠷᠠᠳ᠎ᠤᠨ ᠠᠮᠢᠳᠤᠷᠠᠯ᠎ᠤᠨ ᠢᠨᠵᠧᠨᠧᠷᠢᠩ ᠪᠣᠯᠭᠠᠨ ᠦᠷᠬᠦᠯᠵᠢᠯᠡᠨ ᠲᠦᠯᠬᠢᠨ ᠠᠬᠢᠭᠤᠯᠪᠠ᠃ ᠪᠡᠭᠡᠵᠢᠩ ᠬᠣᠲᠠ᠎ᠶᠢᠨ ᠬᠢᠨ ᠪᠥᠬᠥ ᠬᠣᠲᠠ᠎ᠶᠢᠨ ᠬᠡᠪᠴᠢᠶᠡᠨ᠎ᠳᠦ 《 ᠴᠠᠯᠢᠩ ᠠᠮᠤᠷ ᠪᠡᠭᠡᠵᠢᠩ 》 ᠡᠪᠦᠯ᠎ᠦᠨ ᠤᠯᠠᠷᠢᠯ᠎ᠤᠨ ᠠᠵᠢᠯᠯᠠᠭ᠎ᠠ᠎ᠶᠢ ᠵᠣᠬᠢᠶᠠᠨ ᠪᠠᠢᠭᠤᠯᠤᠨ ᠥᠷᠨᠢᠭᠦᠯᠵᠦ᠂ ᠢᠨᠵᠧᠨᠧᠷᠢᠩ᠎ᠦᠨ ᠪᠦᠲᠦᠭᠡᠨ ᠪᠠᠢᠭᠤᠯᠤᠯᠲᠠ᠎ᠶᠢᠨ ᠬᠦᠷᠢᠶ᠎ᠡ ᠴᠠᠷᠠᠭ᠎ᠠ᠂ ᠰᠢᠨ᠎ᠡ ᠠᠵᠢᠯ ᠣᠯᠭᠣᠯᠲᠠ᠎ᠶᠢᠨ ᠬᠡᠯᠪᠡᠷᠢ᠎ᠶᠢᠨ ᠠᠵᠢᠯ ᠲᠥᠷᠥᠯ᠎ᠦᠨ ᠠᠵᠤ ᠠᠬᠤᠢᠯᠠᠯ᠎ᠳᠤ ᠠᠩᠬᠠᠷᠤᠯ᠎ᠢᠶᠠᠨ ᠲᠥᠪᠯᠡᠷᠡᠭᠦᠯᠦᠨ᠂ ᠴᠠᠯᠢᠩ ᠥᠷᠢᠲᠦᠬᠦ ᠲᠦᠭᠰᠢᠭᠦᠷᠢ᠎ᠶᠢᠨ ᠬᠡᠮ ᠰᠣᠭᠣᠭ᠎ᠢ ᠵᠢᠭ᠍ᠰᠠᠭᠠᠨ ᠪᠠᠢᠴᠠᠭᠠᠬᠤ᠂ ᠬᠠᠤᠯᠢ ᠬᠡᠷᠡᠭᠵᠢᠭᠦᠯᠬᠦ ᠠᠵᠢᠯᠯᠠᠭ᠎ᠠ᠎ᠶᠢ ᠨᠢᠭᠡᠳᠦᠯᠲᠡᠢ ᠪᠣᠯᠭᠠᠬᠤ᠂ ᠴᠠᠯᠢᠩ ᠥᠷᠢᠲᠦᠬᠦ ᠬᠡᠷᠡᠭ᠎ᠢ ᠪᠠᠢᠴᠠᠭᠠᠨ ᠰᠢᠢᠳᠪᠦᠷᠢᠯᠡᠬᠦ ᠵᠡᠷᠭᠡ ᠠᠷᠭ᠎ᠠ ᠬᠡᠮᠵᠢᠶ᠎ᠡ᠎ᠪᠡᠷ ᠳᠠᠮᠵᠢᠭᠤᠯᠤᠨ᠂ ᠰᠦᠯᠵᠢᠶᠡᠨ ᠳᠡᠭᠡᠷ᠎ᠡ ᠬᠢᠨᠠᠨ ᠬᠠᠮᠢᠶᠠᠷᠬᠤ ᠪᠠ ᠰᠦᠯᠵᠢᠶᠡᠨ ᠭᠠᠳᠠᠨ᠎ᠠ ᠵᠠᠰᠠᠬᠤ᠎ᠶᠢ ᠬᠠᠷᠢᠯᠴᠠᠨ ᠤᠶᠠᠯᠳᠤᠭᠤᠯᠬᠤ᠎ᠶᠢ ᠪᠠᠷᠢᠮᠲᠠᠯᠠᠵᠤ᠂ ᠴᠠᠯᠢᠩ ᠥᠷᠢᠲᠦᠬᠦ ᠲᠦᠭᠰᠢᠭᠦᠷᠢ᠎ᠶᠢᠨ ᠬᠡᠮ ᠰᠣᠭᠣᠭ᠎ᠢ ᠴᠠᠭ ᠲᠤᠬᠠᠢ ᠳ᠋ᠤᠨᠢ ᠠᠷᠢᠯᠭᠠᠬᠤ᠂ ᠬᠥᠳᠡᠯᠦᠩᠭᠦᠢ᠎ᠪᠡᠷ ᠴᠡᠪᠡᠷᠯᠡᠬᠦ᠎ᠶᠢ ᠦᠨᠡᠨ ᠬᠦ᠌ ᠪᠠᠲᠤᠯᠠᠪᠠ᠃ ᠾᠧᠪᠧᠢ ᠮᠤᠵᠢ᠎ᠶᠢᠨ ᠬᠢᠨ ᠴᠠᠯᠢᠩ ᠥᠷᠢᠲᠦᠬᠦ ᠵᠠᠬᠢᠳᠠᠯ ᠰᠣᠷᠪᠤᠯᠵᠢᠯᠠᠭ᠎ᠠ᠎ᠶᠢᠨ ᠬᠡᠷᠡᠭ᠎ᠢ ᠦᠨᠳᠦᠰᠦᠨ᠎ᠡᠴᠡ ᠨᠢ ᠵᠠᠰᠠᠬᠤ ᠪᠣᠭᠣᠮᠲᠠ ᠰᠢᠪᠲᠤᠯᠬᠤ ᠠᠵᠢᠯᠯᠠᠭ᠎ᠠ᠂ ᠨᠥᠭᠡᠴᠡ ᠬᠡᠷᠡᠭ᠎ᠢ ᠴᠡᠪᠡᠷᠯᠡᠬᠦ ᠠᠵᠢᠯᠯᠠᠭ᠎ᠠ᠂ ᠲᠤᠰᠬᠠᠢ ᠳᠠᠩᠰᠠᠨ ᠡᠷᠦᠬᠡ ᠵᠢᠴᠢ 《 ᠬᠣᠶᠠᠷ ᠮᠥᠩᠭᠥ 》᠎ᠶᠢ ᠵᠢᠭ᠍ᠰᠠᠭᠠᠨ ᠪᠠᠢᠴᠠᠭᠠᠬᠤ ᠠᠵᠢᠯᠯᠠᠭ᠎ᠠ ᠵᠡᠷᠭᠡ ᠭᠤᠷᠪᠠᠨ ᠵᠦᠢᠯ᠎ᠦᠨ ᠠᠵᠢᠯᠯᠠᠭ᠎ᠠ ᠥᠷᠨᠢᠭᠦᠯᠵᠦ᠂ ᠮᠤᠵᠢ ᠬᠣᠲᠠ ᠰᠢᠶᠠᠨ ᠭᠤᠷᠪᠠᠨ ᠱᠠᠲᠤᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠰᠠᠯᠠᠭ᠎ᠠ ᠮᠥᠴᠢᠷ ᠲᠤᠬᠠᠢ᠎ᠶᠢᠨ ᠭᠠᠵᠠᠷ᠎ᠤᠨ ᠵᠠᠬᠢᠳᠠᠯ ᠰᠣᠷᠪᠤᠯᠵᠢᠯᠠᠭ᠎ᠠ᠎ᠶᠢᠨ ᠲᠣᠪᠴᠢᠶ᠎ᠠ᠎ᠳᠤ ᠣᠷᠣᠵᠤ ᠰᠠᠭᠤᠵᠤ ᠬᠠᠮᠲᠤᠷᠠᠨ ᠰᠣᠷᠪᠤᠯᠵᠢᠯᠠᠭ᠎ᠠ ᠬᠦᠯᠢᠶᠡᠨ ᠠᠪᠴᠤ᠂ ᠵᠠᠭᠠᠯᠳᠤᠯᠭ᠎ᠠ᠎ᠶᠢ ᠬᠦᠯᠢᠶᠡᠨ ᠠᠪᠤᠮᠠᠭᠴᠠ ᠰᠢᠢᠳᠪᠦᠷᠢᠯᠡᠵᠦ᠂ ᠨᠥᠭᠡᠴᠡ ᠬᠡᠷᠡᠭ᠎ᠢ ᠲᠥᠪᠯᠡᠷᠡᠭᠦᠯᠦᠨ ᠰᠢᠢᠳᠪᠦᠷᠢᠯᠡᠵᠦ᠂ ᠲᠣᠭᠲᠠᠭᠠᠯ ᠶᠣᠰᠣᠭᠠᠷ ᠲᠤᠰᠬᠠᠢ ᠳᠠᠩᠰᠠᠨ ᠡᠷᠦᠬᠡ ᠭᠠᠷᠭᠠᠵᠤ ᠬᠡᠷᠡᠭᠯᠡᠭᠰᠡᠨ ᠦᠭᠡᠢ 181 ᠠᠰᠠᠭᠤᠳᠠᠯ᠂ ᠬᠥᠮᠥᠨ᠎ᠦ ᠬᠦᠴᠦᠨ᠎ᠦ ᠵᠠᠷᠤᠳᠠᠯ᠎ᠢ ᠲᠤᠰᠬᠠᠢ ᠳᠠᠩᠰᠠᠨ ᠡᠷᠦᠬᠡ᠎ᠳᠦ ᠰᠢᠯᠵᠢᠭᠦᠯᠵᠦ ᠥᠭᠭᠦᠭᠰᠡᠨ ᠦᠭᠡᠢ 223 ᠠᠰᠠᠭᠤᠳᠠᠯ᠎ᠢ ᠵᠢᠭ᠍ᠰᠠᠭᠠᠨ ᠪᠠᠢᠴᠠᠭᠠᠵᠤ ᠴᠡᠭᠴᠡᠯᠡᠨ ᠵᠠᠰᠠᠪᠠ᠃
ᠴᠠᠯᠢᠩ ᠥᠷᠢᠲᠦᠬᠦ᠎ᠶᠢ ᠵᠠᠰᠠᠬᠤ ᠰᠢᠰᠲᠧᠮ ᠪᠠ ᠠᠵᠢᠯ᠎ᠤᠨ ᠲᠣᠭᠲᠠᠴᠠ᠎ᠶᠢ ᠲᠠᠰᠤᠷᠠᠯᠲᠠ ᠦᠭᠡᠢ ᠲᠡᠭᠦᠯᠳᠡᠷᠵᠢᠭᠦᠯᠪᠡ᠃ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠶᠠᠮᠤᠨ᠎ᠤ ᠬᠥᠳᠡᠯᠮᠦᠷᠢ᠎ᠶᠢᠨ ᠪᠠᠲᠤᠯᠠᠭ᠎ᠠ᠎ᠶᠢᠨ ᠬᠢᠨᠠᠨ ᠪᠠᠢᠴᠠᠭᠠᠬᠤ ᠲᠣᠪᠴᠢᠶ᠎ᠠ ᠬᠢᠭᠡᠳ ᠠᠷᠠᠳ᠎ᠤᠨ ᠳᠡᠭᠡᠳᠦ ᠰᠢᠭᠦᠬᠦ ᠬᠣᠷᠢᠶᠠᠨ᠎ᠤ ᠭᠦᠢᠴᠡᠳᠬᠡᠬᠦ ᠲᠣᠪᠴᠢᠶ᠎ᠠ ᠮᠡᠳᠡᠭᠡ ᠵᠠᠩᠭᠢ᠎ᠶᠢ ᠬᠠᠮᠲᠤ᠎ᠪᠠᠷ ᠬᠤᠪᠢᠶᠠᠯᠴᠠᠬᠤ ᠵᠢᠴᠢ ᠰᠠᠯᠠᠭ᠎ᠠ ᠮᠥᠴᠢᠷ᠎ᠦᠨ ᠬᠠᠮᠵᠢᠯᠴᠠᠨ ᠬᠠᠮᠲᠤᠷᠠᠯᠴᠠᠬᠤ ᠰᠠᠨᠠᠭᠤᠯᠤᠮᠵᠢ᠎ᠶᠢᠨ ᠪᠢᠴᠢᠭ᠎ᠲᠦ ᠭᠠᠷᠤᠨ ᠥᠰᠥᠭ ᠵᠢᠷᠤᠬᠤ᠎ᠶᠢᠨ ᠬᠠᠮᠲᠤ 《 ᠶᠡᠷᠦᠩᠬᠡᠢ ᠳ᠋ᠤᠨᠢ ᠬᠠᠷᠠᠭᠠᠯᠵᠠᠭᠤᠯᠬᠤ 》 ᠲᠣᠭᠲᠠᠴᠠ᠎ᠶᠢ ᠪᠠᠢᠭᠤᠯᠵᠤ᠂ ᠬᠢᠨᠠᠨ ᠰᠢᠯᠭᠠᠯᠲᠠ᠎ᠳᠤ ᠲᠦᠰᠢᠭᠯᠡᠨ ᠴᠠᠯᠢᠩ ᠥᠷᠢᠲᠦᠬᠦ᠎ᠶᠢ ᠵᠠᠰᠠᠬᠤ ᠠᠵᠢᠯ᠎ᠤᠨ ᠦᠨᠡᠯᠡᠯᠲᠡ᠎ᠶᠢ ᠥᠷᠭᠡᠳᠬᠡᠨ ᠭᠦᠨᠵᠡᠭᠡᠢᠷᠡᠭᠦᠯᠵᠦ᠂ ᠡᠯ᠎ᠡ ᠲᠠᠯ᠎ᠠ᠎ᠶᠢᠨ ᠭᠣᠣᠯ ᠴᠣᠭᠴᠠ᠎ᠶᠢᠨ ᠬᠠᠷᠢᠭᠤᠴᠠᠯᠭ᠎ᠠ᠎ᠶᠢ ᠪᠣᠳᠠᠲᠠᠢᠵᠢᠭᠤᠯᠪᠠ᠃ ᠡᠨᠡ ᠵᠢᠯ᠎ᠦᠨ 1 ᠳ᠋ᠦ᠍ᠭᠡᠷ ᠰᠠᠷ᠎ᠠ᠎ᠳᠤ᠂ ᠠᠷᠠᠳ᠎ᠤᠨ ᠳᠡᠭᠡᠳᠦ ᠰᠢᠭᠦᠬᠦ ᠬᠣᠷᠢᠶ᠎ᠠ᠂ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠶᠠᠮᠤᠨ ᠬᠠᠮᠲᠤᠷᠠᠨ 《 ᠵᠣᠷᠢᠭᠤᠳᠠ᠎ᠪᠠᠷ ᠴᠠᠯᠢᠩ ᠥᠷᠢᠲᠦᠭᠰᠡᠨ ᠶᠠᠯᠠᠲᠤ ᠠᠵᠢᠯᠯᠠᠭ᠎ᠠ᠎ᠶᠢ ᠬᠠᠤᠯᠢ ᠶᠣᠰᠣᠭᠠᠷ ᠵᠠᠯᠬᠠᠭᠠᠨ ᠰᠢᠢᠳᠬᠡᠬᠦ ᠨᠡᠢᠲᠡᠯᠢᠭ ᠬᠡᠷᠡᠭ᠎ᠦᠨ ᠵᠢᠱ᠌ᠢᠶ᠎ᠡ 》᠎ᠶᠢ ᠨᠡᠢᠲᠡᠯᠡᠵᠦ᠂ ᠵᠠᠰᠠᠯᠲᠠ᠎ᠶᠢᠨ ᠨᠡᠢᠯᠡᠯ ᠬᠦᠴᠦᠨ᠎ᠢ ᠴᠢᠩᠭᠠᠳᠬᠠᠨ᠂ ᠵᠢᠭᠤᠷᠠᠯᠳᠤᠭᠠᠨ᠎ᠢ ᠦᠨᠡᠨ ᠪᠣᠳᠠᠲᠠᠢ᠎ᠪᠠᠷ ᠰᠢᠢᠳᠪᠦᠷᠢᠯᠡᠬᠦ᠎ᠶᠢ ᠠᠬᠢᠭᠤᠯᠪᠠ᠃ ᠡᠯ᠎ᠡ ᠭᠠᠵᠠᠷ᠎ᠤᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠰᠠᠯᠠᠭ᠎ᠠ ᠮᠥᠴᠢᠷ᠎ᠦᠳ ᠰᠢᠰᠲᠧᠮᠵᠢᠭᠦᠯᠦᠭᠰᠡᠨ ᠲᠥᠰᠥᠯ ᠪᠠ ᠬᠠᠮᠲᠤᠷᠠᠨ ᠬᠥᠳᠡᠯᠦᠯᠴᠡᠬᠦ ᠲᠣᠭᠲᠠᠴᠠ᠎ᠶᠢ ᠲᠣᠭᠲᠠᠭᠠᠬᠤ᠎ᠪᠠᠷ ᠳᠠᠮᠵᠢᠭᠤᠯᠤᠨ᠂ ᠴᠠᠯᠢᠩ ᠥᠷᠢᠲᠦᠬᠦ᠎ᠶᠢ ᠵᠠᠰᠠᠬᠤ ᠶᠡᠷᠦᠩᠬᠡᠢᠯᠡᠭᠰᠡᠨ ᠥᠭᠡᠷᠡᠴᠢᠯᠡᠯᠲᠡ ᠪᠠ ᠲᠣᠭᠲᠠᠴᠠ᠎ᠶᠢᠨ ᠰᠢᠨ᠎ᠡ᠎ᠶᠢ ᠡᠭᠦᠳᠬᠦ᠎ᠶᠢ ᠦᠷᠭᠦᠯᠵᠢᠯᠡᠨ ᠲᠦᠯᠬᠢᠨ ᠠᠬᠢᠭᠤᠯᠪᠠ᠃ ᠴᠦᠩᠴᠢᠩ ᠬᠣᠲᠠ᠎ᠶᠢᠨ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ 《 ᠴᠦᠩᠴᠢᠩ ᠬᠣᠲᠠ᠎ᠶᠢᠨ ᠴᠠᠯᠢᠩ ᠥᠷᠢᠲᠦᠬᠦ᠎ᠶᠢ ᠵᠠᠰᠠᠬᠤ ᠶᠡᠷᠦᠩᠬᠡᠢᠯᠡᠭᠰᠡᠨ ᠥᠭᠡᠷᠡᠴᠢᠯᠡᠯᠲᠡ᠎ᠶᠢᠨ ᠬᠡᠷᠡᠭᠵᠢᠭᠦᠯᠬᠦ ᠲᠥᠰᠥᠯ 》᠎ᠢ ᠳᠠᠷᠤᠮᠠᠯᠯᠠᠨ ᠲᠠᠷᠬᠠᠭᠠᠵᠤ᠂ 6 ᠶᠡᠬᠡ ᠲᠣᠭᠲᠠᠴᠠ 30 ᠵᠦᠢᠯ᠎ᠦᠨ ᠪᠣᠳᠠᠲᠠᠢ ᠠᠷᠭ᠎ᠠ ᠬᠡᠮᠵᠢᠶ᠎ᠡ᠎ᠶᠢ ᠳᠤᠷᠠᠳᠤᠨ ᠭᠠᠷᠭᠠᠵᠤ᠂ ᠴᠠᠯᠢᠩ ᠥᠷᠢᠲᠦᠬᠦ᠎ᠶᠢ ᠵᠠᠰᠠᠬᠤ ᠶᠡᠷᠦᠩᠬᠡᠢᠯᠡᠭᠰᠡᠨ ᠥᠭᠡᠷᠡᠴᠢᠯᠡᠯᠲᠡ᠎ᠶᠢ ᠲᠦᠯᠬᠢᠨ ᠠᠬᠢᠭᠤᠯᠪᠠ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ 《 ᠴᠠᠯᠢᠩ ᠥᠷᠢᠲᠦᠬᠦ᠎ᠶᠢ ᠵᠠᠰᠠᠬᠤ ᠲᠤᠰᠬᠠᠢ ᠴᠡᠭᠴᠡᠯᠡᠨ ᠵᠠᠰᠠᠬᠤ ᠠᠵᠢᠯ᠎ᠤᠨ ᠲᠥᠰᠥᠯ 》 《 ᠵᠠᠰᠠᠭ᠎ᠤᠨ ᠣᠷᠳᠣᠨ᠎ᠤ ᠤᠯᠤᠰ᠎ᠤᠨ ᠥᠮᠴᠢᠯᠡᠯᠲᠦ ᠠᠵᠤ ᠠᠬᠤᠢᠯᠠᠯ᠎ᠤᠨ ᠲᠥᠷᠥᠯ ᠵᠦᠢᠯ᠎ᠦᠨ ᠴᠠᠯᠢᠩ ᠥᠷᠢᠲᠦᠬᠦ ᠠᠰᠠᠭᠤᠳᠠᠯ᠎ᠢ ᠵᠠᠰᠠᠬᠤ ᠲᠤᠰᠬᠠᠢ ᠴᠡᠭᠴᠡᠯᠡᠨ ᠵᠠᠰᠠᠬᠤ ᠠᠵᠢᠯ᠎ᠤᠨ ᠲᠥᠰᠥᠯ 》᠎ᠢ ᠳᠠᠷᠤᠮᠠᠯᠯᠠᠨ ᠲᠠᠷᠬᠠᠭᠠᠵᠤ᠂ 《 ᠠᠵᠢᠯ ᠲᠥᠷᠥᠯ᠎ᠢ ᠬᠠᠮᠢᠶᠠᠷᠬᠤ᠎ᠳᠤ ᠵᠠᠪᠠᠯ ᠴᠠᠯᠢᠩ ᠥᠷᠢᠲᠦᠬᠦ᠎ᠶᠢ ᠬᠠᠮᠢᠶᠠᠷᠬᠤ᠂ ᠪᠡᠯᠡ ᠮᠥᠩᠭᠥ᠎ᠶᠢ ᠬᠠᠮᠢᠶᠠᠷᠬᠤ᠎ᠳᠤ ᠵᠠᠪᠠᠯ ᠴᠠᠯᠢᠩ ᠥᠷᠢᠲᠦᠬᠦ᠎ᠶᠢ ᠬᠠᠮᠢᠶᠠᠷᠬᠤ᠂ ᠲᠥᠷᠥᠯ ᠵᠦᠢᠯ᠎ᠢ ᠬᠠᠮᠢᠶᠠᠷᠬᠤ᠎ᠳᠤ ᠵᠠᠪᠠᠯ ᠴᠠᠯᠢᠩ ᠥᠷᠢᠲᠦᠬᠦ᠎ᠶᠢ ᠬᠠᠮᠢᠶᠠᠷᠬᠤ 》 ᠂ ᠴᠠᠯᠢᠩ ᠥᠷᠢᠲᠦᠬᠦ ᠰᠦᠪᠡᠭᠴᠢ᠎ᠶᠢ 《 ᠨᠢᠭᠡᠳᠦᠯᠲᠡᠢ ᠴᠤᠭᠯᠠᠭᠤᠯᠬᠤ᠂ ᠨᠢᠭᠡᠳᠦᠯᠲᠡᠢ ᠲᠤᠰᠢᠶᠠᠨ ᠰᠢᠢᠳᠪᠦᠷᠢᠯᠡᠭᠦᠯᠬᠦ᠂ ᠨᠢᠭᠡᠳᠦᠯᠲᠡᠢ ᠱᠠᠯᠠᠪᠳᠠᠭᠤᠯᠤᠨ ᠰᠢᠢᠳᠪᠦᠷᠢᠯᠡᠭᠦᠯᠬᠦ 》 ᠵᠡᠷᠭᠡ ᠠᠵᠢᠯ᠎ᠤᠨ ᠲᠣᠭᠲᠠᠴᠠ᠎ᠶᠢ ᠰᠦᠪᠡᠭᠴᠢᠯᠡᠨ ᠬᠡᠷᠡᠭᠵᠢᠭᠦᠯᠪᠡ᠃
ᠴᠠᠯᠢᠩ ᠥᠷᠢᠲᠦᠬᠦ᠎ᠶᠢ ᠵᠠᠰᠠᠬᠤ ᠲᠤᠭᠠᠴᠢᠯᠠᠯᠳᠠ᠎ᠶᠢᠨ ᠬᠢᠷᠢ ᠲᠦᠪᠰᠢᠨ᠎ᠢ ᠳᠡᠭᠡᠭᠰᠢᠯᠡᠭᠦᠯᠪᠡ᠃ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠶᠠᠮᠤᠨ᠎ᠤ ᠬᠥᠳᠡᠯᠮᠦᠷᠢ᠎ᠶᠢᠨ ᠪᠠᠲᠤᠯᠠᠭ᠎ᠠ᠎ᠶᠢᠨ ᠬᠢᠨᠠᠨ ᠪᠠᠢᠴᠠᠭᠠᠬᠤ ᠲᠣᠪᠴᠢᠶ᠎ᠠ ᠪᠥᠬᠥ ᠤᠯᠤᠰ᠎ᠤᠨ ᠬᠥᠯᠥᠰᠦᠨ ᠠᠵᠢᠯᠴᠢᠨ᠎ᠤ ᠴᠠᠯᠢᠩ᠎ᠢ ᠬᠢᠨᠠᠨ ᠬᠡᠮᠵᠢᠬᠦ ᠲᠠᠪᠴᠠᠩ᠎ᠳᠤ ᠲᠦᠰᠢᠭᠯᠡᠨ 《 ᠲᠤᠭᠠᠴᠢᠯᠠᠯᠳᠠ ᠣᠶᠤᠨᠴᠢᠯᠠᠯᠲᠠ᠎ᠪᠠᠷ ᠴᠠᠯᠢᠩ᠎ᠢ ᠬᠠᠮᠠᠭᠠᠯᠠᠬᠤ 》 ᠠᠵᠢᠯᠯᠠᠭ᠎ᠠ ᠥᠷᠨᠢᠭᠦᠯᠵᠦ᠂ ᠳᠦᠷᠢᠮ᠎ᠦᠨ ᠠᠵᠢᠯᠯᠠᠭ᠎ᠠ᠎ᠨᠢ ᠴᠠᠭ ᠲᠤᠬᠠᠢ ᠳ᠋ᠤᠨᠢ ᠬᠢᠨᠠᠨ ᠬᠠᠮᠢᠶᠠᠷᠴᠤ᠂ 8 ᠪᠦᠯᠦᠭ ᠤᠳᠠᠭ᠎ᠠ᠎ᠶᠢᠨ 11586 ᠴᠠᠯᠢᠩ ᠥᠷᠢᠲᠦᠬᠦ ᠰᠡᠵᠢᠭ᠎ᠲᠠᠢ ᠴᠡᠭ᠎ᠢ ᠬᠠᠷᠭᠤᠭᠤᠯᠤᠨ ᠰᠢᠢᠳᠪᠦᠷᠢᠯᠡᠬᠦ᠎ᠶᠢᠨ ᠬᠠᠮᠲᠤ ᠵᠢᠯᠣᠭᠣᠳᠤᠨ ᠴᠡᠭᠴᠡᠯᠡᠨ ᠰᠠᠢᠵᠢᠷᠠᠭᠤᠯᠪᠠ᠃ ᠡᠯ᠎ᠡ ᠭᠠᠵᠠᠷ᠎ᠤᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠰᠠᠯᠠᠭ᠎ᠠ ᠮᠥᠴᠢᠷ ᠣᠶᠤᠨᠴᠢ ᠬᠢᠨᠠᠯᠲᠠ ᠬᠠᠮᠢᠶᠠᠷᠤᠯᠲᠠ ᠪᠠ ᠲᠣᠭᠠᠴᠢᠯᠠᠭᠰᠠᠨ ᠲᠠᠪᠴᠠᠩ᠎ᠢ ᠢᠳᠡᠪᠬᠢᠲᠡᠢ ᠬᠡᠷᠡᠭᠯᠡᠨ᠂ ᠴᠠᠭ ᠲᠤᠬᠠᠢ ᠳ᠋ᠤᠨᠢ ᠬᠢᠨᠠᠨ ᠡᠵᠡᠮᠳᠡᠬᠦ ᠪᠠ ᠣᠶᠤᠨᠴᠢ ᠤᠷᠢᠳᠴᠢᠯᠠᠨ ᠰᠡᠷᠡᠮᠵᠢᠯᠡᠭᠦᠯᠬᠦ᠎ᠪᠡᠷ ᠳᠠᠮᠵᠢᠭᠤᠯᠤᠨ ᠴᠠᠯᠢᠩ᠎ᠢ ᠨᠠᠷᠢᠯᠢᠭ᠋ ᠣᠨᠣᠴᠠᠲᠠᠢ᠎ᠪᠠᠷ ᠥᠭᠬᠦ᠎ᠶᠢ ᠪᠠᠲᠤᠯᠠᠪᠠ᠃ ᠬᠠᠢᠨᠠᠨ ᠮᠤᠵᠢ ᠣᠶᠤᠨᠴᠢ ᠬᠢᠨᠠᠯᠲᠠ ᠬᠠᠮᠢᠶᠠᠷᠤᠯᠲᠠ᠎ᠶᠢ ᠬᠡᠷᠡᠭᠵᠢᠭᠦᠯᠵᠦ᠂ ᠦᠨᠡᠨ ᠨᠡᠷ᠎ᠡ᠎ᠶᠢᠨ ᠳᠦᠷᠢᠮ᠎ᠦᠨ ᠨᠡᠪᠲᠡᠷᠡᠬᠦ ᠵᠠᠮ᠂ ᠡᠯᠧᠺᠲᠷᠣᠨ ᠬᠦᠷᠢᠶ᠎ᠡ ᠬᠠᠰᠢᠶ᠎ᠠ᠎ᠶᠢ ᠮᠤᠵᠢ᠎ᠶᠢᠨ ᠴᠠᠯᠢᠩ ᠥᠭᠬᠦ ᠬᠢᠨᠠᠯᠲᠠ ᠬᠠᠮᠢᠶᠠᠷᠤᠯᠲᠠ᠎ᠶᠢᠨ ᠲᠠᠪᠴᠠᠩ᠎ᠲᠠᠢ ᠵᠠᠪᠰᠠᠷ ᠦᠭᠡᠢ ᠵᠣᠯᠭᠠᠭᠤᠯᠵᠤ᠂ ᠬᠤᠳᠠᠯ ᠬᠠᠭᠤᠷᠮᠠᠭ᠎ᠢᠶᠠᠷ ᠠᠵᠢᠯ᠎ᠳᠤ ᠭᠠᠷᠬᠤ᠎ᠶᠢ ᠪᠦᠲᠦᠮᠵᠢᠲᠡᠶ ᠰᠡᠷᠭᠡᠢᠯᠡᠬᠦ᠎ᠪᠡᠷ ᠪᠠᠷᠠᠬᠤ ᠦᠭᠡᠢ᠂ ᠨᠠᠩ ᠴᠤ᠌ ᠠᠵᠢᠯᠴᠢᠨ ᠬᠡᠷᠡᠭᠯᠡᠬᠦ ᠲᠣᠭ᠎ᠠ ᠪᠠᠷᠢᠮᠲᠠ᠎ᠶᠢ ᠴᠠᠭ ᠲᠤᠬᠠᠢ ᠳ᠋ᠤᠨᠢ ᠡᠵᠡᠮᠰᠢᠵᠦ᠂ ᠰᠠᠷ᠎ᠠ ᠪᠦᠷᠢ᠎ᠶᠢᠨ ᠴᠠᠯᠢᠩ᠎ᠢ ᠶᠡᠷᠦᠩᠬᠡᠢᠯᠡᠨ ᠳᠠᠭᠠᠭᠠᠴᠢᠯᠠᠬᠤ ᠲᠠᠩᠰᠠᠨ ᠡᠷᠦᠬᠡ᠎ᠪᠡᠷ ᠳᠠᠮᠵᠢᠭᠤᠯᠤᠨ ᠠᠵᠢᠯᠴᠢᠨ ᠨᠢᠭᠡᠪᠦᠷᠢ᠎ᠶᠢᠨ ᠭᠠᠷ᠎ᠲᠤ ᠣᠨᠣᠪᠴᠢᠲᠠᠶ᠂ ᠲᠣᠭ᠎ᠠ ᠶᠣᠰᠣᠭᠠᠷ᠂ ᠴᠠᠭ ᠲᠤᠬᠠᠢ ᠳ᠋ᠤᠨᠢ ᠣᠯᠭᠣᠬᠤ᠎ᠶᠢ ᠦᠨᠡᠨ ᠬᠦ᠌ ᠪᠠᠲᠤᠯᠠᠪᠠ᠃ ᠭᠠᠨᠰᠤ ᠮᠤᠵᠢ᠎ᠶᠢᠨ ᠳ᠋ᠦ᠍ᠨᠬᠤᠸᠠᠩ ᠬᠣᠲᠠ᠎ᠶᠢᠨ ᠬᠢᠨ 《 ᠯᠦᠩ ᠮᠢᠩ ᠬᠥᠩ 》 ᠲᠠᠪᠴᠠᠩ᠎ᠤᠨ ᠰᠦᠯᠵᠢᠶᠡᠨ ᠳᠡᠭᠡᠷᠡᠬᠢ ᠬᠢᠨᠠᠨ ᠬᠡᠮᠵᠢᠬᠦ ᠪᠠ ᠤᠷᠢᠳᠴᠢᠯᠠᠨ ᠰᠡᠷᠡᠮᠵᠢᠯᠡᠭᠦᠯᠬᠦ ᠴᠢᠳᠠᠮᠵᠢ᠎ᠶᠢ ᠭᠦᠢᠴᠡᠳ ᠠᠰᠢᠭ᠍ᠯᠠᠨ᠂ ᠬᠥᠯᠥᠰᠦᠨ ᠠᠵᠢᠯᠴᠢᠨ᠎ᠤ ᠴᠠᠯᠢᠩ᠎ᠢ ᠥᠭᠭᠦᠭᠰᠡᠨ ᠪᠠᠢᠳᠠᠯ᠎ᠢ ᠴᠠᠭ ᠲᠤᠬᠠᠢ ᠳ᠋ᠤᠨᠢ ᠬᠢᠨᠠᠨ ᠡᠵᠡᠮᠳᠡᠵᠦ᠂ 160 ᠭᠠᠷᠤᠢ ᠵᠦᠢᠯ᠎ᠦᠨ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ᠎ᠶᠢ ᠰᠢᠢᠳᠪᠦᠷᠢᠯᠡᠵᠡᠢ᠃ ( ᠮᠠ ᠯᠢᠶᠠᠩ ᠬᠤᠢ )