ᠰᠢᠨᠬᠤᠸᠠ ᠬᠣᠷᠢᠶᠠᠨ᠎ᠤ ᠪᠡᠭᠡᠵᠢᠩ᠎ᠦᠨ 12 ᠰᠠᠷ᠎ᠠ᠎ᠶᠢᠨ 30᠎ᠤ ᠴᠠᠬᠢᠯᠭᠠᠨ ᠮᠡᠳᠡᠭᠡ 2026 ᠣᠨ᠎ᠳᠤ᠂ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠰᠠᠯᠠᠭ᠎ᠠ ᠮᠥᠴᠢᠷ ᠠᠵᠢᠯ ᠣᠯᠭᠣᠯᠲᠠ᠎ᠶᠢᠨ ᠨᠥᠬᠥᠷᠰᠡᠭ ᠬᠡᠯᠪᠡᠷᠢ᠎ᠶᠢᠨ ᠬᠥᠭᠵᠢᠯᠲᠡ᠎ᠶᠢᠨ ᠠᠷᠭ᠎ᠠ ᠬᠡᠯᠪᠡᠷᠢ᠎ᠶᠢ ᠲᠦᠷᠭᠡᠨ ᠪᠠᠢᠭᠤᠯᠵᠤ᠂ ᠠᠵᠢᠯ᠎ᠤᠨ ᠪᠠᠢᠷᠢ᠎ᠶᠢ ᠲᠣᠭᠲᠠᠪᠤᠷᠢᠵᠢᠭᠤᠯᠤᠨ ᠪᠠᠭᠲᠠᠭᠠᠮᠵᠢ᠎ᠶᠢ ᠥᠷᠭᠡᠳᠬᠡᠵᠦ ᠶᠠᠰᠤ ᠴᠢᠨᠠᠷ᠎ᠢ ᠳᠡᠭᠡᠭᠰᠢᠯᠡᠭᠦᠯᠬᠦ ᠲᠤᠰᠬᠠᠢ ᠠᠵᠢᠯᠯᠠᠭ᠎ᠠ᠎ᠶᠢ ᠭᠦᠨᠵᠡᠭᠡᠢ ᠬᠡᠷᠡᠭᠵᠢᠭᠦᠯᠵᠦ᠂ ᠭᠣᠣᠯᠳᠠᠯᠭ᠎ᠠ᠎ᠲᠠᠢ ᠬᠥᠮᠥᠰ᠎ᠤᠨ ᠠᠵᠢᠯ ᠣᠯᠭᠣᠯᠲᠠ᠎ᠶᠢ ᠲᠣᠪᠣᠢᠮ᠎ᠠ ᠰᠠᠢᠲᠤᠷ ᠠᠳᠬᠤᠵᠤ᠂ ᠠᠵᠢᠯ ᠣᠯᠭᠣᠯᠲᠠ᠎ᠶᠢᠨ ᠦᠢᠯᠡᠴᠢᠯᠡᠭᠡᠨ᠎ᠦ ᠶᠠᠰᠤ ᠴᠢᠨᠠᠷ ᠦᠷ᠎ᠡ ᠠᠰᠢᠭ᠋᠎ᠢ ᠪᠦᠬᠦ ᠲᠠᠯ᠎ᠠ᠎ᠪᠠᠷ ᠳᠡᠭᠡᠭᠰᠢᠯᠡᠭᠦᠯᠵᠦ᠂ ᠴᠢᠨᠠᠷ ᠰᠠᠢᠲᠠᠢ ᠭᠦᠢᠴᠡᠳ ᠠᠵᠢᠯ ᠣᠯᠭᠣᠯᠲᠠ᠎ᠶᠢ ᠪᠦᠬᠦ ᠬᠦᠴᠦᠨ᠎ᠢᠶᠡᠷ ᠠᠬᠢᠭᠤᠯᠤᠨ᠎ᠠ᠃
ᠡᠭᠦᠨ᠎ᠢ ᠰᠤᠷᠪᠤᠯᠵᠢᠯᠠᠭ᠍ᠴᠢ 12 ᠰᠠᠷ᠎ᠠ᠎ᠶᠢᠨ 29᠎ᠦ ᠡᠳᠦᠷ᠎ᠡᠴᠡ 30᠎ᠤ ᠡᠳᠦᠷ ᠪᠣᠯᠲᠠᠯ᠎ᠠ ᠬᠤᠷᠠᠯᠳᠤᠭᠤᠯᠤᠭᠰᠠᠨ ᠪᠥᠬᠥ ᠤᠯᠤᠰ᠎ᠤᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠠᠵᠢᠯ᠎ᠤᠨ ᠬᠤᠷᠠᠯᠳᠤᠭᠠᠨ᠎ᠠᠴᠠ ᠣᠢᠯᠠᠭᠠᠭᠰᠠᠨ ᠶᠤᠮ᠃
ᠬᠤᠷᠠᠯ᠎ᠠᠴᠠ 2026 ᠣᠨ᠎ᠤ ᠭᠣᠣᠯᠳᠠᠯᠭ᠎ᠠ᠎ᠲᠠᠢ ᠡᠭᠦᠷᠭᠡ᠎ᠶᠢ ᠰᠤᠳᠤᠯᠤᠨ ᠪᠠᠢᠷᠢᠯᠠᠭᠤᠯᠵᠤ᠂ ᠨᠡᠢᠭᠡᠮ᠎ᠦᠨ ᠪᠠᠲᠤᠯᠠᠭ᠎ᠠ᠎ᠶᠢᠨ ᠰᠢᠰᠲᠧᠮ᠎ᠢ ᠲᠦᠷᠭᠡᠨ ᠪᠦᠷᠢᠨᠰᠢᠭᠦᠯᠵᠦ᠂ ᠨᠡᠢᠭᠡᠮ᠎ᠦᠨ ᠳᠠᠭᠠᠳᠬᠠᠯ᠎ᠤᠨ ᠪᠦᠷᠬᠦᠴᠡ᠎ᠶᠢ ᠴᠢᠨᠠᠭᠰᠢᠳᠠ ᠥᠷᠭᠡᠳᠬᠡᠵᠦ᠂ ᠭᠣᠣᠯᠳᠠᠯᠭ᠎ᠠ᠎ᠲᠠᠢ ᠥᠭᠡᠷᠡᠴᠢᠯᠡᠯᠲᠡ᠎ᠶᠢ ᠦᠷᠭᠦᠯᠵᠢᠯᠡᠨ ᠭᠦᠨᠵᠡᠭᠡᠢᠷᠡᠭᠦᠯᠵᠦ᠂ ᠰᠠᠭᠤᠷᠢ ᠮᠥᠩᠭᠥᠨ᠎ᠦ ᠠᠮᠤᠷ ᠲᠦᠪᠰᠢᠨ᠎ᠦ ᠠᠶᠤᠯ ᠲᠦᠭᠰᠢᠭᠦᠷᠢ᠎ᠶᠢ ᠰᠡᠷᠭᠡᠢᠯᠡᠨ ᠠᠷᠢᠯᠭᠠᠵᠤ᠂ ᠨᠡᠩ ᠳᠥᠭᠥᠮ ᠳᠥᠲᠡ ᠭᠠᠷᠲᠠᠨ ᠭᠦᠢᠴᠡᠳᠬᠡᠬᠦ ᠬᠠᠮᠢᠶᠠᠷᠤᠯᠲᠠ᠎ᠶᠢᠨ ᠦᠢᠯᠡᠴᠢᠯᠡᠭᠡ᠎ᠶᠢ ᠪᠤᠢ ᠪᠣᠯᠭᠠᠵᠤ᠂ ᠳᠦᠷᠢᠮ᠎ᠦᠨ ᠨᠡᠩ ᠰᠢᠯᠢᠳᠡᠭᠵᠢᠵᠦ ᠨᠡᠩ ᠦᠷᠭᠦᠯᠵᠢᠯᠡᠬᠦ᠎ᠶᠢ ᠠᠬᠢᠭᠤᠯᠤᠨ᠎ᠠ ᠭᠡᠵᠦ ᠳᠤᠷᠠᠳᠴᠠᠢ᠃ ᠠᠵᠢᠯᠲᠠᠨ᠎ᠤ ᠶᠠᠪᠤᠳᠠᠯ ᠴᠢᠳᠠᠪᠤᠷᠢᠲᠠᠨ᠎ᠤ ᠪᠠᠢᠭᠤᠯᠤᠯ ᠲᠣᠭᠲᠠᠴᠠ᠎ᠶᠢᠨ ᠥᠭᠡᠷᠡᠴᠢᠯᠡᠯᠲᠡ᠎ᠶᠢ ᠦᠷᠭᠦᠯᠵᠢᠯᠡᠨ ᠭᠦᠨᠵᠡᠭᠡᠢᠷᠡᠭᠦᠯᠵᠦ᠂ ᠲᠤᠰᠬᠠᠢ ᠮᠡᠷᠭᠡᠵᠢᠯ᠎ᠦᠨ ᠴᠢᠳᠠᠪᠤᠷᠢᠲᠠᠨ᠎ᠤ ᠡᠩᠨᠡᠭᠡᠨ᠎ᠦ ᠪᠠᠢᠭᠤᠯᠤᠯᠲᠠ᠎ᠶᠢ ᠭᠦᠨᠵᠡᠭᠡᠢ ᠲᠦᠯᠬᠢᠨ ᠠᠬᠢᠭᠤᠯᠵᠤ᠂ ᠭᠠᠳᠠᠭᠠᠳᠤ᠎ᠠᠴᠠ ᠴᠢᠳᠠᠪᠤᠷᠢᠲᠠᠨ ᠣᠷᠣᠭᠤᠯᠬᠤ᠎ᠶᠢ ᠳᠡᠮᠵᠢᠬᠦ ᠪᠠᠲᠤᠯᠠᠭ᠎ᠠ᠎ᠶᠢᠨ ᠲᠣᠭᠲᠠᠴᠠ᠎ᠶᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠬᠥᠮᠥᠨ᠎ᠦ ᠬᠦᠴᠦᠨ᠎ᠦ ᠡᠬᠢ ᠪᠠᠶᠠᠯᠢᠭ᠋᠎ᠢ ᠰᠢᠯᠢᠳᠡᠭᠵᠢᠭᠦᠯᠦᠨ ᠲᠣᠬᠢᠷᠠᠭᠤᠯᠬᠤ᠎ᠶᠢ ᠨᠡᠩ ᠰᠠᠢᠲᠤᠷ ᠠᠬᠢᠭᠤᠯᠤᠨ᠎ᠠ᠃ ᠬᠥᠳᠡᠯᠮᠦᠷᠢ᠎ᠶᠢᠨ ᠬᠠᠷᠢᠴᠠᠭ᠎ᠠ᠎ᠶᠢ ᠵᠥᠪᠳᠡᠯᠴᠡᠨ ᠵᠣᠬᠢᠴᠠᠭᠤᠯᠬᠤ᠂ ᠵᠢᠭᠤᠷᠠᠯᠳᠤᠭᠠᠨ᠎ᠢ ᠰᠢᠢᠳᠪᠦᠷᠢᠯᠡᠬᠦ᠂ ᠵᠠᠰᠠᠭ ᠵᠠᠬᠢᠷᠭᠠᠨ᠎ᠤ ᠵᠢᠯᠣᠭᠣᠳᠤᠯᠭ᠎ᠠ ᠪᠠ ᠬᠢᠨᠠᠨ ᠪᠠᠢᠴᠠᠭᠠᠵᠤ ᠬᠠᠤᠯᠢ ᠬᠡᠷᠡᠭᠵᠢᠭᠦᠯᠬᠦ ᠲᠣᠭᠲᠠᠴᠠ᠎ᠶᠢ ᠲᠡᠭᠦᠯᠳᠡᠷᠵᠢᠭᠦᠯᠵᠦ᠂ ᠭᠣᠣᠯᠳᠠᠯᠭ᠎ᠠ᠎ᠲᠠᠢ ᠬᠦᠷᠢᠶ᠎ᠡ᠂ ᠭᠣᠣᠯᠳᠠᠯᠭ᠎ᠠ᠎ᠲᠠᠢ ᠬᠥᠮᠥᠰ᠎ᠲᠤ ᠠᠩᠬᠠᠷᠤᠯ᠎ᠢᠶᠠᠨ ᠲᠥᠪᠯᠡᠷᠡᠭᠦᠯᠦᠨ᠂ ᠬᠥᠳᠡᠯᠮᠦᠷᠢ᠎ᠶᠢᠨ ᠡᠷᠬᠡ ᠠᠰᠢᠭ᠋᠎ᠢ ᠪᠠᠲᠤᠯᠠᠬᠤ ᠳᠦᠷᠢᠮ᠎ᠢ ᠲᠡᠭᠦᠯᠳᠡᠷᠵᠢᠭᠦᠯᠵᠦ᠂ ᠠᠵᠤ ᠠᠬᠤᠢᠯᠠᠯ᠎ᠤᠨ ᠴᠠᠯᠢᠩ᠎ᠤᠨ ᠣᠷᠣᠯᠭ᠎ᠠ᠎ᠶᠢᠨ ᠬᠤᠪᠢᠶᠠᠷᠢᠯᠠᠯᠲᠠ᠎ᠶᠢᠨ ᠡᠮᠬᠢ ᠵᠢᠷᠤᠮ᠎ᠢ ᠵᠢᠷᠤᠮᠵᠢᠭᠤᠯᠤᠨ᠂ ᠴᠠᠯᠢᠩ ᠥᠷᠢᠲᠦᠬᠦ᠎ᠶᠢ ᠵᠠᠰᠠᠬᠤ ᠠᠵᠢᠯ᠎ᠢ ᠭᠦᠨᠵᠡᠭᠡᠢᠷᠡᠭᠦᠯᠵᠦ᠂ ᠬᠥᠳᠡᠯᠮᠦᠷᠢᠴᠢᠳ᠎ᠦᠨ ᠬᠠᠤᠯᠢ ᠶᠣᠰᠣᠨ᠎ᠤ ᠡᠷᠬᠡ ᠠᠰᠢᠭ᠋᠎ᠢ ᠨᠡᠩ ᠰᠠᠢᠲᠤᠷ ᠬᠠᠮᠠᠭᠠᠯᠠᠨ᠎ᠠ᠃
ᠬᠤᠷᠠᠯ᠎ᠢ ᠦᠨᠳᠦᠰᠦᠯᠡᠪᠡᠯ᠂ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠰᠠᠯᠠᠭ᠎ᠠ ᠮᠥᠴᠢᠷ᠎ᠦᠨ ᠬᠢᠨ ᠵᠢᠯ᠎ᠦᠨ ᠡᠴᠦᠰ ᠵᠢᠯ᠎ᠦᠨ ᠡᠬᠢᠨ᠎ᠦ ᠡᠯ᠎ᠡ ᠵᠦᠢᠯ᠎ᠦᠨ ᠠᠵᠢᠯ᠎ᠢ ᠦᠨᠡᠨ ᠰᠡᠳᠬᠢᠯ᠎ᠡᠴᠡ᠎ᠪᠡᠨ ᠰᠠᠢᠲᠤᠷ ᠬᠢᠵᠦ᠂ ᠴᠠᠯᠢᠩ ᠥᠷᠢᠲᠦᠬᠦ᠎ᠶᠢ ᠵᠠᠰᠠᠬᠤ ᠡᠪᠦᠯ᠎ᠦᠨ ᠤᠯᠠᠷᠢᠯ᠎ᠤᠨ ᠠᠵᠢᠯᠯᠠᠭ᠎ᠠ᠎ᠶᠢ ᠯᠠᠪᠳᠠᠭᠤᠨ ᠪᠠᠲᠤᠲᠠᠢ ᠥᠷᠨᠢᠭᠦᠯᠵᠦ᠂ ᠡᠯ᠎ᠡ ᠵᠦᠢᠯ᠎ᠦᠨ ᠨᠡᠢᠭᠡᠮ᠎ᠦᠨ ᠪᠠᠲᠤᠯᠠᠭ᠎ᠠ᠎ᠶᠢᠨ ᠣᠯᠭᠣᠮᠵᠢ ᠬᠠᠷᠠᠭᠠᠯᠵᠠᠯ᠎ᠢ ᠴᠠᠭ ᠲᠤᠬᠠᠢ ᠳ᠋ᠤᠨᠢ ᠲᠣᠭ᠎ᠠ ᠶᠣᠰᠣᠭᠠᠷ ᠥᠭᠬᠦ᠎ᠶᠢ ᠪᠠᠲᠤᠯᠠᠵᠤ᠂ ᠬᠠᠪᠤᠷ᠎ᠤᠨ ᠤᠷᠢᠬᠠᠨ ᠰᠠᠯᠬᠢ ᠠᠵᠢᠯᠯᠠᠭ᠎ᠠ᠂ ᠠᠵᠢᠯ ᠣᠯᠭᠣᠯᠲᠠ᠎ᠶᠢᠨ ᠲᠤᠰᠠᠯᠠᠮᠵᠢ᠎ᠶᠢᠨ ᠤᠯᠠᠷᠢᠯ ᠵᠡᠷᠭᠡ ᠲᠤᠰᠬᠠᠢ ᠠᠵᠢᠯᠯᠠᠭ᠎ᠠ᠎ᠶᠢ ᠰᠠᠢᠲᠤᠷ ᠵᠣᠬᠢᠶᠠᠨ ᠪᠠᠢᠭᠤᠯᠵᠤ᠂ ᠵᠥᠷᠢᠴᠡᠯ ᠵᠠᠭᠤᠷᠠᠯᠳᠤᠭᠠᠨ᠎ᠢ ᠵᠢᠭ᠍ᠰᠠᠭᠠᠨ ᠪᠠᠢᠴᠠᠭᠠᠬᠤ ᠪᠠ ᠰᠢᠢᠳᠪᠦᠷᠢᠯᠡᠬᠦ᠎ᠶᠢ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ᠎ᠦᠨ ᠬᠠᠷᠢᠭᠤᠴᠠᠯᠭ᠎ᠠ ᠪᠠ ᠬᠠᠮᠢᠶᠠᠷᠤᠯᠲᠠ᠎ᠶᠢᠨ ᠳᠦᠷᠢᠮ᠎ᠢ ᠴᠢᠩᠭ᠎ᠠ ᠨᠠᠢᠳᠠᠪᠤᠷᠢᠵᠢᠭᠤᠯᠵᠤ᠂ ᠠᠷᠠᠳ᠎ᠤᠨ ᠠᠮᠢᠳᠤᠷᠠᠯ᠎ᠤᠨ ᠬᠣᠷᠢᠭ᠎ᠠ ᠱᠤᠭᠤᠮ᠎ᠢ ᠪᠠᠲᠤ ᠰᠠᠬᠢᠨ᠎ᠠ᠃ ( ᠰᠤᠷᠪᠤᠯᠵᠢᠯᠠᠭ᠍ᠴᠢ ᠵᠠᠩ ᠰᠢᠶᠣᠣ ᠵᠢᠶᠧ )